ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ ᠤᠰᠤᠨ ᠠᠰᠢᠭ᠍ᠯᠠᠯᠲᠠ᠎ᠶᠢᠨ ᠬᠦᠷᠢᠶ᠎ᠡ ᠴᠠᠷᠠᠭ᠎ᠠ᠎ᠶ᠋ᠢᠨ ᠪᠠᠷᠢᠮᠵᠢᠶ᠎ᠠ᠎ᠶᠢ ᠬᠡᠷᠡᠭᠵᠢᠭᠦᠯᠦᠭᠰᠡᠨ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ ᠲᠥᠷᠥᠯ ᠵᠦᠢᠯ ᠪᠠ ᠳᠡᠯᠭᠡᠷᠡᠭᠦᠯᠦᠨ ᠬᠡᠷᠡᠭᠵᠢᠭᠦᠯᠬᠦ᠎ᠶᠢ ᠬᠤᠳᠠᠯᠳᠤᠨ ᠠᠪᠬᠤ ᠵᠠᠷᠯᠠᠯ
2025-11-27

ᠨᠢᠭᠡ᠂ ᠳᠠᠭᠠᠭᠠᠴᠢᠯᠠᠯᠲᠠ ᠵᠠᠷᠯᠠᠬᠤ ᠨᠥᠬᠥᠴᠡᠯ

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠬᠢᠵᠠᠭᠠᠷᠯᠠᠭᠰᠠᠨ ᠲᠣᠭ᠎ᠠ᠎ᠠᠴᠠ ᠳᠣᠷᠣᠭ᠍ᠰᠢᠬᠢ ᠳᠥᠭᠦᠮ ᠳᠠᠭᠠᠭᠠᠴᠢᠯᠠᠯᠲᠠ ᠵᠠᠷᠯᠠᠬᠤ ᠠᠷᠭ᠎ᠠ ᠮᠠᠶᠢᠭ᠋᠎ᠢ ᠬᠡᠷᠡᠭᠯᠡᠨ ᠤᠰᠤᠨ ᠠᠰᠢᠭ᠍ᠯᠠᠯᠲᠠ᠎ᠶᠢᠨ ᠬᠦᠷᠢᠶ᠎ᠡ ᠴᠠᠷᠠᠭ᠎ᠠ᠎ᠶᠢᠨ ᠪᠠᠷᠢᠮᠵᠢᠶ᠎ᠠ᠎ᠶᠢ ᠬᠡᠷᠡᠭᠵᠢᠭᠦᠯᠦᠭᠰᠡᠨ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ ᠲᠥᠷᠥᠯ ᠵᠦᠢᠯ᠎ᠢ ᠬᠤᠳᠠᠯᠳᠤᠨ ᠠᠪᠤᠨ᠎ᠠ ᠃ ᠬᠢᠷᠢ ᠭᠡᠮ᠎ᠤᠨ ᠨᠥᠬᠥᠴᠡᠯ᠎ᠳᠤ ᠨᠡᠢᠴᠡᠬᠦ ᠬᠠᠩᠭᠠᠯᠭ᠎ᠠ᠎ᠶᠢᠨ ᠬᠤᠳᠠᠯᠳᠤᠭᠠᠴᠢᠨ ᠢᠷᠡᠵᠦ ᠨᠡᠷ᠎ᠡ ᠮᠡᠳᠡᠭᠦᠯᠵᠦ ᠣᠷᠤᠯᠴᠠᠬᠤ᠎ᠶᠢ ᠪᠠᠶᠠᠷᠯᠠᠨ ᠤᠭᠲᠤᠶ᠎ᠠ᠃

ᠬᠣᠶᠠᠷ᠂ ᠲᠥᠷᠥᠯ ᠵᠦᠢᠯ᠎ᠤᠨ ᠲᠣᠢᠮᠣ᠌ ᠪᠠᠢᠳᠠᠯ

2.1ᠲᠥᠷᠥᠯ ᠵᠦᠢᠯ᠎ᠤᠨ ᠨᠡᠷᠡᠢᠳᠦᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ ᠤᠰᠤᠨ ᠠᠰᠢᠭ᠍ᠯᠠᠯᠲᠠ᠎ᠶᠢᠨ ᠬᠦᠷᠢᠶ᠎ᠡ ᠴᠠᠷᠠᠭ᠎ᠠ᠎ᠶᠢᠨ ᠪᠠᠷᠢᠮᠵᠢᠶ᠎ᠠ᠎ᠶᠢ ᠬᠡᠷᠡᠭᠵᠢᠭᠦᠯᠦᠭᠰᠡᠨ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ ᠪᠠ ᠳᠡᠯᠭᠡᠷᠡᠭᠦᠯᠦᠨ ᠬᠡᠷᠡᠭᠵᠢᠭᠦᠯᠬᠦ

2.2ᠬᠤᠳᠠᠯᠳᠤᠨ ᠠᠪᠬᠤ ᠬᠡᠪᠴᠢᠶ᠎ᠡ᠄ ᠬᠤᠳᠠᠯᠳᠤᠨ ᠠᠪᠬᠤ ᠪᠢᠴᠢᠭ ᠮᠠᠲᠧᠷᠢᠶᠠᠯ᠎ᠠᠴᠠ ᠨᠠᠷᠢᠨ ᠦᠵᠡᠭᠡᠷᠡᠢ

2.3ᠦᠢᠯᠡᠴᠢᠯᠡᠭᠡᠨ᠎ᠤ ᠬᠦᠷᠢᠶ᠎ᠡ ᠬᠡᠪᠴᠢᠶ᠎ᠡ᠄ ᠬᠤᠳᠠᠯᠳᠤᠨ ᠠᠪᠬᠤ ᠪᠢᠴᠢᠭ ᠮᠠᠲᠧᠷᠢᠶᠠᠯ᠎ᠠᠴᠠ ᠨᠠᠷᠢᠨ ᠦᠵᠡᠭᠡᠷᠡᠢ

2.4 ᠶᠡᠷᠦᠩᠬᠡᠢ ᠲᠥᠰᠥᠪ᠎ᠤᠨ ᠵᠣᠭᠣᠰ᠎ᠤᠨ ᠲᠣᠭ᠎ᠠ᠄ 200000 ᠲᠥᠭᠥᠷᠢᠭ (ᠭᠠᠢᠯᠢ ᠪᠠᠭᠲᠠᠨ᠎ᠠ

2.5 ᠶᠠᠰᠤ ᠴᠢᠨᠠᠷ᠎ᠤᠨ ᠪᠠᠷᠢᠮᠵᠢᠶ᠎ᠠ᠄ ᠣᠳᠣ᠌᠎ᠶᠢᠨ ᠬᠡᠷᠡᠭᠵᠢᠭᠦᠯᠵᠦ ᠪᠦᠬᠦᠢ ᠤᠯᠤᠰ ᠵᠢᠴᠢ ᠵᠣᠬᠢᠬᠤ ᠠᠵᠢᠯ ᠳᠥᠷᠦᠯ᠎ᠤᠨ ᠪᠠᠷᠢᠮᠵᠢᠶ᠎ᠠ᠎ᠶᠢ ᠬᠡᠷᠡᠭᠵᠢᠭᠦᠯᠵᠦ᠂ ᠮᠠᠨ᠎ᠤ ᠲᠣᠪᠴᠢᠶ᠎ᠠ᠎ᠶᠢᠨ ᠲᠤᠰᠢᠶᠠᠭᠰᠠᠨ ᠡᠭᠦᠷᠭᠡ᠎ᠶᠢ ᠪᠡᠶᠡᠯᠡᠭᠦᠯᠦᠨ᠎ᠡ᠃

2.6 ᠦᠢᠯᠡᠴᠢᠯᠡᠭᠡᠨ᠎ᠤ ᠬᠤᠭᠤᠴᠠᠭ᠎ᠠ᠄ ᠭᠡᠷ᠎ᠡ ᠲᠣᠭᠲᠠᠭᠰᠠᠨ ᠡᠳᠦᠷ᠎ᠠᠴᠠ ᠡᠬᠢᠯᠡᠨ 2026 ᠣᠨ᠎ᠤ 3 ᠳ᠋ᠤᠭᠠᠷ ᠰᠠᠷ᠎ᠠ᠎ᠶᠢᠨ 31᠎ᠤ ᠡᠳᠦᠷ᠃

ᠭᠤᠷᠪᠠ᠂ ᠬᠠᠩᠭᠠᠯᠭ᠎ᠠ᠎ᠶᠢᠨ ᠬᠤᠳᠠᠯᠳᠤᠭᠠᠴᠢᠨ᠎ᠤ ᠬᠢᠷᠢ ᠭᠡᠮ᠎ᠤᠨ ᠱᠠᠭᠠᠷᠳᠠᠯᠭ᠎ᠠ

1.《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ》᠎ᠶᠢᠨ ᠬᠣᠷᠢᠨ ᠬᠣᠶᠠᠳᠤᠭᠠᠷ ᠵᠤᠷᠪᠤᠰ᠎ᠦᠨ ᠲᠣᠭᠲᠠᠭᠠᠯ᠎ᠢ ᠬᠠᠩᠭᠠᠨ᠎ᠠ

2.ᠲᠣᠰ ᠲᠥᠷᠥᠯ ᠵᠦᠢᠯ ᠤᠨᠣᠨᠴᠠᠭᠠᠢ ᠲᠣᠭᠲᠠᠭᠰᠠᠨ ᠬᠢᠷᠢ ᠭᠡᠮ᠎ᠤᠨ ᠱᠠᠭᠠᠷᠳᠠᠯᠭ᠎ᠠ᠄ (1) ᠬᠠᠷᠢᠭᠤ ᠲᠤᠰᠬᠠᠯ ᠭᠠᠷᠭᠠᠬᠤ ᠪᠢᠴᠢᠭ ᠮᠠᠲᠧᠷᠢᠶᠠᠯ᠎ᠢ ᠲᠤᠰᠢᠶᠠᠬᠤ ᠴᠠᠭ ᠲᠣᠯᠣᠭᠠᠳ᠂ ᠬᠠᠩᠭᠠᠯᠭ᠎ᠠ᠎ᠶᠢᠨ ᠬᠤᠳᠠᠯᠠᠳᠤᠭᠠᠴᠢᠨ ᠢᠲᠡᠭᠡᠯ ᠠᠯᠳᠠᠭᠰᠠᠨ ᠭᠦᠢᠴᠡᠳᠬᠡᠭᠳᠡᠭᠴᠢ᠂ ᠴᠢᠬᠤᠯᠠ ᠶᠡᠬᠡ ᠭᠠᠢᠯᠢ ᠲᠠᠲᠠᠪᠤᠷᠢ᠎ᠶᠢᠨ ᠬᠠᠤᠯᠢ᠎ᠶᠢ ᠵᠥᠷᠢᠴᠡᠵᠦ ᠢᠲᠡᠭᠡᠯ ᠠᠯᠳᠠᠭᠰᠠᠨ ᠭᠣᠣᠯ ᠴᠣᠭᠴᠠ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠲᠡᠮᠳᠡᠭᠯᠡᠭᠰᠡᠨ ᠦᠭᠡᠢ (《ᠢᠲᠡᠭᠡᠮᠵᠢᠲᠦ ᠳᠤᠮᠳᠠᠳᠤ ᠤᠯᠤᠰ》᠎ᠤᠨ ᠰᠦᠯᠵᠢᠶᠡᠨ ᠥᠷᠲᠡᠭᠡ ᠪᠠ 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》᠎ᠶᠢᠨ ᠢᠲᠡᠭᠡᠮᠵᠢ᠎ᠶᠢᠨ ᠲᠡᠮᠳᠡᠭᠯᠡᠯ᠎ᠢ ᠪᠠᠢᠴᠠᠭᠠᠨ ᠯᠠᠪᠯᠠᠬᠤ᠎ᠪᠠᠷ ᠳᠠᠮᠵᠢᠭᠤᠯᠤᠨ ᠪᠠᠷᠢᠮᠵᠢᠶ᠎ᠠ ᠪᠣᠯᠭᠠᠨ᠎ᠠ)᠃ (2) ᠬᠠᠤᠯᠢ᠎ᠪᠠᠷ ᠲᠣᠭᠲᠠᠭᠠᠭᠰᠠᠨ ᠲᠥᠯᠥᠭᠡᠯᠡᠭᠴᠢ᠎ᠶᠢᠨ ᠪᠡᠶ᠎ᠡ᠎ᠶᠢᠨ ᠦᠨᠡᠮᠯᠡᠯ ᠪᠤᠶᠤ ᠡᠷᠬᠡ ᠣᠯᠭᠣᠭᠰᠠᠨ ᠨᠠᠶ᠋ᠢᠳᠠᠯᠭ᠎ᠠ᠎ᠶᠢᠨ ᠪᠢᠴᠢᠭ;(3)ᠣᠯᠠᠨ ᠦᠨᠡᠮᠯᠡᠯ᠎ᠢ ᠨᠢᠭᠡᠳᠭᠡᠭᠰᠡ ᠡᠵᠡᠭᠨᠡᠯᠡᠯᠲᠡ᠎ᠶᠢᠨ ᠦᠨᠡᠮᠯᠡᠯ᠎ᠤᠨ ᠬᠠᠭᠤᠯᠪᠤᠷᠢ ᠳᠡᠪᠲᠡᠷ᠃ (4)ᠵᠠᠰᠠᠭ᠎ᠤᠨ ᠣᠷᠳᠣᠨ᠎ᠤ ᠬᠤᠳᠠᠯᠳᠤᠨ ᠠᠪᠬᠤ᠎ᠠᠴᠠ ᠡᠮᠦᠨᠡᠬᠢ ᠭᠤᠷᠪᠠᠨ ᠵᠢᠯ᠎ᠤᠨ ᠳᠣᠲᠣᠷ᠎ᠠ ᠡᠵᠡᠩᠨᠡᠯᠲᠡ᠎ᠶᠢᠨ ᠠᠵᠢᠯᠯᠠᠭ᠎ᠠ᠎ᠳᠤ ᠣᠷᠤᠯᠴᠠᠬᠤ᠎ᠳᠤ ᠬᠠᠤᠯᠢ᠎ᠠᠴᠠ ᠵᠥᠷᠢᠴᠡᠭᠰᠡᠨ ᠬᠦᠨᠳᠦ ᠶᠡᠬᠡ ᠲᠡᠮᠳᠡᠭᠯᠡᠯ᠎ᠤᠨ ᠪᠢᠴᠢᠭ᠎ᠤᠨ ᠢᠯᠡᠷᠬᠡᠢᠯᠡᠯᠲᠡ ᠪᠠᠢᠬᠤ ᠦᠭᠡᠢ᠃ (5)ᠬᠤᠳᠠᠯᠳᠤᠭ᠎ᠠ ᠬᠠᠩᠭᠠᠭ᠍ᠴᠢ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ᠎ᠶᠢ ᠴᠠᠭᠠᠵᠠᠯᠠᠭᠰᠠᠨ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ ᠠᠪᠣᠭ᠍ᠰᠠᠨ ᠦᠭᠡᠢ ᠪᠤᠶᠤ ᠵᠠᠰᠠᠭ ᠵᠠᠬᠢᠷᠭᠠᠨ᠎ᠤ ᠰᠢᠢᠳᠬᠡᠯ ᠤᠯᠣᠭ᠍ᠰᠠᠨ ᠪᠤᠯᠪᠠᠴᠦ᠍ ᠬᠣᠭᠣᠴᠠᠭ᠎ᠠ ᠨᠢ ᠳᠦᠭᠦᠷᠡᠭ᠌ᠰᠡᠨ ᠭᠡᠰᠡᠨ ᠪᠢᠴᠢᠭ᠎ᠦᠨ ᠢᠯᠡᠷᠭᠡᠢᠯᠡᠯᠲᠡ ( ᠬᠡᠯᠪᠡᠷᠢ ᠮᠠᠶᠢᠭ᠎ᠲᠤ ᠬᠠᠩᠭᠠᠯᠭ᠎ᠠ᠎ᠶ᠋ᠢᠨ ᠬᠤᠳᠠᠯᠳᠣᠭᠠᠴᠢᠨ᠎ᠤ ᠠᠯᠪᠠᠨ ᠲᠠᠮᠠᠭ᠎ᠠ᠎ᠶ᠋ᠢ ᠳᠠᠷᠣᠨ᠎ᠠ)᠃

3.ᠡᠢᠮᠦᠷᠬᠦᠦ ᠠᠵᠢᠯᠯᠠᠭ᠎ᠠ ᠡᠷᠭᠢᠯᠡᠬᠦ ᠶ᠋ᠢᠨ ᠭᠡᠷᠡᠴᠢ ᠮᠠᠲᠧᠷᠢᠶᠠᠯ ᠃

4.ᠲᠣᠰ ᠲᠥᠷᠥᠯ ᠵᠦᠢᠯ ᠨᠢ ᠬᠣᠯᠪᠣᠭᠠᠲᠤ ᠴᠣᠭᠴᠠ᠎ᠶᠢᠨ ᠣᠷᠣᠯᠴᠠᠬᠤ᠎ᠶᠢ ᠬᠦᠯᠢᠶᠡᠬᠦ ᠦᠭᠡᠢ᠃

ᠳᠥᠷᠪᠡ᠂ ᠬᠤᠳᠠᠯᠳᠤᠨ ᠠᠪᠬᠤ ᠪᠢᠴᠢᠭ ᠮᠠᠲᠧᠷᠢᠶᠠᠯ᠎ᠢ ᠣᠯᠵᠤ ᠠᠪᠬᠤ

4.1ᠠᠪᠬᠤ ᠨᠥᠬᠥᠴᠡᠯ᠄ ᠬᠤᠳᠠᠯᠳᠤᠭ᠎ᠠ ᠬᠠᠩᠭᠠᠭ᠍ᠴᠢ ᠲᠣᠰ ᠵᠠᠷᠯᠠᠯ᠎ᠲᠤ ᠲᠣᠭᠲᠠᠭᠠᠭᠰᠠᠨ ᠴᠠᠭ᠎ᠤᠨ ᠳᠣᠲᠣᠷ᠎ᠠ ᠬᠤᠳᠠᠯᠳᠤᠭ᠎ᠠ ᠬᠠᠩᠭᠠᠭ᠍ᠴᠢ᠎ᠶᠢᠨ ᠠᠯᠪᠠᠨ ᠲᠠᠮᠠᠭ᠎ᠠ᠎ᠶᠢ ᠳᠠᠷᠤᠭᠰᠠᠨ ᠳᠣᠣᠷᠠᠬᠢ ᠮᠠᠲᠧᠷᠢᠶᠠᠯ᠎ᠤᠨ ᠬᠠᠭᠤᠯᠪᠤᠷᠢ᠎ᠶᠢ ᠲᠤᠰᠢᠶᠠᠬᠤ ᠬᠡᠷᠡᠭᠲᠡᠢ᠄

