《ᠨᠠᠷᠢᠯᠢᠭ᠋ ᠤᠨᠤᠪᠴᠢᠲᠠᠢ ᠪᠣᠯᠪᠠᠰᠤᠷᠠᠯ + ᠰᠤᠷᠪᠤᠯᠵᠢᠯᠠᠨ ᠵᠢᠯᠤᠭᠣᠳᠬᠤ》᠄ ᠭᠠᠵᠠᠷ ᠣᠷᠣᠨ ᠬᠣᠯᠪᠤᠭᠠᠯᠠᠨ ᠬᠥᠳᠡᠯᠦᠯᠴᠡᠵᠦ ᠪᠤᠭᠤᠲᠤ ᠬᠤᠲᠠ᠎ᠶᠢᠨ ᠠᠵᠤ ᠠᠬᠤᠢᠯᠠᠯ᠎ᠤᠨ ᠬᠤᠳᠠᠯᠳᠤᠭᠠᠨ᠎ᠤ ᠨᠢᠭᠤᠴᠠ᠎ᠶᠢ ᠬᠠᠮᠠᠭᠠᠯᠠᠬᠤ᠎ᠳᠦ ᠬᠦᠴᠦᠨ ᠨᠡᠮᠡᠷᠢᠯᠡᠪᠡ
2025-08-25

8 ᠳ᠋ᠤᠭᠠᠷ ᠰᠠᠷ᠎ᠠ᠎ᠶᠢᠨ 14᠎ᠤ ᠡᠳᠦᠷ᠂ ᠪᠤᠭᠤᠲᠤ ᠬᠤᠲᠠ᠎ᠶᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ  《ᠬᠠᠤᠯᠢ ᠬᠡᠷᠡᠭᠵᠢᠭᠦᠯᠬᠦ ᠠᠵᠢᠯᠲᠠᠨ᠎ᠤ ᠲᠤᠰᠬᠠᠢ ᠮᠡᠷᠭᠡᠵᠢᠯ᠎ᠤᠨ ᠬᠡᠪ ᠪᠣᠯᠪᠠᠰᠤᠷᠠᠯ᠎ᠢ ᠴᠢᠩᠭᠠᠷᠠᠭᠤᠯᠬᠤ᠂ ᠠᠵᠤ ᠠᠬᠤᠢᠯᠠᠯ᠎ᠤᠨ ᠨᠢᠭᠤᠴᠠ᠎ᠶᠢ ᠬᠠᠮᠠᠭᠠᠯᠠᠬᠤ ᠴᠢᠳᠠᠪᠤᠷᠢ᠎ᠶᠢ ᠳᠡᠭᠡᠭᠰᠢᠯᠡᠭᠦᠯᠭᠦ》 ᠬᠣᠣᠰ ᠬᠠᠷᠠᠯᠲᠠ᠎ᠶᠢᠨ ᠲᠣᠭᠣᠷᠢᠨ᠎ᠳᠤ᠂ ᠬᠤᠳᠠᠯᠳᠤᠭᠠᠨ᠎ᠤ ᠨᠢᠭᠤᠴᠠ᠎ᠶᠢ ᠬᠠᠮᠠᠭᠠᠯᠠᠬᠤ ᠲᠡᠷᠢᠭᠦᠨ᠎ᠤ ᠭᠠᠵᠠᠷ ᠣᠷᠣᠨ᠎ᠤ ᠲᠤᠰᠬᠠᠢ ᠮᠡᠷᠭᠡᠵᠢᠯᠲᠡᠨ᠎ᠢ ᠲᠤᠰᠬᠠᠢᠯᠠᠨ ᠤᠷᠢᠵᠤ  《ᠲᠤᠰᠬᠠᠢ ᠰᠡᠳᠦᠪᠲᠦ ᠪᠣᠯᠪᠠᠰᠤᠷᠠᠯ + ᠲᠤᠬᠠᠢ᠎ᠶᠢᠨ ᠭᠠᠵᠠᠷ᠎ᠲᠤ ᠨᠢ ᠵᠢᠯᠤᠭᠣᠳᠬᠤ》 ᠵᠠᠭᠪᠤᠷ᠎ᠢᠶᠠᠷ ᠳᠠᠮᠵᠢᠭᠤᠯᠤᠨ᠂ ᠮᠠᠨ᠎ᠤ ᠬᠤᠲᠠ᠎ᠶᠢᠨ ᠬᠤᠳᠠᠯᠳᠤᠭᠠᠨ᠎ᠤ ᠨᠢᠭᠤᠴᠠ᠎ᠶᠢ ᠬᠠᠮᠠᠭᠠᠯᠠᠬᠤ ᠠᠵᠢᠯ ᠎ᠳᠦ ᠬᠠᠷᠠᠯᠲᠠ ᠎ᠲᠡᠢ ᠎ᠪᠡᠷ ᠬᠦᠴᠦᠨ ᠨᠡᠮᠡᠷᠢᠯᠡᠪᠡ ᠃ ᠪᠣᠯᠪᠠᠰᠤᠷᠠᠯ ᠨᠢ  《ᠭᠣᠣᠯ ᠬᠤᠷᠠᠯ᠎ᠤᠨ ᠲᠠᠯᠠᠪᠠᠶ + ᠬᠤᠪᠢᠶᠠᠷᠢ ᠬᠤᠷᠠᠯ᠎ᠤᠨ ᠲᠠᠯᠠᠪᠠᠶ》᠎ᠶᠢᠨ ᠭᠡᠯᠪᠡᠷᠢ᠎ᠶᠢ ᠬᠡᠷᠡᠭᠯᠡᠵᠦ᠂ ᠪᠦᠭᠦ ᠬᠤᠲᠠ᠎ᠶᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠰᠢᠰᠲᠧᠮ᠎ᠤᠨ 200 ᠭᠠᠷᠤᠢ ᠬᠠᠤᠯᠢ ᠬᠡᠷᠡᠭᠵᠢᠭᠦᠯᠬᠦ ᠭᠣᠣᠯᠯᠠᠭ᠍ᠴᠢ ᠬᠦᠴᠦᠨ᠎ᠢ ᠬᠠᠮᠤᠷᠪᠠ᠃

ᠪᠣᠯᠪᠠᠰᠤᠷᠠᠯ᠎ᠤᠨ ᠬᠤᠷᠠᠯ ᠳᠡᠭᠡᠷ᠎ᠡ᠂ ᠬᠠᠩᠵᠧᠦ ᠬᠤᠲᠠ᠎ᠶᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ  ᠲᠣᠪᠴᠢᠶ᠎ᠠ ᠎ᠶ᠋ᠢᠨ ᠪᠠᠢᠴᠠᠭᠠᠨ ᠰᠤᠳᠤᠯᠤᠭ᠍ᠴᠢ ᠮᠢᠶᠣᠣ ᡁᠢ ᠫᠧᠩ ᠬᠡᠷᠡᠭ᠎ᠢᠶᠠᠷ ᠬᠠᠤᠯᠢ᠎ᠶᠢ ᠲᠠᠢᠯᠪᠤᠷᠢᠯᠠᠵᠤ᠂  《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠡᠷᠡᠭᠦᠦ᠎ᠶᠢᠨ ᠬᠠᠤᠯᠢ》᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠢᠷᠭᠡᠨ᠎ᠤ ᠬᠠᠤᠯᠢ᠎ᠶᠢᠨ ᠪᠢᠴᠢᠭ》᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠵᠦᠢ ᠪᠤᠰᠤ ᠥᠷᠢᠰᠦᠯᠳᠦᠭᠡᠨ᠎ᠢ ᠡᠰᠡᠷᠭᠦᠴᠡᠬᠦ ᠬᠠᠤᠯᠢ》 ᠳ᠋ᠡᠭᠢ ᠬᠤᠳᠠᠯᠳᠤᠭᠠᠨ᠎ᠤ ᠨᠢᠭᠤᠴᠠ᠎ᠶᠢᠨ ᠭᠣᠣᠯ ᠵᠦᠢᠯ ᠵᠤᠷᠪᠤᠰ᠎ᠢ ᠭᠦᠨᠵᠡᠭᠡᠢ ᠲᠠᠢᠯᠪᠤᠷᠢᠯᠠᠵᠤ᠂ ᠬᠤᠳᠠᠯᠳᠤᠭᠠᠨ᠎ᠤ ᠨᠢᠭᠤᠴᠠ᠎ᠶᠢ ᠵᠠᠭᠠᠭᠯᠠᠨ ᠲᠣᠭᠲᠠᠭᠠᠬᠤ᠂ ᠡᠷᠬᠡ᠎ᠳᠤ ᠬᠠᠯᠳᠠᠭᠰᠠᠨ ᠦᠢᠯᠡ ᠠᠵᠢᠯᠯᠠᠭ᠎ᠠ᠎ᠶᠢ ᠮᠠᠭᠠᠳᠯᠠᠨ ᠲᠣᠭᠲᠠᠭᠠᠬᠤ ᠵᠢᠴᠢ ᠡᠷᠬᠡ᠎ᠪᠠᠨ ᠬᠠᠮᠠᠭᠠᠯᠠᠬᠤ ᠠᠷᠭ᠎ᠠ ᠵᠠᠮ ᠵᠡᠷᠭᠡ ᠵᠠᠩᠭᠢᠯᠠᠭ᠎ᠠ᠎ᠶᠢᠨ ᠮᠡᠳᠡᠯᠭᠡ᠎ᠶᠢ ᠰᠢᠰᠲᠧᠮ᠎ᠲᠠᠢ ᠲᠠᠢᠯᠪᠤᠷᠢᠯᠠᠪᠠ᠃ ᠪᠠᠢᠴᠠᠭᠠᠨ ᠭᠡᠷᠡᠴᠢ ᠠᠪᠬᠤ᠂ ᠭᠡᠷᠡᠴᠢ ᠪᠠᠷᠢᠮᠲᠠ᠎ᠶᠢ ᠲᠣᠭᠲᠠᠪᠤᠷᠢᠵᠢᠭᠤᠯᠬᠤ᠂ ᠬᠠᠤᠯᠢ ᠴᠠᠭᠠᠵᠠ᠎ᠶᠢᠨ ᠬᠡᠷᠡᠭᠯᠡᠯᠲᠡ ᠵᠡᠷᠭᠡ ᠬᠠᠤᠯᠢ ᠬᠡᠷᠡᠭᠵᠢᠭᠦᠯᠬᠦ ᠬᠦᠴᠢᠷ ᠠᠰᠠᠭᠤᠳᠠᠯ᠎ᠳᠤ ᠴᠢᠭᠯᠡᠭᠦᠯᠦᠨ᠂ ᠲᠤᠰᠬᠠᠢ ᠮᠡᠷᠭᠡᠵᠢᠯᠲᠡᠨ ᠨᠡᠢᠲᠡᠯᠢᠭ ᠬᠡᠷᠡᠭ᠎ᠤᠨ ᠵᠢᠱ᠌ᠢᠶ᠎ᠡ᠎ᠶᠢ ᠵᠠᠳᠠᠯᠬᠤ ᠪᠠ ᠳᠠᠭᠤᠷᠢᠶᠠᠵᠤ ᠰᠤᠳᠤᠯᠤᠨ ᠶᠠᠷᠢᠯᠴᠠᠬᠤ᠎ᠪᠠᠷ ᠳᠠᠮᠵᠢᠭᠤᠯᠤᠨ᠂ ᠪᠠᠢᠴᠠᠭᠠᠨ ᠰᠢᠢᠳᠪᠦᠷᠢᠯᠡᠬᠦ ᠤᠷ᠎ᠠ ᠮᠡᠷᠭᠡᠵᠢᠯ ᠤᠯᠠᠮᠵᠢᠯᠠᠵᠤ᠂ ᠵᠠᠰᠠᠭ ᠵᠠᠬᠢᠷᠭᠠᠨ᠎ᠤ ᠵᠢᠯᠣᠭᠣᠳᠤᠯᠭ᠎ᠠ᠎ᠶᠢᠨ ᠣᠨᠣᠪᠴᠢᠲᠤ ᠴᠢᠨᠠᠷ ᠪᠠ ᠲᠤᠰᠬᠠᠢ ᠮᠡᠷᠭᠡᠵᠢᠯ᠎ᠤᠨ ᠴᠢᠨᠠᠷ᠎ᠢ ᠳᠡᠭᠡᠭᠰᠢᠯᠡᠭᠦᠯᠭᠦ ᠲᠠᠯ᠎ᠠ᠎ᠠᠴᠠ ᠪᠠᠢᠴᠠᠭᠠᠪᠠ᠃ ᠡᠭᠦᠨ᠎ᠤ ᠬᠠᠮᠲᠤ ᠲᠤᠰᠬᠠᠢ ᠮᠡᠷᠭᠡᠵᠢᠯᠲᠡᠨ ᠲᠣᠭᠲᠠᠯᠴᠠᠭ᠎ᠠ ᠪᠠᠢᠭᠤᠯᠬᠤ᠂ ᠲᠥᠷᠥᠯ ᠬᠤᠪᠢᠶᠠᠨ ᠵᠢᠯᠤᠭᠣᠳᠬᠤ᠂ ᠬᠠᠤᠯᠢ ᠬᠡᠷᠡᠭᠵᠢᠭᠦᠯᠬᠦ᠎ᠶᠢ ᠳᠣᠪᠤᠢᠯᠭᠠᠬᠤ᠂ ᠬᠠᠮᠵᠢᠯᠴᠠᠭ᠎ᠠ᠎ᠶᠢ ᠴᠢᠩᠭᠠᠳᠬᠠᠬᠤ ᠳᠥᠷᠪᠡᠨ ᠲᠠᠯ᠎ᠠ᠎ᠪᠠᠷ ᠬᠠᠩᠵᠧᠦ ᠬᠤᠲᠠ᠎ᠶᠢᠨ ᠬᠤᠳᠠᠯᠳᠤᠭᠠᠨ᠎ᠤ ᠨᠢᠭᠤᠴᠠ᠎ᠶᠢ ᠬᠠᠮᠠᠭᠠᠯᠠᠬᠤ ᠠᠵᠢᠯ᠎ᠤᠨ ᠲᠤᠷᠰᠢᠯᠭ᠎ᠠ᠎ᠶᠢ ᠬᠤᠪᠢᠶᠠᠯᠴᠠᠨ ᠡᠳ᠋ᠯᠡᠭ᠌ᠰᠡᠨ ᠪᠥᠭᠡᠳ ᠠᠵᠤ ᠠᠬᠤᠢᠯᠠᠯ᠎ᠤᠨ ᠨᠢᠭᠤᠴᠠ᠎ᠳᠤ ᠬᠣᠯᠪᠣᠭᠳᠠᠬᠤ ᠮᠡᠳᠡᠭᠡ ᠵᠠᠩᠭᠢ᠎ᠶᠢᠨ ᠬᠠᠮᠢᠶᠠᠷᠤᠯᠲᠠ᠂ ᠠᠵᠢᠯᠲᠠᠨ ᠠᠵᠢᠯᠴᠢᠨ᠎ᠤ ᠨᠢᠭᠤᠴᠠ᠎ᠶᠢ ᠬᠠᠮᠠᠭᠠᠯᠠᠬᠤ ᠬᠡᠯᠡᠯᠴᠡᠭᠡᠷ ᠲᠣᠭᠲᠠᠬᠤ᠂ ᠡᠷᠬᠡ᠎ᠳᠤ ᠬᠠᠯᠳᠠᠭᠰᠠᠨ ᠲᠦᠭᠰᠢᠭᠦᠷᠢ᠎ᠶᠢ ᠰᠡᠷᠭᠡᠢᠯᠡᠬᠦ ᠵᠡᠷᠭᠡ ᠡᠮᠵᠡᠭ ᠭᠠᠵᠠᠷ᠎ᠲᠤ ᠴᠢᠭᠯᠡᠭᠦᠯᠦᠨ᠂ 《ᠬᠡᠷᠡᠭ᠎ᠤᠨ ᠡᠮᠦᠨ᠎ᠡ ᠤᠷᠢᠳᠴᠢᠯᠠᠨ ᠰᠡᠷᠭᠡᠢᠯᠡᠬᠦ᠂ ᠬᠡᠷᠡᠭ᠎ᠤᠨ ᠳᠤᠮᠳᠠ ᠬᠢᠨᠠᠨ ᠡᠵᠡᠮᠳᠡᠬᠦ᠂ ᠬᠡᠷᠡᠭ᠎ᠤᠨ ᠳᠠᠷᠠᠭ᠎ᠠ ᠡᠷᠬᠡ᠎ᠪᠠᠨ ᠬᠠᠮᠠᠭᠠᠯᠠᠬᠤ》 ᠪᠦᠭᠦ ᠬᠡᠯᠬᠢᠶᠡᠨ᠎ᠤ ᠬᠠᠮᠠᠭᠠᠯᠠᠯᠲᠠ᠎ᠶᠢᠨ ᠲᠥᠰᠥᠯ᠎ᠢ ᠳᠤᠷᠠᠳᠴᠤ᠂ ᠬᠠᠤᠯᠢ ᠬᠡᠷᠡᠭᠵᠢᠭᠦᠯᠬᠦ ᠠᠵᠢᠯᠲᠠᠨ᠎ᠤ ᠠᠵᠤ ᠠᠬᠤᠢᠯᠠᠯ᠎ᠤᠨ ᠳᠣᠲᠣᠭᠠᠳᠤ᠎ᠶᠢᠨ ᠨᠢᠭᠤᠴᠠ᠎ᠶᠢ ᠬᠠᠮᠠᠭᠠᠯᠠᠬᠤ ᠳᠦᠷᠢᠮ᠎ᠢ ᠪᠦᠷᠢᠨᠰᠢᠭᠦᠯᠬᠦ᠎ᠳᠤ ᠲᠣᠳᠣᠷᠬᠠᠢ ᠵᠢᠯᠣᠭᠣᠳᠤᠯᠭ᠎ᠠ ᠬᠠᠩᠭᠠᠪᠠ᠃

ᠣᠨᠣᠯ᠎ᠦᠨ ᠪᠣᠯᠪᠠᠰᠤᠷᠠᠯ ᠬᠢᠭᠰᠡᠨ᠎ᠦ ᠳᠠᠷᠠᠭ᠎ᠠ ᠂ ᠬᠠᠩᠵᠧᠦ ᠬᠣᠲᠠ᠎ᠶᠢᠨ ᠵᠠᠬ᠎ᠠ ᠳᠡᠯᠭᠡᠭᠦᠷ᠎ᠦᠨ ᠬᠢᠨᠠᠨ ᠬᠠᠮᠢᠶᠠᠷᠤᠯᠲᠠ᠎ᠶᠢᠨ ᠲᠣᠪᠴᠢᠶ᠎ᠠ᠎ᠶᠢᠨ ᠲᠤᠰᠬᠠᠢ ᠮᠡᠷᠭᠡᠵᠢᠯᠲᠡᠨ ᠪᠣᠯᠣᠨ ᠪᠤᠭᠤᠲᠤ ᠬᠣᠲᠠ᠎ᠶᠢᠨ ᠵᠠᠬ᠎ᠠ ᠳᠡᠯᠭᠡᠭᠦᠷ᠎ᠦᠨ ᠬᠢᠨᠠᠨ ᠬᠠᠮᠢᠶᠠᠷᠤᠯᠲᠠ᠎ᠶᠢᠨ ᠲᠣᠪᠴᠢᠶ᠎ᠠ᠎ᠶᠢᠨ ᠲᠤᠬᠠᠢᠯᠠᠭᠰᠠᠨ ᠠᠵᠢᠯ᠎ᠤᠨ ᠭᠣᠣᠯᠯᠠᠭ᠍ᠴᠢ ᠬᠦᠴᠦᠨ᠎ᠢ ᠵᠣᠬᠢᠶᠠᠨ ᠪᠠᠢᠭᠤᠯᠵᠤ ᠂ ᠥᠪᠥᠷ ᠮᠣᠩᠭᠣᠯ᠎ᠤᠨ ᠳᠠ ᠴᠢᠤᠸᠠᠨ ᠰᠢᠨ᠎ᠡ ᠡᠨᠧᠷᠭᠢ᠎ᠶᠢᠨ ᠬᠢᠵᠠᠭᠠᠷᠲᠤ ᠺᠤᠮᠫᠠᠨᠢ᠎ᠳᠤ ᠭᠦᠨᠵᠡᠭᠡᠢᠷᠡᠨ 《ᠨᠢᠭᠡ᠎ᠳᠦ ᠨᠢᠭᠡ》 ᠡᠭᠦᠳᠡᠨ᠎ᠳᠦ ᠨᠢ ᠬᠦᠷᠴᠦ ᠦᠢᠯᠡᠴᠢᠯᠡᠬᠦ ᠠᠵᠢᠯᠯᠠᠭ᠎ᠠ ᠥᠷᠨᠢᠭᠦᠯᠪᠡ ᠃ ᠵᠢᠯᠤᠭᠣᠳᠬᠤ ᠳᠤᠭᠤᠢᠯᠠᠩ ᠨᠢ ᠠᠵᠤ ᠠᠬᠤᠢᠯᠠᠯ᠎ᠤᠨ ᠬᠤᠳᠠᠯᠳᠤᠭᠠᠨ᠎ᠤ ᠨᠢᠭᠤᠴᠠ᠎ᠶᠢ ᠬᠠᠮᠠᠭᠠᠯᠠᠬᠤ ᠲᠠᠯ᠎ᠠ᠎ᠪᠠᠷ ᠣᠷᠣᠰᠢᠵᠤ ᠪᠠᠢᠭ᠎ᠠ ᠪᠠᠭᠤᠷᠠᠢ ᠭᠣᠭᠴᠣᠭ᠎ᠠ᠎ᠶᠢ ᠨᠠᠷᠢᠯᠢᠭ᠋ ᠤᠨᠤᠪᠴᠢᠲᠠᠢ᠎ᠪᠠᠷ 《ᠣᠨᠣᠰᠢᠯᠠᠵᠤ》᠂ ᠨᠢᠭᠤᠴᠠ᠎ᠶᠢ ᠬᠠᠮᠠᠭᠠᠯᠠᠬᠤ ᠣᠷᠣᠨ ᠪᠦᠰᠡ᠎ᠶᠢᠨ ᠬᠤᠪᠢᠶᠠᠷᠢᠯᠠᠯ᠂ ᠨᠢᠭᠤᠴᠠ᠎ᠳᠤ ᠬᠣᠯᠪᠣᠭᠳᠠᠬᠤ ᠬᠥᠮᠥᠰ᠎ᠤᠨ ᠬᠠᠮᠢᠶᠠᠷᠤᠯᠲᠠ᠎ᠶᠢᠨ ᠳᠦᠷᠢᠮ᠎ᠢ ᠲᠤᠬᠠᠢ᠎ᠶᠢᠨ ᠲᠠᠯᠠᠪᠤᠷ᠎ᠲᠤ ᠨᠢ ᠵᠢᠯᠣᠭᠣᠳᠤᠨ ᠰᠢᠯᠢᠳᠡᠭᠵᠢᠭᠦᠯᠬᠦ᠎ᠶᠢᠨ ᠬᠠᠮᠲᠤ ᠨᠢᠭᠤᠴᠠ᠎ᠶᠢ ᠬᠠᠮᠠᠭᠠᠯᠠᠬᠤ ᠮᠡᠷᠭᠡᠵᠢᠯ᠎ᠤᠨ ᠠᠷᠭ᠎ᠠ ᠬᠡᠮᠵᠢᠶ᠎ᠡ᠎ᠳᠤ ᠪᠣᠳᠠᠲᠠᠢ ᠰᠠᠢᠵᠢᠷᠠᠭᠤᠯᠬᠤ ᠰᠠᠨᠠᠭᠤᠯᠭ᠎ᠠ ᠳᠤᠷᠠᠳᠴᠤ᠂ ᠠᠵᠤ ᠠᠬᠤᠢᠯᠠᠯ᠎ᠤᠨ ᠬᠠᠮᠢᠶᠠᠷᠤᠯᠲᠠ᠎ᠶᠢᠨ ᠳᠤᠲᠠᠭᠳᠠᠯ᠎ᠢ ᠬᠣᠷᠢᠭ᠍ᠯᠠᠬᠤ᠎ᠳᠤ ᠬᠦᠴᠦᠨ ᠨᠡᠮᠡᠷᠢᠯᠡᠪᠡ᠃ ᠲᠣᠰ ᠤᠳᠠᠭᠠᠨ᠎ᠤ ᠠᠢᠯᠴᠢᠯᠠᠯᠲᠠ ᠨᠢ ᠠᠵᠤ ᠠᠬᠤᠢᠯᠠᠯ᠎ᠳᠤ 《ᠪᠡᠶ᠎ᠡ᠎ᠪᠠᠷ᠎ᠢᠶᠠᠨ ᠣᠷᠤᠯᠴᠠᠬᠤ》 ᠵᠢᠯᠣᠭᠣᠳᠤᠯᠭ᠎ᠠ ᠬᠠᠩᠭᠠᠭᠰᠠᠨ᠎ᠢᠶᠠᠷ ᠪᠠᠷᠠᠬᠤ ᠦᠭᠡᠢ᠂ ᠮᠠᠨ᠎ᠤ ᠬᠤᠲᠠ᠎ᠶᠢᠨ ᠬᠠᠤᠯᠢ ᠬᠡᠷᠡᠭᠵᠢᠭᠦᠯᠬᠦ ᠠᠵᠢᠯᠲᠠᠨ᠎ᠤ ᠠᠵᠤ ᠠᠬᠤᠢᠯᠠᠯ᠎ᠤᠨ ᠬᠤᠳᠠᠯᠳᠤᠭᠠᠨ᠎ᠤ ᠨᠢᠭᠤᠴᠠ᠎ᠶᠢ ᠬᠠᠮᠠᠭᠠᠯᠠᠬᠤ ᠠᠵᠢᠯ᠎ᠢ ᠬᠡᠷᠬᠢᠨ ᠪᠦᠲᠦᠮᠵᠢᠲᠡᠶ ᠥᠷᠨᠢᠭᠦᠯᠬᠦ᠎ᠳᠤ ᠲᠤᠬᠠᠢ᠎ᠶᠢᠨ ᠲᠠᠯᠠᠪᠤᠷ᠎ᠤᠨ ᠵᠢᠭᠠᠨ ᠰᠤᠷᠭᠠᠯᠲᠠ᠎ᠶᠢᠨ ᠠᠮᠢᠳᠤᠯᠢᠭ᠋ ᠥᠯᠢᠭᠡᠷ ᠳᠡᠪᠲᠡᠷ᠎ᠢ  ᠬᠠᠩᠭᠠᠵᠠᠢ᠃

ᠲᠣᠰ ᠤᠳᠠᠭᠠᠨ᠎ᠤ ᠠᠵᠢᠯᠯᠠᠭ᠎ᠠ ᠨᠢ ᠲᠡᠷᠢᠭᠦᠨ᠎ᠤ ᠭᠠᠵᠠᠷ ᠣᠷᠣᠨ᠎ᠠᠴᠠ ᠰᠤᠷᠤᠯᠴᠠᠬᠤ ᠰᠣᠯᠢᠯᠴᠠᠭᠠᠨ᠎ᠤ ᠲᠠᠪᠴᠠᠩ᠎ᠢ ᠠᠮᠵᠢᠯᠲᠠ᠎ᠲᠠᠢ ᠪᠠᠢᠭᠤᠯᠵᠤ᠂ ᠣᠨᠣᠯ᠎ᠠᠴᠠ ᠦᠢᠯᠡᠳᠦᠯᠭᠡ ᠬᠦᠷᠲᠡᠯᠡᠬᠢ ᠨᠡᠪᠲᠡᠷᠡᠯᠴᠡᠭᠡ᠎ᠶᠢ ᠪᠡᠶᠡᠯᠡᠭᠦᠯᠵᠦ᠂ ᠪᠤᠭᠤᠲᠤ ᠬᠤᠲᠠ᠎ᠶᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠬᠠᠤᠯᠢ ᠬᠡᠷᠡᠭᠵᠢᠭᠦᠯᠬᠦ ᠠᠵᠢᠯᠲᠠᠨ᠎ᠤ ᠬᠤᠳᠠᠯᠳᠤᠭᠠᠨ᠎ᠤ ᠨᠢᠭᠤᠴᠠ᠎ᠶᠢ ᠬᠠᠮᠠᠭᠠᠯᠠᠬᠤ ᠠᠵᠢᠯ᠎ᠤᠨ ᠲᠤᠬᠠᠢᠯᠠᠭᠰᠠᠨ ᠠᠵᠢᠯ᠎ᠤᠨ ᠬᠡᠪ ᠪᠣᠯᠪᠠᠰᠤᠷᠠᠯ ᠪᠠ ᠪᠣᠳᠠᠲᠤ ᠪᠠᠢᠯᠳᠤᠭᠠᠨ᠎ᠤ ᠴᠢᠳᠠᠪᠤᠷᠢ᠎ᠶᠢ ᠢᠯᠡᠳᠲᠡ ᠳᠡᠭᠡᠭᠰᠢᠯᠡᠭᠦᠯᠪᠡ᠃

 

ᠢᠷᠡᠯᠲᠡ᠄ ᠪᠤᠭᠤᠲᠤ ᠬᠤᠲᠠ᠎ᠶᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