ᠮᠠᠨᠵᠤᠤᠷ ᠬᠤᠲᠠ᠎ᠶᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ 《ᠮᠡᠳᠡᠯᠭᠡ᠎ᠶᠢᠨ ᠥᠮᠴᠢᠯᠡᠯ ᠎ᠦᠨ ᠡᠷᠬᠡ᠎ᠶᠢᠨ ᠦᠢᠯᠡᠴᠢᠯᠡᠭᠡ ᠎ᠪᠠᠷ ᠲᠦᠮᠡᠨ ᠭᠠᠵᠠᠷ ᠠᠶᠠᠯᠠᠵᠤ ᠥᠨᠳᠥᠷ ᠥᠷᠲᠡᠭ᠌ᠲᠦ ᠲᠤᠰᠬᠠᠢ ᠠᠰᠢᠭ᠋᠎ᠤᠨ ᠠᠵᠤ ᠠᠬᠤᠢᠯᠠᠯ᠎ᠳᠤ ᠣᠷᠣᠬᠤ》 ᠤᠬᠠᠭᠤᠯᠭ᠎ᠠ᠎ᠶᠢᠨ ᠠᠵᠢᠯᠯᠠᠭ᠎ᠠ ᠥᠷᠨᠢᠭᠦᠯᠪᠡ
2025-08-20

8 ᠳ᠋ᠤᠭᠠᠷ ᠰᠠᠷ᠎ᠠ᠎ᠶᠢᠨ 6᠎ᠤ ᠡᠳᠦᠷ ᠂ ᠮᠠᠨᠵᠤᠤᠷ ᠬᠣᠲᠠ᠎ᠶᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠥᠪᠥᠷ ᠮᠣᠩᠭᠣᠯ᠎ᠤᠨ ᠱᠥᠸᠧ ᠶᠤᠸᠠᠨ ᠠᠮᠢᠳᠤ ᠪᠣᠳᠠᠰ᠎ᠤᠨ  ᠰᠢᠨᠵᠢᠯᠡᠬᠦ ᠤᠬᠠᠭᠠᠨ ᠮᠡᠷᠭᠡᠵᠢᠯ᠎ᠦᠨ ᠬᠢᠵᠠᠭᠠᠷᠲᠤ ᠺᠤᠮᠫᠠᠨᠢ᠎ᠳᠤ ᠬᠦᠷᠴᠦ᠍ ᠂ 《ᠮᠡᠳᠡᠯᠭᠡ᠎ᠶᠢᠨ ᠥᠮᠴᠢᠯᠡᠯ ᠎ᠦᠨ ᠡᠷᠬᠡ᠎ᠶᠢᠨ ᠦᠢᠯᠡᠴᠢᠯᠡᠭᠡ ᠎ᠪᠠᠷ ᠲᠦᠮᠡᠨ ᠭᠠᠵᠠᠷ ᠠᠶᠠᠯᠠᠵᠤ  ᠥᠨᠳᠥᠷ ᠥᠷᠲᠡᠭ᠌ᠲᠦ ᠡᠭᠦᠳᠦᠯᠲᠡ᠎ᠶᠢᠨ ᠲᠤᠰᠬᠠᠢ ᠠᠱᠢᠭ᠎ᠤᠨ ᠠᠵᠤ ᠠᠬᠤᠢᠯᠠᠯ᠎ᠳᠤ ᠣᠷᠣᠬᠤ》 ᠭᠣᠣᠯ ᠰᠡᠳᠦᠪᠲᠦ ᠤᠬᠠᠭᠤᠯᠭ᠎ᠠ᠎ᠶᠢᠨ ᠠᠵᠢᠯᠯᠠᠭ᠎ᠠ ᠥᠷᠨᠢᠭᠦᠯᠪᠡ ᠃

ᠠᠵᠢᠯᠲᠠᠳ ᠲᠤᠬᠠᠢ᠎ᠶᠢᠨ ᠭᠠᠵᠠᠷ᠎ᠲᠤ ᠨᠢ ᠰᠤᠷᠪᠤᠯᠵᠢᠯᠠᠬᠤ᠂ ᠲᠥᠪᠯᠡᠷᠡᠭᠦᠯᠦᠨ ᠶᠠᠷᠢᠯᠴᠠᠬᠤ᠂ ᠲᠤᠬᠠᠢ᠎ᠶᠢᠨ ᠭᠠᠵᠠᠷ᠎ᠲᠤ ᠨᠢ ᠵᠢᠯᠤᠭᠣᠳᠬᠤ ᠵᠡᠷᠭᠡ ᠭᠡᠯᠪᠡᠷᠢ᠎ᠪᠠᠷ ᠳᠠᠮᠵᠢᠭᠤᠯᠤᠨ᠂ ᠠᠵᠤ ᠠᠬᠤᠢᠯᠠᠯ᠎ᠤᠨ ᠦᠢᠯᠡᠳᠪᠦᠷᠢᠯᠡᠯ ᠡᠵᠡᠩᠨᠡᠯᠲᠡ᠎ᠶᠢᠨ ᠣᠳᠣᠬᠢ ᠪᠠᠢᠳᠠᠯ᠎ᠢ ᠪᠦᠭᠦ ᠲᠠᠯ᠎ᠠ᠎ᠪᠠᠷ ᠭᠦᠨᠵᠡᠭᠡᠢ ᠣᠢᠯᠠᠭᠠᠭᠰᠠᠨ ᠪᠥᠭᠡᠳ ᠠᠵᠤ ᠠᠬᠤᠢᠯᠠᠯ᠎ᠤᠨ ᠥᠨᠳᠥᠷ ᠥᠷᠲᠡᠭᠲᠦ ᠡᠭᠦᠳᠦᠯᠲᠡ᠎ᠶᠢᠨ ᠲᠤᠰᠬᠠᠢ ᠠᠰᠢᠭ᠋᠎ᠢ ᠪᠣᠢᠵᠢᠭᠤᠯᠬᠤ ᠲᠥᠷᠥᠯ ᠵᠦᠢᠯ᠎ᠢ ᠠᠬᠢᠭᠤᠯᠬᠤ᠂ ᠲᠤᠰᠬᠠᠢ ᠠᠰᠢᠭ᠋᠎ᠤᠨ ᠪᠠᠢᠷᠢᠰᠢᠭᠤᠯᠤᠯᠲᠠ᠎ᠶᠢᠨ ᠲᠥᠯᠦᠪᠵᠢᠭᠦᠯᠭᠡ᠂ ᠭᠣᠣᠯᠯᠠᠬᠤ ᠮᠡᠷᠭᠡᠵᠢᠯ᠎ᠤᠨ ᠰᠤᠳᠤᠯᠤᠨ ᠨᠡᠭᠡᠭᠡᠯᠲᠡ᠂ ᠰᠢᠨᠵᠢᠯᠡᠬᠦ ᠤᠬᠠᠭᠠᠨ ᠮᠡᠷᠭᠡᠵᠢᠯ᠎ᠤᠨ ᠦᠷ᠎ᠡ ᠪᠦᠲᠦᠭᠡᠯ᠎ᠢ ᠬᠤᠪᠢᠷᠠᠭᠤᠯᠬᠤ ᠵᠡᠷᠭᠡ ᠲᠠᠯ᠎ᠠ᠎ᠶᠢᠨ ᠪᠣᠳᠠᠲᠠᠢ ᠪᠠᠢᠳᠠᠯ᠎ᠢ ᠨᠠᠷᠢᠨ ᠠᠰᠠᠭᠤᠵᠤ᠂ ᠠᠵᠤ ᠠᠬᠤᠢᠯᠠᠯ᠎ᠤᠨ ᠥᠨᠳᠥᠷ ᠥᠷᠲᠡᠭᠲᠦ ᠡᠭᠦᠳᠦᠯᠲᠡ᠎ᠶᠢᠨ ᠲᠤᠰᠬᠠᠢ ᠠᠰᠢᠭ᠋᠎ᠢ ᠪᠣᠢᠵᠢᠭᠤᠯᠬᠤ ᠶᠠᠪᠤᠴᠠ᠎ᠳᠤ ᠲᠤᠯᠭᠠᠷᠠᠭᠰᠠᠨ ᠬᠦᠴᠢᠷᠳᠡᠯ ᠪᠠ ᠬᠡᠷᠡᠭᠴᠡᠭᠡ ᠱᠠᠭᠠᠷᠳᠠᠯᠭ᠎ᠠ᠎ᠶᠢ ᠭᠣᠣᠯᠳᠠᠯᠭ᠎ᠠ᠎ᠲᠠᠢ ᠰᠣᠨᠣᠰᠪᠠ᠃ ᠡᠭᠦᠨ᠎ᠤ ᠬᠠᠮᠲᠤ᠂ ᠠᠵᠢᠯᠲᠠᠳ ᠲᠤᠬᠠᠢ᠎ᠶᠢᠨ ᠲᠠᠯᠠᠪᠠᠶ᠎ᠳᠤ ᠠᠵᠤ ᠠᠬᠤᠢᠯᠠᠯ᠎ᠳᠤ ᠮᠡᠳᠡᠯᠭᠡ᠎ᠶᠢᠨ ᠥᠮᠴᠢᠯᠡᠯ ᠎ᠦᠨ ᠡᠷᠬᠡ᠎ᠶᠢᠨ ᠬᠠᠮᠢᠶ᠎ᠠ ᠪᠦᠬᠦᠢ ᠬᠠᠷᠠᠭᠠᠯᠵᠠᠯ᠎ᠤᠨ ᠲᠥᠷᠥ᠎ᠶᠢᠨ ᠪᠣᠳᠣᠯᠭ᠎ᠠ᠎ᠶᠢ ᠤᠬᠠᠭᠤᠯᠤᠨ ᠲᠠᠢᠯᠪᠤᠷᠢᠯᠠᠵᠤ᠂ ᠠᠵᠤ ᠠᠬᠤᠢᠯᠠᠯ᠎ᠤᠨ ᠮᠡᠳᠡᠯᠭᠡ᠎ᠶᠢᠨ ᠥᠮᠴᠢᠯᠡᠯ ᠎ᠦᠨ ᠡᠷᠬᠡ᠎ᠪᠠᠨ ᠠᠰᠢᠭ᠍ᠯᠠᠨ ᠳᠠᠨᠵᠢᠯᠠᠵᠤ ᠪᠡᠯᠡ ᠲᠣᠬᠢᠷᠠᠭᠤᠯᠬᠤ᠎ᠶᠢ ᠵᠣᠷᠢᠭ᠍ᠵᠢᠭᠤᠯᠵᠤ᠂ ᠰᠢᠨ᠎ᠡ᠎ᠶᠢ ᠡᠭᠦᠳᠬᠦ ᠬᠥᠭᠵᠢᠯᠲᠡ᠎ᠪᠠᠷ ᠤᠳᠤᠷᠢᠳᠤᠮᠵᠢ ᠪᠤᠯᠭᠠᠵᠤ᠂ ᠥᠨᠳᠥᠷ ᠥᠷᠲᠡᠭ᠌ᠲᠦ ᠡᠭᠦᠳᠦᠯᠲᠡ᠎ᠶᠢᠨ ᠲᠤᠰᠬᠠᠢ ᠠᠰᠢᠭ᠋᠎ᠢᠶᠠᠷ ᠡᠭᠦᠰᠦᠯᠲᠡ ᠪᠤᠯᠭᠠᠵᠤ᠂ ᠠᠵᠤ ᠠᠬᠤᠢᠯᠠᠯ᠎ᠤᠨ ᠭᠣᠣᠯᠯᠠᠬᠤ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠦᠨ᠂ ᠠᠵᠤ ᠠᠬᠤᠢᠯᠠᠯ᠎ᠤᠨ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ᠎ᠶᠢ ᠵᠣᠷᠢᠭ᠍ᠵᠢᠭᠤᠯᠪᠠ᠃

ᠢᠷᠡᠯᠲᠡ᠄ ᠮᠠᠨᠵᠤᠤᠷ ᠬᠣᠲᠠ᠎ᠶᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