ᠬᠥᠯᠥᠨ ᠪᠤᠢᠷ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ 《 ᠰᠡᠳᠭᠢᠯ᠎ᠢ ᠳᠤᠯᠠᠭᠠᠴᠠᠭᠤᠯᠬᠤ ᠥᠷᠲᠡᠭᠡ 》 ᠶ᠋ᠢ ᠪᠠᠢᠭᠤᠯᠵᠤ ᠱᠢᠨ᠎ᠡ᠎ᠪᠠᠷ ᠠᠵᠢᠯ ᠣᠯᠤᠭ᠍ᠰᠠᠨ ᠬᠥᠮᠦᠰ᠎ᠲᠤ ᠬᠠᠯᠠᠭᠤᠨ ᠳᠤᠯᠠᠭᠠᠨ ᠭᠠᠷᠠᠮ ᠪᠠᠢᠭᠤᠯᠵᠤ ᠥᠭ᠌ᠪᠡ
2025-08-01

ᠱᠢᠨ᠎ᠡ ᠪᠠᠷ ᠠᠵᠢᠯ ᠣᠯᠤᠭ᠍ᠰᠠᠨ ᠬᠥᠮᠦᠰ᠎ᠢ ᠬᠠᠯᠠᠮᠵᠢᠯᠠᠨ ᠬᠠᠢᠷᠠᠯᠠᠬᠤ᠎ᠶ᠋ᠢ ᠤᠯᠠᠮ ᠨᠢᠭᠡ ᠠᠯᠬᠤᠮ ᠴᠢᠩᠭᠠᠳᠭᠠᠬᠤ ᠶ᠋ᠢᠨ ᠲᠥᠯᠥᠭᠡ ᠂ ᠬᠥᠯᠥᠨ ᠪᠤᠢᠷ ᠬᠤᠲᠠ ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠨᠠᠮ᠎ᠤᠨ ᠪᠠᠢᠭᠤᠯᠤᠯᠲᠠ᠎ᠶ᠋ᠢᠨ ᠬᠥᠲᠥᠯᠥᠨ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠵᠤ ᠂ ᠪᠥᠬᠦ᠌ ᠬᠤᠲᠠ ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ᠎ᠤᠨ ᠲᠤᠰᠠᠭᠠᠷ ᠠᠵᠢᠯᠯᠠᠬᠤ ᠲᠠᠯᠠᠪᠤᠷ᠎ᠲᠤ ᠲᠦᠱᠢᠭ᠌ᠯᠡᠨ ᠂ 《 ᠰᠡᠳᠭᠢᠯ᠎ᠢ ᠳᠤᠯᠠᠭᠠᠴᠠᠭᠤᠯᠬᠤ ᠥᠷᠲᠡᠭᠡ 》 ᠶ᠋ᠢ ᠱᠢᠨ᠎ᠡ᠎ᠪᠠᠷ ᠡᠭᠦᠳᠦᠨ ᠪᠠᠢᠭᠤᠯᠵᠤ ᠂ ᠵᠠᠬᠢᠶᠠᠯᠠᠭ᠎ᠠ ᠬᠥᠷᠭᠡᠭ᠌ᠴᠢ ᠂ ᠲᠦᠷᠭᠡᠨ ᠬᠦᠷᠭᠡᠭ᠌ᠴᠢ ᠂ ᠣᠷᠴᠢᠨ ᠠᠬᠤᠢ᠎ᠶ᠋ᠢᠨ ᠠᠷᠢᠭᠤᠨ ᠴᠡᠪᠡᠷ᠎ᠢ᠋ ᠬᠠᠮᠠᠭᠠᠯᠠᠬᠤ ᠠᠵᠢᠯᠴᠢᠨ ᠵᠡᠷᠭᠡ ᠭᠡᠷ᠎ᠤᠨ ᠭᠠᠳᠠᠨᠠᠬᠢ ᠬᠥᠳᠡᠯᠮᠦᠷᠢᠴᠢᠳ᠎ᠲᠤ ᠰᠡᠳᠭᠢᠯ᠎ᠢ ᠳᠤᠯᠠᠭᠠᠴᠠᠭᠤᠯᠬᠤ ᠦᠢᠯᠡᠴᠢᠯᠡᠭᠡ ᠬᠠᠩᠭᠠᠵᠤ ᠂ ᠲᠡᠳᠡᠨ᠎ᠤ 《 ᠠᠮᠠᠷᠠᠬᠤ᠎ᠳᠤ ᠬᠦᠴᠢᠷ ᠂ ᠤᠮᠳᠠᠯᠠᠬᠤ᠎ᠳᠤ ᠬᠦᠴᠢᠷ 》 ᠵᠡᠷᠭᠡ ᠠᠰᠠᠭᠤᠳᠠᠯ᠎ᠢ ᠦᠨᠡᠨ ᠬᠦ᠌ ᠱᠢᠢᠳᠪᠦᠷᠢᠯᠡᠵᠦ᠍ ᠂ ᠬᠤᠲᠠ᠎ᠶ᠋ᠢᠨ ᠬᠠᠢᠷ᠎ᠠ ᠬᠠᠯᠠᠮᠵᠢ᠎ᠶ᠋ᠢ ᠳᠠᠮᠵᠢᠭᠤᠯᠪᠠ ᠃

