ᠣᠷᠳᠣᠰ ᠬᠤᠲᠠ᠎ᠶᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠠᠷᠠᠳ᠎ᠤᠨ ᠬᠡᠷᠡᠭᠯᠡᠭᠡᠨ᠎ᠤ 《ᠭᠤᠷᠪᠠᠨ ᠬᠡᠮᠵᠢᠭᠦᠷ》 ᠎ᠦᠨ ᠦᠢᠯᠡᠴᠢᠯᠡᠭᠡᠨ᠎ᠤ ᠠᠵᠤ ᠠᠬᠤᠢᠯᠠᠯ᠎ᠢ ᠰᠢᠮᠳᠠᠭᠤᠯᠵᠤ ᠪᠠᠢᠭᠠᠳ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠵᠤ ᠣᠯᠠᠨ ᠲᠦᠮᠡᠨ᠎ᠤ 《ᠬᠡᠮᠵᠢᠯᠲᠡ᠎ᠶᠢᠨ ᠡᠷᠬᠡ ᠲᠡᠭᠰᠢ》 ᠪᠠᠢᠬᠤ᠎ᠶᠢ ᠰᠠᠬᠢᠨ ᠬᠠᠮᠠᠭᠠᠯᠠᠪᠠ
2025-08-20

7 ᠳ᠋ᠤᠭᠠᠷ ᠰᠠᠷ᠎ᠠ᠎ᠠᠴᠠ ᠨᠠᠭᠠᠰᠢ᠂ ᠣᠷᠳᠣᠰ ᠬᠤᠲᠠ᠎ᠶᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠰᠠᠨᠠᠭᠠᠴᠢᠯᠠᠭ᠎ᠠ᠎ᠠᠴᠠ᠎ᠪᠠᠨ ᠠᠵᠢᠯᠯᠠᠵᠤ᠂ ᠠᠷᠠᠳ᠎ᠤᠨ ᠬᠡᠷᠡᠭᠯᠡᠭᠡᠨ᠎ᠤ 《ᠭᠤᠷᠪᠠᠨ ᠬᠦᠰᠦᠨᠦᠭᠲᠦ》 (ᠤᠰᠤᠨ᠎ᠤ ᠬᠡᠮᠵᠢᠭᠦᠷ᠂ ᠴᠠᠭᠢᠯᠭᠠᠨ ᠬᠡᠮᠵᠢᠭᠦᠷ᠂ ᠰᠢᠲᠠᠮᠠᠬᠠᠢ ᠬᠡᠢ᠎ᠶᠢᠨ ᠬᠡᠮᠵᠢᠭᠦᠷ) ᠵᠡᠷᠭᠡ ᠦᠢᠯᠡᠴᠢᠯᠡᠭᠡᠨ᠎ᠤ ᠠᠵᠤ ᠠᠬᠤᠢᠯᠠᠯ᠎ᠢ ᠪᠦᠭᠦᠨ᠎ᠢ ᠬᠢᠨᠠᠨ ᠪᠠᠢᠴᠠᠭᠠᠬᠤ ᠪᠠ ᠵᠠᠰᠠᠭ ᠵᠠᠬᠢᠷᠭᠠᠨ᠎ᠤ ᠵᠢᠯᠣᠭᠣᠳᠤᠯᠭ᠎ᠠ᠎ᠶᠢ ᠢᠳᠡᠪᠬᠢᠲᠡᠢ ᠥᠷᠨᠢᠭᠦᠯᠵᠦ᠂ ᠠᠷᠠᠳ᠎ᠤᠨ ᠠᠮᠢᠳᠤᠷᠠᠯ᠎ᠤᠨ ᠬᠡᠮᠵᠢᠯᠲᠡ᠎ᠶᠢᠨ ᠠᠮᠤᠷ ᠲᠦᠪᠰᠢᠨ᠎ᠢ ᠪᠠᠲᠤᠯᠠᠪᠠ᠃