 (1)ᠠᠵᠤ ᠠᠬᠤᠢᠯᠠᠯ᠎ᠤᠨ ᠬᠠᠤᠯᠢ᠎ᠶᠢᠨ ᠡᠷᠬᠡᠲᠡᠨ᠎ᠤ ᠡᠵᠡᠩᠨᠡᠯᠲᠡ᠎ᠶᠢᠨ ᠦᠨᠡᠮᠯᠡᠯ᠂ ᠵᠣᠬᠢᠶᠠᠨ ᠪᠠᠢᠭᠤᠯᠤᠯᠲᠠ᠎ᠶᠢᠨ ᠪᠠᠢᠭᠤᠯᠤᠮᠵᠢ᠎ᠶᠢᠨ ᠣᠷᠣᠯᠠᠬᠤ ᠲᠡᠮᠳᠡᠭ᠎ᠤᠨ ᠦᠨᠡᠮᠯᠡᠯ᠂ ᠭᠠᠢᠯᠢ᠎ᠶᠢᠨ ᠶᠠᠪᠤᠳᠠᠯ᠎ᠤᠨ ᠳᠠᠩᠰᠠᠯᠠᠭᠤᠯᠤᠭᠰᠠᠨ ᠦᠨᠡᠮᠯᠡᠯ (ᠪᠤᠶᠤ ᠭᠤᠷᠪᠠᠨ ᠦᠨᠡᠮᠯᠡᠯ᠎ᠢ ᠨᠢᠭᠡᠳᠬᠡᠭᠰᠡᠨ ᠡᠵᠡᠩᠨᠡᠯᠲᠡ᠎ᠶᠢᠨ ᠦᠨᠡᠮᠯᠡᠯ)

 (2)ᠬᠠᠤᠯᠢ᠎ᠶᠢᠨ ᠡᠷᠬᠡᠲᠡᠨ᠎ᠤ ᠡᠷᠬᠡ ᠣᠯᠭᠣᠭᠰᠠᠨ ᠨᠠᠶ᠋ᠢᠳᠠᠯᠭ᠎ᠠ᠎ᠶᠢᠨ ᠪᠢᠴᠢᠭ ᠵᠢᠴᠢ ᠨᠠᠶ᠋ᠢᠳᠠᠯᠭ᠎ᠠ ᠬᠦᠯᠢᠶᠡᠭᠴᠢ᠎ᠶᠢᠨ ᠪᠡᠶ᠎ᠡ᠎ᠶᠢᠨ ᠦᠨᠡᠮᠯᠡᠯ;

4.2  ᠠᠪᠬᠤ ᠴᠠᠭ᠄ 2025 ᠣᠨ᠎ᠤ 11 ᠳ᠋ᠦᠭᠡᠷᠰᠠᠷ᠎ᠠ᠎ᠶᠢᠨ 21᠎ᠤ ᠡᠳᠦᠷ᠎ᠤᠨ 09᠄ 00᠎ᠠᠴᠠ 2025 ᠣᠨ᠎ᠤ 11 ᠳ᠋ᠦᠭᠡᠷ ᠰᠠᠷ᠎ᠠ᠎ᠶᠢᠨ 25᠎ᠤ ᠡᠳᠦᠷ 17᠄ 00 ᠴᠠᠭ᠃

4.3 ᠠᠪᠬᠤ ᠭᠠᠵᠠᠷ᠄ ᠲᠤᠬᠠᠢ᠎ᠶᠢᠨ ᠲᠠᠯᠠᠪᠤᠷ᠎ᠲᠤ ᠨᠡᠷ᠎ᠡ ᠮᠡᠳᠡᠭᠦᠯᠬᠦ (ᠨᠡᠷ᠎ᠡ ᠮᠡᠳᠡᠭᠦᠯᠬᠦ ᠮᠠᠲᠧᠷᠢᠶᠠᠯ᠎ᠢᠶᠠᠨ ᠲᠤᠰᠢᠶᠠᠬᠤ)  ᠪᠤᠶᠤ mngbzch@163.com᠎ᠲᠤ ᠬᠦᠷᠭᠡᠨ᠎ᠡ᠃ ᠬᠢᠵᠠᠭᠠᠷᠯᠠᠭᠰᠠᠨ ᠬᠤᠭᠤᠴᠠᠭᠠᠨ ᠡᠴᠡ ᠬᠡᠲᠦᠷᠡᠨ ᠲᠤᠰᠢᠶᠠᠭᠰᠠᠨ ᠮᠠᠲᠧᠷᠢᠶᠠᠯ᠎ᠢ ᠬᠦᠯᠢᠶᠡᠨ ᠠᠪᠬᠤ ᠦᠭᠡᠢ᠃

