ᠡᠯ᠎ᠡ ᠲᠥᠷᠥᠯ᠎ᠦ᠋ᠨ ᠣᠨᠴᠠ ᠲᠥᠷᠥᠯ᠎ᠦ᠋ᠨ ᠲᠣᠨᠣᠭ ᠲᠥᠬᠥᠭᠡᠷᠦᠮᠵᠢ᠎ᠶᠢᠨ ᠠᠶᠤᠯ ᠲᠦᠭ᠌ᠱᠢᠭᠦᠷᠢᠶᠢᠨ ᠳᠠᠯᠳᠠ ᠭᠡᠮᠢ᠋ ᠪᠦᠲᠦᠮᠵᠢᠲᠡᠢ ᠠᠷᠢᠯᠭᠠᠨ ᠴᠡᠭ᠌ᠴᠡᠯᠡᠨ ᠵᠠᠰᠠᠬᠤ᠎ᠶᠢᠨ ᠲᠥᠯᠥᠭᠡ᠂ ᠪᠤᠭᠤᠲᠤ ᠬᠣᠲᠠ᠎ᠶᠢᠨ ᠵᠠᠬ᠎ᠠ ᠳᠡᠯᠭᠡᠭᠦᠷ᠎ᠦ᠋ᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠪᠦᠬᠦ᠌ ᠬᠣᠲᠠ᠎ᠳ᠋ᠤ ᠣᠨᠴᠠ ᠲᠥᠷᠥᠯ᠎ᠦ᠋ᠨ ᠲᠣᠨᠣᠭ ᠲᠥᠬᠥᠭᠡᠷᠦᠮᠵᠢ᠎ᠶᠢᠨ ᠠᠮᠤᠷ ᠲᠦᠪᠱᠢᠨ᠎ᠢ᠋ ᠶᠡᠬᠡ ᠪᠡᠷ ᠵᠢᠭ᠍ᠰᠠᠭᠠᠨ ᠪᠠᠢᠴᠠᠭᠠᠵᠤ ᠲᠣᠢᠯᠪᠣᠷᠢᠲᠠᠢ ᠵᠠᠰᠠᠵᠤ ᠶᠡᠬᠡ ᠪᠡᠷ ᠴᠡᠭ᠌ᠴᠡᠯᠡᠨ ᠵᠠᠰᠠᠬᠤ ᠲᠤᠰᠭᠠᠢ ᠲᠥᠷᠥᠯ᠎ᠦ᠋ᠨ ᠠᠵᠢᠯᠯᠠᠭ᠎ᠠ᠎ᠶᠢ ᠪᠠᠢᠷᠢᠯᠠᠭᠤᠯᠤᠨ ᠥᠷᠨᠢᠭᠦᠯᠵᠦ᠍᠂ ᠱᠢᠰᠲᠸᠮᠲᠦ ᠴᠢᠨᠠᠷᠲᠠᠢ ᠵᠠᠰᠠᠯᠲᠠ ᠪᠠ ᠲᠣᠭ᠍ᠲᠠᠴᠠ᠎ᠶᠢᠨ ᠱᠢᠨ᠎ᠡ᠎ᠶ᠋ᠢ ᠡᠭᠦᠳᠬᠦ᠌᠎ᠪᠡᠷ ᠳᠠᠮᠵᠢᠭᠤᠯᠤᠨ᠂ ᠬᠢᠨᠠᠯᠲᠠ ᠬᠠᠮᠢᠶᠠᠷᠤᠯᠲᠠ᠎ᠶᠢᠨ ᠪᠠᠯᠠᠢ ᠣᠷᠣᠨ ᠪᠠ ᠳᠠᠯᠳᠠ ᠭᠡᠮ᠎ᠤᠨ ᠠᠷᠬᠠᠭ᠎ᠢ ᠪᠦᠲᠦᠮᠵᠢᠲᠡᠢ ᠱᠢᠢᠳᠪᠤᠷᠢᠯᠡᠪᠡ᠃
ᠱᠢᠨᠵᠢᠯᠡᠬᠦ᠌ ᠣᠬᠠᠭᠠᠨᠴᠢ᠎ᠪᠠᠷ ᠰᠣᠳᠣᠯᠣᠨ ᠮᠠᠭᠠᠳᠯᠠᠬᠤ ᠲᠤᠭ᠍ᠲᠠᠯᠴᠠᠭᠠ ᠶ᠋ᠢ ᠪᠠᠢᠭᠤᠯᠵᠤ ᠲᠦᠭ᠌ᠰᠢᠭᠦᠷᠢ᠎ᠶ᠋ᠢ ᠢᠯᠭᠠᠨ ᠲᠠᠨᠢᠬᠤ᠎ᠶ᠋ᠢ ᠣᠨᠣᠪᠴᠢᠲᠠᠶ ᠪᠣᠯᠭᠠᠬᠤ᠎ᠶ᠋ᠢ ᠪᠡᠶᠡᠯᠡᠭᠦᠯᠦᠨ᠎ᠡ
《ᠲᠤᠭ᠎ᠠ ᠪᠠᠷᠢᠮᠲᠠ᠎ᠶ᠋ᠢ ᠡᠮᠬᠢᠯᠡᠨ ᠨᠡᠢᠯᠡᠭᠦᠯᠬᠦ᠌ + ᠣᠶᠤᠨᠴᠢ᠎ᠪᠠᠷ ᠰᠤᠳᠤᠯᠤᠨ ᠮᠠᠭᠠᠳᠯᠠᠬᠤ》ᠠᠵᠢᠯ᠎ᠤᠨ ᠲᠣᠭ᠍ᠲᠠᠴᠠ᠎ᠶ᠋ᠢ ᠪᠠᠢᠭᠤᠯᠵᠤ᠂ ᠣᠨᠴᠠ ᠲᠥᠷᠥᠯ᠎ᠤᠨ ᠲᠣᠨᠤᠭ ᠲᠥᠬᠦᠭᠡᠷᠦᠮᠵᠢ᠎ᠶ᠋ᠢᠨ ᠠᠶᠤᠯ ᠲᠦᠭ᠌ᠰᠢᠭᠦᠷᠢ᠎ᠶ᠋ᠢᠨ ᠳᠠᠯᠳᠠ ᠬᠡᠮ᠎ᠢ ᠵᠠᠳᠠᠯᠤᠨ ᠰᠤᠳᠤᠯᠬᠤ ᠬᠤᠷᠠᠯ᠎ᠢ ᠵᠣᠬᠢᠶᠠᠨ ᠪᠠᠢᠭᠤᠯᠬᠤ᠎ᠪᠠᠷ ᠳᠠᠮᠵᠢᠭᠤᠯᠤᠨ᠂ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠂ ᠥᠩᠭᠡᠷᠡᠭ᠌ᠰᠡᠨ᠎ᠳᠦ ᠡᠭᠦᠰᠦᠭ᠌ᠰᠡᠨ ᠠᠳᠡᠯ᠂ ᠠᠵᠢᠯ ᠲᠥᠷᠥᠯ᠎ᠤᠨ ᠬᠥᠳᠡᠯᠦᠩᠭᠦᠶ ᠪᠠᠢᠳᠠᠯ ᠵᠡᠷᠭᠡ ᠣᠯᠠᠨ ᠬᠡᠮᠵᠢᠯᠳᠦ ᠲᠤᠭ᠎ᠠ ᠪᠠᠷᠢᠮᠲᠠ᠎ᠶ᠋ᠢ ᠶᠡᠷᠦᠩᠬᠡᠢᠯᠡᠨ ᠡᠮᠬᠢᠯᠡᠨ ᠵᠠᠳᠠᠯᠵᠤ᠂ ᠮᠡᠳᠡᠭᠡ ᠵᠠᠩᠭᠢᠴᠢᠯᠠᠯᠲᠠ᠎ᠶ᠋ᠢᠨ ᠠᠷᠭ᠎ᠠ ᠪᠠᠷᠢᠯ᠎ᠢ ᠱᠢᠨ᠎ᠡ᠎ᠪᠠᠷ ᠡᠭᠦᠳᠦᠨ ᠬᠡᠷᠡᠭ᠌ᠯᠡᠵᠦ᠍ ᠪᠠᠢᠭᠠᠳ 《ᠣᠨᠴᠠ ᠲᠥᠷᠥᠯ᠎ᠤᠨ ᠲᠣᠨᠤᠭ ᠲᠥᠬᠦᠭᠡᠷᠦᠮᠵᠢ᠎ᠶ᠋ᠢᠨ ᠠᠮᠤᠷ ᠲᠦᠪᠱᠢᠨ᠎ᠤ ᠲᠦᠭ᠌ᠰᠢᠭᠦᠷᠢ᠎ᠶ᠋ᠢᠨ ᠵᠢᠷᠤᠭ᠎ᠤᠨ ᠵᠢᠭ᠍ᠰᠠᠯ》᠎ᠢ ᠵᠢᠷᠤᠵᠤ᠂ ᠱᠢᠰᠲᠸᠮᠲᠦ ᠴᠢᠨᠠᠷᠲᠠᠶ᠎ᠪᠠᠷ ᠬᠤᠲᠠ ᠬᠥᠳᠡᠭᠡ᠎ᠶ᠋ᠢᠨ ᠠᠭᠤᠯᠵᠠᠷ ᠬᠡᠰᠡᠭ᠂ ᠬᠥᠮᠦᠨ ᠬᠠᠷ᠎ᠠ ᠬᠤᠷᠠᠨ ᠴᠤᠭ᠍ᠯᠠᠷᠠᠭ᠍ᠰᠠᠨ ᠲᠠᠯᠠᠪᠤᠷ᠂ ᠬᠦᠢᠳᠡᠨ ᠬᠦᠮᠦᠷᠭᠡ᠂ ᠢᠳᠡᠭᠡᠨ ᠪᠤᠯᠪᠠᠰᠤᠷᠠᠭᠤᠯᠬᠤ᠂ ᠲᠤᠷᠱᠢᠯᠲᠠ᠎ᠶ᠋ᠢᠨ ᠲᠠᠰᠤᠭ᠂ ᠲᠥᠪ᠎ᠤᠨ ᠠᠭᠠᠷ ᠲᠣᠬᠢᠷᠠᠭᠤᠯᠤᠭ᠍ᠴᠢ ᠵᠢᠴᠢ ᠣᠷᠭᠢᠭ᠍ᠳᠠᠭᠤᠯᠤᠭ᠍ᠰᠠᠨ ᠮᠡᠳᠡᠭᠦᠯᠦᠯᠲᠡ ᠣᠷᠭᠢᠭ᠍ᠳᠠᠭᠤᠯᠤᠭ᠍ᠰᠠᠨ ᠪᠠᠢᠴᠠᠭᠠᠯᠲᠠ᠎ᠶ᠋ᠢᠨ ᠳᠠᠷᠤᠯᠲᠠᠲᠤ ᠰᠠᠪᠠ᠂ ᠪᠠᠢᠴᠠᠭᠠᠭᠠᠳᠤᠢ ᠳᠠᠷᠤᠯᠲᠠᠲᠤ ᠬᠤᠭᠤᠯᠠᠢ᠂ ᠭᠠᠷ ᠳᠠᠮᠵᠢᠭ᠍ᠰᠠᠨ ᠠᠴᠠ ᠲᠡᠷᠭᠡ᠂ ᠨᠡᠭᠦᠳᠡᠯ ᠬᠡᠯᠪᠡᠷᠢ᠎ᠶ᠋ᠢᠨ ᠣᠨᠴᠠ ᠲᠥᠷᠥᠯ᠎ᠤᠨ ᠲᠣᠨᠤᠭ ᠲᠥᠬᠦᠭᠡᠷᠦᠮᠵᠢ ᠵᠡᠷᠭᠡ 《ᠡᠵᠡᠮᠳᠡᠯ᠎ᠢᠶᠠᠨ ᠠᠯᠳᠠᠵᠤ ᠬᠠᠮᠢᠶᠠᠷᠤᠯᠲᠠ᠎ᠠᠴᠠ ᠣᠷᠭᠢᠭ᠍ᠳᠠᠭ᠍ᠰᠠᠨ》 ᠲᠦᠭ᠌ᠰᠢᠭᠦᠷᠢ᠎ᠶ᠋ᠢᠨ ᠴᠡᠭ᠎ᠢ ᠴᠡᠭ᠌ᠴᠡᠯᠡᠨ ᠵᠠᠰᠠᠬᠤ ᠬᠡᠪᠴᠢᠶᠡᠨ᠎ᠳᠤ ᠣᠷᠣᠭᠤᠯᠵᠤ᠂ ᠠᠮᠤᠷ ᠲᠦᠪᠱᠢᠨ᠎ᠤ ᠬᠢᠨᠠᠯᠲᠠ ᠬᠠᠮᠢᠶᠠᠷᠤᠯᠲᠠ᠎ᠶ᠋ᠢ 《ᠢᠳᠡᠪᠬᠢ ᠪᠤᠰᠤ᠎ᠪᠠᠷ ᠠᠰᠠᠭᠤᠳᠠᠯ᠎ᠢ ᠱᠢᠢᠳᠪᠤᠷᠢᠯᠡᠬᠦ᠌》 ᠪᠠᠢᠭ᠍ᠰᠠᠨ᠎ᠠᠴᠠ 《ᠰᠠᠨᠠᠭᠠᠴᠢᠯᠠᠭ᠎ᠠ᠎ᠠᠴᠠ᠎ᠪᠠᠨ ᠲᠦᠭ᠌ᠰᠢᠭᠦᠷᠢ᠎ᠶ᠋ᠢ ᠢᠯᠡᠷᠡᠭᠦᠯᠬᠦ᠌》 ᠲᠡᠢᠰᠢ ᠬᠤᠪᠢᠷᠠᠭᠤᠯᠬᠤ᠎ᠶ᠋ᠢ ᠠᠬᠢᠭᠤᠯᠵᠤ᠂ ᠲᠦᠭ᠌ᠰᠢᠭᠦᠷᠢ᠎ᠶ᠋ᠢ ᠨᠠᠷᠢᠯᠢᠭ ᠣᠨᠣᠪᠴᠢᠲᠠᠢ᠎ᠪᠠᠷ ᠪᠠᠢᠷᠢ ᠲᠣᠭ᠍ᠲᠠᠭᠠᠬᠤ᠂ ᠤᠷᠢᠳᠴᠢᠯᠠᠨ ᠰᠡᠷᠡᠮᠵᠢᠯᠡᠭᠦᠯᠬᠦ᠌᠎ᠶ᠋ᠢ ᠪᠡᠶᠡᠯᠡᠭᠦᠯᠪᠡ᠃
ᠪᠢᠲᠡᠭᠦᠦ ᠴᠠᠭᠠᠷᠢᠭ᠎ᠢᠶᠡᠷ ᠵᠠᠰᠠᠬᠤ ᠲᠣᠭ᠍ᠲᠠᠴᠠ᠎ᠶ᠋ᠢ ᠪᠠᠢᠭᠤᠯᠵᠤ ᠳᠠᠯᠳᠠ ᠭᠡᠮ᠎ᠢ ᠱᠢᠢᠳᠪᠦᠷᠢᠯᠡᠬᠦ᠌ ᠱᠢᠰᠲ᠋ᠧᠮᠵᠢᠯᠢ ᠪᠡᠶᠡᠯᠡᠭᠦᠯᠦᠨ᠎ᠡ
《ᠳᠠᠯᠳᠠ ᠬᠡᠮ᠎ᠤᠨ ᠨᠠᠷᠢᠨ ᠬᠠᠭᠤᠳᠠᠰᠤ ∣ ᠲᠦᠭ᠌ᠰᠢᠭᠦᠷᠢ᠎ᠶ᠋ᠢᠨ ᠵᠢᠷᠤᠭ᠎ᠤᠨ ᠵᠢᠭ᠍ᠰᠠᠯ ∣ᠴᠡᠭ᠌ᠴᠡᠯᠡᠨ ᠵᠠᠰᠠᠬᠤ ᠬᠠᠷᠠᠯᠲᠠ》᠎ᠶ᠋ᠢᠨ ᠪᠢᠲᠡᠭᠦᠦ ᠴᠠᠭᠠᠷᠢᠭ᠎ᠤᠨ ᠵᠠᠰᠠᠯᠲᠠ᠎ᠶ᠋ᠢᠨ ᠵᠠᠭ᠍ᠪᠤᠷ᠎ᠢ ᠱᠢᠨ᠎ᠡ᠎ᠪᠠᠷ ᠡᠭᠦᠳᠦᠨ ᠪᠠᠢᠭᠤᠯᠵᠤ᠂ ᠪᠠᠷᠢᠮᠵᠢᠶᠠᠵᠢᠭᠤᠯᠤᠭ᠍ᠰᠠᠨ ᠳᠠᠯᠳᠠ ᠬᠡᠮ᠎ᠤᠨ ᠨᠠᠷᠢᠨ ᠬᠠᠭᠤᠳᠠᠰᠤ᠎ᠶ᠋ᠢ ᠪᠠᠢᠭᠤᠯᠤᠨ᠂ ᠬᠠᠷᠢᠭᠤᠴᠠᠯᠭ᠎ᠠ᠎ᠶ᠋ᠢᠨ ᠭᠤᠤᠯ ᠴᠣᠭ᠍ᠴᠠ ᠪᠠ ᠴᠡᠭ᠌ᠴᠡᠯᠡᠨ ᠰᠠᠢᠵᠢᠷᠠᠭᠤᠯᠬᠤ ᠴᠠᠭ᠎ᠤᠨ ᠬᠢᠵᠠᠭᠠᠷ᠎ᠢ ᠲᠣᠳᠣᠷᠬᠠᠢᠯᠠᠵᠤ᠂ ᠬᠥᠳᠡᠯᠦᠩᠭᠦᠶ ᠲᠦᠭ᠌ᠰᠢᠭᠦᠷᠢ᠎ᠶ᠋ᠢᠨ ᠵᠢᠷᠤᠭ᠎ᠤᠨ ᠵᠢᠭ᠍ᠰᠠᠯ᠎ᠳᠤ ᠲᠦᠱᠢᠭ᠌ᠯᠡᠨ ᠨᠠᠷᠢᠯᠢᠭ ᠣᠨᠣᠪᠴᠢᠲᠠᠢ᠎ᠪᠠᠷ ᠬᠢᠨᠠᠨ ᠡᠵᠡᠮᠳᠡᠬᠦ᠌᠎ᠶ᠋ᠢ ᠪᠡᠶᠡᠯᠡᠭᠦᠯᠵᠦ᠍᠂ ᠡᠴᠦᠰ᠎ᠲᠤ᠎ᠪᠠᠨ ᠴᠡᠭ᠌ᠴᠡᠯᠡᠨ ᠵᠠᠰᠠᠬᠤ ᠬᠠᠷᠠᠯᠲᠠ᠎ᠶ᠋ᠢᠨ ᠴᠢᠭ᠌ᠯᠡᠯ᠎ᠢᠶᠠᠷ ᠲᠥᠪᠯᠡᠷᠡᠭᠦᠯᠦᠨ ᠪᠣᠭᠤᠮᠲᠠ ᠱᠢᠪᠲᠤᠯᠵᠤ ᠳ᠋ᠤᠭᠠᠷ᠎ᠢ ᠬᠠᠰᠤᠵᠦ᠍᠂ ᠨᠢᠭ᠍ᠲᠠ ᠬᠤᠯᠪᠣᠯᠳᠤᠭ᠍ᠰᠠᠨ ᠠᠵᠢᠯ᠎ᠤᠨ ᠲᠣᠭ᠍ᠲᠠᠴᠠ᠎ᠶ᠋ᠢ ᠪᠣᠶ ᠪᠣᠯᠭᠠᠬᠤ ᠪᠠᠷ ᠳᠠᠮᠵᠢᠭᠤᠯᠤᠨ᠂ 126 ᠵᠦᠢᠯ᠎ᠤᠨ ᠳᠠᠯᠳᠠ ᠬᠡᠮ᠎ᠢ ᠨᠢᠭᠡᠨᠲᠡ ᠪᠦᠬᠦᠨ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠠᠬᠢᠭᠤᠯᠪᠠ᠃
ᠬᠢᠨᠠᠨ ᠬᠠᠮᠢᠶᠠᠷᠬᠤ ᠦᠢᠯᠡᠴᠢᠯᠡᠭᠡᠨ᠎ᠤ ᠵᠠᠭ᠍ᠪᠤᠷ᠎ᠤᠨ ᠱᠢᠨ᠎ᠡ᠎ᠶ᠋ᠢ ᠡᠭᠦᠳᠴᠦ᠍ ᠬᠠᠷᠢᠭᠤᠴᠠᠯᠭ᠎ᠠ᠎ᠶ᠋ᠢᠨ ᠨᠠᠢᠳᠠᠪᠤᠷᠢᠵᠢᠭᠤᠯᠤᠯᠲᠠ᠎ᠶ᠋ᠢ ᠨᠢᠭᠡ ᠴᠣᠭ᠍ᠴᠠᠵᠢᠭᠤᠯᠬᠤ᠎ᠶ᠋ᠢ ᠪᠡᠶᠡᠯᠡᠭᠦᠯᠦᠨ᠎ᠡ
《ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡ᠎ᠶ᠋ᠢ ᠵᠡᠷᠭᠡ ᠪᠡᠷ ᠴᠢᠬᠤᠯᠠᠴᠢᠯᠠᠬᠤ᠂ ᠬᠠᠤᠯᠢ ᠬᠡᠷᠡᠭ᠌ᠵᠢᠭᠦᠯᠬᠦ᠌ ᠬᠢᠭᠡᠳ ᠵᠢᠯᠣᠭᠤᠳᠭᠤ᠎ᠶ᠋ᠢ ᠵᠡᠷᠭᠡ ᠪᠡᠷ ᠠᠳᠭᠤᠬᠤ》᠎ᠶ᠋ᠢ ᠪᠠᠷᠢᠮᠲᠠᠯᠠᠵᠤ᠂ ᠲᠥᠪᠯᠡᠷᠡᠭᠦᠯᠦᠨ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ᠎ᠪᠠᠷ ᠳᠠᠮᠵᠢᠭᠤᠯᠤᠨ᠂ ᠠᠵᠤ ᠠᠬᠤᠢᠯᠠᠯ᠎ᠢ ᠬᠠᠪᠰᠤᠷᠤᠨ ᠳᠠᠯᠳᠠ ᠭᠡᠮ᠎ᠢ ᠡᠮᠬᠢᠯᠡᠨ ᠲᠢᠭ᠌ᠯᠡᠵᠦ᠍ ᠪᠠᠢᠴᠠᠭᠠᠵᠤ ᠦᠪᠡᠰᠦᠪᠡᠨ ᠵᠠᠯᠠᠷᠠᠭᠤᠯᠬᠤ ᠲᠣᠭ᠍ᠲᠠᠴᠠ᠎ᠶ᠋ᠢ ᠪᠠᠢᠭᠣᠯᠪᠠ; ᠲᠤᠬᠠᠶ᠎ᠶ᠋ᠢᠨ ᠲᠠᠯᠠᠪᠤᠷ᠎ᠲᠤ ᠤᠬᠠᠭᠤᠯᠤᠨ ᠪᠣᠯᠪᠠᠰᠤᠷᠠᠭᠤᠯᠬᠤ᠎ᠪᠠᠷ ᠳᠠᠮᠵᠢᠭᠤᠯᠤᠨ᠂ ᠠᠵᠤ ᠠᠬᠤᠢᠯᠠᠯ᠎ᠤᠨ ᠠᠮᠤᠷ ᠲᠦᠪᠱᠢᠨ᠎ᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢᠨ ᠦᠵᠡᠯ ᠤᠬᠠᠮᠰᠠᠷ᠎ᠢ ᠴᠢᠩᠭᠠᠷᠠᠭᠤᠯᠵᠤ᠂ ᠬᠠᠷᠢᠭᠤᠴᠠᠯᠭ᠎ᠠ᠎ᠶ᠋ᠢᠨ ᠨᠠᠢᠳᠠᠪᠤᠷᠢᠵᠢᠭᠤᠯᠤᠯᠲᠠ᠎ᠶ᠋ᠢ 《ᠭᠠᠭ᠍ᠴᠠ ᠲᠠᠯ᠎ᠠ᠎ᠠᠴᠠ ᠬᠢᠨᠠᠨ ᠬᠠᠮᠢᠶᠠᠷᠴᠦ᠍》 ᠪᠠᠢᠭ᠍ᠰᠠᠨ᠎ᠠᠴᠠ 《ᠬᠠᠮᠵᠢᠯᠴᠠᠨ ᠬᠠᠮᠲᠤ ᠪᠠᠷ ᠵᠠᠰᠠᠬᠤ》 ᠲᠡᠢᠰᠢ ᠲᠠᠰ ᠳᠡᠪᠱᠢᠭᠦᠯᠬᠦ᠌᠎ᠶ᠋ᠢ ᠠᠬᠢᠭᠤᠯᠪᠠ᠃
