ᠪᠠᠶᠠᠨᠨᠠᠭᠤᠷ ᠬᠤᠲᠠ᠎ᠶᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ 《ᠳᠥᠷᠪᠡᠨ ᠠᠷᠭ᠎ᠠ ᠬᠡᠮᠵᠢᠶ᠎ᠡ》᠎ᠪᠠᠷ ᠬᠠᠤᠯᠢ ᠲᠦᠭᠡᠮᠡᠯᠵᠢᠭᠦᠯᠬᠦ ᠪᠠ ᠬᠠᠤᠯᠢ ᠶᠣᠰᠣᠭᠠᠷ ᠠᠵᠤ ᠠᠬᠤᠢᠯᠠᠯ᠎ᠢ ᠵᠠᠰᠠᠬᠤ ᠭᠦᠨᠵᠡᠭᠡᠢ ᠠᠭᠤᠰᠤᠯᠴᠠᠯ᠎ᠢ ᠠᠬᠢᠭᠤᠯᠪᠠ
2025-08-25

ᠪᠠᠶᠠᠨᠨᠠᠭᠤᠷ ᠬᠤᠲᠠ᠎ᠶᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠬᠠᠤᠯᠢ ᠲᠦᠭᠡᠮᠡᠯᠵᠢᠭᠦᠯᠬᠦ ᠪᠠ ᠬᠢᠨᠠᠨ ᠬᠠᠮᠢᠶᠠᠷᠬᠤ ᠦᠢᠯᠡᠴᠢᠯᠡᠭᠡ᠎ᠶᠢ ᠵᠡᠷᠭᠡ᠎ᠪᠠᠷ ᠴᠢᠬᠤᠯᠠᠴᠢᠯᠠᠬᠤ᠎ᠶᠢ ᠪᠠᠷᠢᠮᠲᠠᠯᠠᠵᠤ᠂ ᠬᠠᠤᠯᠢ᠎ᠪᠠᠷ ᠵᠠᠰᠠᠬᠤ ᠤᠬᠠᠭᠤᠯᠭ᠎ᠠ᠂ ᠲᠣᠭᠲᠠᠭᠠᠯ᠎ᠳᠤ ᠨᠡᠢᠴᠡᠭᠦᠯᠦᠨ ᠬᠥᠲᠥᠯᠥᠨ ᠵᠢᠯᠤᠭᠣᠳᠬᠤ᠂ ᠲᠦᠭᠰᠢᠭᠦᠷᠢ᠎ᠶᠢ ᠤᠷᠢᠳᠴᠢᠯᠠᠨ ᠰᠡᠷᠡᠮᠵᠢᠯᠡᠭᠦᠯᠭᠦ᠂ ᠶᠠᠰᠤ ᠴᠢᠨᠠᠷ᠎ᠤᠨ ᠴᠢᠳᠠᠪᠤᠷᠢ ᠣᠯᠭᠣᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠡᠵᠡᠩᠨᠡᠯᠲᠡ᠎ᠶᠢᠨ ᠭᠣᠣᠯ ᠴᠣᠭᠴᠠ᠎ᠶᠢ  《 ᠨᠠᠮᠠᠶ᠋ᠢ ᠲᠣᠭᠲᠠᠭᠠᠯ᠎ᠳᠤ ᠨᠡᠢᠴᠡᠭᠦᠯᠬᠦ》 ᠪᠠᠢᠭᠰᠠᠨ᠎ᠠᠴᠠ 《ᠪᠢ ᠲᠣᠭᠲᠠᠭᠠᠯ᠎ᠳᠤ ᠨᠡᠢᠴᠡᠬᠦ》 ᠪᠣᠯᠭᠠᠨ ᠬᠤᠪᠢᠷᠠᠭᠤᠯᠬᠤ᠎ᠶᠢ ᠠᠬᠢᠭᠤᠯᠵᠤ᠂ ᠬᠠᠤᠯᠢ ᠲᠦᠭᠡᠮᠡᠯᠵᠢᠭᠦᠯᠬᠦ ᠪᠠ ᠬᠠᠤᠯᠢ ᠶᠣᠰᠣᠭᠠᠷ ᠠᠵᠤ ᠠᠬᠤᠢᠯᠠᠯ᠎ᠢ ᠵᠠᠰᠠᠬᠤ᠎ᠶᠢ ᠭᠦᠨᠵᠡᠭᠡᠢ ᠠᠭᠤᠰᠤᠯᠴᠠᠭᠤᠯᠬᠤ᠂ ᠬᠠᠷᠢᠯᠴᠠᠨ ᠠᠬᠢᠭᠤᠯᠵᠤ ᠬᠠᠮᠲᠤ᠎ᠪᠠᠷ ᠤᠷᠤᠭᠰᠢᠯᠠᠬᠤ᠎ᠶᠢ ᠪᠡᠶᠡᠯᠡᠭᠦᠯᠪᠡ᠃

ᠨᠢᠭᠡ᠂ ᠬᠠᠤᠯᠢ ᠴᠠᠭᠠᠵᠠ᠎ᠶᠢᠨ ᠶᠡᠷᠦ᠎ᠶᠢᠨ ᠮᠡᠳᠡᠯᠭᠡ᠎ᠶᠢ ᠲᠦᠭᠡᠮᠡᠯᠵᠢᠭᠦᠯᠵᠦ ᠠᠵᠤ ᠠᠬᠤᠢᠯᠠᠯ᠎ᠳᠤ 《ᠵᠠᠢ ᠦᠭᠡᠢ》᠎ᠪᠡᠷ ᠠᠰᠢᠭ᠋ ᠬᠦᠷᠲᠡᠭᠡᠪᠡ᠃ 《ᠬᠠᠤᠯᠢ ᠴᠠᠭᠠᠵᠠ᠎ᠶᠢ ᠠᠵᠤ ᠠᠬᠤᠢᠯᠠᠯ᠎ᠳᠤ ᠣᠷᠣᠭᠤᠯᠬᠤ》ᠠᠵᠢᠯᠯᠠᠭ᠎ᠠ᠎ᠶᠢ ᠭᠦᠨᠵᠡᠭᠡᠢ ᠥᠷᠨᠢᠭᠦᠯᠵᠦ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠦᠢᠯᠡᠴᠢᠯᠡᠭᠡ᠎ᠶᠢ ᠬᠦᠷᠢᠶᠡᠯᠡᠩ ᠲᠣᠭᠣᠷᠢᠭ᠋᠎ᠲᠤ ᠣᠷᠣᠭᠤᠯᠵᠤ᠂ ᠨᠡᠢᠲᠡ 8 ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ 1153 