ᠲᠠᠪᠤ᠂ ᠲᠣᠰ ᠲᠥᠷᠥᠯ ᠵᠦᠢᠯ᠎ᠳᠤ ᠬᠢᠷᠢ ᠬᠡᠮ᠎ᠤᠨ ᠳᠠᠷᠠᠭᠠᠬᠢ ᠬᠢᠨᠠᠯᠲᠠ᠎ᠶᠢ ᠬᠡᠷᠡᠭᠵᠢᠭᠦᠯᠵᠦ᠂ ᠬᠠᠷᠢᠭᠤ ᠲᠤᠰᠬᠠᠯ ᠭᠠᠷᠭᠠᠬᠤ ᠪᠢᠴᠢᠭ ᠮᠠᠲᠧᠷᠢᠶᠠᠯ᠎ᠤᠨ ᠳᠣᠲᠣᠷ᠎ᠠ ᠡᠷᠬᠡᠪᠰᠢ ᠬᠢᠷᠢ ᠬᠡᠮ᠎ᠤᠨ ᠬᠢᠨᠠᠨ ᠪᠠᠢᠴᠠᠭᠠᠯᠲᠠ᠎ᠶᠢᠨ ᠮᠠᠲᠧᠷᠢᠶᠠᠯ᠎ᠤᠨ ᠬᠠᠭᠤᠯᠪᠤᠷᠢ ᠶ᠋ᠢ ᠳᠡᠪᠲᠡᠷᠯᠡᠬᠦ ᠬᠡᠷᠡᠭᠲᠡᠢ᠃ ᠱᠠᠭᠠᠷᠳᠠᠯᠭ᠎ᠠ ᠶᠣᠰᠣᠭᠠᠷ ᠳᠡᠪᠲᠡᠷᠯᠡᠭᠰᠡᠨ ᠦᠭᠡᠢ ᠪᠣᠯ ᠂ ᠬᠢᠷᠢ ᠬᠡᠮ᠎ᠢ ᠨᠢ ᠬᠦᠴᠦᠨ ᠦᠭᠡᠢ ᠪᠣᠯᠭᠠᠭᠰᠠᠨ᠎ᠢᠶᠠᠷ ᠦᠵᠡᠵᠦ ᠂ ᠳᠠᠬᠢᠵᠦ ᠬᠢᠨᠠᠨ ᠲᠣᠭᠲᠠᠭᠠᠯᠲᠠ᠎ᠳᠤ ᠣᠷᠣᠯᠴᠠᠬᠤ ᠦᠭᠡᠢ ᠃

ᠵᠢᠷᠭᠤᠭ᠎ᠠ᠂ ᠬᠠᠷᠢᠭᠤ ᠳᠣᠰᠭᠠᠯ ᠭᠠᠷᠭᠠᠬᠤ ᠪᠢᠴᠢᠭ ᠮᠠᠲᠧᠷᠢᠶᠠᠯ᠎ᠢ ᠲᠣᠰᠢᠶᠠᠬᠤ

6.1 ᠬᠠᠷᠢᠭᠤ ᠳᠣᠰᠭᠠᠯ ᠭᠠᠷᠭᠠᠬᠤ ᠪᠢᠴᠢᠭ ᠮᠠᠲᠧᠷᠢᠶᠠᠯ᠎ᠢ ᠲᠤᠰᠢᠶᠠᠬᠤ ᠡᠴᠦᠰ᠎ᠤᠨ ᠴᠠᠭ ᠨᠢ 2025 ᠣᠨ᠎ᠤ 11ᠳ᠋ᠦ᠋ᠭᠡᠷ ᠰᠠᠷ᠎ᠠ᠎ᠶᠢᠨ 27᠎ᠤ ᠡᠳᠦᠷ 17 ᠴᠠᠭ᠂ ᠭᠠᠵᠠᠷ ᠣᠷᠣᠨ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ 525 ᠠᠯᠪᠠᠨ ᠭᠡᠷ᠃