ᠲᠤᠰᠭᠠᠶ ᠴᠡᠭ᠌ᠴᠡᠯᠡᠨ ᠵᠠᠰᠠᠭ᠍ᠰᠠᠨ᠎ᠠᠴᠠ ᠨᠠᠭᠠᠰᠢ᠂ ᠨᠡᠢᠲᠡ 258 ᠡᠷᠤᠬᠡ ᠣᠨᠴᠠ ᠲᠥᠷᠥᠯ᠎ᠤᠨ ᠲᠣᠨᠤᠭ ᠲᠥᠬᠦᠭᠡᠷᠦᠮᠵᠢ᠎ᠶ᠋ᠢ ᠦᠢᠯᠡᠳᠪᠦᠷᠢᠯᠡᠵᠦ᠍ ᠬᠡᠷᠡᠭ᠌ᠯᠡᠬᠦ᠌ ᠠᠵᠤ ᠠᠬᠤᠢᠯᠠᠯ᠎ᠢ ᠪᠠᠢᠴᠠᠭᠠᠵᠤ᠂ 126 ᠵᠣᠷᠪᠤᠰ ᠠᠰᠠᠭᠤᠳᠠᠯ᠎ᠤᠨ ᠳᠠᠯᠳᠠ ᠬᠡᠮ᠎ᠢ ᠢᠯᠡᠷᠡᠭᠦᠯᠵᠦ᠍᠂ ᠣᠨᠴᠠ ᠲᠥᠷᠥᠯ᠎ᠤᠨ ᠲᠣᠨᠤᠭ ᠲᠥᠬᠦᠭᠡᠷᠦᠮᠵᠢ᠎ᠶ᠋ᠢᠨ ᠠᠮᠤᠷ ᠲᠦᠪᠱᠢᠨ᠎ᠤ ᠬᠢᠨᠠᠨ ᠪᠠᠢᠴᠠᠭᠠᠬᠤ ᠵᠠᠷᠯᠢᠭ᠎ᠤᠨ ᠪᠢᠴᠢᠭ᠎ᠢ 28 ᠬᠤᠪᠢ ᠪᠠᠭᠤᠯᠭᠠᠵᠤ᠂ 202 ᠡᠷᠣᠬᠡ ᠠᠵᠤ ᠠᠬᠤᠢᠯᠠᠯ᠎ᠲᠠᠢ ᠣᠨᠴᠠ ᠲᠥᠷᠥᠯ᠎ᠤᠨ ᠲᠣᠨᠤᠭ ᠲᠥᠬᠦᠭᠡᠷᠦᠮᠵᠢ᠎ᠶ᠋ᠢᠨ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠠᠮᠠᠯᠠᠯᠲᠠ᠎ᠶ᠋ᠢᠨ ᠪᠢᠴᠢᠭ ᠲᠣᠭ᠍ᠲᠠᠭᠠᠵᠤ᠂ ᠪᠥᠬᠦ᠌ ᠬᠤᠲᠠ᠎ᠶ᠋ᠢᠨ ᠣᠨᠴᠠ ᠲᠥᠷᠥᠯ᠎ᠤᠨ ᠲᠣᠨᠤᠭ ᠲᠥᠬᠦᠭᠡᠷᠦᠮᠵᠢ᠎ᠶ᠋ᠢᠨ ᠠᠮᠤᠷ ᠲᠦᠪᠱᠢᠨ᠎ᠤ ᠰᠠᠭᠤᠷᠢ᠎ᠶ᠋ᠢ ᠤᠯᠠᠮ ᠨᠢᠭᠡ ᠠᠯᠬᠤᠮ ᠪᠠᠲᠣᠵᠢᠭᠣᠯᠪᠠ᠃