 

 

《 ᠰᠡᠳᠭᠢᠯ᠎ᠢ ᠳᠤᠯᠠᠭᠠᠴᠠᠭᠤᠯᠬᠤ ᠥᠷᠲᠡᠭᠡ 》᠎ᠶ᠋ᠢ ᠪᠠᠢᠭᠣᠯᠪᠠ

ᠨᠠᠮ᠎ᠤᠨ ᠪᠠᠢᠭᠤᠯᠤᠯᠲᠠ᠎ᠪᠠᠷ ᠬᠦᠲᠦᠯᠦᠨ ᠳᠠᠭᠠᠭᠤᠯᠵᠤ ᠂ 《 ᠱᠢᠨ᠎ᠡ 》 ᠬᠦᠴᠦᠨ᠎ᠢ ᠨᠢᠭ᠍ᠲᠠᠷᠠᠭᠤᠯᠪᠠ

《 ᠵᠢᠵᠢᠭ ᠪᠢᠴᠢᠯ ᠠᠵᠤ ᠠᠬᠤᠢ᠍ᠯᠠᠯ ᠂ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ ᠂ ᠲᠤᠰᠭᠠᠢ ᠵᠠᠬ᠎ᠠ ᠳᠡᠯᠭᠡᠭᠦᠷ 》᠎ᠤᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠦᠷᠭᠦᠯᠵᠢᠯᠡᠯ ᠪᠣᠯᠤᠭ᠍ᠰᠠᠨ᠎ᠤ ᠬᠤᠪᠢ᠎ᠳᠤ ᠂ 《 ᠰᠡᠳᠭᠢᠯ᠎ᠢ ᠳᠤᠯᠠᠭᠠᠴᠠᠭᠤᠯᠬᠤ ᠥᠷᠲᠡᠭᠡ 》 ᠨᠢ ᠠᠮᠠᠷᠠᠬᠤ ᠲᠠᠯᠠᠪᠤᠷ ᠪᠣᠯᠬᠤ᠎ᠪᠠᠷ ᠪᠠᠷᠠᠬᠤ ᠥᠬᠡᠶ ᠂ ᠨᠠᠩ ᠴᠤ᠌ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠢᠨ᠎ᠡ᠎ᠪᠠᠷ ᠠᠵᠢᠯ ᠣᠯᠤᠭ᠍ᠰᠠᠨ ᠬᠥᠮᠦᠰ᠎ᠲᠠᠢ ᠬᠠᠷᠢᠯᠴᠠᠬᠤ ᠴᠢᠬᠤᠯᠠ ᠬᠤᠯᠪᠣᠭᠠᠰᠤ ᠮᠥᠨ ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠳ ᠡᠭᠦᠷᠭᠡ ᠴᠢᠳᠠᠪᠤᠷᠢ᠎ᠶ᠋ᠢᠨ ᠦᠢᠯᠡᠳᠦᠯ᠎ᠢᠶᠠᠨ ᠢᠳᠡᠪᠬᠢᠲᠡᠶ ᠪᠠᠳᠠᠷᠠᠭᠤᠯᠵᠤ ᠂ ᠤᠯᠠᠭ᠎ᠠ ᠥᠷᠲᠡᠭᠡ ᠪᠠᠷ ᠳᠠᠮᠵᠢᠭᠤᠯᠤᠨ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ ᠂ ᠨᠠᠮ᠎ᠤᠨ ᠭᠡᠱᠢᠭᠦᠨ᠎ᠤ ᠬᠥᠮᠦᠵᠢᠯ ᠵᠡᠷᠭᠡ ᠠᠵᠢᠯᠯᠠᠭ᠎ᠠ ᠥᠷᠨᠢᠭᠦᠯᠬᠦ᠌ ᠪᠠᠷ ᠳᠠᠮᠵᠢᠭᠤᠯᠤᠨ ᠂ ᠵᠠᠬᠢᠶᠠᠯᠠᠭ᠎ᠠ ᠬᠥᠷᠭᠡᠭ᠌ᠴᠢ ᠂ ᠲᠦᠷᠭᠡᠨ ᠬᠦᠷᠭᠡᠭ᠌ᠴᠢ ᠵᠡᠷᠭᠡ ᠬᠠᠮᠲᠤᠯᠢᠭ᠎ᠢ ᠬᠥᠲᠥᠯᠦᠨ ᠵᠢᠯᠣᠭᠤᠳᠴᠤ᠌ ᠪᠠᠢᠭᠠᠳ ᠨᠠᠮ᠎ᠤᠨ ᠦᠭᠡ᠎ᠶ᠋ᠢ ᠰᠣᠨᠣᠰᠴᠤ᠌ ᠂ ᠨᠠᠮ᠎ᠢᠶᠠᠨ ᠳᠠᠭᠠᠵᠤ ᠂ ᠱᠢᠨ᠎ᠡ᠎ᠪᠠᠷ ᠠᠵᠢᠯ ᠣᠯᠤᠭ᠍ᠰᠠᠨ ᠬᠠᠮᠲᠤᠯᠢᠭ᠎ᠢ ᠦᠨᠳᠦᠰᠦᠨ ᠱᠠᠲᠤᠨ᠎ᠤ ᠵᠠᠰᠠᠯᠲᠠ᠎ᠶ᠋ᠢᠨ ᠪᠠᠢᠷᠢᠱᠢᠯ᠎ᠳᠤ ᠠᠭᠤᠰᠤᠯᠴᠠᠬᠤ ᠶ᠋ᠢ ᠠᠬᠢᠭᠤᠯᠪᠠ ᠃