6.2 ᠬᠤᠭᠤᠴᠠᠭ᠎ᠠ ᠬᠡᠲᠦᠷᠡᠭᠡᠳ ᠬᠦᠷᠭᠡᠭᠰᠡᠨ ᠪᠤᠶᠤ ᠲᠣᠭᠲᠠᠭᠰᠠᠨ ᠭᠠᠵᠠᠷ᠎ᠲᠤ ᠦᠯᠦ ᠬᠦᠷᠭᠡᠭᠰᠡᠨ ᠬᠠᠷᠢᠭᠤ ᠳᠣᠰᠭᠠᠯ ᠭᠠᠷᠭᠠᠬᠤ ᠪᠢᠴᠢᠭ ᠮᠠᠲᠧᠷᠢᠶᠠᠯ᠎ᠢ ᠳᠠᠭᠠᠭᠠᠴᠢᠯᠠᠯᠲᠠ ᠵᠠᠷᠯᠠᠭ᠍ᠴᠢ ᠬᠦᠯᠢᠶᠡᠨ ᠠᠪᠴᠤ ᠰᠢᠢᠳᠪᠦᠷᠢᠯᠡᠬᠦ ᠦᠭᠡᠢ ᠃

ᠳᠣᠯᠤᠭ᠎ᠠ᠂ ᠵᠠᠷᠯᠠᠨ ᠨᠡᠢᠲᠡᠯᠡᠬᠦ ᠬᠤᠭᠤᠴᠠᠭ᠎ᠠ

ᠲᠣᠰ ᠵᠠᠷᠯᠠᠯ ᠢ ᠨᠡᠢᠲᠡᠯᠡᠭᠰᠡᠨ ᠡᠳᠦᠷ᠎ᠠᠴᠠ ᠡᠬᠢᠯᠡᠨ 3 ᠠᠵᠢᠯᠯᠠᠬᠤ ᠡᠳᠦᠷ ᠃

ᠨᠠᠢ᠍ᠮᠠ᠂ ᠬᠠᠷᠢᠯᠴᠠᠬᠤ ᠠᠷᠭ᠎ᠠ ᠮᠠᠶᠢᠭ᠋

ᠬᠤᠳᠠᠯᠳᠤᠨ ᠠᠪᠬᠤ ᠨᠢᠭᠡᠴᠢ᠎ᠶᠢᠨ ᠨᠡᠷᠡᠢᠳᠦᠯ ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ ᠪᠠᠷᠢᠮᠵᠢᠶᠠᠵᠢᠯ᠎ᠤᠨ ᠭᠠᠵᠠᠷ

ᠬᠠᠶᠢᠭ᠋᠄ ᠬᠥᠬᠡᠬᠤᠲᠠ᠎ᠶᠢᠨ ᠰᠠᠢᠬᠠᠨ ᠲᠣᠭᠣᠷᠢᠭ᠋᠎ᠤᠨ ᠵᠢᠨᠴᠢᠶᠣᠣ ᠨᠡᠭᠡᠭᠡᠯᠲᠡ᠎ᠶᠢᠨ ᠲᠣᠭᠣᠷᠢᠭ᠋᠎ᠤᠨ ᠱᠢ ᠵᠢᠢ ᠳᠦᠷᠪᠷᠳᠦᠭᠡᠷ ᠵᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ

ᠬᠠᠷᠢᠯᠴᠠᠬᠤ ᠬᠥᠮᠥᠨ᠄ ᠹᠧᠢ ᠢ

ᠬᠠᠷᠢᠯᠴᠠᠬᠤ ᠤᠲᠠᠰᠤ᠄ 0471 - 6628370

 

ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠣᠯᠲᠠ᠎ᠶ᠋ᠢᠨ ᠲᠤᠪᠴᠢᠶ᠎ᠠ᠎ᠶ᠋ᠢᠨ ᠪᠠᠷᠢᠮᠵᠢᠶᠠᠵᠢᠯ᠎ᠤᠨ ᠭᠠᠵᠠᠷ