ᠭᠦᠭᠡᠬᠤᠲᠠ᠎ᠶᠢᠨ 《ᠠᠵᠤ ᠠᠬᠤᠢᠯᠠᠯ᠎ᠳᠤ ᠠᠰᠢᠭ᠋ ᠬᠦᠷᠲᠡᠭᠡᠬᠦ ᠶᠠᠰᠤ ᠴᠢᠨᠠᠷ᠎ᠤᠨ ᠵᠢᠭᠡᠯᠡᠯᠭᠡ》᠎ᠶᠢ ᠲᠠᠰ ᠳᠡᠪᠰᠢᠭᠦᠯᠦᠨ ᠬᠦᠷᠢᠶ᠎ᠡ ᠬᠡᠪᠴᠢᠶ᠎ᠡ᠎ᠶᠢ ᠥᠷᠭᠡᠳᠬᠡᠨ ᠪᠣᠳᠠᠲᠤ ᠴᠣᠭᠴᠠ ᠎ᠳᠦ ᠬᠦᠴᠦᠨ ᠨᠡᠮᠡᠷᠢᠯᠡᠪᠡ
2025-08-22

ᠡᠨᠡ ᠵᠢᠯ᠎ᠡᠴᠡ ᠨᠠᠭᠠᠰᠢ ᠂ ᠭᠦᠭᠡᠬᠣᠲᠠ᠎ᠶᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠠᠰᠤ ᠴᠢᠨᠠᠷ᠎ᠤᠨ  ᠪᠡᠯᠡ  ᠲᠣᠬᠢᠷᠠᠭᠤᠯᠭ᠎ᠠ᠎ᠶᠢᠨ  ᠢᠲᠡᠭᠡᠮᠵᠢ᠎ᠶᠢᠨ  ᠦᠢᠯᠡᠴᠢᠯᠡᠭᠡᠨ᠎ᠦ  ᠪᠣᠳᠠᠲᠤ  ᠴᠣᠭᠴᠠ᠎ᠶᠢᠨ ᠠᠵᠤ  ᠠᠬᠤᠢ᠎ᠶᠢᠨ  ᠴᠢᠨᠠᠷ  ᠰᠠᠢᠲᠠᠢ  ᠬᠥᠭᠵᠢᠯᠲᠡ᠎ᠶᠢᠨ  ᠠᠵᠢᠯ᠎ᠤᠨ  ᠲᠥᠰᠥᠯ》᠎ᠢ ᠲᠤᠭᠤᠰᠢᠭᠤᠯᠤᠨ ᠨᠠᠢᠳᠠᠪᠤᠷᠢᠵᠢᠭᠤᠯᠵᠤ ᠂ 《ᠠᠵᠤ ᠠᠬᠤᠢᠯᠠᠯ᠎ᠳᠤ ᠠᠰᠢᠭ᠋ ᠬᠦᠷᠲᠡᠭᠡᠬᠦ ᠶᠠᠰᠤ ᠴᠢᠨᠠᠷ᠎ᠤᠨ ᠵᠢᠭᠡᠯᠡᠯᠭᠡ》᠎ᠶᠢᠨ ᠲᠥᠷᠥ᠎ᠶᠢᠨ ᠪᠣᠳᠣᠯᠭ᠎ᠠ᠎ᠶᠢ ᠵᠡᠷᠭᠡ ᠪᠡᠷ  ᠳᠡᠰ  ᠳᠡᠪᠰᠢᠭᠦᠯᠵᠦ ᠂ ᠬᠦᠴᠦᠨ ᠵᠦᠢᠯ᠎ᠦᠨ ᠪᠦᠷᠬᠦᠴᠡ᠎ᠶᠢ ᠥᠷᠭᠡᠳᠬᠡᠬᠦ ᠂ ᠵᠥᠪᠰᠢᠶᠡᠷᠡᠨ ᠣᠷᠣᠭᠤᠯᠬᠤ ᠨᠥᠬᠥᠴᠡᠯ᠎ᠢ ᠠᠭᠤᠵᠢᠭᠤ ᠲᠠᠯᠪᠢᠬᠤ᠎ᠪᠠᠷ ᠳᠠᠮᠵᠢᠭᠤᠯᠤᠨ ᠂ ᠨᠡᠩ ᠣᠯᠠᠨ ᠴᠢᠨᠠᠷ ᠰᠠᠢᠲᠠᠢ ᠠᠵᠤ ᠠᠬᠤᠢᠯᠠᠯ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠢᠯᠠᠯ᠎ᠳᠤ ᠶᠠᠰᠤ ᠴᠢᠨᠠᠷ᠎ᠤᠨ ᠳᠠᠪᠠᠭᠤᠯᠢᠭ᠋᠎ᠲᠤ᠎ᠪᠠᠨ ᠲᠦᠰᠢᠭᠯᠡᠨ ᠮᠥᠩᠭᠥᠨ ᠭᠦᠢᠯᠭᠡᠭᠡᠨ᠎ᠦ ᠳᠡᠮᠵᠢᠯᠭᠡ ᠣᠯᠭᠣᠵᠤ ᠂ ᠪᠣᠳᠠᠲᠤ ᠴᠣᠭᠴᠠ᠎ᠶᠢᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠪᠠ ᠃

ᠲᠣᠰ ᠤᠳᠠᠭ᠎ᠠ ᠲᠠᠰ ᠳᠡᠪᠰᠢᠭᠦᠯᠦᠭᠰᠡᠨ ᠨᠢ ᠥᠪᠡᠷᠲᠡᠭᠡᠨ ᠵᠠᠰᠠᠬᠤ ᠣᠷᠣᠨ᠎ᠤ 30 ᠵᠦᠢᠯ᠎ᠤᠨ ᠶᠠᠰᠤ ᠴᠢᠨᠠᠷ᠎ᠤᠨ ᠪᠡᠯᠡ ᠲᠣᠬᠢᠷᠠᠭᠤᠯᠭ᠎ᠠ᠎ᠶᠢᠨ ᠢᠲᠡᠭᠡᠮᠵᠢ᠎ᠶᠢ ᠨᠡᠮᠡᠭᠳᠡᠭᠦᠯᠬᠦ ᠬᠦᠴᠦᠨ ᠵᠦᠢᠯ᠎ᠢᠶᠠᠷ ᠭᠣᠣᠯ ᠪᠤᠯᠭᠠᠵᠤ᠂ ᠶᠠᠰᠤ ᠴᠢᠨᠠᠷ᠂ ᠪᠠᠷᠢᠮᠵᠢᠶ᠎ᠠ᠂ ᠨᠠᠷᠠᠲᠤ ᠲᠡᠮᠳᠡᠭᠲᠦ᠂ ᠲᠤᠰᠬᠠᠢ ᠠᠰᠢᠭ᠋᠂ ᠭᠡᠷᠡᠴᠢᠯᠡᠯ ᠵᠡᠷᠭᠡ ᠬᠦᠷᠢᠶᠡᠨ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠤᠤᠯ᠎ᠤᠨ ᠰᠠᠭᠤᠷᠢᠨ ᠳᠡᠭᠡᠷ᠎ᠡ ᠰᠢᠨ᠎ᠡ᠎ᠪᠠᠷ ᠨᠡᠮᠡᠭᠳᠡᠭᠰᠡᠨ ᠳᠡᠮᠵᠢᠯᠭᠡ᠎ᠶᠢᠨ ᠭᠦᠢᠴᠡᠳᠬᠡᠯ ᠲᠣᠭ᠎ᠠ ᠪᠣᠯᠣᠨ᠎ᠠ᠃ ᠡᠭᠦᠨ᠎ᠳᠤ ᠠᠢᠮᠠᠭ ᠬᠤᠲᠠ᠎ᠶᠢᠨ ᠶᠠᠰᠤ ᠴᠢᠨᠠᠷ᠎ᠤᠨ ᠬᠡᠯᠬᠢᠶ᠎ᠡ᠎ᠶᠢ ᠴᠢᠩᠭᠠᠳᠬᠠᠬᠤ ᠠᠵᠢᠯ᠎ᠤᠨ ᠬᠡᠯᠬᠢᠶ᠎ᠡ᠎ᠶᠢᠨ ᠭᠣᠣᠯ ᠠᠵᠤ ᠠᠬᠤᠢᠯᠠᠯ᠂ ᠠᠵᠤ ᠠᠬᠤᠢᠯᠠᠯ᠎ᠤᠨ ᠣᠢᠷ᠎ᠠ᠎ᠶᠢᠨ 3 ᠵᠢᠯ᠎ᠳᠤ ᠦᠢᠯᠡᠳᠪᠦᠷᠢᠯᠡᠭᠰᠡᠨ ᠦᠢᠯᠡᠳᠬᠦᠨ ᠨᠢ ᠤᠯᠤᠰ᠂ ᠥᠪᠡᠷᠲᠡᠭᠡᠨ ᠵᠠᠰᠠᠬᠤ ᠣᠷᠣᠨ᠂ ᠠᠢᠮᠠᠭ ᠬᠤᠲᠠ᠎ᠶᠢᠨ ᠶᠠᠰᠤ ᠴᠢᠨᠠᠷ᠎ᠤᠨ ᠬᠢᠨᠠᠯᠲᠠ ᠲᠠᠯᠪᠢᠵᠤ ᠰᠤᠭᠤᠴᠢᠨ ᠪᠠᠢᠴᠠᠭᠠᠬᠤ ᠶᠠᠪᠤᠴᠠ᠎ᠳᠤ ᠬᠢᠷᠢ ᠲᠡᠩᠴᠡᠭ᠌ᠰᠡᠨ ᠦᠭᠡᠢ ᠲᠡᠮᠳᠡᠭᠯᠡᠯ ᠦᠭᠡᠢ ᠪᠠᠢᠬᠣ᠂ ᠭᠣᠣᠯᠯᠠᠬᠤ ᠲᠣᠭᠲᠠᠭᠠᠵᠤ ᠵᠠᠰᠠᠪᠤᠷᠢ ᠣᠷᠣᠭᠤᠯᠤᠭᠰᠠᠨ ᠠᠵᠤ ᠠᠬᠤᠢᠯᠠᠯ᠂ ᠶᠠᠰᠤ ᠴᠢᠨᠠᠷ᠎ᠤᠨ ᠬᠠᠮᠢᠶᠠᠷᠤᠯᠲᠠ᠎ᠶᠢᠨ ᠲᠣᠭᠲᠠᠯᠴᠠᠭ᠎ᠠ ᠵᠢᠴᠢ ᠠᠵᠢᠯ ᠮᠡᠷᠭᠡᠵᠢᠯ᠎ᠤᠨ ᠡᠷᠡᠭᠦᠯ ᠮᠡᠨᠳᠦ᠎ᠶᠢᠨ ᠠᠮᠤᠷ ᠲᠦᠪᠰᠢᠨ᠎ᠤ ᠬᠠᠮᠢᠶᠠᠷᠤᠯᠲᠠ᠎ᠶᠢᠨ ᠲᠣᠭᠲᠠᠯᠴᠠᠭ᠎ᠠ᠂ ᠣᠷᠴᠢᠨ ᠲᠣᠭᠣᠷᠢᠨ᠎ᠤ ᠬᠠᠮᠢᠶᠠᠷᠤᠯᠲᠠ᠎ᠶᠢᠨ ᠲᠣᠭᠲᠠᠯᠴᠠᠭ᠎ᠠ᠎ᠶᠢᠨ ᠭᠡᠷᠡᠴᠢᠯᠡᠭᠡ ᠣᠯᠣᠭᠰᠠᠨ ᠠᠵᠤ ᠠᠬᠤᠢᠯᠠᠯ᠂ ᠣᠷᠭᠠᠨᠢᠭ᠋ ᠦᠢᠯᠡᠳᠬᠦᠨ᠎ᠤ ᠭᠡᠷᠡᠴᠢᠯᠡᠯ ᠭᠥᠷᠳᠡᠭᠰᠡᠨ ᠠᠵᠤ ᠠᠬᠤᠢᠯᠠᠯ᠂ ᠳᠤᠮᠳᠠᠳᠤ ᠤᠯᠤᠰ᠎ᠤᠨ ᠲᠤᠰᠬᠠᠢ ᠠᠰᠢᠭ᠋᠎ᠤᠨ ᠱᠠᠩᠨᠠᠯ ᠭᠥᠷᠳᠡᠭᠰᠡᠨ ᠠᠵᠤ ᠠᠬᠤᠢᠯᠠᠯ᠂ ᠤᠯᠤᠰ᠎ᠤᠨ ᠮᠡᠳᠡᠯᠭᠡ᠎ᠶᠢᠨ ᠥᠮᠴᠢᠯᠡᠯ ᠎ᠦᠨ ᠡᠷᠬᠡ᠎ᠶᠢᠨ ᠵᠢᠱ᠌ᠢᠶ᠎ᠡ ᠦᠵᠡᠭᠦᠯᠭᠦ ᠠᠵᠤ ᠠᠬᠤᠢᠯᠠᠯ᠂  《ᠰᠠᠨᠠᠭ᠎ᠠ ᠠᠮᠤᠷ ᠬᠡᠷᠡᠭᠯᠡᠭᠡ᠎ᠶᠢᠨ ᠠᠮᠠᠯᠠᠯᠲᠠ᠎ᠶᠢᠨ ᠨᠢᠭᠡᠴᠢ》 ᠵᠡᠷᠭᠡ᠎ᠶᠢ ᠪᠠᠭᠲᠠᠭᠠᠵᠤ᠂ ᠲᠥᠷᠥ᠎ᠶᠢᠨ ᠪᠣᠳᠣᠯᠭ᠎ᠠ᠎ᠶᠢᠨ ᠠᠰᠢᠭ᠋ ᠬᠦᠷᠲᠡᠭᠡᠬᠦ ᠬᠡᠪᠴᠢᠶ᠎ᠡ᠎ᠶᠢ ᠤᠯᠠᠮ ᠨᠢᠭᠡ ᠠᠯᠬᠤᠮ ᠥᠷᠭᠡᠳᠬᠡᠵᠦ᠂ ᠶᠠᠰᠤ ᠴᠢᠨᠠᠷ᠎ᠤᠨ ᠪᠠᠢᠭᠤᠯᠤᠯᠲᠠ᠎ᠶᠢᠨ ᠳᠤᠮᠳᠠ ᠢᠯᠡᠷᠡᠯ᠎ᠢᠶᠠᠷ ᠲᠣᠪᠣᠢᠮ᠎ᠠ ᠨᠠᠩ ᠣᠯᠠᠨ ᠠᠵᠤ ᠠᠬᠤᠢᠯᠠᠯ᠎ᠢ ᠳᠡᠮᠵᠢᠯᠭᠡ᠎ᠶᠢᠨ  ᠲᠣᠭᠲᠠᠯᠴᠠᠭ᠎ᠠ᠎ᠳᠤ  ᠣᠷᠣᠭᠤᠯᠵᠠᠢ᠃