ᠡᠷᠤᠭᠡ (ᠤᠳᠠᠭ᠎ᠠ) ᠠᠵᠤ ᠠᠬᠤᠢᠯᠠᠯ᠎ᠳᠤ ᠬᠠᠤᠯᠢ ᠴᠠᠭᠠᠵᠠ᠎ᠶᠢᠨ ᠵᠥᠪᠯᠡᠯᠭᠡ ᠪᠠ ᠮᠡᠷᠭᠡᠵᠢᠯ᠎ᠤᠨ ᠳᠡᠮᠵᠢᠯᠭᠡ ᠬᠠᠩᠭᠠᠵᠤ᠂ 169 ᠬᠦᠴᠢᠷ ᠠᠰᠠᠭᠤᠳᠠᠯ᠎ᠢ ᠰᠢᠢᠳᠪᠦᠷᠢᠯᠡᠨ᠂ 312 ᠠᠵᠤ ᠠᠬᠤᠢᠯᠠᠯ᠎ᠤᠨ ᠳᠣᠲᠣᠭᠠᠳᠤ᠎ᠶᠢᠨ ᠬᠢᠨᠠᠭ᠍ᠴᠢ᠎ᠶᠢ ᠰᠦᠢᠳᠬᠡᠯ ᠬᠤᠷᠢᠶᠠᠬᠤ ᠦᠭᠡᠢ᠎ᠪᠠᠷ ᠪᠣᠯᠪᠠᠰᠤᠷᠠᠭᠤᠯᠪᠠ᠃ ᠮᠡᠳᠡᠯᠭᠡ᠎ᠶᠢᠨ ᠥᠮᠴᠢᠯᠡᠯ ᠎ᠦᠨ ᠡᠷᠬᠡ᠎ᠶᠢᠨ 《ᠬᠦᠷᠢᠶᠡᠯᠡᠩ᠎ᠳᠤ ᠣᠷᠣᠵᠤ ᠠᠵᠤ ᠠᠬᠤᠢᠯᠠᠯ᠎ᠳᠤ ᠠᠰᠢᠭ᠋ ᠬᠦᠷᠲᠡᠭᠡᠬᠦ》 《ᠲᠦᠮᠡᠨ ᠭᠠᠵᠠᠷ᠎ᠤᠨ ᠦᠢᠯᠡᠴᠢᠯᠡᠭᠡ》 ᠵᠡᠷᠭᠡ ᠠᠵᠢᠯᠯᠠᠭ᠎ᠠ᠎ᠶᠢ ᠥᠷᠨᠢᠭᠦᠯᠵᠦ᠂ 11 ᠣᠷᠣᠯᠠᠨ ᠭᠦᠢᠴᠡᠳᠬᠡᠬᠦ ᠪᠠᠢᠭᠤᠯᠤᠮᠵᠢ᠎ᠶᠢ ᠵᠣᠬᠢᠶᠠᠨ ᠪᠠᠢᠭᠤᠯᠤᠨ 《ᠲᠤᠰᠬᠠᠢ ᠨᠠᠷᠢᠯᠢᠭ᠋ ᠣᠨᠴᠠ ᠰᠢᠨ᠎ᠡ》 ᠠᠵᠤ ᠠᠬᠤᠢᠯᠠᠯ᠎ᠳᠤ ᠨᠠᠢᠳᠠᠨ ᠬᠠᠮᠢᠶᠠᠷᠤᠭᠤᠯᠬᠤ ᠦᠢᠯᠡᠴᠢᠯᠡᠭᠡ ᠬᠠᠩᠭᠠᠪᠠ; 《ᠬᠡᠮᠵᠢᠯᠲᠡ᠎ᠶᠢᠨ ᠦᠢᠯᠡᠴᠢᠯᠡᠭᠡᠨ᠎ᠤ ᠳᠤᠮᠳᠠ ᠵᠢᠵᠢᠭ ᠠᠵᠤ ᠠᠬᠤᠢᠯᠠᠯ᠎ᠤᠨ ᠠᠶᠠᠯᠠᠯ》᠎ᠢ 3165 ᠬᠡᠷᠡᠭᠵᠢᠭᠦᠯᠵᠦ᠂ 14938 ᠰᠠᠭᠤᠷᠢ ᠭᠡᠮᠵᠢᠯᠲᠡ᠎ᠶᠢᠨ ᠪᠠᠭᠠᠵᠢ ᠬᠡᠷᠡᠭᠰᠡᠯ᠎ᠢ ᠰᠦᠢᠳᠬᠡᠯ ᠬᠤᠷᠢᠶᠠᠬᠤ ᠦᠭᠡᠢ᠎ᠪᠠᠷ ᠪᠠᠢᠴᠠᠭᠠᠨ ᠲᠣᠭᠲᠠᠭᠠᠵᠤ᠂ ᠬᠠᠤᠯᠢ ᠲᠦᠭᠡᠮᠡᠯᠵᠢᠭᠦᠯᠬᠦ ᠬᠢᠴᠢᠶᠡᠯ᠎ᠤᠨ ᠲᠠᠩᠬᠢᠮ᠎ᠢ ᠠᠵᠤ ᠠᠬᠤᠢᠯᠠᠯ᠎ᠤᠨ ᠨᠢᠭᠡᠳᠦᠭᠡᠷ ᠹᠷᠣᠨᠲ᠎ᠲᠤ ᠨᠡᠭᠦᠯᠭᠡᠵᠦ᠂ ᠦᠢᠯᠡᠴᠢᠯᠡᠬᠦ᠎ᠶᠢᠨ ᠳᠠᠭᠠᠤ ᠬᠠᠤᠯᠢ ᠲᠦᠭᠡᠮᠡᠯᠵᠢᠭᠦᠯᠬᠦ᠂ ᠬᠦᠴᠢᠷ ᠠᠰᠠᠭᠤᠳᠠᠯ᠎ᠢ ᠰᠢᠢᠳᠪᠦᠷᠢᠯᠡᠵᠦ ᠬᠠᠤᠯᠢ᠎ᠶᠢ ᠲᠠᠢᠯᠪᠤᠷᠢᠯᠠᠬᠤ᠎ᠶᠢ ᠪᠡᠶᠡᠯᠡᠭᠦᠯᠪᠡ᠃

ᠬᠣᠶᠠᠷ᠂ ᠲᠣᠭᠲᠠᠭᠠᠯ᠎ᠳᠤ ᠨᠡᠢᠴᠡᠬᠦ ᠨᠠᠷᠢᠨ ᠲᠠᠩᠰᠠ᠎ᠶᠢᠨ 《ᠬᠣᠷᠢᠭ᠎ᠠ ᠱᠤᠭᠤᠮ᠎ᠢ ᠲᠣᠳᠣᠷᠬᠠᠢᠯᠠᠬᠤ》ᠶᠡᠷᠦᠩᠬᠡᠢᠯᠡᠭᠰᠡᠨ ᠬᠢᠨᠠᠯᠲᠠ ᠬᠠᠮᠢᠶᠠᠷᠤᠯᠲᠠ᠎ᠶᠢᠨ 《ᠨᠢᠭᠡ ᠠᠵᠢᠯ ᠲᠥᠷᠥᠯ ᠨᠢᠭᠡ ᠳᠡᠪᠲᠡᠷ》᠎ᠤᠨ ᠮᠡᠳᠡᠭᠳᠡᠬᠦ ᠳᠦᠷᠢᠮ᠎ᠢ ᠰᠦᠪᠡᠭᠴᠢᠯᠡᠨ ᠬᠡᠷᠡᠭᠵᠢᠭᠦᠯᠵᠦ᠂ 14 ᠶᠡᠬᠡ ᠬᠦᠷᠢᠶ᠎ᠡ ᠴᠠᠷᠠᠭ᠎ᠠ᠂ 57ᠬᠠᠤᠯᠢ ᠲᠣᠭᠲᠠᠭᠠᠯ᠂ 118 ᠵᠦᠢᠯ᠎ᠤᠨ ᠦᠢᠯᠡ ᠠᠵᠢᠯᠯᠠᠭ᠎ᠠ᠎ᠶᠢ ᠬᠠᠮᠤᠷᠤᠭᠰᠠᠨ 《ᠡᠵᠡᠩᠨᠡᠯᠲᠡ᠎ᠶᠢᠨ ᠭᠣᠣᠯ ᠴᠣᠭᠴᠠ᠎ᠶᠢᠨ ᠲᠣᠭᠲᠠᠭᠠᠯ᠎ᠳᠤ ᠨᠡᠢᠴᠡᠭᠦᠯᠦᠨ ᠡᠵᠡᠩᠨᠡᠬᠦ ᠨᠠᠷᠢᠨ ᠲᠠᠩᠰᠠ》᠎ᠶᠢ ᠨᠠᠢᠷᠠᠭᠤᠯᠤᠨ ᠵᠣᠬᠢᠶᠠᠵᠤ᠂ 《ᠲᠣᠭᠲᠠᠭᠠᠯ᠎ᠳᠤ ᠨᠡᠢᠴᠡᠭᠦᠯᠦᠨ ᠡᠵᠡᠩᠨᠡᠬᠦ ᠮᠡᠳᠡᠭᠳᠡᠯ᠎ᠤᠨ ᠪᠢᠴᠢᠭ》 ᠪᠠ 《ᠢᠲᠡᠭᠡᠮᠵᠢ᠎ᠶᠢᠨ ᠠᠮᠠᠯᠠᠯᠲᠠ᠎ᠶᠢᠨ ᠪᠢᠴᠢᠭ》᠎ᠦᠨ ᠳᠦᠷᠢᠮ᠎ᠢ ᠢᠵᠢ ᠪᠦᠷᠢᠳᠦᠭᠦᠯᠦᠨ ᠬᠡᠷᠡᠭᠵᠢᠭᠦᠯᠵᠦ᠂ 《ᠨᠢᠭᠡ ᠬᠠᠭᠤᠳᠠᠰᠤ ᠬᠣᠶᠠᠷ ᠪᠢᠴᠢᠭ》᠎ᠤᠨ ᠭᠡᠯᠪᠡᠷᠢ᠎ᠪᠠᠷ ᠲᠣᠭᠲᠠᠭᠠᠯ᠎ᠳᠤ ᠨᠡᠢᠴᠡᠬᠦ ᠱᠠᠭᠠᠷᠳᠠᠯᠭ᠎ᠠ ᠪᠠ ᠲᠣᠭᠲᠠᠭᠠᠯ᠎ᠠᠴᠠ ᠵᠥᠷᠢᠴᠡᠭᠰᠡᠨ᠎ᠤ ᠦᠷ᠎ᠡ ᠳ᠋ᠦᠩ᠎ᠢ ᠲᠣᠳᠣᠷᠬᠠᠢ ᠪᠤᠯᠭᠠᠵᠤ᠂ ᠡᠵᠡᠩᠨᠡᠯᠲᠡ᠎ᠶᠢᠨ ᠭᠣᠣᠯ ᠴᠣᠭᠴᠠ᠎ᠶᠢᠨ ᠰᠠᠨᠠᠭᠠᠴᠢᠯᠠᠭ᠎ᠠ᠎ᠠᠴᠠ᠎ᠪᠠᠨ ᠲᠣᠭᠲᠠᠭᠠᠯ᠎ᠳᠤ ᠨᠡᠢᠴᠡᠭᠦᠯᠬᠦ᠎ᠶᠢ ᠠᠬᠢᠭᠤᠯᠪᠠ᠃ ᠣᠳᠣᠬᠠᠨ᠎ᠳᠤ ᠲᠣᠰ ᠳᠦᠷᠢᠮ᠎ᠢ ᠨᠢᠭᠡᠨᠲᠡ ᠪᠦᠭᠦ ᠬᠤᠲᠠ᠎ᠳᠤ ᠳᠡᠯᠭᠡᠷᠡᠭᠦᠯᠵᠦ᠂ ᠬᠢᠨᠠᠯᠲᠠ ᠬᠠᠮᠢᠶᠠᠷᠤᠯᠲᠠ᠎ᠶᠢᠨ ᠬᠦᠴᠦᠨ ᠴᠢᠳᠠᠪᠤᠷᠢ᠎ᠶᠢ ᠬᠠᠮᠤᠭ᠎ᠤᠨ ᠶᠡᠬᠡ ᠪᠤᠯᠭᠠᠵᠤ᠂ ᠠᠵᠤ ᠠᠬᠤᠢᠯᠠᠯ᠎ᠤᠨ ᠬᠠᠷᠰᠢᠯᠠᠯ᠎ᠢ ᠬᠠᠮᠤᠭ᠎ᠤᠨ ᠪᠠᠭ᠎ᠠ ᠪᠤᠯᠭᠠᠬᠤ᠎ᠶᠢ ᠪᠡᠶᠡᠯᠡᠭᠦᠯᠪᠡ᠃

