ᠡᠨᠡ ᠵᠢᠯ᠎ᠡᠴᠡ ᠨᠠᠭᠠᠰᠢ᠂ ᠪᠤᠭᠤᠲᠤ ᠬᠣᠲᠠ᠎ᠶᠢᠨ ᠮᠡᠳᠡᠯᠭᠡ᠎ᠶᠢᠨ ᠦᠮᠴᠢᠯᠡᠯ᠎ᠦᠨ ᠡᠷᠬᠡ᠎ᠶ᠋ᠢᠨ ᠬᠠᠮᠠᠭᠠᠯᠠᠯᠲᠠ᠎ᠶ᠋ᠢᠨ ᠲᠥᠪ᠎ᠤᠨ 《ᠲᠤᠬᠠᠢᠯᠠᠭᠰᠠᠨ ᠠᠵᠢᠯ᠎ᠢ ᠰᠤᠷᠤᠯᠴᠠᠵᠤ ᠂ ᠰᠠᠭᠤᠷᠢ᠎ᠶᠢ ᠪᠠᠲᠤᠳᠬᠠᠵᠤ ᠂ ᠴᠢᠳᠠᠪᠤᠷᠢ᠎ᠶᠢ ᠳᠡᠭᠡᠭᠰᠢᠯᠡᠭᠦᠯᠭᠦ》 ᠪᠡᠷ ᠭᠣᠣᠯ ᠬᠠᠷᠠᠯᠲᠠ ᠪᠤᠯᠭᠠᠵᠤ ᠂ ᠪᠠᠢᠩᠭᠤ ᠰᠤᠷᠤᠯᠴᠠᠬᠤ ᠲᠣᠭᠲᠠᠴᠠ ᠪᠠ ᠲᠤᠰᠬᠠᠢ ᠠᠵᠢᠯ᠎ᠤᠨ ᠪᠠᠢᠷᠢ᠎ᠶᠢᠨ ᠴᠡᠷᠢᠭ ᠪᠤᠯᠪᠠᠰᠤᠷᠠᠭᠤᠯᠬᠤ ᠵᠠᠭᠪᠤᠷ᠎ᠢ ᠪᠠᠢᠭᠤᠯᠬᠤ᠎ᠪᠠᠷ ᠳᠠᠮᠵᠢᠭᠤᠯᠤᠨ ᠂ ᠬᠠᠤᠯᠢ ᠴᠠᠭᠠᠵᠠ᠎ᠶᠢ ᠮᠡᠳᠡᠬᠦ ᠂ ᠡᠷᠬᠡ᠎ᠪᠡᠨ ᠬᠠᠮᠠᠭᠠᠯᠠᠬᠤ᠎ᠳᠤ ᠴᠢᠳᠠᠮᠠᠭᠠᠢ ᠂ ᠦᠢᠯᠡᠴᠢᠯᠡᠵᠦ ᠴᠢᠳᠠᠬᠤ ᠵᠠᠯᠠᠭᠤ ᠺᠠᠲᠷᠴᠤᠳ᠎ᠤᠨ ᠡᠩᠨᠡᠭᠡ᠎ᠶᠢ ᠳᠠᠪᠲᠠᠨ ᠪᠤᠯᠪᠠᠰᠤᠷᠠᠭᠤᠯᠵᠤ ᠂ ᠰᠤᠷᠤᠯᠴᠠᠯᠭ᠎ᠠ᠎ᠶᠢᠨ ᠦᠷ᠎ᠡ ᠪᠦᠲᠦᠭᠡᠯ᠎ᠢ ᠠᠵᠤ ᠠᠬᠤᠢᠯᠠᠯ᠎ᠳᠤ ᠬᠦᠷᠲᠡᠭᠡᠬᠦ 《ᠪᠣᠳᠠᠲᠠᠢ ᠠᠰᠢᠭ᠋》 ᠪᠣᠯᠭᠠᠨ ᠬᠤᠪᠢᠷᠠᠭᠤᠯᠵᠤ ᠂ ᠰᠢᠨ᠎ᠡ᠎ᠶᠢ ᠡᠭᠦᠳᠬᠦ ᠬᠥᠭᠵᠢᠯᠲᠡ᠎ᠳᠦ ᠮᠡᠳᠡᠯᠭᠡ᠎ᠶᠢᠨ ᠦᠮᠴᠢᠯᠡᠯ᠎ᠦᠨ ᠡᠷᠬᠡ᠎ᠶᠢᠨ 《ᠬᠠᠮᠠᠭᠠᠯᠠᠯᠲᠠ᠎ᠶᠢᠨ ᠲᠣᠣᠷ》᠎ᠢ ᠪᠠᠲᠤ ᠪᠡᠬᠢ ᠪᠣᠯᠭᠠᠪᠠ ᠃
ᠬᠤᠷᠠᠯ᠎ᠤᠨ ᠭᠡᠷ 《ᠴᠠᠭᠢᠯᠭᠠᠨ ᠴᠡᠨᠡᠭᠯᠡᠬᠦ ᠬᠢᠴᠢᠶᠡᠯ᠎ᠤᠨ ᠲᠠᠩᠬᠢᠮ》 ᠪᠣᠯᠣᠨ ᠬᠤᠪᠢᠷᠠᠵᠤ᠂ ᠭᠤᠷᠪᠠ᠎ᠶᠢ ᠨᠢᠭᠡ ᠴᠣᠭᠴᠠᠵᠢᠭᠤᠯᠤᠭᠰᠠᠨ ᠰᠤᠷᠤᠯᠴᠠᠯᠭ᠎ᠠ ᠶ᠋ᠢᠨ ᠲᠣᠭ᠍ᠲᠠᠯᠴᠠᠭ᠎ᠠ᠎ᠶ᠋ᠢ ᠪᠠᠢᠭᠤᠯᠵᠤ ᠰᠦᠯᠵᠢᠶᠡᠨ ᠳᠡᠭᠡᠷᠡᠬᠢ ᠪᠣᠯᠪᠠᠰᠤᠷᠠᠯ᠂ ᠰᠦᠯᠵᠢᠶᠡᠨ ᠭᠠᠳᠠᠨᠠᠬᠢ ᠪᠣᠳᠠᠲᠤ ᠪᠠᠢᠯᠳᠤᠭᠠᠨ᠎ᠤ ᠰᠣᠷᠢᠯᠲᠠ᠎ᠶᠢᠨ ᠵᠠᠭᠪᠤᠷ᠎ᠢᠶᠠᠷ ᠳᠠᠮᠵᠢᠭᠤᠯᠤᠨ᠂ 《ᠭᠠᠷᠠᠭ᠎ᠤᠨ ᠲᠣᠭᠲᠠᠮᠠᠯ ᠬᠤᠷᠠᠯ᠎ᠢᠶᠡᠷ ᠰᠤᠷᠤᠯᠴᠠᠬᠤ + ᠡᠳᠦᠷ ᠲᠤᠲᠤᠮ᠎ᠤᠨ ᠪᠡᠶ᠎ᠡ᠎ᠪᠠᠨ ᠳᠠᠭᠠᠭᠠᠵᠤ ᠰᠤᠳᠤᠯᠤᠨ ᠰᠤᠷᠤᠯᠴᠠᠬᠤ + ᠲᠤᠰᠬᠠᠢ ᠪᠣᠯᠪᠠᠰᠤᠷᠠᠯ ᠢᠶᠠᠷ ᠳᠡᠭᠡᠭᠰᠢᠯᠡᠭᠦᠯᠭᠦ》 ᠭᠤᠷᠪᠠ᠎ᠶᠢ ᠨᠢᠭᠡ ᠴᠣᠭᠴᠠᠵᠢᠭᠤᠯᠤᠭᠰᠠᠨ ᠰᠤᠷᠤᠯᠴᠠᠯᠭ᠎ᠠ᠎ᠶᠢᠨ ᠲᠣᠭ᠍ᠲᠠᠯᠴᠠᠭ᠎ᠠ᠎ᠶ᠋ᠢ ᠪᠠᠢᠭᠤᠯᠪᠠ᠃ ᠭᠠᠷᠠᠭ᠎ᠤᠨ ᠬᠣᠶᠠᠷ᠎ᠤᠨ ᠦᠳᠡ᠎ᠶᠢᠨ ᠬᠣᠢᠨ᠎ᠠ᠂ ᠬᠤᠷᠠᠯ᠎ᠤᠨ ᠭᠡᠷ᠎ᠢ 《ᠲᠤᠬᠠᠢᠯᠠᠭᠰᠠᠨ ᠠᠵᠢᠯ᠎ᠤᠨ ᠴᠠᠭᠢᠯᠭᠠᠨ ᠴᠡᠨᠡᠭᠯᠡᠬᠦ ᠲᠠᠰᠤᠭ》 ᠪᠣᠯᠭᠠᠨ ᠬᠤᠪᠢᠷᠠᠭᠤᠯᠵᠤ᠂ ᠰᠦᠯᠵᠢᠶᠡᠨ ᠳᠡᠭᠡᠷ᠎ᠡ᠂ ᠪᠦᠭᠦ ᠤᠯᠤᠰ᠎ᠤᠨ ᠮᠡᠳᠡᠯᠭᠡ᠎ᠶᠢᠨ ᠦᠮᠴᠢᠯᠡᠯ᠎ᠦᠨ ᠡᠷᠬᠡ᠎ᠶᠢᠨ ᠪᠣᠳᠠᠲᠤ ᠶᠠᠪᠤᠳᠠᠯ᠎ᠤᠨ ᠪᠣᠯᠪᠠᠰᠤᠷᠠᠯ᠎ᠤᠨ ᠲᠠᠪᠴᠠᠩ᠎ᠳᠤ ᠲᠦᠰᠢᠭᠯᠡᠨ᠂ 《ᠲᠤᠰᠬᠠᠢ ᠠᠰᠢᠭ᠋᠎ᠤᠨ ᠬᠠᠤᠯᠢ᠎ᠶᠢᠨ ᠬᠡᠷᠡᠭᠵᠢᠭᠦᠯᠬᠦ ᠨᠠᠷᠢᠨ ᠳᠦᠷᠢᠮ》᠂ 《ᠭᠠᠳᠠᠭᠠᠳᠤ᠎ᠶᠢᠨ ᠮᠡᠳᠡᠯᠭᠡ᠎ᠶᠢᠨ ᠦᠮᠴᠢᠯᠡᠯ᠎ᠦᠨ ᠡᠷᠬᠡ᠎ᠶᠢᠨ ᠪᠠᠢᠷᠢᠰᠢᠭᠤᠯᠤᠯᠲᠠ ᠵᠢᠴᠢ ᠬᠡᠷᠡᠭ᠎ᠤᠨ ᠵᠢᠱ᠌ᠢᠶ᠎ᠡ᠎ᠶᠢ ᠬᠤᠪᠢᠶᠠᠯᠴᠠᠬᠤ》 ᠵᠡᠷᠭᠡ ᠬᠢᠴᠢᠶᠡᠯ᠎ᠢ ᠵᠣᠬᠢᠶᠠᠨ ᠪᠠᠢᠭᠤᠯᠤᠨ ᠰᠤᠷᠤᠯᠴᠠᠪᠠ; ᠰᠦᠯᠵᠢᠶᠡᠨ ᠭᠠᠳᠠᠨ᠎ᠠ᠂ ᠲᠤᠬᠠᠢᠯᠠᠭᠰᠠᠨ ᠠᠵᠢᠯ᠎ᠤᠨ ᠭᠣᠣᠯᠯᠠᠭ᠍ᠴᠢ ᠲᠤᠬᠠᠢ᠎ᠶᠢᠨ ᠲᠠᠯᠠᠪᠤᠷ᠎ᠤᠨ ᠦᠵᠡᠭᠦᠯᠭᠡ᠂ ᠺᠠᠳ᠋ᠷ ᠬᠠᠷᠢᠯᠴᠠᠨ ᠬᠥᠳᠡᠯᠦᠯᠴᠡᠵᠦ ᠠᠰᠠᠭᠤᠯᠲᠠ ᠠᠰᠠᠭᠤᠬᠤ᠂ ᠪᠣᠳᠠᠲᠤ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ ᠵᠠᠳᠠᠯᠬᠤ ᠲᠥᠷᠥ᠎ᠶᠢᠨ ᠪᠣᠳᠣᠯᠭ᠎ᠠ᠎ᠶᠢ ᠵᠣᠬᠢᠶᠠᠨ ᠪᠠᠢᠭᠤᠯᠵᠤ᠂ ᠭᠠᠳᠠᠭᠠᠳᠤ᠎ᠶᠢᠨ ᠡᠷᠬᠡ᠎ᠪᠠᠨ ᠬᠠᠮᠠᠭᠠᠯᠠᠬᠤ᠂ ᠳᠠᠨᠵᠢᠯᠠᠵᠤ ᠪᠡᠯᠡ ᠲᠣᠬᠢᠷᠠᠭᠤᠯᠬᠤ ᠵᠡᠷᠭᠡ ᠲᠤᠰᠬᠠᠢ ᠲᠤᠬᠠᠢᠯᠠᠭᠰᠠᠨ ᠠᠵᠢᠯ᠎ᠳᠤ ᠴᠢᠭᠯᠡᠭᠦᠯᠦᠨ 《ᠪᠠᠭ᠎ᠠ ᠠᠩᠭᠢ᠎ᠶᠢᠨ ᠵᠢᠭᠠᠨ ᠰᠤᠷᠭᠠᠯᠲᠠ》᠎ᠶᠢ ᠥᠷᠨᠢᠭᠦᠯᠪᠡ᠃ ᠭᠠᠷᠠᠭ᠎ᠤᠨ ᠲᠣᠭ᠍ᠲᠠᠮᠠᠯ ᠬᠤᠷᠠᠯ᠎ᠤᠨ ᠲᠤᠰᠬᠠᠢ ᠰᠡᠳᠦᠪᠲᠦ ᠰᠤᠷᠤᠯᠴᠠᠯᠭ᠎ᠠ᠎ᠶᠢ ᠨᠡᠢᠲᠡ 21ᠬᠤᠭᠤᠴᠠᠭ᠎ᠠ ᠥᠷᠨᠢᠭᠦᠯᠵᠦ᠂ ᠺᠠᠳ᠋ᠷ᠎ᠤᠨ ᠴᠢᠳᠠᠪᠤᠷᠢ᠎ᠶᠢᠨ ᠪᠣᠯᠪᠠᠰᠤᠷᠠᠯ᠎ᠢ 16 ᠬᠤᠭᠤᠴᠠᠭ᠎ᠠ᠂ ᠪᠦᠭᠦ ᠤᠯᠤᠰ᠎ᠤᠨ ᠡᠯ᠎ᠡ ᠭᠠᠵᠠᠷ ᠣᠷᠣᠨ᠎ᠤ ᠮᠡᠳᠡᠯᠭᠡ᠎ᠶᠢᠨ ᠦᠮᠴᠢᠯᠡᠯ᠎ᠤᠨ ᠡᠷᠬᠡ᠎ᠶᠢᠨ ᠰᠦᠯᠵᠢᠶᠡᠨ ᠳᠡᠭᠡᠷᠡᠬᠢ ᠪᠣᠳᠠᠲᠤ ᠶᠠᠪᠤᠳᠠᠯ᠎ᠤᠨ ᠪᠣᠯᠪᠠᠰᠤᠷᠠᠯ᠎ᠢ 13 ᠬᠤᠭᠤᠴᠠᠭ᠎ᠠ ᠵᠣᠬᠢᠶᠠᠨ ᠪᠠᠢᠭᠤᠯᠤᠨ ᠣᠷᠣᠯᠴᠠᠵᠤ᠂ 《ᠰᠤᠷᠤᠯᠴᠠᠯᠭ᠎ᠠ᠎ᠶᠢᠨ ᠱᠤᠭᠤᠮ᠎ᠢᠶᠠᠨ ᠲᠠᠰᠤᠯᠬᠤ ᠦᠭᠡᠢ᠂ ᠪᠣᠳᠠᠲᠤ ᠪᠠᠢᠯᠳᠤᠭᠠᠨ᠎ᠤ ᠤᠷ᠎ᠠ ᠴᠢᠳᠠᠪᠤᠷᠢ ᠪᠤᠯᠪᠠᠰᠤᠷᠠᠭᠤᠯᠬᠤ》᠎ᠶᠢ ᠦᠨᠡᠨ ᠬᠦ᠌ ᠪᠡᠶᠡᠯᠡᠭᠦᠯᠪᠡ᠃
ᠨᠠᠷᠢᠯᠢᠭ᠋ ᠤᠨᠤᠪᠴᠢᠲᠠᠢ᠎ᠪᠠᠷ ᠴᠡᠷᠢᠭ ᠪᠤᠯᠪᠠᠰᠤᠷᠠᠭᠤᠯᠵᠤ᠂ 《ᠪᠦᠭᠦ ᠲᠠᠯ᠎ᠠ᠎ᠪᠠᠷ ᠰᠤᠷᠤᠯᠴᠠᠬᠤ》 ᠡᠴᠡ 《ᠭᠣᠣᠯᠳᠠᠯᠭ᠎ᠠ᠎ᠲᠠᠢ ᠨᠠᠷᠢᠯᠢᠭ᠋》 ᠪᠤᠯᠲᠠᠯ᠎ᠠ ᠭᠠᠳᠠᠭᠠᠳᠤ᠎ᠶᠢᠨ ᠮᠡᠳᠡᠯᠭᠡ᠎ᠶᠢᠨ ᠦᠮᠴᠢᠯᠡᠯ᠎ᠦᠨ ᠡᠷᠬᠡ᠎ᠶᠢᠨ ᠵᠢᠭᠤᠷᠠᠯᠳᠤᠭᠠᠨ᠎ᠢ ᠠᠷᠭᠠᠴᠠᠨ ᠵᠢᠯᠤᠭᠣᠳᠬᠤ ᠣᠷᠣᠨ ᠨᠤᠲᠤᠭ᠎ᠤᠨ ᠬᠤᠪᠢᠶᠠᠷᠢ ᠲᠥᠪ᠎ᠢᠶᠠᠷ ᠠᠵᠠ ᠲᠣᠭᠢᠶᠠᠯ ᠪᠤᠯᠭᠠᠵᠤ᠂ ᠠᠵᠤ ᠠᠬᠤᠢᠯᠠᠯ᠎ᠤᠨ ᠬᠡᠷᠡᠭᠴᠡᠭᠡ ᠱᠠᠭᠠᠷᠳᠠᠯᠭ᠎ᠠ ᠲᠠᠢ ᠨᠢᠭ᠍ᠲᠠ ᠤᠶᠠᠯᠳᠤᠭᠤᠯᠤᠨ᠂ ᠳᠣᠲᠣᠭᠠᠳᠤ᠎ᠳᠦ᠎ᠪᠡᠨ ᠰᠠᠯᠠᠭ᠎ᠠ ᠮᠥᠴᠢᠷ᠎ᠤᠨ ᠡᠭᠦᠷᠭᠡ ᠴᠢᠳᠠᠪᠤᠷᠢ᠎ᠪᠠᠨ ᠪᠠᠳᠠᠷᠠᠭᠤᠯᠵᠤ᠂ ᠨᠠᠷᠢᠯᠢᠭ᠋ ᠤᠨᠤᠪᠴᠢᠲᠠᠢ᠎ᠪᠠᠷ ᠬᠦᠴᠦᠯᠡᠪᠡ᠃ ᠡᠷᠬᠡ ᠠᠰᠢᠭ᠋᠎ᠢ ᠬᠠᠮᠠᠭᠠᠯᠠᠬᠤ ᠲᠤᠰᠠᠯᠠᠮᠵᠢ᠎ᠶᠢᠨ ᠶᠠᠮᠤᠨ ᠡᠸᠦ᠋ᠷᠦᠫᠡ ᠠᠮᠧᠷᠢᠺᠠ ᠶᠠᠫᠤᠨ ᠺᠤᠷᠢᠶᠠ ᠵᠡᠷᠭᠡ ᠭᠣᠣᠯᠳᠠᠯᠭ᠎ᠠ᠎ᠲᠠᠢ ᠵᠠᠬ᠎ᠠ ᠳᠡᠯᠭᠡᠭᠦᠷ᠎ᠤᠨ ᠮᠡᠳᠡᠯᠭᠡ᠎ᠶᠢᠨ ᠦᠮᠴᠢᠯᠡᠯ᠎ᠤᠨ ᠡᠷᠭᠡ᠎ᠶᠢᠨ ᠬᠠᠤᠯᠢ ᠴᠠᠭᠠᠵᠠ᠎ᠶᠢᠨ ᠳᠦᠷᠢᠮ᠎ᠢ ᠰᠢᠰᠲᠧᠮ᠎ᠲᠠᠢ ᠡᠮᠬᠢᠯᠡᠵᠦ᠂ 《ᠠᠵᠤ ᠠᠬᠤᠢᠯᠠᠯ᠎ᠤᠨ ᠭᠠᠳᠠᠭᠠᠳᠤ᠎ᠶᠢᠨ ᠮᠡᠳᠡᠯᠭᠡ᠎ᠶᠢᠨ ᠦᠮᠴᠢᠯᠡᠯ᠎ᠦᠨ ᠡᠷᠬᠡ᠎ᠶᠢᠨ ᠬᠠᠮᠠᠭᠠᠯᠠᠯᠲᠠ᠎ᠶᠢᠨ ᠴᠠᠭᠠᠨ ᠭᠠᠳᠠᠷᠲᠤ ᠪᠢᠴᠢᠭ》᠎ᠢ ᠨᠠᠢᠷᠠᠭᠤᠯᠤᠨ ᠵᠣᠬᠢᠶᠠᠵᠤ᠂ ᠡᠨᠡ ᠵᠢᠯ ᠮᠡᠳᠡᠯᠭᠡ᠎ᠶᠢᠨ ᠦᠮᠴᠢᠯᠡᠯ᠎ᠤᠨ ᠡᠷᠬᠡ᠎ᠶᠢᠨ ᠡᠷᠬᠡ᠎ᠪᠠᠨ ᠬᠠᠮᠠᠭᠠᠯᠠᠬᠤ ᠵᠥᠪᠯᠡᠯᠭᠡ᠎ᠶ᠋ᠢᠨ 70 ᠭᠠᠷᠤᠢ ᠵᠦᠢᠯ᠎ᠢ ᠰᠢᠢᠳᠪᠦᠷᠢᠯᠡᠪᠡ; ᠪᠦᠭᠦ ᠤᠯᠤᠰ᠎ᠤᠨ ᠬᠡᠪᠴᠢᠶᠡᠨ ᠳᠣᠲᠣᠷᠠᠬᠢ ᠳᠠᠨᠵᠢᠯᠠᠭ᠎ᠠ᠎ᠲᠠᠢ ᠪᠡᠯᠡ ᠲᠣᠬᠢᠷᠠᠭᠤᠯᠭ᠎ᠠ᠎ᠶᠢᠨ ᠠᠮᠵᠢᠯᠲᠠ ᠣᠯᠣᠭᠰᠠᠨ ᠬᠡᠷᠡᠭ᠎ᠤᠨ ᠵᠢᠱ᠌ᠢᠶ᠎ᠡ᠎ᠶᠢ ᠰᠤᠳᠤᠯᠬᠤ᠎ᠪᠠᠷ ᠳᠠᠮᠵᠢᠭᠤᠯᠤᠨ ᠮᠡᠳᠡᠯᠭᠡ᠎ᠶᠢᠨ ᠦᠮᠴᠢᠯᠡᠯ᠎ᠤᠨ ᠡᠷᠬᠡ᠎ᠶᠢᠨ ᠳᠠᠨᠵᠢᠯᠠᠭ᠎ᠠ᠎ᠲᠠᠢ ᠪᠡᠯᠡ ᠲᠣᠬᠢᠷᠠᠭᠤᠯᠭ᠎ᠠ᠎ᠶᠢᠨ 《ᠪᠠᠩᠬᠢ ᠠᠵᠤ ᠠᠬᠤᠢᠯᠠᠯ᠎ᠢ ᠵᠣᠯᠭᠠᠭᠤᠯᠬᠤ》ᠠᠵᠢᠯᠯᠠᠭ᠎ᠠ᠎ᠶᠢ ᠢᠳᠡᠪᠬᠢᠲᠡᠢ ᠥᠷᠨᠢᠭᠦᠯᠪᠡ; ᠲᠠᠸᠠᠷ᠎ᠤᠨ ᠲᠡᠮᠳᠡᠭ᠎ᠤᠨ ᠴᠤᠩᠬᠤᠪᠴᠢ᠎ᠪᠠᠷ ᠲᠠᠸᠠᠷ᠎ᠤᠨ ᠲᠡᠮᠳᠡᠭ᠎ᠤᠨ ᠬᠠᠤᠯᠢ᠎ᠶᠢ ᠬᠡᠷᠡᠭᠵᠢᠭᠦᠯᠬᠦ ᠳᠦᠷᠢᠮ᠂ ᠬᠢᠨᠠᠨ ᠪᠠᠢᠴᠠᠭᠠᠬᠤ ᠪᠠᠷᠢᠮᠵᠢᠶ᠎ᠠ᠎ᠶᠢ ᠭᠦᠨᠵᠡᠭᠡᠢ ᠰᠤᠳᠤᠯᠵᠤ᠂ 《ᠲᠠᠸᠠᠷ᠎ᠤᠨ ᠲᠡᠮᠳᠡᠭ ᠬᠢᠭᠡᠳ ᠲᠤᠰᠬᠠᠢ ᠠᠰᠢᠭ᠋᠎ᠤᠨ ᠲᠤᠬᠠᠢᠯᠠᠭᠰᠠᠨ ᠠᠵᠢᠯ᠎ᠤᠨ ᠦᠢᠯᠡᠴᠢᠯᠡᠭᠡᠨ᠎ᠤ ᠵᠦᠭᠯᠡᠭᠦᠷ (1. 0 ᠬᠡᠪᠯᠡᠯ)》᠎ᠢ ᠨᠠᠢᠷᠠᠭᠤᠯᠤᠨ ᠵᠣᠬᠢᠶᠠᠵᠤ᠂ ᠠᠵᠤ ᠠᠬᠤᠢᠯᠠᠯ᠎ᠤᠨ ᠠᠵᠢᠯ ᠶᠠᠪᠤᠳᠠᠯ ᠭᠦᠢᠴᠡᠳᠭᠡᠬᠦ᠌᠎ᠳᠦ 《 ᠦᠵᠡᠮᠡᠭ᠌ᠴᠡ ᠣᠢᠯᠠᠭᠠᠵᠤ᠂ ᠨᠢᠭᠡ ᠯᠡ ᠤᠳᠠᠭ᠎ᠠ᠎ᠳᠤ ᠰᠠᠢᠲᠤᠷ ᠭᠦᠢᠴᠡᠳᠭᠡᠬᠦ᠌》 ᠶ᠋ᠢ ᠪᠡᠶᠡᠯᠡᠭᠦᠯᠪᠡ ᠃
ᠠᠵᠢᠯ᠎ᠤᠨ ᠪᠠᠢᠷᠢ ᠰᠢᠯᠵᠢᠭᠦᠯᠦᠨ ᠡᠭᠡᠯᠵᠢᠯᠡᠨ ᠪᠤᠯᠪᠠᠰᠤᠷᠠᠭᠤᠯᠬᠤ᠎ᠪᠠᠷ ᠳᠠᠮᠵᠢᠭᠤᠯᠤᠨ᠂ ᠦᠢᠯᠡᠳᠦᠯᠭᠡ᠎ᠶᠢᠨ ᠳᠤᠮᠳᠠ ᠲᠤᠬᠠᠢᠯᠠᠭᠰᠠᠨ ᠠᠵᠢᠯ᠎ᠤᠨ ᠣᠯᠠᠨ ᠲᠠᠯ᠎ᠠ᠎ᠶᠢ ᠬᠥᠮᠥᠵᠢᠭᠦᠯᠦᠨ ᠰᠠᠯᠠᠭ᠎ᠠ ᠮᠥᠴᠢᠷ᠎ᠤᠨ ᠡᠭᠦᠷᠭᠡ ᠴᠢᠳᠠᠪᠤᠷᠢ᠎ᠶᠢ ᠰᠢᠯᠢᠳᠡᠭᠵᠢᠭᠦᠯᠬᠦ᠂ ᠠᠵᠢᠯ᠎ᠤᠨ ᠪᠠᠢᠷᠢ ᠡᠭᠡᠯᠵᠢᠯᠡᠭᠦᠯᠬᠦ ᠳᠠᠳᠤᠯᠭ᠎ᠠ ᠪᠣᠯᠪᠠᠰᠤᠷᠠᠯ᠎ᠢ ᠠᠬᠢᠭᠤᠯᠬᠤ᠎ᠪᠠᠷ ᠳᠠᠮᠵᠢᠭᠤᠯᠤᠨ᠂ 《ᠲᠤᠬᠠᠢᠯᠠᠭᠰᠠᠨ ᠠᠵᠢᠯ》᠎ᠢ 《ᠪᠣᠳᠠᠲᠤ ᠶᠠᠪᠤᠳᠠᠯ ᠭᠦᠢᠴᠡᠳᠭᠡᠬᠦ᠌》 ᠲᠡᠢᠰᠢ ᠬᠤᠪᠢᠷᠠᠭᠤᠯᠬᠤ᠎ᠶᠢ ᠦᠷᠭᠦᠯᠵᠢᠯᠡᠨ ᠠᠬᠢᠭᠤᠯᠵᠤ᠂ ᠺᠠᠳ᠋ᠷᠴᠤᠳ᠎ᠢ ᠨᠢᠭᠡᠳᠦᠭᠡᠷ ᠹᠷᠣᠨᠲ᠎ᠲᠤ ᠦᠢᠯᠡᠴᠢᠯᠡᠵᠦ᠂ ᠦᠢᠯᠡᠳᠦᠯᠭᠡ᠎ᠶᠢᠨ ᠳᠤᠮᠳᠠ ᠲᠤᠬᠠᠢᠯᠠᠭᠰᠠᠨ ᠠᠵᠢᠯ᠎ᠤᠨ ᠣᠯᠠᠨ ᠲᠠᠯ᠎ᠠ᠎ᠶᠢ ᠬᠥᠮᠥᠵᠢᠭᠦᠯᠪᠡ᠃ ᠡᠨᠡ ᠵᠢᠯ᠎ᠠᠴᠠ ᠨᠠᠭᠠᠰᠢ᠂ ᠰᠠᠯᠠᠭ᠎ᠠ ᠮᠥᠴᠢᠷ᠎ᠤᠨ ᠠᠵᠢᠯ᠎ᠤᠨ ᠬᠤᠪᠢᠶᠠᠷᠢᠯᠠᠯ᠎ᠢ ᠰᠢᠯᠢᠳᠡᠭᠵᠢᠭᠦᠯᠬᠦ ᠪᠠ 6 ᠬᠥᠮᠥᠨ ᠤᠳᠠᠭ᠎ᠠ᠎ᠶᠢᠨ ᠠᠵᠢᠯ᠎ᠤᠨ ᠪᠠᠢᠷᠢ᠎ᠶᠢᠨ ᠲᠣᠬᠢᠷᠠᠭᠤᠯᠤᠯᠲᠠ᠎ᠶᠢ ᠪᠡᠶᠡᠯᠡᠭᠦᠯᠵᠦ᠂ ᠡᠩᠨᠡᠭᠡᠨ᠎ᠤ ᠳᠠᠯᠳᠠ ᠴᠢᠳᠠᠪᠤᠷᠢ᠎ᠶᠢ ᠤᠯᠠᠮ ᠨᠢᠭᠡ ᠠᠯᠬᠤᠮ ᠬᠥᠭᠵᠢᠭᠡᠪᠡ᠃