ᠲᠣᠰ ᠤᠳᠠᠭᠠᠨ᠎ᠤ ᠪᠠᠢᠴᠠᠭᠠᠯᠲᠠ ᠨᠢ ᠠᠷᠠᠳ᠎ᠤᠨ ᠬᠡᠷᠡᠭᠯᠡᠭᠡᠨ᠎ᠤ  《ᠭᠤᠷᠪᠠᠨ ᠬᠡᠮᠵᠢᠭᠦᠷ》 ᠎ᠢ ᠤᠭᠰᠠᠷᠠᠬᠤ᠂ ᠬᠡᠷᠡᠭᠯᠡᠬᠦ᠂ ᠡᠭᠡᠯᠵᠢᠯᠡᠭᠦᠯᠬᠦ ᠡᠯ᠎ᠡ ᠭᠣᠭᠴᠣᠭ᠎ᠠ᠂ ᠪᠦᠭᠦ ᠬᠡᠯᠬᠢᠶ᠎ᠡ᠎ᠳᠤ ᠠᠩᠬᠠᠷᠤᠯ᠎ᠢᠶᠠᠨ ᠲᠥᠪᠯᠡᠷᠡᠭᠦᠯᠵᠦ᠂ 《ᠭᠤᠷᠪᠠᠨ ᠬᠡᠮᠵᠢᠭᠦᠷ》 ᠎ᠢ ᠬᠠᠤᠯᠢ ᠶᠣᠰᠣᠭᠠᠷ ᠠᠯᠪᠠᠳᠠᠯᠭ᠎ᠠ᠎ᠪᠠᠷ ᠰᠢᠯᠭᠠᠨ ᠲᠣᠭᠲᠠᠭᠠᠭᠰᠠᠨ ᠡᠰᠡᠬᠦ᠂ ᠰᠢᠯᠭᠠᠨ ᠲᠣᠭᠲᠠᠭᠠᠭᠰᠠᠨ ᠬᠦᠴᠦᠨ᠎ᠲᠠᠢ ᠬᠤᠭᠤᠴᠠᠭᠠᠨ᠎ᠳᠤ ᠬᠡᠷᠡᠭᠯᠡᠭᠰᠡᠨ ᠡᠰᠡᠬᠦ᠂ ᠬᠤᠭᠤᠴᠠᠭ᠎ᠠ ᠲᠤᠯᠤᠭᠰᠠᠨ ᠡᠭᠡᠯᠵᠢᠯᠡᠨ ᠰᠣᠯᠢᠬᠤ ᠳᠦᠷᠢᠮ᠎ᠢ ᠬᠡᠷᠡᠭᠵᠢᠭᠦᠯᠦᠭᠰᠡᠨ ᠡᠰᠡᠬᠦ᠂ ᠡᠭᠡᠯᠵᠢᠯᠡᠨ ᠰᠣᠯᠢᠬᠤ ᠲᠥᠯᠥᠪᠯᠡᠭᠡ ᠲᠣᠭᠲᠠᠭᠠᠭᠰᠠᠨ ᠡᠰᠡᠬᠦ᠂ ᠬᠡᠮᠵᠢᠯᠲᠡ᠎ᠶᠢᠨ ᠪᠠᠭᠠᠵᠢ ᠬᠡᠷᠡᠭᠰᠡᠯ᠎ᠤᠨ ᠬᠠᠮᠢᠶᠠᠷᠤᠯᠲᠠ᠎ᠶᠢᠨ ᠡᠬᠡ ᠲᠠᠩᠰᠠ ᠪᠠᠢᠭᠤᠯᠤᠭᠰᠠᠨ ᠡᠰᠡᠬᠦ ᠪᠠ ᠬᠥᠳᠡᠯᠦᠩᠭᠦᠢ ᠬᠠᠮᠢᠶᠠᠷᠤᠯᠲᠠ ᠵᠡᠷᠭᠡ᠎ᠶᠢ ᠲᠤᠬᠠᠢ᠎ᠶᠢᠨ ᠭᠠᠵᠠᠷ᠎ᠲᠤ ᠨᠢ ᠪᠠᠢᠴᠠᠭᠠᠨ ᠦᠵᠡᠪᠡ᠃ ᠪᠠᠢᠴᠠᠭᠠᠵᠤ ᠢᠯᠡᠷᠡᠭᠦᠯᠦᠭᠰᠡᠨ ᠬᠡᠮᠵᠢᠯᠲᠡ᠎ᠶᠢᠨ ᠬᠠᠮᠢᠶᠠᠷᠤᠯᠲᠠ᠎ᠶᠢᠨ ᠳᠦᠷᠢᠮ ᠲᠡᠭᠦᠯᠳᠡᠷ ᠪᠤᠰᠤ᠂ ᠬᠤᠭᠤᠴᠠᠭ᠎ᠠ ᠨᠢ ᠲᠤᠯᠤᠭᠰᠠᠨ 