ᠰᠡᠳᠭᠢᠯ᠎ᠢ ᠳᠤᠯᠠᠭᠠᠴᠠᠭᠤᠯᠬᠤ ᠦᠢᠯᠡᠴᠢᠯᠡᠭᠡ ᠬᠢᠵᠦ᠍ ᠂ 《 ᠠᠮᠠᠷᠠᠬᠤ ᠭᠠᠵᠠᠷ 》᠎ᠢ ᠪᠤᠢ ᠪᠣᠯᠭᠠᠪᠠ

ᠣᠲᠣ ᠶ᠋ᠢᠨ ᠪᠠᠢᠭ᠎ᠠ ᠡᠬᠢ ᠪᠠᠶᠠᠯᠢᠭ᠎ᠢᠶᠠᠨ ᠭᠦᠢᠴᠡᠳ ᠠᠱᠢᠭ᠍ᠯᠠᠵᠤ ᠂ ᠪᠥᠬᠦ᠌ ᠬᠤᠲᠠ᠎ᠶ᠋ᠢᠨ ᠨᠥᠬᠦᠴᠡᠯ᠎ᠳᠤ ᠨᠡᠢᠴᠡᠬᠦ᠌ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠭᠠᠵᠠᠷ ᠂ ᠠᠯᠪᠠᠯᠠᠬᠤ ᠭᠠᠵᠠᠷ᠎ᠲᠤ 40 《 ᠰᠡᠳᠭᠢᠯ᠎ᠢ ᠳᠤᠯᠠᠭᠠᠴᠠᠭᠤᠯᠬᠤ ᠥᠷᠲᠡᠭᠡ 》 ᠪᠠᠢᠭᠤᠯᠵᠤ ᠂ ᠱᠢᠷᠡᠭᠡ ᠰᠠᠨᠳᠠᠯᠢ ᠂ ᠤᠰᠤ ᠤᠤᠭᠤᠬᠤ ᠮᠠᠱᠢᠨ ᠂ ᠴᠠᠬᠢᠯᠭᠠᠨ ᠴᠡᠨᠡᠭ᠌ᠯᠡᠬᠦ᠌ ᠲᠥᠬᠦᠭᠡᠷᠦᠮᠵᠢ ᠵᠡᠷᠭᠡ ᠠᠷᠠᠳ᠎ᠲᠤ ᠲᠥᠬᠦᠮ ᠦᠵᠡᠭᠦᠯᠬᠦ᠌ ᠲᠥᠬᠦᠭᠡᠷᠦᠮᠵᠢ᠎ᠶ᠋ᠢ ᠲᠣᠬᠢᠷᠠᠭᠤᠯᠵᠤ ᠂ ᠬᠡᠷ᠎ᠤᠨ ᠭᠠᠳᠠᠨᠠᠬᠢ ᠬᠥᠳᠡᠯᠮᠦᠷᠢᠴᠢᠳ᠎ᠲᠤ ᠲᠦᠷ ᠴᠠᠭ ᠠᠮᠠᠷᠠᠬᠤ ᠂ ᠤᠰᠤ ᠤᠤᠭᠤᠵᠤ ᠴᠠᠬᠢᠯᠭᠠᠨ ᠴᠡᠨᠡᠭ᠌ᠯᠡᠬᠦ ᠂ ᠬᠠᠯᠠᠭᠤᠨ᠎ᠠᠴᠠ ᠵᠠᠢᠯᠠᠬᠤ ᠳᠤᠯᠠᠭᠠᠴᠠᠬᠤ ᠵᠡᠷᠭᠡ ᠬᠠᠯᠠᠭᠤᠨ ᠳᠣᠲᠣᠨᠣ ᠦᠢᠯᠡᠴᠢᠯᠡᠭᠡ ᠬᠠᠩᠭᠠᠵᠤ ᠥᠭ᠌ᠭᠦᠨ ᠂ ᠭᠠᠳᠠᠨᠠᠬᠢ ᠵᠠᠬᠢᠶᠠᠯᠠᠭ᠎ᠠ ᠬᠥᠷᠭᠡᠭ᠌ᠴᠢ  ᠪᠠ ᠣᠷᠴᠢᠨ ᠠᠬᠤᠢ᠎ᠶ᠋ᠢᠨ ᠠᠷᠢᠭᠤᠨ ᠴᠡᠪᠡᠷ᠎ᠢ᠋ ᠬᠠᠮᠠᠭᠠᠯᠠᠬᠤ ᠠᠵᠢᠯᠴᠢᠨ᠎ᠢ 《 ᠳᠠᠭᠠᠷᠠᠪᠠᠯ ᠳᠤᠯᠠᠭᠠᠴᠠᠵᠤ ᠪᠣᠯᠬᠤ ᠂ ᠬᠠᠯᠠᠭᠤᠳᠠᠪᠠᠯ ᠰᠡᠷᠢᠭᠦᠴᠡᠵᠦ᠍ ᠪᠣᠯᠬᠤ ᠂ ᠤᠮᠲᠠᠭᠠᠰᠪᠠᠯ ᠤᠤᠭᠤᠵᠤ ᠪᠣᠯᠬᠣ ᠂ ᠵᠦᠳᠡᠷᠡᠪᠡᠯ ᠠᠮᠠᠷᠠᠵᠤ ᠪᠣᠯᠬᠤ 》 ᠪᠣᠯᠭᠠᠪᠠ ᠃

ᠨᠡᠢᠭᠡᠮ ᠳᠠᠶᠠᠭᠠᠷ ᠬᠤᠯᠪᠣᠭᠠᠯᠠᠨ ᠬᠥᠳᠡᠯᠦᠯᠴᠡᠵᠦ᠍ ᠂ 《 ᠬᠠᠢᠷ᠎ᠠ ᠬᠠᠯᠠᠮᠵᠢ᠎ᠶ᠋ᠢᠨ ᠬᠦᠷᠢᠶ᠎ᠡ 》 ᠶ᠋ᠢ ᠬᠠᠮᠲᠤ᠎ᠪᠠᠷ ᠪᠠᠢᠭᠤᠯᠪᠠ

ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠳ 《 ᠰᠡᠳᠭᠢᠯ᠎ᠢ ᠳᠤᠯᠠᠭᠠᠴᠠᠭᠤᠯᠬᠤ ᠥᠷᠲᠡᠭᠡ 》 ᠶ᠋ᠢᠨ ᠦᠢᠯᠡᠴᠢᠯᠡᠭᠡᠨ᠎ᠤ ᠴᠢᠳᠠᠮᠵᠢ᠎ᠶ᠋ᠢ ᠦᠷᠭᠦᠯᠵᠢᠯᠡᠨ ᠲᠡᠭᠦᠯᠳᠡᠷᠵᠢᠭᠦᠯᠵᠦ᠍ ᠂ ᠠᠵᠢᠯᠴᠢᠨ᠎ᠤ ᠡᠪᠯᠡᠯ ᠂ ᠨᠡᠢᠭᠡᠮ ᠲᠣᠭᠤᠷᠢᠭ ᠵᠡᠷᠭᠡ ᠰᠠᠯᠠᠭ᠎ᠠ ᠮᠥᠴᠢᠷ᠎ᠲᠠᠢ ᠬᠤᠯᠪᠣᠭᠠᠯᠠᠨ ᠂ ᠨᠡᠢᠭᠡᠮ᠎ᠤᠨ ᠡᠬᠢ ᠪᠠᠶᠠᠯᠢᠭ᠎ᠢ ᠨᠢᠭᠡᠳᠦᠭᠦᠯᠵᠦ᠍ ᠂ ᠦᠢᠯᠡᠴᠢᠯᠡᠭᠡᠨ᠎ᠤ ᠪᠦᠷᠬᠦᠬᠦ᠌ ᠬᠡᠪᠴᠢᠶ᠎ᠡ᠎ᠶ᠋ᠢ ᠦᠷᠭᠡᠳᠭᠡᠪᠡ ᠃ ᠡᠭᠦᠨ᠎ᠤ ᠬᠠᠮᠲᠤ᠌᠂ ᠨᠠᠩ ᠣᠯᠠᠨ ᠠᠵᠤ ᠠᠬᠤᠢᠯᠠᠯ ᠪᠠ ᠬᠠᠢᠷ᠎ᠠ ᠬᠠᠯᠠᠮᠵᠢ᠎ᠶ᠋ᠢᠨ ᠬᠥᠮᠦᠰ ᠣᠷᠣᠯᠴᠠᠬᠤ᠎ᠶ᠋ᠢ ᠤᠷᠢᠶᠠᠯᠠᠵᠤ᠂ ᠬᠠᠮᠲᠤ ᠪᠠᠷ ᠬᠡᠷ᠎ᠤᠨ ᠭᠠᠳᠠᠨᠠᠬᠢ ᠬᠥᠳᠡᠯᠮᠦᠷᠢᠴᠢᠳ᠎ᠲᠤ ᠨᠠᠩ ᠣᠯᠠᠨ ᠲᠥᠬᠦᠮ ᠦᠵᠡᠭᠦᠯᠵᠦ᠍ ᠂ ᠱᠢᠨ᠎ᠡ ᠪᠠᠷ ᠠᠵᠢᠯ ᠣᠯᠤᠭ᠍ᠰᠠᠨ ᠬᠠᠮᠲᠤᠯᠢᠭ᠎ᠢ ᠬᠦᠨᠳᠦᠳᠭᠡᠵᠦ᠍ ᠂ ᠬᠠᠯᠠᠮᠵᠢᠯᠠᠨ ᠬᠠᠢᠷᠠᠯᠠᠬᠤ ᠰᠠᠢᠨ ᠰᠠᠢᠬᠠᠨ ᠨᠡᠢᠭᠡᠮ᠎ᠤᠨ ᠠᠭᠤᠷ ᠠᠮᠢᠰᠭᠤᠯ᠎ᠢ ᠪᠣᠶ ᠪᠣᠯᠭᠠᠬᠤ᠎ᠶ᠋ᠢ ᠤᠷᠢᠶᠠᠯᠠᠪᠠ ᠃

 

 

ᠣᠷᠴᠢᠨ ᠠᠬᠤᠢ᠎ᠶ᠋ᠢᠨ ᠠᠷᠢᠭᠤᠨ ᠴᠡᠪᠡᠷ᠎ᠢ᠋ ᠬᠠᠮᠠᠭᠠᠯᠠᠬᠤ ᠠᠵᠢᠯᠴᠢᠨ᠎ᠳᠤ ᠪᠠᠴᠢᠮ ᠪᠠᠢᠳᠠᠯ᠎ᠢ ᠠᠷᠭᠠᠴᠠᠬᠤ ᠪᠣᠭ᠍ᠴᠣ ᠶ᠋ᠢᠨ ᠬᠡᠷᠡᠭ᠌ᠯᠡᠬᠦ᠌ ᠵᠤᠢᠯᠡᠰ᠎ᠢ ᠲᠠᠢᠯᠪᠤᠷᠢᠯᠠᠨ᠎ᠠ

ᠢᠷᠡᠯᠲᠡ᠄ ᠬᠥᠯᠥᠨ ᠪᠤᠢᠷ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