ᠲᠠᠰ ᠳᠡᠪᠰᠢᠭᠦᠯᠦᠭᠰᠡᠨ᠎ᠤ ᠳᠠᠷᠠᠭᠠᠬᠢ  《ᠠᠵᠤ ᠠᠬᠤᠢᠯᠠᠯ᠎ᠳᠤ ᠠᠰᠢᠭ᠋ ᠬᠦᠷᠲᠡᠭᠡᠬᠦ ᠶᠠᠰᠤ ᠴᠢᠨᠠᠷ᠎ᠤᠨ ᠵᠢᠭᠡᠯᠡᠯᠭᠡ》᠎ᠶᠢ ᠮᠥᠨ ᠬᠦ᠌ ᠭᠤᠷᠪᠠᠨ ᠲᠥᠷᠥᠯ᠎ᠤᠨ ᠦᠢᠯᠡᠳᠬᠦᠨ ᠬᠤᠪᠢᠶᠠᠵᠤ᠂ ᠬᠦᠴᠦᠨ ᠵᠦᠢᠯ᠎ᠢ ᠲᠥᠷᠥᠯ ᠬᠤᠪᠢᠶᠠᠨ ᠰᠢᠯᠢᠳᠡᠭᠵᠢᠭᠦᠯᠬᠦ ᠳᠡᠮᠵᠢᠯᠭᠡ᠎ᠶᠢᠨ ᠡᠷᠴᠢᠮ᠎ᠢ ᠦᠨᠳᠦᠰᠦᠯᠡᠨ᠄

《ᠠᠵᠤ ᠠᠬᠤᠢᠯᠠᠯ᠎ᠳᠤ ᠠᠰᠢᠭ᠋ ᠬᠦᠷᠲᠡᠭᠡᠬᠦ ᠶᠠᠰᠤ ᠴᠢᠨᠠᠷ᠎ᠤᠨ ᠵᠢᠭᠡᠯᠡᠯᠭᠡ 1》 ᠨᠢ ᠬᠠᠮᠤᠭ᠎ᠤᠨ ᠳᠡᠭᠡᠳᠦ ᠲᠠᠰ ᠳᠠᠪᠬᠤᠷᠭ᠎ᠠ᠎ᠶᠢᠨ ᠶᠠᠰᠤ ᠴᠢᠨᠠᠷ᠎ᠤᠨ ᠢᠷᠠᠭᠤ ᠠᠯᠳᠠᠷ ᠬᠢᠭᠡᠳ ᠪᠠᠷᠢᠮᠵᠢᠶ᠎ᠠ᠎ᠶᠢᠨ ᠬᠤᠪᠢ ᠨᠡᠮᠡᠷᠢ ᠦᠵᠡᠭᠦᠯᠦᠭᠰᠡᠨ ᠠᠵᠤ ᠠᠬᠤᠢᠯᠠᠯ᠎ᠳᠤ ᠬᠠᠨᠳᠤᠭᠤᠯᠵᠤ᠂ ᠳᠤᠮᠳᠠᠳᠤ ᠤᠯᠤᠰ᠎ᠤᠨ ᠶᠠᠰᠤ ᠴᠢᠨᠠᠷ᠎ᠤᠨ ᠱᠠᠩᠨᠠᠯ (ᠨᠡᠷ᠎ᠡ ᠳᠡᠪᠰᠢᠭᠦᠯᠦᠭᠰᠡᠨ ᠱᠠᠩᠨᠠᠯ)᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ᠎ᠶᠢᠨ ᠶᠠᠰᠤ ᠴᠢᠨᠠᠷ᠎ᠤᠨ ᠱᠠᠩᠨᠠᠯ᠂ ᠤᠯᠤᠰ᠎ᠤᠨ ᠪᠠᠷᠢᠮᠵᠢᠶ᠎ᠠ᠎ᠶᠢᠨ ᠰᠢᠨ᠎ᠡ᠎ᠶᠢ ᠡᠭᠦᠳᠦᠭᠰᠡᠨ ᠬᠤᠪᠢ ᠨᠡᠮᠡᠷᠢ᠎ᠶᠢᠨ ᠱᠠᠩᠨᠠᠯ ᠬᠦᠷᠲᠡᠭᠰᠡᠳ᠂ ᠵᠢᠴᠢ ᠳᠡᠯᠡᠬᠡᠢ᠎ᠶᠢᠨ ᠪᠠ ᠪᠦᠭᠦ ᠤᠯᠤᠰ᠎ᠤᠨ ᠪᠠᠷᠢᠮᠵᠢᠶᠠᠵᠢᠭᠤᠯᠤᠭᠰᠠᠨ ᠮᠡᠷᠭᠡᠵᠢᠯ᠎ᠤᠨ ᠵᠣᠬᠢᠶᠠᠨ ᠪᠠᠢᠭᠤᠯᠤᠯᠲᠠ᠎ᠶᠢᠨ ᠨᠠᠷᠢᠨ ᠪᠢᠴᠢᠭ᠎ᠤᠨ ᠭᠠᠵᠠᠷ ᠵᠡᠷᠭᠡ ᠠᠵᠤ ᠠᠬᠤᠢᠯᠠᠯ᠎ᠢ ᠬᠠᠮᠤᠷᠴᠤ᠂ ᠭᠠᠭᠴᠠ ᠡᠷᠦᠭᠡ᠎ᠶᠢᠨ ᠵᠢᠭᠡᠯᠡᠯᠭᠡ᠎ᠶᠢᠨ ᠲᠣᠭ᠎ᠠ ᠬᠡᠮᠵᠢᠶ᠎ᠡ᠎ᠶᠢ ᠬᠠᠮᠤᠭ᠎ᠤᠨ ᠥᠨᠳᠥᠷ ᠎ᠲᠤ ᠎ᠪᠠᠨ 3000 ᠲᠦᠮᠡᠨ ᠲᠥᠭᠥᠷᠢᠭ᠎ᠲᠤ ᠬᠦᠷᠦᠭᠦᠯᠵᠦ᠂ 1000 ᠲᠦᠮᠡᠨ ᠲᠥᠭᠥᠷᠢᠭ᠎ᠤᠨ ᠳᠣᠲᠣᠷ᠎ᠠ ᠢᠲᠡᠭᠡᠮᠵᠢᠲᠦ ᠵᠢᠭᠡᠯᠡᠯᠭᠡ᠎ᠶᠢ ᠵᠣᠷᠢᠭ᠍ᠵᠢᠭᠤᠯᠪᠠ᠃

《ᠠᠵᠤ ᠠᠬᠤᠢᠯᠠᠯ᠎ᠳᠤ ᠠᠰᠢᠭ᠋ ᠬᠦᠷᠲᠡᠭᠡᠬᠦ ᠶᠠᠰᠤ ᠴᠢᠨᠠᠷ᠎ᠤᠨ ᠵᠢᠭᠡᠯᠡᠯᠭᠡ 2》 ᠨᠢ ᠠᠢᠮᠠᠭ ᠬᠤᠲᠠ᠎ᠶᠢᠨ ᠵᠠᠰᠠᠭ᠎ᠤᠨ ᠣᠷᠳᠣᠨ᠎ᠤ ᠶᠠᠰᠤ ᠴᠢᠨᠠᠷ᠎ᠤᠨ ᠱᠠᠩᠨᠠᠯ᠂ ᠤᠯᠤᠰ᠎ᠤᠨ ᠲᠠᠰ᠎ᠤᠨ ᠪᠠᠷᠢᠮᠵᠢᠶᠠᠵᠢᠭᠤᠯᠤᠯᠲᠠ᠎ᠶᠢᠨ ᠲᠤᠷᠰᠢᠯᠲᠠ᠎ᠶᠢᠨ ᠵᠢᠱ᠌ᠢᠶ᠎ᠡ ᠦᠵᠡᠭᠦᠯᠭᠦ ᠲᠥᠷᠥᠯ ᠵᠦᠢᠯ᠎ᠢ ᠡᠭᠦᠷᠭᠡᠯᠡᠵᠦ ᠪᠠᠢᠭ᠎ᠠ ᠠᠵᠤ ᠠᠬᠤᠢᠯᠠᠯ᠂ ᠥᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠋᠎ᠤᠨ ᠱᠠᠩᠨᠠᠯ ᠭᠦᠷᠲᠡᠭᠴᠢ ᠵᠡᠷᠭᠡ᠎ᠶᠢ ᠬᠠᠮᠤᠷᠴᠤ᠂ ᠠᠢᠮᠠᠭ ᠬᠤᠲᠠ᠎ᠶᠢᠨ ᠶᠠᠰᠤ ᠴᠢᠨᠠᠷ᠎ᠤᠨ ᠬᠡᠯᠬᠢᠶᠡᠰᠦ᠎ᠶᠢ ᠴᠢᠩᠭᠠᠳᠬᠠᠬᠤ ᠠᠵᠢᠯ᠎ᠤᠨ ᠬᠡᠯᠬᠢᠶᠡᠰᠦ᠎ᠶᠢᠨ ᠡᠵᠡᠨ ᠠᠵᠤ ᠠᠬᠤᠢᠯᠠᠯ᠂ ᠤᠯᠤᠰ᠎ᠤᠨ ᠮᠡᠳᠡᠯᠭᠡ᠎ᠶᠢᠨ ᠥᠮᠴᠢᠯᠡᠯ ᠎ᠦᠨ ᠡᠷᠬᠡ᠎ᠶᠢᠨ ᠵᠢᠱ᠌ᠢᠶ᠎ᠡ ᠦᠵᠡᠭᠦᠯᠭᠦ ᠠᠵᠤ ᠠᠬᠤᠢᠯᠠᠯ ᠵᠡᠷᠭᠡ᠎ᠶᠢ ᠰᠢᠨ᠎ᠡ᠎ᠪᠠᠷ ᠨᠡᠮᠡᠭᠳᠡᠭᠦᠯᠦᠨ᠂ ᠭᠠᠭᠴᠠ ᠡᠷᠦᠭᠡ᠎ᠶᠢᠨ ᠲᠣᠭ᠎ᠠ ᠬᠡᠮᠵᠢᠶ᠎ᠡ᠎ᠶᠢ ᠬᠠᠮᠤᠭ᠎ᠤᠨ ᠥᠨᠳᠥᠷ᠎ᠲᠤ᠎ᠪᠠᠨ 2000 ᠲᠦᠮᠡᠨ ᠲᠥᠭᠥᠷᠢᠭ ᠪᠠᠢᠯᠭᠠᠵᠤ᠂ 1000 ᠲᠦᠮᠡᠨ ᠲᠥᠭᠥᠷᠢᠭ᠎ᠤᠨ ᠳᠣᠲᠣᠷ᠎ᠠ ᠢᠲᠡᠭᠡᠮᠵᠢᠲᠦ ᠵᠢᠭᠡᠯᠡᠯᠭᠡ᠎ᠪᠠᠷ ᠭᠣᠣᠯ  ᠪᠣᠯᠭᠠᠪᠠ᠃

《ᠠᠵᠤ ᠠᠬᠤᠢᠯᠠᠯ᠎ᠳᠤ ᠠᠰᠢᠭ᠋ ᠬᠦᠷᠲᠡᠭᠡᠬᠦ ᠶᠠᠰᠤ ᠴᠢᠨᠠᠷ᠎ᠤᠨ ᠵᠢᠭᠡᠯᠡᠯᠭᠡ 3 》 ᠨᠢ ᠬᠣᠰᠢᠭᠤ ᠰᠢᠶᠠᠨ᠎ᠤ ᠱᠠᠲᠤᠨ᠎ᠤ ᠵᠠᠰᠠᠭ᠎ᠤᠨ ᠣᠷᠳᠣᠨ᠎ᠤ ᠶᠠᠰᠤ ᠴᠢᠨᠠᠷ᠎ᠤᠨ ᠱᠠᠩᠨᠠᠯ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠠᠷᠢᠮᠵᠢᠶᠠᠵᠢᠭᠤᠯᠤᠯᠲᠠ᠎ᠶᠢᠨ ᠲᠤᠷᠰᠢᠯᠲᠠ᠎ᠶᠢᠨ ᠵᠢᠱ᠌ᠢᠶ᠎ᠡ ᠦᠵᠡᠭᠦᠯᠭᠦ ᠲᠥᠷᠥᠯ ᠵᠦᠢᠯ᠎ᠢ ᠡᠭᠦᠷᠭᠡᠯᠡᠵᠦ ᠪᠠᠢᠭ᠎ᠠ ᠠᠵᠤ ᠠᠬᠤᠢᠯᠠᠯ᠂ ᠶᠠᠰᠤ ᠴᠢᠨᠠᠷ᠎ᠤᠨ ᠲᠡᠷᠢᠭᠦᠨ ᠲᠤᠰᠢᠶᠠᠯᠲᠠᠨ ᠵᠡᠷᠭᠡ ᠠᠵᠤ ᠠᠬᠤᠢᠯᠠᠯ᠎ᠳᠤ ᠬᠠᠨᠳᠤᠭᠤᠯᠤᠨ᠂ ᠭᠣᠣᠯ ᠤᠳᠤᠷᠢᠳᠤᠮᠵᠢ ᠲᠣᠭᠲᠠᠭᠠᠵᠤ ᠵᠠᠰᠠᠪᠤᠷᠢ ᠣᠷᠣᠭᠤᠯᠤᠭᠰᠠᠨ ᠠᠵᠤ ᠠᠬᠤᠢᠯᠠᠯ᠂ ᠣᠯᠠᠨ ᠵᠦᠢᠯ᠎ᠤᠨ ᠬᠠᠮᠢᠶᠠᠷᠤᠯᠲᠠ᠎ᠶᠢᠨ ᠲᠣᠭᠲᠠᠯᠴᠠᠭ᠎ᠠ᠎ᠶᠢᠨ ᠭᠡᠷᠡᠴᠢᠯᠡᠭᠡ ᠣᠯᠣᠭᠰᠠᠨ ᠠᠵᠤ ᠠᠬᠤᠢᠯᠠᠯ᠂ 《ᠰᠠᠨᠠᠭ᠎ᠠ ᠠᠮᠤᠷ ᠬᠡᠷᠡᠭᠯᠡᠭᠡ᠎ᠶᠢᠨ ᠠᠮᠠᠯᠠᠯᠲᠠ᠎ᠶᠢᠨ ᠨᠢᠭᠡᠴᠢ》 ᠵᠡᠷᠭᠡ᠎ᠶᠢ ᠰᠢᠨ᠎ᠡ᠎ᠪᠠᠷ ᠨᠡᠮᠡᠭᠳᠡᠭᠦᠯᠵᠦ᠂ ᠭᠠᠭᠴᠠ ᠡᠷᠦᠭᠡ᠎ᠶᠢᠨ ᠲᠣᠭ᠎ᠠ ᠬᠡᠮᠵᠢᠶ᠎ᠡ᠎ᠶᠢ 1000 ᠲᠦᠮᠡᠨ ᠲᠥᠭᠥᠷᠢᠭ᠎ᠠᠴᠠ ᠳᠠᠪᠠᠭᠤᠯᠬᠤ ᠦᠭᠡᠢ ᠪᠠᠢᠵᠤ᠂ ᠢᠲᠡᠭᠡᠮᠵᠢᠲᠦ ᠵᠢᠭᠡᠯᠡᠯᠭᠡ᠎ᠪᠠᠷ ᠭᠣᠣᠯ ᠳᠡᠮᠵᠢᠬᠦ ᠠᠷᠭ᠎ᠠ ᠮᠠᠶᠢᠭ᠋ ᠪᠣᠯᠭᠠᠪᠠ᠃

ᠲᠣᠰ ᠤᠳᠠᠭᠠᠨ᠎ᠤ ᠲᠥᠷᠥ᠎ᠶᠢᠨ ᠪᠣᠳᠣᠯᠭ᠎ᠠ᠎ᠶᠢᠨ ᠲᠣᠬᠢᠷᠠᠭᠤᠯᠤᠯᠲᠠ᠎ᠳᠤ ᠵᠥᠪᠰᠢᠶᠡᠷᠡᠨ ᠣᠷᠣᠭᠤᠯᠬᠤ ᠨᠥᠬᠥᠴᠡᠯ᠎ᠢ ᠤᠯᠠᠮ ᠨᠢᠭᠡ ᠠᠯᠬᠤᠮ ᠠᠭᠤᠵᠢᠭᠤ ᠲᠠᠯᠪᠢᠵᠤ᠂ ᠨᠠᠩ ᠣᠯᠠᠨ ᠶᠠᠰᠤ ᠴᠢᠨᠠᠷ᠎ᠤᠨ ᠪᠠᠢᠭᠤᠯᠤᠯᠲᠠ᠎ᠶᠢᠨ ᠬᠦᠷᠢᠶᠡᠨ᠎ᠳᠠᠬᠢ ᠰᠢᠯᠢᠳᠡᠭ ᠠᠵᠤ ᠠᠬᠤᠢᠯᠠᠯ᠎ᠢ ᠳᠡᠮᠵᠢᠬᠦ ᠬᠡᠪᠴᠢᠶᠡᠨ᠎ᠳᠤ ᠣᠷᠣᠭᠤᠯᠬᠤ᠎ᠪᠠᠷ ᠪᠠᠷᠠᠬᠤ ᠦᠭᠡᠢ᠂ ᠪᠠᠰᠠ ᠵᠢᠵᠢᠭ ᠪᠢᠴᠢᠯ ᠠᠵᠤ ᠠᠬᠤᠢᠯᠠᠯ᠎ᠳᠤ ᠬᠡᠯᠪᠡᠢᠯᠭᠡᠪᠡ᠃ ᠬᠤᠷᠰᠢᠭ᠍ᠰᠠᠨ ᠪᠠᠩᠬᠢ  《ᠨᠢᠭᠡ ᠡᠷᠦᠭᠡ᠎ᠳᠤ ᠨᠢᠭᠡ ᠠᠷᠭ᠎ᠠ ᠪᠣᠳᠣᠯᠭ᠎ᠠ ᠠᠪᠬᠤ》 ᠵᠠᠷᠴᠢᠮ ᠶᠣᠰᠣᠭᠠᠷ᠂ ᠠᠵᠤ ᠠᠬᠤᠢᠯᠠᠯ᠎ᠤᠨ ᠡᠵᠡᠩᠨᠡᠯᠲᠡ᠎ᠶᠢᠨ ᠪᠠᠢᠳᠠᠯ ᠬᠢᠭᠡᠳ ᠲᠦᠭᠰᠢᠭᠦᠷᠢ᠎ᠶᠢᠨ ᠣᠨᠴᠠᠯᠢᠭ᠋᠎ᠲᠠᠢ ᠤᠶᠠᠯᠳᠤᠭᠤᠯᠤᠨ᠂ ᠠᠮᠢᠳᠤᠯᠢᠭ᠋ ᠢᠲᠡᠭᠡᠮᠵᠢ ᠣᠯᠭᠣᠬᠤ ᠦᠢᠯᠡᠴᠢᠯᠡᠭᠡ ᠬᠠᠩᠭᠠᠵᠤ᠂ ᠶᠠᠰᠤ ᠴᠢᠨᠠᠷ᠎ᠤᠨ ᠲᠣᠭ᠎ᠠ ᠪᠠᠷᠢᠮᠲᠠ᠎ᠶᠢᠨ ᠬᠦᠴᠦᠨ ᠵᠦᠢᠯ ᠬᠢᠭᠡᠳ ᠮᠥᠩᠭᠥᠨ ᠭᠦᠢᠯᠭᠡᠭᠡᠨ᠎ᠤ ᠦᠢᠯᠡᠴᠢᠯᠡᠭᠡ᠎ᠶᠢᠨ ᠭᠦᠨᠵᠡᠭᠡᠢ ᠠᠭᠤᠰᠤᠯᠴᠠᠯ᠎ᠢ  ᠠᠬᠢᠭᠤᠯᠪᠠ᠃ ᠭᠦᠭᠡᠬᠤᠲᠠ᠎ᠶᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠡᠭᠦᠨ᠎ᠢᠶᠠᠷ ᠠᠵᠠ ᠲᠣᠭᠢᠶᠠᠯ ᠪᠤᠯᠭᠠᠵᠤ᠂  《ᠠᠵᠤ ᠠᠬᠤᠢᠯᠠᠯ᠎ᠳᠤ ᠠᠰᠢᠭ᠋ ᠬᠦᠷᠲᠡᠭᠡᠬᠦ ᠶᠠᠰᠤ ᠴᠢᠨᠠᠷ᠎ᠤᠨ ᠵᠢᠭᠡᠯᠡᠯᠭᠡ》᠎ᠶᠢ ᠨᠠᠷᠢᠯᠢᠭ᠋ ᠤᠨᠤᠪᠴᠢᠲᠠᠢ᠎ᠪᠠᠷ ᠨᠠᠢᠳᠠᠪᠤᠷᠢᠵᠢᠭᠤᠯᠬᠤ᠎ᠶᠢ ᠠᠬᠢᠭᠤᠯᠵᠤ᠂ ᠠᠵᠤ ᠠᠬᠤᠢᠯᠠᠯ᠎ᠤᠨ ᠶᠠᠰᠤ ᠴᠢᠨᠠᠷ᠎ᠤᠨ ᠳᠠᠪᠠᠭᠤᠯᠢᠭ᠋᠎ᠢ ᠦᠨᠡᠨ ᠬᠦ᠌ ᠪᠡᠯᠡ ᠲᠣᠬᠢᠷᠠᠭᠤᠯᠬᠤ᠎ᠳᠤ ᠲᠥᠭᠦᠮ ᠪᠣᠯᠭᠠᠨ ᠬᠤᠪᠢᠷᠠᠭᠤᠯᠵᠤ᠂ ᠨᠠᠩ ᠣᠯᠠᠨ ᠠᠵᠤ ᠠᠬᠤᠢᠯᠠᠯ᠎ᠢ ᠬᠥᠲᠥᠯᠥᠨ ᠵᠢᠯᠤᠭᠣᠳᠴᠤ ᠪᠠᠢᠭᠠᠳ ᠶᠠᠰᠤ ᠴᠢᠨᠠᠷ᠎ᠢᠶᠠᠷ ᠢᠯᠠᠯᠲᠠ ᠣᠯᠬᠤ ᠵᠠᠮ᠎ᠢᠶᠠᠷ ᠵᠠᠮᠨᠠᠭᠤᠯᠵᠤ᠂ ᠪᠣᠳᠠᠲᠤ ᠴᠣᠭᠴᠠ᠎ᠶᠢᠨ ᠠᠵᠤ ᠠᠬᠤᠢ᠎ᠳᠤ ᠮᠥᠩᠭᠥᠨ ᠭᠦᠢᠯᠭᠡᠭᠡᠨ᠎ᠤ ᠠᠮᠢᠳᠤᠯᠢᠭ᠋ ᠤᠰᠤ ᠨᠡᠮᠡᠷᠢᠯᠡᠵᠦ᠂ ᠪᠦᠭᠦ ᠬᠤᠲᠠ᠎ᠶᠢᠨ ᠠᠵᠤ ᠠᠬᠤᠢ ᠨᠡᠢᠭᠡᠮ᠎ᠤᠨ ᠴᠢᠨᠠᠷ ᠰᠠᠢᠲᠠᠢ ᠬᠥᠭᠵᠢᠯᠲᠡ᠎ᠳᠤ ᠬᠦᠴᠦᠨ ᠨᠡᠮᠡᠷᠢᠯᠡᠪᠡ᠃

 

ᠢᠷᠡᠯᠲᠡ᠄ ᠭᠦᠭᠡᠬᠤᠲᠠ᠎ᠶᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