《ᠭᠤᠷᠪᠠᠨ ᠬᠡᠮᠵᠢᠭᠦᠷ》 ᠎ᠢ ᠴᠠᠭ ᠲᠤᠬᠠᠢ᠎ᠳᠤ ᠨᠢ ᠡᠭᠡᠯᠵᠢᠯᠡᠨ ᠰᠣᠯᠢᠭ᠍ᠰᠠᠨ ᠦᠭᠡᠢ ᠵᠡᠷᠭᠡ ᠠᠰᠠᠭᠤᠳᠠᠯ᠎ᠳᠤ ᠴᠢᠭᠯᠡᠭᠦᠯᠦᠨ᠂ ᠬᠠᠮᠢᠶᠠᠷᠤᠯᠲᠠ᠎ᠶᠢᠨ ᠨᠢᠭᠡᠴᠢ᠎ᠶᠢ ᠴᠡᠭᠴᠡᠯᠡᠨ ᠰᠠᠢᠵᠢᠷᠠᠭᠤᠯᠬᠤ᠎ᠶᠢ ᠲᠦᠷᠭᠡᠬᠡᠨ ᠪᠡᠶᠡᠯᠡᠭᠦᠯᠵᠦ᠂ ᠬᠡᠮᠵᠢᠯᠲᠡ᠎ᠶᠢᠨ ᠲᠣᠭ᠎ᠠ ᠪᠠᠷᠢᠮᠲᠠ᠎ᠶᠢᠨ ᠣᠨᠣᠪᠴᠢᠲᠠᠶ ᠪᠥᠭᠡᠳ ᠨᠠᠢᠳᠠᠪᠤᠷᠢᠲᠠᠢ ᠪᠠᠢᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠡᠭᠦᠨ᠎ᠤ ᠬᠠᠮᠲᠤ᠂ ᠠᠷᠠᠳ᠎ᠤᠨ ᠬᠡᠷᠡᠭᠯᠡᠭᠡᠨ᠎ᠤ 《ᠭᠤᠷᠪᠠᠨ ᠬᠡᠮᠵᠢᠭᠦᠷ 》 ᠎ᠦᠨ ᠦᠢᠯᠡᠴᠢᠯᠡᠭᠡᠨ᠎ᠤ ᠠᠵᠤ ᠠᠬᠤᠢᠯᠠᠯ᠎ᠤᠨ ᠦᠨ᠎ᠡ ᠬᠠᠩᠰᠢ ᠰᠦᠢᠳᠬᠡᠯ ᠬᠤᠷᠢᠶᠠᠬᠤ᠎ᠳᠤ ᠰᠠᠨᠠᠭᠤᠯᠤᠮᠵᠢ ᠥᠭᠴᠦ᠂ ᠠᠵᠤ ᠠᠬᠤᠢᠯᠠᠯ᠎ᠢ ᠰᠢᠮᠳᠠᠭᠤᠯᠵᠤ ᠪᠠᠢᠭᠠᠳ ᠦᠨ᠎ᠡ ᠬᠠᠩᠰᠢ᠎ᠶᠢᠨ ᠥᠪᠡᠷ᠎ᠢ᠎ᠪᠠᠨ ᠱᠠᠭᠠᠷᠳᠠᠬᠤ ᠤᠬᠠᠮᠰᠠᠷ᠎ᠢ ᠨᠢ ᠴᠢᠩᠭᠠᠷᠠᠭᠤᠯᠤᠨ᠂ ᠰᠦᠢᠳᠬᠡᠯ ᠬᠤᠷᠢᠶᠠᠬᠤ ᠪᠠᠷᠢᠮᠵᠢᠶ᠎ᠠ᠎ᠶᠢ ᠢᠯᠡ ᠨᠡᠢᠲᠡᠯᠡᠬᠦ ᠵᠡᠷᠭᠡ ᠠᠵᠢᠯ᠎ᠢ ᠤᠬᠠᠮᠰᠠᠷ᠎ᠠᠴᠠ᠎ᠪᠠᠨ ᠰᠠᠢᠲᠤᠷ ᠬᠢᠯᠭᠡᠪᠡ᠃

ᠢᠷᠡᠯᠲᠡ᠄ ᠣᠷᠳᠣᠰ ᠬᠤᠲᠠ᠎ᠶᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