9 ᠳ᠋ᠦ᠍ᠭᠡᠷ ᠰᠠᠷ᠎ᠠ᠎ᠶ᠋ᠢᠨ 10 ᠤ ᠡᠳᠦᠷ᠂ ᠬᠥᠯᠥᠨ ᠪᠤᠢᠷ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ (ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠲᠣᠪᠴᠢᠶ᠎ᠠ)᠎ᠨᠢ 2025ᠣᠨ᠎ᠤ ᠪᠥᠬᠦ᠌ ᠬᠤᠲᠠ᠎ᠶ᠋ᠢᠨ ᠮᠡᠳᠡᠯᠭᠡ ᠶ᠋ᠢᠨ ᠦᠮᠴᠢᠯᠡᠯ᠎ᠤᠨ ᠡᠷᠬᠡ ᠶ᠋ᠢᠨ ᠳᠠᠨᠵᠢᠯᠠᠭ᠎ᠠ᠎ᠲᠠᠢ ᠪᠠᠯᠠ ᠮᠥᠩᠭᠦ᠌ ᠳᠣᠭᠢᠷᠠᠭᠤᠯᠬᠤ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠪᠠ᠃ ᠠᠷᠠᠳ᠎ᠤᠨ ᠪᠠᠩᠬᠢ᠎ᠶ᠋ᠢᠨ ᠬᠥᠯᠥᠨ ᠪᠤᠢᠷ ᠬᠤᠳᠠ᠎ᠶ᠋ᠢᠨ ᠬᠤᠪᠢᠶᠠᠷᠢ ᠪᠠᠩᠬᠢ᠂ ᠬᠤᠳᠠ᠎ᠳᠤ ᠰᠠᠭᠤᠭ᠎ᠠ 11 ᠬᠤᠳᠠᠯᠳᠤᠭᠠᠨ᠎ᠤ ᠪᠠᠩᠬᠢ᠎ᠶ᠋ᠢᠨ ᠲᠥᠯᠥᠭᠡᠯᠡᠭ᠌ᠴᠢ᠂ ᠬᠠᠢᠯᠠᠷ ᠲᠣᠭᠤᠷᠢᠭ᠂ ᠡᠸᠡᠩᠬᠢ ᠦᠨᠳᠦᠰᠦᠲᠡᠨ᠎ᠤ ᠥᠪᠡᠷᠲᠡᠭᠡᠨ ᠵᠠᠰᠠᠬᠤ ᠬᠤᠱᠢᠭᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠣᠯᠲᠠ᠎ᠶ᠋ᠢᠨ ᠰᠠᠯᠠᠭ᠎ᠠ ᠮᠥᠴᠢᠷ᠎ᠤᠨ ᠬᠠᠷᠢᠭᠤᠴᠠᠯᠭᠠᠲᠠᠨ ᠬᠤᠷᠠᠯ᠎ᠳᠤ ᠣᠷᠣᠯᠴᠠᠪᠠ᠃
ᠬᠤᠷᠠᠯ᠎ᠠᠴᠠ᠂ ᠮᠡᠳᠡᠯᠭᠡ ᠶ᠋ᠢᠨ ᠦᠮᠴᠢᠯᠡᠯ ᠤᠨ ᠡᠷᠬᠡ ᠶ᠋ᠢᠨ ᠳᠠᠨᠵᠢᠯᠠᠭ᠎ᠠ᠎ᠪᠠᠷ ᠪᠠᠯᠠ ᠳᠣᠭᠢᠷᠠᠭᠤᠯᠬᠤ ᠪᠣᠯ ᠠᠵᠤ ᠠᠬᠤᠢᠯᠠᠯ᠎ᠤᠨ《ᠮᠡᠳᠡᠬᠦᠢ》᠎ᠶ᠋ᠢ 《ᠡᠳ᠋ ᠬᠥᠷᠥᠩᠭᠡ》 ᠪᠣᠯᠭᠠᠨ ᠬᠤᠪᠢᠷᠠᠭᠤᠯᠬᠤ ᠵᠠᠩᠭᠢᠯᠠᠭ᠎ᠠ᠎ᠶ᠋ᠢᠨ ᠠᠷᠭ᠎ᠠ ᠵᠠᠮ ᠮᠥᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠡᠯᠪᠡᠷᠢ᠂ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠠᠵᠤ ᠠᠬᠤᠢᠯᠠᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠳᠡᠮᠵᠢᠬᠦ᠌ ᠴᠢᠬᠤᠯᠠ ᠠᠷᠭ᠎ᠠ ᠬᠡᠮᠵᠢᠶ᠎ᠡ ᠮᠥᠨ᠂ ᠪᠥᠬᠦ᠌ ᠬᠤᠲᠠ᠎ᠶ᠋ᠢᠨ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠂ ᠬᠤᠳᠠᠯᠳᠤᠭ᠎ᠠ ᠡᠷᠭᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌᠎ᠳᠤ ᠴᠢᠬᠤᠯᠠ ᠠᠴᠢ ᠬᠤᠯᠪᠣᠭ᠍ᠳᠠᠯ᠎ᠲᠠᠢ ᠶᠤᠮ᠃ ᠣᠳᠣᠬᠠᠨ᠎ᠳᠤ᠂ ᠪᠥᠬᠦ᠌ ᠬᠤᠲᠠ᠎ᠳᠤ ᠮᠡᠳᠡᠯᠭᠡ ᠶ᠋ᠢᠨ ᠦᠮᠴᠢᠯᠡᠯ ᠤᠨ ᠡᠷᠬᠡ᠎ᠶ᠋ᠢᠨ ᠳᠠᠨᠵᠢᠯᠠᠭ᠎ᠠ᠎ᠲᠠᠢ ᠪᠠᠯᠠ ᠮᠥᠩᠭᠦ᠎ᠶ᠋ᠢ 795.925 ᠲᠦᠮᠡᠨ ᠲᠥᠭᠦᠷᠢᠭ ᠱᠢᠨ᠎ᠡ᠎ᠪᠠᠷ ᠨᠡᠮᠡᠭ᠌ᠳᠡᠭᠦᠯᠵᠦ᠍᠂ 3 ᠳᠤᠮᠳᠠ ᠵᠢᠵᠢᠭ ᠠᠵᠤ ᠠᠬᠤᠢᠯᠠᠯ᠎ᠳᠤ ᠪᠠᠯᠠ ᠮᠥᠩᠭᠦ᠎ᠶ᠋ᠢᠨ ᠬᠦᠴᠢᠷ ᠠᠰᠠᠭᠤᠳᠠᠯ᠎ᠢ ᠠᠮᠵᠢᠯᠲᠠ᠎ᠲᠠᠢ᠎ᠪᠠᠷ ᠱᠢᠢᠳᠪᠣᠷᠢᠯᠡᠵᠡᠢ ᠭᠡᠵᠦ᠍ ᠵᠢᠭᠠᠵᠤ ᠭᠠᠷᠭᠠᠪᠠ᠃
ᠬᠤᠷᠠᠯ᠎ᠠᠴᠠ᠂ 《ᠲᠦᠷᠦ᠍᠎ᠶ᠋ᠢᠨ ᠪᠤᠳᠤᠯᠭ᠎ᠠ᠎ᠪᠠᠷ ᠬᠦᠳᠦᠯᠦᠨ ᠵᠢᠯᠣᠭᠤᠳᠭᠤ᠂ ᠤᠬᠠᠭᠤᠯᠤᠨ ᠳᠡᠯᠭᠡᠷᠡᠭᠦᠯᠬᠦ᠂ ᠪᠠᠩᠬᠢ ᠠᠵᠤ ᠠᠬᠤᠢᠯᠠᠯ᠎ᠢ ᠵᠣᠯᠭᠠᠭᠤᠯᠬᠤ᠂ ᠭᠦᠨᠵᠡᠭᠡᠢ ᠬᠠᠮᠲᠤᠷᠠᠯᠴᠠᠬᠤ》 ᠲᠦᠷᠪᠡ᠎ᠶ᠋ᠢ ᠨᠢᠭᠡ ᠴᠤᠬ᠍ᠴᠠᠵᠢᠭᠤᠯᠤᠬ᠍ᠰᠠᠨ ᠠᠵᠢᠯ᠎ᠤᠨ ᠲᠣᠭ᠍ᠲᠠᠯᠴᠠᠭ᠎ᠠ᠎ᠶ᠋ᠢ ᠬᠦᠴᠦᠯᠡᠨ ᠪᠠᠢᠭᠤᠯᠵᠤ᠂ ᠪᠦᠬᠦ᠌ ᠬᠤᠳᠠ᠎ᠶ᠋ᠢᠨ ᠮᠡᠳᠡᠯᠭᠡ ᠶ᠋ᠢᠨ ᠦᠮᠴᠢᠯᠡᠯ᠎ᠤᠨ ᠡᠷᠬᠡ᠎ᠶ᠋ᠢᠨ ᠳᠠᠨᠵᠢᠯᠠᠭ᠎ᠠ᠎ᠲᠠᠢ ᠪᠡᠯᠡ ᠲᠣᠬᠢᠷᠠᠭᠤᠯᠭ᠎ᠠ᠎ᠶ᠋ᠢᠨ ᠠᠵᠢᠯ᠎ᠢ ᠬᠦᠳᠦᠯᠦᠨ ᠳᠠᠭᠠᠭᠤᠯᠬᠤ ᠬᠡᠷᠡᠭ᠌ᠲᠡᠢ᠃ ᠢᠯᠠᠩᠭᠤᠶ᠎ᠠ ᠬᠤᠳᠠᠯᠳᠤᠭᠠᠨ᠎ᠤ ᠪᠠᠩᠬᠢ᠎ᠯᠤᠭ᠎ᠠ ᠪᠠᠢᠯᠳᠤᠬᠤ ᠪᠣᠳᠣᠯᠭ᠎ᠠ᠎ᠶ᠋ᠢᠨ ᠬᠡᠯᠡᠯᠴᠡᠭᠡᠷ ᠲᠣᠭ᠍ᠲᠠᠭ᠍ᠰᠠᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠲᠠᠷᠢᠶᠠᠯᠠᠩ ᠮᠠᠯ ᠠᠵᠤ ᠠᠬᠤᠶ᠎ᠶ᠋ᠢᠨ ᠠᠵᠤ ᠠᠬᠤᠢᠯᠠᠯ᠎ᠤᠨ ᠪᠡᠯᠡ ᠲᠣᠬᠢᠷᠠᠭᠤᠯᠬᠤ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠤᠰ ᠭᠠᠵᠠᠷ ᠣᠷᠣᠨ᠎ᠤ ᠣᠨᠴᠠᠯᠢᠭ᠍ᠲᠤ ᠠᠵᠤ ᠦᠢᠯᠡᠰ᠎ᠤᠨ ᠡᠷᠡᠭᠦᠯ᠎ᠢᠶᠠᠷ ᠬᠥᠭ᠌ᠵᠢᠬᠦ᠌᠎ᠶ᠋ᠢ ᠠᠬᠢᠭᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃ ᠬᠤᠷᠠᠯ᠎ᠠᠴᠠ ᠂ ᠮᠡᠳᠡᠯᠭᠡ ᠶ᠋ᠢᠨ ᠦᠮᠴᠢᠯᠡᠯ ᠤᠨ ᠡᠷᠬᠡ ᠶ᠋ᠢᠨ ᠳᠠᠨᠵᠢᠯᠭᠠᠲᠦ ᠪᠠᠯᠠ ᠲᠣᠬᠢᠷᠠᠭᠤᠯᠭ᠎ᠠ᠎ᠶ᠋ᠢᠨ ᠠᠵᠢᠯ᠎ᠤᠨ ᠴᠢᠬᠤᠯᠠ ᠴᠢᠨᠠᠷ᠎ᠢ ᠳᠡᠭᠡᠳᠦ ᠬᠡᠮᠵᠢᠶ᠎ᠡ᠎ᠪᠠᠷ ᠲᠠᠨᠢᠵᠤ᠂ ᠰᠠᠯᠠᠭ᠎ᠠ ᠮᠥᠴᠢᠷ᠎ᠤᠨ ᠬᠠᠮᠵᠢᠯᠴᠠᠨ ᠬᠠᠮᠲᠤᠷᠠᠯᠴᠠᠬᠤ᠎ᠶ᠋ᠢ ᠤᠯᠠᠮ ᠨᠢᠭᠡ ᠠᠯᠬᠤᠮ ᠴᠢᠩᠭᠠᠳᠭᠠᠨ᠂ ᠦᠢᠯᠡᠴᠢᠯᠡᠭᠡᠨ᠎ᠤ ᠴᠤᠪᠤᠷᠠᠯ᠎ᠢ ᠱᠢᠯᠢᠳᠡᠭ᠌ᠵᠢᠭᠦᠯᠵᠦ᠍᠂ ᠦᠢᠯᠡᠴᠢᠯᠡᠭᠡᠨ᠎ᠤ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠦᠨ᠂ ᠪᠠᠯᠠ ᠲᠣᠬᠢᠷᠠᠭᠤᠯᠭ᠎ᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢᠨ ᠠᠵᠤ ᠠᠬᠤᠢᠯᠠᠯ᠎ᠤᠨ ᠨᠡᠷᠡᠰ᠎ᠤᠨ ᠵᠢᠭ᠍ᠰᠠᠭᠠᠯᠲᠠ᠎ᠶ᠋ᠢ ᠵᠣᠯᠭᠠᠭᠤᠯᠬᠤ ᠠᠵᠢᠯ᠎ᠢ ᠪᠦᠲᠦᠮᠵᠢᠲᠡᠶ ᠰᠠᠢᠲᠤᠷ ᠬᠢᠬᠦ᠌ ᠬᠡᠷᠡᠭ᠌ᠲᠡᠶ᠃ ᠡᠭᠦᠨ᠎ᠤ ᠬᠠᠮᠲᠤ᠌᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠬᠤᠳᠠᠯᠳᠤᠭᠠᠨ᠎ᠤ ᠪᠠᠩᠬᠢ ᠬᠤᠶᠠᠷ ᠲᠠᠯ᠎ᠠ᠎ᠶ᠋ᠢᠨ ᠬᠦᠴᠦᠨ᠎ᠢ ᠭᠦᠢᠴᠡᠳ ᠲᠠᠢᠴᠢᠯᠠᠵᠦ᠍᠂ ᠠᠵᠤ ᠠᠬᠤᠢᠯᠠᠯ᠎ᠤᠨ ᠬᠦᠰᠡᠯ ᠱᠠᠭᠠᠷᠳᠠᠯᠭ᠎ᠠ᠎ᠶ᠋ᠢ ᠭᠦᠨᠵᠡᠭᠡᠢ ᠣᠢᠯᠠᠭᠠᠵᠤ᠂ ᠪᠡᠯᠡ ᠲᠣᠬᠢᠷᠠᠭᠤᠯᠬᠤ ᠲᠥᠰᠦᠯ᠎ᠢ ᠪᠡᠶ᠎ᠡ᠎ᠪᠠᠷ᠎ᠢᠶᠠᠨ ᠲᠣᠭ᠍ᠲᠠᠭᠠᠵᠤ᠂ ᠤᠢ᠍ᠢᠷ᠎ᠠ᠎ᠶ᠋ᠢᠨ ᠬᠤᠭᠤᠴᠠᠭᠠᠨ᠎ᠳᠤ ᠠᠩᠬ᠎ᠠ ᠠᠯᠬᠤᠮ᠎ᠤᠨ ᠦᠷ᠎ᠡ ᠪᠦᠲᠦᠮᠵᠢ ᠤᠯᠬᠤ᠎ᠶ᠋ᠢ ᠪᠠᠲᠤᠯᠠᠵᠤ᠂ ᠠᠯᠢ ᠲᠦᠷᠭᠡᠨ᠎ᠢᠶᠠᠷ ᠪᠣᠳᠠᠲᠠᠢ ᠴᠢᠨᠠᠷᠲᠠᠢ ᠪᠡᠯᠡ ᠲᠣᠬᠢᠷᠠᠭᠤᠯᠬᠤ ᠬᠡᠯᠡᠯᠴᠡᠭᠡᠷ ᠪᠣᠯᠭᠠᠨ ᠬᠤᠪᠢᠷᠠᠭᠤᠯᠬᠤ᠎ᠶ᠋ᠢ ᠠᠬᠢᠭᠤᠯᠵᠤ᠂ ᠬᠠᠮᠲᠤ ᠪᠠᠷ ᠪᠦᠬᠦ᠌ ᠬᠤᠳᠠ᠎ᠶ᠋ᠢᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠳᠤ ᠬᠦᠴᠦᠷᠬᠡᠭ ᠶᠡᠭᠡ ᠮᠡᠳᠡᠯᠭᠡ ᠶ᠋ᠢᠨ ᠦᠮᠴᠢᠯᠡᠯ ᠤᠨ ᠡᠷᠬᠡ᠎ᠶ᠋ᠢᠨ ᠬᠥᠳᠡᠯᠭᠡᠬᠦ᠌ ᠬᠦᠴᠦᠨ ᠨᠡᠮᠡᠷᠢᠯᠡᠬᠦ᠌ ᠬᠡᠷᠡᠭ᠌ᠲᠡᠢ ᠭᠡᠵᠦ᠍ ᠱᠠᠭᠠᠷᠳᠠᠪᠠ᠃