ᠬᠥᠯᠥᠨ ᠪᠤᠢᠷ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠭᠤᠤᠯᠴᠢ ᠥᠷᠢᠰᠥᠯᠳᠦᠭᠡᠨ᠎ᠤ ᠬᠢᠨᠠᠨ ᠪᠠᠢᠴᠠᠭᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠪᠤᠯᠪᠠᠰᠤᠷᠠᠯ᠎ᠢ ᠦᠨᠳᠦᠰᠦᠨ ᠱᠠᠲᠤᠨ᠎ᠳᠤ ᠬᠦᠷᠭᠡᠬᠦ᠌ ᠠᠵᠢᠯᠯᠠᠭ᠎ᠠ ᠥᠷᠨᠢᠭᠦᠯᠪᠡ
2025-09-03

8 ᠳ᠋ᠤᠭᠠᠷ ᠰᠠᠷ᠎ᠠ᠎ᠶ᠋ᠢᠨ 18 ᠎ᠤ ᠡᠳᠦᠷ᠎ᠠᠴᠠ ᠨᠠᠭᠠᠰᠢ᠂ ᠬᠥᠯᠥᠨ ᠪᠤᠢᠷ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠭᠤᠤᠯᠴᠢ ᠥᠷᠢᠰᠥᠯᠳᠦᠭᠡᠨ᠎ᠤ ᠬᠢᠨᠠᠨ ᠪᠠᠢᠴᠠᠭᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌  ᠪᠤᠯᠪᠠᠰᠤᠷᠠᠯ᠎ᠢ ᠪᠦᠯᠦᠭ ᠬᠤᠪᠢᠶᠠᠨ ᠦᠨᠳᠦᠰᠦᠨ ᠱᠠᠲᠤᠨ᠎ᠳᠤ ᠬᠦᠷᠭᠡᠬᠦ᠌ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠪᠡ᠃ ᠡᠯ᠎ᠡ ᠬᠤᠱᠢᠭᠤ ᠬᠤᠲᠠ ᠲᠣᠭᠤᠷᠢᠭ᠎ᠤᠨ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠠᠯᠪᠠᠨ ᠬᠡᠷ᠎ᠤᠨ ᠪᠢᠴᠢᠭ ᠮᠠᠲ᠋ᠧᠷᠢᠶᠠᠯ᠎ᠤᠨ ᠠᠵᠢᠯᠯᠠᠭᠠᠨ ᠵᠢᠴᠢ ᠬᠠᠤᠯᠢ ᠶᠣᠰᠣᠴᠢ ᠴᠢᠨᠠᠷ᠎ᠤᠨ ᠬᠢᠨᠠᠨ ᠪᠠᠢᠴᠠᠭᠠᠯᠲᠠ᠎ᠶ᠋ᠢ ᠬᠠᠷᠢᠭᠤᠴᠠᠵᠤ ᠪᠠᠢᠭ᠎ᠠ ᠰᠠᠯᠠᠭ᠎ᠠ ᠮᠥᠴᠢᠷ᠎ᠤᠨ ᠬᠠᠷᠢᠭᠤᠴᠠᠯᠭᠠᠲᠠᠨ᠂ ᠡᠯ᠎ᠡ ᠭᠠᠵᠠᠷ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠵᠢᠴᠢ ᠡᠯ᠎ᠡ ᠬᠠᠮᠢᠶ᠎ᠠ ᠪᠥᠬᠦᠶ ᠵᠠᠰᠠᠭ᠎ᠤᠨ ᠣᠷᠳᠣᠨ᠎ᠤ ᠪᠦᠷᠢᠯᠳᠦᠬᠦᠨ ᠰᠠᠯᠠᠭ᠎ᠠ ᠮᠥᠴᠢᠷ᠎ᠤᠨ ᠬᠤᠪᠢᠳᠠᠨ ᠬᠠᠮᠢᠶᠠᠷᠴᠤ᠌ ᠪᠥᠬᠦᠶ ᠤᠳᠤᠷᠢᠳᠤᠯᠭ᠎ᠠ ᠪᠠ ᠭᠣᠣᠯᠴᠢ ᠥᠷᠢᠰᠦᠯᠳᠦᠭᠡᠨ᠎ᠢ ᠬᠢᠨᠠᠨ ᠪᠠᠢᠴᠠᠭᠠᠬᠤ ᠠᠵᠢᠯ᠎ᠢ ᠬᠠᠷᠢᠭᠤᠴᠠᠵᠤ ᠪᠠᠢᠭ᠎ᠠ ᠲᠤᠬᠠᠢᠯᠠᠭ᠍ᠰᠠᠨ ᠠᠵᠢᠯ᠎ᠤᠨ ᠭᠤᠤᠯᠯᠠᠭ᠍ᠴᠢ ᠬᠦᠴᠦᠨ  ᠪᠤᠯᠪᠠᠰᠤᠷᠠᠯ᠎ᠳᠤ ᠣᠷᠣᠯᠴᠠᠵᠤ᠂ ᠵᠠᠩᠭᠢᠯᠠᠭ᠎ᠠ᠎ᠶ᠋ᠢᠨ ᠠᠵᠢᠯ᠎ᠤᠨ ᠪᠠᠢᠷᠢ᠎ᠶ᠋ᠢᠨ ᠬᠥᠮᠦᠰ᠎ᠤᠨ ᠣᠷᠣᠯᠴᠠᠬᠤ᠎ᠶ᠋ᠢ ᠪᠡᠶᠡᠯᠡᠭᠦᠯᠵᠦ᠍᠂  ᠪᠤᠯᠪᠠᠰᠤᠷᠠᠯ᠎ᠤᠨ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠳᠤ ᠪᠠᠲᠤ ᠪᠠᠬᠢ ᠰᠠᠭᠤᠷᠢ᠎ᠶ᠋ᠢ ᠲᠠᠯᠪᠢᠪᠠ᠃

ᠲᠣᠰ ᠤᠳᠠᠭᠠᠨ᠎ᠤ  ᠪᠣᠯᠪᠠᠰᠤᠷᠠᠯ᠎ᠳᠤ ᠬᠠᠤᠯᠢ᠎ᠶᠢᠨ ᠤᠬᠠᠭᠠᠨ᠎ᠤ ᠲᠤᠰᠬᠠᠢ ᠮᠡᠷᠭᠡᠵᠢᠯᠲᠡᠨ᠎ᠢ ᠣᠨᠴᠠᠭᠠᠢᠯᠠᠨ ᠤᠷᠢᠵᠤ ᠬᠢᠴᠢᠶᠡᠯᠯᠡᠬᠦ ᠪᠠᠭ᠍ᠰᠢ ᠪᠤᠯᠭᠠᠵᠤ᠂ 《ᠭᠣᠣᠯᠴᠢ ᠥᠷᠢᠰᠦᠯᠳᠦᠭᠡᠨ᠎ᠤ ᠬᠢᠨᠠᠨ ᠪᠠᠢᠴᠠᠭᠠᠬᠤ ᠳᠦᠷᠢᠮ》᠂ 《ᠭᠣᠣᠯᠴᠢ  ᠥᠷᠢᠰᠦᠯᠳᠦᠭᠡᠨ᠎ᠤ ᠬᠢᠨᠠᠨ ᠪᠠᠢᠴᠠᠭᠠᠬᠤ ᠳᠦᠷᠢᠮ᠎ᠤᠨ ᠬᠡᠷᠡᠭᠵᠢᠭᠦᠯᠬᠦ ᠠᠷᠭ᠎ᠠ》 ᠵᠢᠴᠢ  《ᠴᠢᠬᠤᠯᠠ ᠶᠡᠬᠡ ᠲᠥᠷᠥ᠎ᠶᠢᠨ ᠪᠣᠳᠣᠯᠭ᠎ᠠ᠎ᠶᠢᠨ ᠠᠷᠭ᠎ᠠ ᠬᠡᠮᠵᠢᠶ᠎ᠡ᠎ᠶᠢᠨ ᠭᠣᠣᠯᠴᠢ ᠥᠷᠢᠰᠦᠯᠳᠦᠭᠡᠨ᠎ᠤ ᠬᠢᠨᠠᠨ ᠪᠠᠢᠴᠠᠭᠠᠯᠲᠠ᠎ᠶᠢᠨ ᠠᠵᠢᠯ᠎ᠤᠨ ᠵᠦᠭᠯᠡᠭᠦᠷ》᠎ᠤᠨ ᠭᠣᠣᠯ ᠠᠭᠤᠯᠭ᠎ᠠ ᠪᠠ ᠵᠣᠷᠢᠭ᠋ ᠰᠠᠨᠠᠭᠠᠨ᠎ᠤ ᠮᠥᠨ ᠴᠢᠨᠠᠷ᠎ᠤᠨ ᠲᠣᠭᠣᠷᠢᠨ᠎ᠳᠤ᠂ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ᠂ ᠨᠡᠢᠲᠡᠯᠢᠭ ᠬᠡᠷᠡᠭ᠎ᠤᠨ ᠵᠢᠱ᠌ᠢᠶ᠎ᠡ᠎ᠶᠢ ᠵᠠᠳᠠᠯᠬᠤ ᠪᠠ ᠲᠤᠬᠠᠢ᠎ᠶᠢᠨ ᠲᠠᠯᠠᠪᠤᠷ᠎ᠲᠤ ᠬᠠᠷᠢᠯᠴᠠᠨ ᠰᠣᠯᠢᠯᠴᠠᠬᠤ ᠵᠡᠷᠭᠡ ᠬᠢᠴᠢᠶᠡᠯᠯᠡᠬᠦ ᠭᠡᠯᠪᠡᠷᠢ᠎ᠪᠠᠷ᠂ ᠪᠦᠭᠦ ᠲᠠᠯ᠎ᠠ᠎ᠪᠠᠷ ᠠᠮᠢᠳᠤᠯᠢᠭ᠋ ᠲᠠᠢᠯᠪᠤᠷᠢᠯᠠᠵᠤ᠂ ᠭᠣᠣᠯᠴᠢ ᠥᠷᠢᠰᠦᠯᠳᠦᠭᠡᠨ᠎ᠤ ᠬᠢᠨᠠᠨ ᠪᠠᠢᠴᠠᠭᠠᠬᠤ ᠠᠵᠢᠯ᠎ᠢ ᠳᠡᠯᠭᠡᠨ ᠦᠵᠡᠭᠦᠯᠵᠦ᠂ ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ᠎ᠤᠨ 《ᠰᠡᠷᠭᠡᠢᠯᠡᠯᠲᠡ᠎ᠶᠢᠨ ᠬᠡᠷᠡᠮ》᠎ᠢ ᠪᠠᠢᠭᠤᠯᠪᠠ᠃

ᠲᠣᠰ ᠤᠳᠠᠭᠠᠨ᠎ᠤ ᠪᠣᠯᠪᠠᠰᠤᠷᠠᠯ ᠨᠢ᠂ ᠡᠯ᠎ᠡ ᠱᠠᠲᠤᠨ᠎ᠤ ᠲᠥᠷᠥ᠎ᠶᠢᠨ ᠪᠣᠳᠣᠯᠭ᠎ᠠ ᠲᠣᠭᠲᠠᠭᠠᠬᠤ ᠪᠠᠢᠭᠤᠯᠭ᠎ᠠ ᠨᠢ ᠬᠢᠨᠠᠨ ᠪᠠᠢᠴᠠᠭᠠᠬᠤ ᠶᠠᠪᠤᠴᠠ᠎ᠶᠢ ᠴᠢᠩᠭ᠎ᠠ ᠵᠢᠷᠤᠮᠯᠠᠨ᠂ 《ᠰᠢᠭᠦᠬᠦ᠂ ᠤᠷᠢᠳᠴᠢᠯᠠᠨ ᠰᠡᠷᠡᠮᠵᠢᠯᠡᠭᠦᠯᠭᠦ᠂ ᠲᠣᠷᠣᠮᠰᠤᠯᠠᠬᠤ᠂ ᠠᠯᠳᠠᠭ᠎ᠠ ᠪᠤᠷᠤᠭᠤ᠎ᠶᠢ ᠵᠠᠯᠠᠷᠠᠭᠤᠯᠬᠤ》 ᠬᠡᠷᠡᠭᠲᠡᠢ᠂ 《ᠥᠪᠡᠷ᠎ᠤᠨ ᠬᠢᠨᠠᠨ ᠪᠠᠢᠴᠠᠭᠠᠯᠲᠠ ᠪᠠ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠭᠣᠣᠯᠴᠢ ᠪᠠᠷ ᠥᠷᠢᠰᠦᠯᠳᠦᠬᠦ᠎ᠶᠢ ᠳᠠᠭᠢᠨ ᠬᠢᠨᠠᠬᠤ + ᠵᠠᠰᠠᠭ᠎ᠤᠨ ᠣᠷᠳᠣᠨ᠎ᠤ ᠵᠠᠰᠠᠭ ᠵᠠᠬᠢᠷᠭᠠᠨ᠎ᠤ ᠪᠢᠴᠢᠭ ᠮᠠᠲᠧᠷᠢᠶᠠᠯ᠎ᠤᠨ ᠬᠠᠤᠯᠢ ᠶᠣᠰᠣᠴᠢ ᠴᠢᠨᠠᠷ᠎ᠤᠨ ᠬᠢᠨᠠᠨ ᠪᠠᠢᠴᠠᠭᠠᠯᠲᠠ》ᠶ᠋ᠢᠨ ᠠᠵᠢᠯ᠎ᠤᠨ ᠵᠠᠭᠪᠤᠷ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠢᠨᠠᠨ ᠪᠠᠢᠴᠠᠭᠠᠵᠤ ᠵᠢᠷᠤᠮᠵᠢᠭᠤᠯᠬᠤ᠎ᠶᠢ ᠡᠷᠡᠰ ᠪᠣᠳᠣᠯᠬᠢᠯᠠᠨ᠂ ᠬᠠᠤᠯᠢ ᠶᠣᠰᠣᠭᠠᠷ ᠲᠥᠷᠥ᠎ᠶᠢᠨ ᠪᠣᠳᠣᠯᠭ᠎ᠠ ᠬᠡᠷᠡᠭᠵᠢᠭᠦᠯᠬᠦ᠎ᠶᠢᠨ 《ᠡᠭᠦᠳᠡ ᠰᠠᠬᠢᠭ᠍ᠴᠢ》 ᠪᠤᠯᠬᠤ ᠬᠡᠷᠡᠭᠲᠡᠢ ᠭᠡᠵᠦ᠍ ᠤᠯᠠᠮ ᠨᠢᠭᠡ ᠠᠯᠬᠤᠮ ᠲᠤᠳᠤᠷᠬᠠᠢᠯᠠᠪᠠ᠃

ᠢᠷᠡᠯᠲᠡ᠄ ᠬᠥᠯᠥᠨ ᠪᠤᠢᠷ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