ᠣᠢᠷ᠎ᠠ᠎ᠳᠤ ᠂ ᠪᠠᠶᠠᠨᠨᠠᠭᠤᠷ ᠬᠣᠲᠠ᠎ᠶᠢᠨ ᠤᠷᠠᠳ᠎ᠤᠨ ᠡᠮᠦᠨᠡᠲᠦ ᠬᠣᠰᠢᠭᠤᠨ᠎ᠤ ᠠᠩᠬᠠᠳᠠᠭ᠍ᠴᠢ 《ᠣᠨᠴᠠ ᠪᠠᠢᠴᠠᠭᠠᠯᠲᠠ᠎ᠶᠢᠨ ᠥᠷᠲᠡᠭᠡ》 ᠾᠧᠢ ᠯᠢᠦ ᠽᠢ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠲᠤ ᠵᠢᠩᠬᠢᠨᠢ᠎ᠪᠡᠷ ᠫᠠᠢᠰᠠ ᠡᠯᠭᠦᠨ ᠪᠠᠢᠭᠤᠯᠤᠭᠳᠠᠵᠤ ᠂ ᠲᠤᠰ ᠥᠷᠲᠡᠭᠡ ᠪᠣᠯ ᠪᠠᠶᠠᠨᠨᠠᠭᠤᠷ ᠬᠣᠲᠠ᠎ᠶᠢᠨ ᠬᠣᠶᠠᠳᠤᠭᠠᠷ 《ᠣᠨᠴᠠ ᠪᠠᠢᠴᠠᠭᠠᠯᠲᠠ᠎ᠶᠢᠨ ᠥᠷᠲᠡᠭᠡ》 ᠪᠣᠯᠣᠨ᠎ᠠ ᠃
ᠾᠧᠢ ᠯᠢᠦ ᠽᠢ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠠᠵᠤ ᠠᠬᠤᠢᠯᠠᠯ᠎ᠢ ᠬᠠᠪᠰᠤᠷᠤᠨ ᠣᠨᠴᠠ ᠲᠥᠷᠥᠯ᠎ᠤᠨ ᠲᠣᠨᠤᠭ ᠲᠥᠬᠦᠭᠡᠷᠦᠮᠵᠢ᠎ᠶᠢ ᠰᠢᠯᠭᠠᠨ ᠪᠠᠢᠴᠠᠭᠠᠬᠤ ᠵᠠᠩᠭᠢᠯᠠᠭ᠎ᠠ᠎ᠶᠢᠨ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠶᠢᠨ ᠲᠥᠯᠥᠭᠡ᠂ ᠤᠷᠠᠳ᠎ᠤᠨ ᠡᠮᠦᠨᠡᠲᠦ ᠬᠣᠰᠢᠭᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠢᠳᠡᠪᠬᠢᠲᠡᠢ ᠰᠠᠨᠠᠭᠠᠴᠢᠯᠠᠭ᠎ᠠ᠎ᠠᠴᠠ᠎ᠪᠠᠨ ᠠᠵᠢᠯᠯᠠᠵᠤ᠂ ᠪᠠᠶᠠᠨᠨᠠᠭᠤᠷ ᠬᠤᠲᠠ᠎ᠶᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠪᠠᠶᠠᠨᠨᠠᠭᠤᠷ ᠬᠤᠲᠠ᠎ᠶᠢᠨ ᠣᠨᠴᠠ ᠲᠥᠷᠥᠯ ᠦᠨ ᠲᠣᠨᠣᠭ ᠲᠥᠬᠦᠭᠡᠷᠦᠮᠵᠢ ᠶ᠋ᠢᠨ ᠱᠢᠯᠭᠠᠨ ᠪᠠᠢᠴᠠᠭᠠᠬᠤ ᠬᠣᠷᠢᠶ᠎ᠠ ᠵᠢᠴᠢ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠬᠠᠮᠢᠶᠠᠷᠤᠯᠲᠠ᠎ᠶᠢᠨ ᠵᠥᠪᠯᠡᠯ᠎ᠲᠠᠢ ᠵᠣᠯᠭᠠᠭᠤᠯᠵᠤ᠂ ᠣᠯᠠᠨ ᠤᠳᠠᠭ᠎ᠠ ᠨᠡᠪᠲᠡᠷᠡᠯᠴᠡᠨ ᠵᠣᠬᠢᠴᠠᠭᠤᠯᠬᠤ᠂ ᠦᠢᠯᠡᠴᠢᠯᠡᠭᠡᠨ᠎ᠤ ᠵᠠᠭᠪᠤᠷ᠂ ᠲᠠᠯᠠᠪᠤᠷ ᠪᠠᠢᠷᠢᠯᠠᠭᠤᠯᠬᠤ ᠪᠠ ᠶᠠᠪᠤᠴᠠ᠎ᠶᠢ ᠰᠢᠯᠢᠳᠡᠭᠵᠢᠭᠦᠯᠬᠦ ᠵᠡᠷᠭᠡ ᠨᠠᠷᠢᠨ ᠵᠦᠢᠯᠡᠰ᠎ᠢ ᠳᠠᠭᠢᠨ ᠳᠠᠪᠲᠠᠨ ᠵᠥᠪᠳᠡᠯᠴᠡᠵᠦ᠂ 《ᠣᠨᠴᠠ ᠪᠠᠢᠴᠠᠭᠠᠯᠲᠠ᠎ᠶᠢᠨ ᠥᠷᠲᠡᠭᠡ》᠎ᠶᠢ ᠾᠧᠢ ᠯᠢᠦ ᠽᠢ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠲᠤ ᠨᠠᠢᠳᠠᠪᠤᠷᠢᠵᠢᠭᠤᠯᠬᠤ᠎ᠶᠢ ᠠᠮᠵᠢᠯᠲᠠ᠎ᠲᠠᠢ ᠠᠬᠢᠭᠤᠯᠪᠠ᠃
ᠾᠧᠢ ᠯᠢᠦ ᠽᠢ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ 《ᠣᠨᠴᠠ ᠪᠠᠢᠴᠠᠭᠠᠯᠲᠠ᠎ᠶᠢᠨ ᠥᠷᠲᠡᠭᠡ》 ᠨᠢ 《ᠮᠡᠷᠭᠡᠵᠢᠯ᠎ᠤᠨ ᠯᠠᠪᠯᠠᠯᠲᠠ᠂ ᠠᠮᠤᠷ ᠲᠦᠪᠰᠢᠨ᠎ᠤ ᠪᠣᠯᠪᠠᠰᠤᠷᠠᠯ᠂ ᠮᠠᠲᠧᠷᠢᠶᠠᠯ ᠤᠨ ᠬᠢᠨᠠᠨ ᠬᠠᠷᠭᠤᠭᠤᠯᠤᠯᠲᠠ》 ᠵᠡᠷᠭᠡ ᠴᠢᠳᠠᠮᠵᠢ᠎ᠶᠢ ᠨᠢᠭᠡ ᠴᠣᠭᠴᠠᠵᠢᠭᠤᠯᠵᠤ᠂ ᠬᠦᠷᠢᠶᠡᠯᠡᠩ ᠲᠣᠭᠣᠷᠢᠭ᠋᠎ᠤᠨ 70 ᠭᠠᠷᠤᠢ ᠠᠵᠤ ᠠᠬᠤᠢᠯᠠᠯ᠎ᠳᠤ ᠭᠦᠸᠸᠯᠦ᠍᠂ ᠳᠠᠷᠤᠯᠲᠠᠲᠤ ᠰᠠᠪᠠ᠂ ᠴᠠᠭᠢᠯᠭᠠᠨ ᠱᠠᠲᠤ ᠵᠡᠷᠭᠡ ᠣᠨᠴᠠ ᠲᠥᠷᠥᠯ᠎ᠤᠨ ᠲᠣᠨᠤᠭ ᠲᠥᠬᠦᠭᠡᠷᠦᠮᠵᠢ᠎ᠶᠢᠨ 《ᠪᠣᠯᠵᠣᠬᠤ ᠮᠠᠶᠢᠭ᠋》᠎ᠦᠨ 《ᠨᠢᠭᠡ ᠥᠷᠲᠡᠭᠡ ᠮᠠᠶᠢᠭ》 ᠤᠨ ᠰᠢᠯᠭᠠᠨ ᠪᠠᠢᠴᠠᠭᠠᠬᠤ ᠦᠢᠯᠡᠴᠢᠯᠡᠭᠡ ᠬᠠᠩᠭᠠᠵᠤ᠂ ᠳᠤᠮᠳᠠᠴᠢ ᠰᠢᠯᠭᠠᠨ ᠪᠠᠢᠴᠠᠭᠠᠬᠤ ᠦᠶᠡᠯᠡᠯ᠎ᠤᠨ ᠬᠤᠭᠤᠴᠠᠭ᠎ᠠ᠎ᠶᠢ 40%᠎ᠠᠴᠠ ᠳᠡᠭᠡᠭᠰᠢ ᠪᠠᠭᠠᠰᠬᠠᠭᠰᠠᠨ ᠪᠠᠢᠨ᠎ᠠ᠃
《ᠣᠨᠴᠠ ᠪᠠᠢᠴᠠᠭᠠᠯᠲᠠ᠎ᠶᠢᠨ ᠥᠷᠲᠡᠭᠡ》᠎ᠶᠢ ᠪᠠᠢᠭᠤᠯᠤᠭᠰᠠᠨ ᠶᠠᠪᠤᠳᠠᠯ ᠪᠣᠯ ᠤᠷᠠᠳ᠎ᠤᠨ ᠡᠮᠦᠨᠡᠲᠦ ᠬᠣᠰᠢᠭᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ 《ᠠᠵᠤ ᠠᠬᠤᠢᠯᠠᠯ᠎ᠢ ᠲᠤᠰᠠᠯᠠᠬᠤ ᠠᠷᠢᠭᠤᠨ ᠴᠢᠬᠡᠴᠢ ᠰᠤᠷᠲᠠᠯ》᠎ᠤᠨ ᠦᠢᠯᠡᠴᠢᠯᠡᠭᠡᠨ᠎ᠤ ᠴᠢᠬᠤᠯᠠ ᠠᠷᠭ᠎ᠠ ᠬᠡᠮᠵᠢᠶ᠎ᠡ ᠪᠣᠯᠵᠤ᠂ ᠤᠷᠠᠳ᠎ᠤᠨ ᠡᠮᠦᠨᠡᠲᠦ ᠬᠣᠰᠢᠭᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ 《ᠣᠨᠴᠠ ᠪᠠᠢᠴᠠᠭᠠᠯᠲᠠ᠎ᠶᠢᠨ ᠥᠷᠲᠡᠭᠡ》᠎ᠶᠢᠨ ᠦᠢᠯᠡᠴᠢᠯᠡᠭᠡᠨ᠎ᠤ ᠴᠢᠳᠠᠮᠵᠢ᠎ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠵᠤ ᠠᠬᠤᠢᠯᠠᠯ᠎ᠳᠤ ᠲᠥᠭᠦᠮ ᠦᠵᠡᠭᠦᠯᠭᠦ ᠨᠠᠩ ᠣᠯᠠᠨ ᠦᠢᠯᠡᠴᠢᠯᠡᠭᠡ᠎ᠶᠢ ᠨᠠᠢᠳᠠᠪᠤᠷᠢᠵᠢᠭᠤᠯᠬᠤ᠎ᠶᠢ ᠲᠦᠯᠬᠢᠨ ᠠᠬᠢᠭᠤᠯᠵᠤ᠂ ᠨᠠᠷᠢᠯᠢᠭ᠋ ᠣᠨᠤᠪᠴᠢᠲᠠᠢ ᠥᠨᠳᠥᠷ ᠪᠦᠲᠦᠮᠵᠢᠲᠡᠶ ᠬᠢᠨᠠᠯᠲᠠ ᠬᠠᠮᠢᠶᠠᠷᠤᠯᠲᠠ᠎ᠶᠢᠨ ᠦᠢᠯᠡᠴᠢᠯᠡᠭᠡ᠎ᠪᠠᠷ ᠪᠦᠭᠦ ᠬᠤᠲᠠ᠎ᠶᠢᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠪᠡ᠃