8 ᠳ᠋ᠤᠭᠠᠷ ᠰᠠᠷ᠎ᠠ᠎ᠶᠢᠨ ᠡᠬᠢ᠎ᠪᠡᠷ ᠂ ᠲᠦᠩᠯᠢᠶᠣᠣ ᠬᠣᠲᠠ᠎ᠶᠢᠨ ᠵᠠᠬ᠎ᠠ ᠳᠡᠯᠭᠡᠭᠦᠷ᠎ᠦ᠋ᠨ ᠬᠢᠨᠠᠨ ᠬᠠᠮᠢᠶᠠᠷᠤᠯᠲᠠ᠎ᠶᠢᠨ ᠲᠣᠪᠴᠢᠶ᠎ᠠ ᠨᠢ 《ᠨᠢᠭᠡᠳ᠋ᠦ᠍ ᠨᠢᠭᠡ》 ᠬᠠᠪᠰᠤᠷᠤᠨ ᠲᠡᠳᠭᠦᠬᠦ᠌ ᠬᠤᠷᠠᠯ ᠪᠣᠯᠤᠨ ᠢᠨᠲᠸᠷ ᠰᠦᠯᠵᠢᠶᠡᠨ᠎ᠦ᠌ ᠵᠠᠷ ᠮᠡᠳᠡᠭᠡ ᠨᠢ ᠲᠣᠭ᠍ᠲᠠᠭᠠᠯ᠎ᠳ᠋ᠤ ᠨᠡᠢᠴᠡᠨ ᠵᠢᠯᠣᠭᠣᠳᠤᠭ᠍ᠰᠠᠨ ᠵᠢᠴᠢ ᠲᠣᠣᠷ ᠰᠦᠯᠵᠢᠶᠡᠨ᠎ᠦ᠌ ᠡᠵᠡᠩᠨᠡᠨ ᠪᠣᠷᠣᠯᠠᠭᠤᠯᠬᠤ ᠮᠡᠷᠭᠡᠵᠢᠯ ᠴᠢᠳᠠᠪᠤᠷᠢ᠎ᠶᠢᠨ ᠪᠤᠯᠪᠠᠰᠤᠷᠠᠯ ᠤ᠋ᠨ 135 ᠠᠵᠤ ᠠᠬᠤᠢᠯᠠᠯ᠎ᠳ᠋ᠤ ᠦᠷ᠎ᠡ ᠪᠦᠲᠦᠮᠵᠢ ᠣᠯᠵᠤ ᠂ ᠪᠤᠯᠪᠠᠰᠤᠷᠠᠯ ᠳ᠋ᠤ ᠣᠷᠣᠯᠴᠠᠭ᠍ᠰᠠᠨ ᠠᠵᠤ ᠠᠬᠤᠢᠯᠠᠯ ᠨᠢ ᠬᠠᠷᠠᠭᠠᠨ ᠳᠠᠪᠲᠠᠮᠵᠢ᠎ᠶᠢᠨ ᠡᠮᠬᠢᠳᠭᠡᠯ ᠂ ᠲᠣᠣᠷ ᠰᠦᠯᠵᠢᠶᠡᠨ᠎ᠦ᠌ ᠡᠵᠡᠩᠨᠡᠨ ᠪᠣᠷᠣᠯᠠᠭᠤᠯᠬᠤ ᠲᠥᠯᠥᠪᠯᠡᠭᠡ ᠵᠡᠷᠭᠡ ᠪᠣᠳᠠᠲᠠᠢ ᠬᠢᠬᠦ᠌ ᠴᠢᠳᠠᠪᠤᠷᠢ ᠵᠢᠴᠢ ᠡᠵᠡᠩᠨᠡᠯᠲᠡ᠎ᠶᠢᠨ ᠦᠷ᠎ᠡ ᠪᠦᠲᠦᠮᠵᠢ᠎ᠶᠢᠨ ᠲᠠᠯ᠎ᠠ᠎ᠪᠠᠷ ᠴᠥᠮ ᠢᠯᠡᠳᠲᠡ ᠳᠡᠭᠡᠭ᠌ᠱᠢᠯᠡᠵᠦ᠍ ᠂ ᠬᠠᠪᠰᠤᠷᠤᠨ ᠲᠡᠳᠭᠦᠬᠦ᠌ ᠦᠷ᠎ᠡ ᠪᠦᠲᠦᠮᠵᠢ ᠠᠯᠬᠤᠮ ᠠᠯᠬᠤᠮ ᠢᠶᠠᠷ ᠢᠯᠡᠷᠬᠡᠢ ᠪᠣᠯᠪᠠ ᠃