ᠭᠤᠷᠪᠠ᠂ ᠠᠶᠤᠯ ᠲᠦᠭᠰᠢᠭᠦᠷᠢ᠎ᠶᠢ ᠤᠷᠢᠳᠴᠢᠯᠠᠨ ᠰᠡᠷᠡᠮᠵᠢᠯᠡᠭᠦᠯᠭᠦ᠎ᠶᠢ 《ᠤᠷᠢᠳᠴᠢᠯᠠᠨ ᠰᠡᠷᠭᠡᠢᠯᠡᠪᠡ》᠃ ᠭᠣᠣᠯᠳᠠᠯᠭ᠎ᠠ᠎ᠲᠠᠢ ᠴᠠᠭ ᠬᠤᠭᠤᠴᠠᠭ᠎ᠠ᠂ ᠭᠣᠣᠯᠳᠠᠯᠭ᠎ᠠ᠎ᠲᠠᠢ ᠣᠷᠣᠨ ᠪᠦᠰᠡ᠂ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠶᠢᠨ ᠡᠵᠡᠩᠨᠡᠯᠲᠡ᠎ᠶᠢᠨ ᠭᠣᠣᠯ ᠴᠣᠭᠴᠠ᠎ᠶᠢᠨ ᠬᠠᠤᠯᠢ᠎ᠠᠴᠠ ᠵᠥᠷᠢᠴᠡᠭᠰᠡᠨ ᠨᠡᠢᠲᠡᠯᠢᠭ ᠴᠢᠨᠠᠷᠲᠠᠢ ᠠᠰᠠᠭᠤᠳᠠᠯ᠂ ᠤᠯᠠᠷᠢᠯ᠎ᠤᠨ ᠴᠢᠨᠠᠷᠲᠠᠢ ᠦᠢᠯᠡᠳᠪᠦᠷᠢᠯᠡᠯ ᠡᠵᠡᠩᠨᠡᠯᠲᠡ ᠠᠮᠠᠷᠬᠠᠨ ᠡᠭᠦᠰᠬᠦ ᠠᠰᠠᠭᠤᠳᠠᠯ᠂ ᠥᠨᠳᠥᠷ ᠳᠠᠪᠲᠠᠮᠵᠢᠲᠤ ᠠᠮᠠᠷᠬᠠᠨ ᠬᠠᠤᠯᠢ᠎ᠠᠴᠠ ᠵᠥᠷᠢᠴᠡᠭᠰᠡᠨ ᠵᠦᠢᠯᠡᠰ ᠵᠡᠷᠭᠡ᠎ᠶᠢ ᠵᠠᠳᠠᠯᠤᠨ ᠰᠤᠳᠤᠯᠵᠤ ᠮᠠᠭᠠᠳᠯᠠᠨ᠂ 《ᠰᠠᠨᠠᠭᠤᠯᠤᠨ ᠰᠡᠷᠡᠮᠵᠢᠯᠡᠭᠦᠯᠭᠦ ᠵᠠᠬᠢᠳᠠᠯ》 《ᠲᠣᠭᠲᠠᠭᠠᠯ᠎ᠳᠤ ᠨᠡᠢᠴᠡᠭᠦᠯᠦᠨ ᠰᠠᠨᠠᠭᠤᠯᠬᠤ》 《ᠬᠡᠷᠡᠭᠯᠡᠭᠡ᠎ᠶᠢᠨ ᠰᠠᠨᠠᠭᠤᠯᠤᠮᠵᠢ》 ᠵᠡᠷᠭᠡ ᠭᠡᠯᠪᠡᠷᠢ᠎ᠪᠠᠷ ᠳᠠᠮᠵᠢᠭᠤᠯᠤᠨ᠂ ᠨᠡᠢᠭᠡᠮ᠂ ᠠᠵᠢᠯ ᠲᠥᠷᠥᠯ᠎ᠤᠨ ᠨᠡᠢᠭᠡᠮᠯᠢᠭ ᠪᠠ ᠡᠵᠡᠩᠨᠡᠯᠲᠡ᠎ᠶᠢᠨ ᠭᠣᠣᠯ ᠴᠣᠭᠴᠠ᠎ᠳᠤ ᠲᠦᠭᠰᠢᠭᠦᠷᠢ᠎ᠶᠢᠨ ᠰᠡᠷᠡᠮᠵᠢᠯᠡᠭᠦᠯᠦᠯ᠎ᠢ ᠤᠷᠢᠳᠴᠢᠯᠠᠨ ᠨᠡᠢᠲᠡᠯᠡᠵᠦ᠂ ᠵᠢᠯᠣᠭᠣᠳᠤᠯᠭ᠎ᠠ ᠨᠢ ᠡᠮᠦᠨ᠎ᠡ ᠨᠢ ᠪᠠᠢᠬᠤ᠂ ᠦᠢᠯᠡᠴᠢᠯᠡᠭᠡ ᠨᠢ ᠡᠮᠦᠨ᠎ᠡ ᠨᠢ ᠪᠠᠢᠬᠤ᠂ ᠰᠡᠷᠡᠮᠵᠢᠯᠡᠭᠦᠯᠭᠦ ᠨᠢ ᠡᠮᠦᠨ᠎ᠡ ᠨᠢ ᠪᠠᠢᠬᠤ᠎ᠶᠢ ᠪᠡᠶᠡᠯᠡᠭᠦᠯᠪᠡ᠃ ᠡᠨᠡ ᠵᠢᠯ᠎ᠠᠴᠠ ᠨᠠᠭᠠᠰᠢ᠂ ᠫᠤᠷᠲᠧᠯ ᠰᠦᠯᠵᠢᠶ᠎ᠡ᠂ ᠣᠯᠠᠨ ᠨᠡᠢᠲᠡ ᠎ᠶ᠋ᠢᠨ ᠸᠢᠴᠠᠲ ᠲᠠᠪᠴᠠᠩ ᠎ᠳᠦ ᠡᠯ᠎ᠡ ᠲᠥᠷᠥᠯ᠎ᠤᠨ ᠰᠠᠨᠠᠭᠤᠯᠤᠮᠵᠢ᠎ᠶᠢᠨ ᠮᠡᠳᠡᠭᠡ ᠵᠠᠩᠭᠢ᠎ᠶᠢ ᠨᠡᠢᠲᠡ 200 ᠭᠠᠷᠤᠢ ᠵᠤᠷᠪᠤᠰ ᠨᠡᠢᠲᠡᠯᠡᠪᠡ᠃

ᠳᠥᠷᠪᠡ᠂ ᠴᠢᠨᠠᠷ ᠴᠢᠨᠰᠠᠭ᠎ᠠ ᠎ᠪᠡᠷ 《ᠬᠥᠭᠵᠢᠯᠲᠡ᠎ᠶᠢ ᠠᠬᠢᠭᠤᠯᠵᠤ》 ᠴᠢᠳᠠᠪᠠ᠃ 《ᠪᠠᠶᠠᠨᠨᠠᠭᠤᠷ᠎ᠤᠨ ᠶᠠᠰᠤ ᠴᠢᠨᠠᠷ᠎ᠢ ᠨᠡᠪᠲᠡᠷᠡᠭᠦᠯᠬᠦ》 ᠶᠠᠰᠤ ᠴᠢᠨᠠᠷ᠎ᠤᠨ ᠦᠢᠯᠡᠴᠢᠯᠡᠭᠡᠨ᠎ᠤ ᠲᠠᠪᠴᠠᠩ᠎ᠳᠤ ᠲᠦᠰᠢᠭᠯᠡᠨ᠂ 《ᠪᠠᠶᠠᠨᠨᠠᠭᠤᠷ᠎ᠤᠨ ᠶᠠᠰᠤ ᠴᠢᠨᠠᠷ᠎ᠢ ᠨᠡᠪᠲᠡᠷᠡᠭᠦᠯᠬᠦ》 ᠶᠠᠰᠤ ᠴᠢᠨᠠᠷ᠎ᠤᠨ ᠬᠢᠴᠢᠶᠡᠯ᠎ᠤᠨ ᠰᠤᠪᠠᠭ᠂ ᠶᠠᠰᠤ ᠴᠢᠨᠠᠷ᠎ᠤᠨ  ᠪᠣᠯᠪᠠᠰᠤᠷᠠᠯ᠎ᠤᠨ ᠰᠤᠪᠠᠭ᠎ᠢ ᠨᠡᠭᠡᠭᠡᠵᠦ᠂ ᠢᠳᠡᠭᠡᠨ ᠪᠠ ᠡᠮ᠎ᠤᠨ ᠵᠦᠢᠯ᠂ ᠬᠡᠮᠵᠢᠬᠦ᠂ ᠭᠡᠷᠡᠴᠢᠯᠡᠵᠦ ᠵᠥᠪᠰᠢᠶᠡᠷᠡᠬᠦ ᠵᠡᠷᠭᠡ 6 ᠪᠣᠯᠪᠠᠰᠤᠷᠠᠯ᠎ᠤᠨ ᠪᠤᠯᠤᠩ ᠭᠠᠷᠭᠠᠵᠤ᠂ ᠲᠦᠷᠦᠭᠦᠦ ᠶᠠᠰᠤ ᠴᠢᠨᠠᠷ᠎ᠤᠨ ᠲᠤᠰᠢᠶᠠᠯᠲᠠᠨ᠎ᠤ ᠰᠦᠯᠵᠢᠶᠡᠨ ᠳᠡᠭᠡᠷᠡᠬᠢ ᠪᠣᠯᠪᠠᠰᠤᠷᠠᠯ᠂  ᠰᠢᠯᠭᠠᠯᠲᠠ᠂ ᠦᠨᠡᠮᠯᠡᠯ ᠣᠯᠭᠣᠬᠤ᠎ᠶᠢ ᠨᠢᠭᠡ ᠴᠣᠭᠴᠠᠵᠢᠭᠤᠯᠬᠤ᠎ᠶᠢ  ᠪᠡᠶᠡᠯᠡᠭᠦᠯᠪᠡ᠃ ᠨᠡᠢᠲᠡ 3.1 ᠲᠦᠮᠡᠨ ᠦᠢᠯᠡᠴᠢᠯᠡᠭᠡᠨ᠎ᠤ ᠠᠵᠤ ᠠᠬᠤᠢᠯᠠᠯ᠂ 355 ᠠᠵᠤ ᠠᠬᠤᠢᠯᠠᠯ᠎ᠤᠨ ᠶᠠᠰᠤ ᠴᠢᠨᠠᠷ᠎ᠤᠨ ᠬᠠᠮᠢᠶᠠᠷᠤᠯᠲᠠ᠎ᠶᠢᠨ ᠰᠢᠰᠲᠧᠮ᠎ᠤᠨ ᠭᠡᠷᠡᠴᠢᠯᠡᠯ ᠭᠦᠷᠳᠡᠭᠦ᠎ᠶᠢ ᠠᠬᠢᠭᠤᠯᠵᠤ᠂ ᠠᠵᠤ ᠠᠬᠤᠢᠯᠠᠯ᠎ᠤᠨ ᠶᠠᠰᠤ ᠴᠢᠨᠠᠷ᠎ᠤᠨ ᠬᠠᠮᠢᠶᠠᠷᠤᠯᠲᠠ᠎ᠶᠢᠨ ᠬᠢᠷᠢ ᠲᠦᠪᠰᠢᠨ᠎ᠢᠶᠠᠨ ᠳᠡᠭᠡᠭᠰᠢᠯᠡᠭᠦᠯᠭᠦ᠎ᠳᠤ ᠬᠦᠴᠦᠲᠡᠢ ᠲᠤᠯᠭᠠᠭᠤᠷᠢᠯᠠᠯ ᠬᠠᠩᠭᠠᠪᠠ᠃

 

ᠢᠷᠡᠯᠲᠡ᠄ ᠪᠠᠶᠠᠨᠨᠠᠭᠤᠷ ᠬᠤᠲᠠ᠎ᠶᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