ᠥᠪᠥᠷ ᠮᠣᠩᠭᠤᠯ᠎ᠤᠨ ᠬᠤᠤᠯᠢᠩᠭᠤᠤᠯ᠎ᠤᠨ ᠠᠨᠭᠧᠰ ᠮᠢᠬᠠᠨ᠎ᠤ ᠦᠢᠯᠡᠰ ᠪᠣᠯ ᠲᠣᠰ ᠤᠳᠠᠭᠠᠨ᠎ᠤ ᠬᠠᠪᠰᠤᠷᠤᠨ ᠲᠡᠳᠬᠦᠬᠦ᠌ ᠱᠢᠭᠤᠳ ᠠᠱᠢᠭ ᠬᠦᠷᠲᠡᠭ᠌ᠴᠢ᠎ᠶ᠋ᠢᠨ ᠨᠢᠭᠡ ᠪᠣᠯᠤᠨ᠎ᠠ᠂ ᠪᠤᠯᠪᠠᠰᠤᠷᠠᠯ᠎ᠢᠶᠠᠷ ᠳᠡᠮᠵᠢᠨ᠂ ᠠᠵᠤ ᠠᠬᠤᠢᠯᠠᠯ᠎ᠤᠨ ᠣᠬᠤᠷ ᠸᠢᠳᠢᠣ᠋᠎ᠶ᠋ᠢᠨ ᠡᠮᠬᠢᠳᠭᠡᠨ ᠨᠠᠢᠷᠠᠭᠤᠯᠬᠤ ᠦᠷ᠎ᠡ ᠪᠦᠲᠦᠮᠵᠢ 160%᠎ᠢᠶᠠᠷ ᠳᠡᠭᠡᠭ᠌ᠰᠢᠯᠡᠵᠦ᠍᠂ ᠣᠢᠷ᠎ᠠ᠎ᠶ᠋ᠢᠨ ᠬᠤᠶᠠᠷ ᠰᠠᠷ᠎ᠠ᠎ᠳᠤ ᠸᠢᠳᠢᠣ᠋ ᠦᠢᠯᠡᠳᠦᠭ᠌ᠰᠡᠨ ᠲᠤᠭ᠎ᠠ ᠠᠳᠠᠯᠢ ᠬᠤᠭᠤᠴᠠᠭᠠᠨ᠎ᠤ᠎ᠬᠢ᠎ᠠᠴᠠ 60% ᠨᠡᠮᠡᠭ᠌ᠳᠡᠪᠡ; ᠣᠢᠷ᠎ᠠ᠎ᠶ᠋ᠢᠨ 4 ᠲᠠᠯᠠᠪᠤᠷ ᠱᠢᠭᠤᠳ ᠨᠡᠪᠲᠡᠷᠡᠭᠦᠯᠭᠡ᠎ᠶ᠋ᠢ ᠦᠵᠡᠭ᠌ᠰᠡᠨ ᠬᠥᠮᠦᠨ᠎ᠤ ᠲᠤᠭ᠎ᠠ ᠲᠠᠯᠠᠪᠠᠶ᠎ᠳᠤ 800 ᠬᠥᠮᠦᠨ ᠪᠠᠢᠭ᠍ᠰᠠᠨ᠎ᠠᠴᠠ᠎ᠪᠠᠨ 2300 ᠬᠥᠮᠦᠨ ᠪᠣᠯᠵᠣ᠂ ᠱᠢᠭᠤᠳ ᠨᠡᠪᠲᠡᠷᠡᠭᠦᠯᠬᠦ᠌ ᠵᠠᠬᠢᠶᠠᠯᠠᠭ᠎ᠠ᠎ᠶ᠋ᠢᠨ ᠬᠡᠮᠵᠢᠶ᠎ᠡ 120% ᠪᠠᠷ ᠨᠡᠮᠡᠭ᠌ᠳᠡᠪᠡ᠃ ᠨᠠᠢ᠍ᠮᠠᠨ ᠬᠤᠱᠢᠭᠤᠨ᠎ᠤ ᠳᠤᠮᠳᠠᠳᠤ᠎ᠶ᠋ᠢᠨ ᠮᠠᠢ ᠹᠠᠨ ᠱ᠌ᠢ ᠨᠡᠭᠡᠭᠡᠨ ᠠᠱᠢᠭ᠍ᠯᠠᠬᠤ ᠬᠢᠵᠠᠭᠠᠷᠲᠤ ᠺᠣᠮᠫᠠᠨᠢ ᠪᠣᠯᠪᠠᠰᠤᠷᠠᠯ᠎ᠢᠶᠠᠨ ᠠᠱᠢᠭ᠍ᠯᠠᠨ ᠺᠣᠮᠫᠠᠨᠢ᠎ᠶ᠋ᠢᠨ ᠰᠦᠯᠵᠢᠶᠡᠨ ᠳᠡᠭᠡᠷᠡᠬᠢ ᠡᠵᠡᠩᠨᠡᠯᠲᠡ᠎ᠶ᠋ᠢᠨ ᠪᠦᠯᠬᠦᠮ ᠨᠡᠢᠲᠡ᠎ᠶ᠋ᠢ ᠪᠠᠢᠭᠤᠯᠵᠤ᠂ ᠰᠦᠯᠵᠢᠶᠡᠨ ᠳᠡᠭᠡᠷᠡᠬᠢ ᠪᠣᠷᠣ ᠲᠥᠯᠥᠪ᠎ᠤᠨ ᠪᠠᠢᠭᠤᠯᠤᠯᠲᠠ᠎ᠶ᠋ᠢ ᠠᠩᠬ᠎ᠠ ᠠᠯᠬᠤᠮ ᠪᠡᠶᠡᠯᠡᠭᠦᠯᠪᠡ᠃ ᠥᠪᠥᠷ ᠮᠣᠩᠭᠤᠯ᠎ᠤᠨ ᠮᠣᠩᠭᠤᠯ ᠡᠮ᠎ᠤᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ ᠪᠤᠯᠪᠠᠰᠤᠷᠠᠯ᠎ᠢᠶᠠᠷ ᠳᠠᠮᠵᠢᠭᠤᠯᠤᠨ ᠢᠨᠲ᠋ᠧᠷ ᠰᠦᠯᠵᠢᠶᠡᠨ᠎ᠤ ᠤᠬᠠᠭᠤᠯᠭ᠎ᠠ᠎ᠶ᠋ᠢᠨ ᠬᠠᠷᠠᠭ᠎ᠠ᠎ᠶ᠋ᠢ ᠥᠷᠭᠡᠳᠭᠡᠵᠦ᠍᠂ ᠡᠮ ᠡᠮᠨᠡᠯᠭᠡ᠎ᠶ᠋ᠢᠨ ᠤᠬᠠᠭᠤᠯᠭ᠎ᠠ᠎ᠶ᠋ᠢᠨ ᠬᠡᠷᠡᠭ᠌ᠵᠢᠭᠦᠯᠵᠦ᠍ ᠪᠣᠯᠬᠤᠢᠴᠠ ᠤᠬᠠᠭᠤᠯᠭ᠎ᠠ᠎ᠶ᠋ᠢᠨ ᠵᠠᠭ᠍ᠪᠤᠷ᠎ᠤᠨ ᠲᠤᠬᠠᠶ ᠱᠢᠨ᠎ᠡ ᠲᠠᠨᠢᠯᠲᠠ᠎ᠲᠠᠢ ᠪᠣᠯᠪᠠ᠃ ᠥᠪᠥᠷ ᠮᠣᠩᠭᠤᠯ᠎ᠤᠨ ᠱᠢᠶᠤᠤ ᠱᠢᠶᠠ ᠢᠳᠡᠭᠡᠨ᠎ᠤ ᠬᠢᠵᠠᠭᠠᠷᠲᠤ ᠺᠣᠮᠫᠠᠨᠢ᠎ᠶ᠋ᠢᠨ ᠰᠦᠯᠵᠢᠶᠡᠨ ᠳᠡᠭᠡᠷᠡᠬᠢ ᠲᠤᠬᠠᠢᠯᠠᠭ᠍ᠰᠠᠨ ᠠᠵᠢᠯ ᠪᠥᠬᠦ᠌ ᠲᠠᠯ᠎ᠠ᠎ᠪᠠᠷ ᠨᠡᠮᠡᠭ᠌ᠳᠡᠵᠦ᠍᠂ ᠰᠦᠯᠵᠢᠶᠡᠨ᠎ᠤ ᠪᠣᠷᠣᠯᠠᠭᠤᠯᠭ᠎ᠠ᠎ᠶ᠋ᠢᠨ ᠨᠣᠷᠮ᠎ᠠ᠂ ᠲᠠᠩᠰᠠᠨ ᠨᠣᠮᠧᠷ᠎ᠤᠨ ᠪᠠᠬᠠᠷᠬᠠᠭ᠍ᠴᠢᠶ᠋ᠢᠨ ᠬᠡᠮᠵᠢᠶ᠎ᠡ᠂ ᠣᠬᠤᠷ ᠸᠢᠳᠢᠣ᠋᠎ᠪᠠᠷ ᠨᠡᠪᠲᠡᠷᠡᠭᠦᠯᠬᠦ᠌ ᠬᠡᠮᠵᠢᠶ᠎ᠡ ᠴᠥᠮ ᠢᠯᠡᠳᠲᠡ ᠳᠡᠭᠡᠭ᠌ᠰᠢᠯᠡᠪᠡ᠃ ᠲᠦᠩᠯᠢᠶᠣᠤ ᠬᠤᠲᠠ᠎ᠶ᠋ᠢᠨ ᠱᠧᠩ ᠱᠢᠨ ᠳ᠋ᠡ ᠠᠷᠢᠬᠢᠨ᠎ᠤ ᠦᠢᠯᠡᠰ᠎ᠤᠨ ᠬᠢᠵᠠᠭᠠᠷᠲᠤ ᠺᠣᠮᠫᠠᠨᠢ᠎ᠶ᠋ᠢᠨ ᠰᠦᠯᠵᠢᠶᠡᠨ᠎ᠤ ᠡᠵᠡᠩᠨᠡᠨ ᠪᠣᠷᠣᠯᠠᠭᠤᠯᠬᠤ ᠴᠢᠳᠠᠪᠤᠷᠢ ᠴᠤ᠌ ᠱᠢᠨ᠎ᠡ ᠳᠡᠭ᠌ᠲᠡᠷ᠎ᠲᠤ ᠭᠠᠷᠴᠤ᠌᠂ ᠠᠵᠤ ᠠᠬᠤᠢᠯᠠᠯ᠎ᠤᠨ ᠬᠤᠳᠠᠯᠳᠤᠭᠠᠴᠢᠨ᠎ᠤ ᠭᠤᠣᠯ ᠨᠢᠭᠤᠷ ᠵᠢᠴᠢ ᠦᠢᠯᠡᠳᠬᠦᠨ᠎ᠤ ᠳᠦᠷᠰᠦᠯᠡᠯᠢ ᠱᠢᠨ᠎ᠡ᠎ᠪᠠᠷ ᠵᠢᠷᠤᠵᠤ ᠲᠥᠯᠥᠪᠯᠡᠨ᠂ ᠭᠤᠤᠯᠳᠠᠯᠭ᠎ᠠ᠎ᠲᠠᠢ ᠦᠢᠯᠡᠳᠬᠦᠨ᠎ᠤ ᠵᠠᠩᠭᠢᠯᠠᠭ᠎ᠠ᠎ᠶ᠋ᠢᠨ ᠦᠭᠡ ᠲᠠᠯᠪᠢᠬᠤ ᠠᠷᠭ᠎ᠠ ᠪᠣᠳᠣᠯᠭ᠎ᠠ᠎ᠳᠤ ᠲᠣᠬᠢᠷᠠᠭᠤᠯᠤᠯᠲᠠ ᠬᠢᠵᠦ᠍᠂ ᠸᠢᠳᠢᠣ᠋ ᠪᠠᠷ ᠨᠡᠪᠲᠡᠷᠡᠭᠦᠯᠬᠦ᠌ ᠬᠡᠮᠵᠢᠶ᠎ᠡ᠎ᠶ᠋ᠢᠨ ᠨᠡᠮᠡᠭ᠌ᠳᠡᠯ᠎ᠤᠨ ᠨᠤᠷᠮ᠎ᠠ 20% ᠳᠤ ᠬᠦᠷᠪᠡ᠃