ᠢᠳᠡᠭᠡᠨ᠎ᠤ ᠡᠵᠡᠩᠨᠡᠯᠲᠡ᠎ᠶ᠋ᠢᠨ ᠵᠥᠪᠱᠢᠶᠡᠷᠡᠯ᠎ᠤᠨ ᠬᠠᠮᠢᠶᠠᠷᠤᠯᠲᠠ᠎ᠶ᠋ᠢ ᠤᠯᠠᠮ ᠨᠢᠭᠡ ᠠᠯᠬᠤᠮ ᠵᠢᠷᠣᠮᠵᠢᠭᠤᠯᠬᠤ ᠪᠠ ᠵᠥᠪᠱᠢᠶᠡᠷᠡᠯ᠎ᠤᠨ ᠠᠵᠢᠯ᠎ᠤᠨ ᠪᠠᠷᠢᠮᠵᠢᠶᠠᠵᠢᠭᠤᠯᠬᠤ ᠬᠢᠷᠢ ᠲᠦᠪᠰᠢᠨ᠎ᠢ ᠳᠡᠭᠡᠭ᠌ᠰᠢᠯᠡᠭᠦᠯᠬᠦ᠌᠎ᠶ᠋ᠢᠨ ᠲᠦᠯᠦᠭᠡ᠂ 《ᠢᠳᠡᠭᠡᠨ᠎ᠦ ᠡᠵᠡᠩᠨᠡᠯᠲᠡ ᠶᠢᠨ ᠵᠥᠪᠱᠢᠶᠡᠷᠡᠯ ᠪᠠ ᠳᠠᠩᠰᠠᠯᠠᠭᠤᠯᠬᠤ ᠬᠠᠮᠢᠶᠠᠷᠤᠯᠲᠠ᠎ᠶ᠋ᠢᠨ ᠠᠷᠭ᠎ᠠ》᠂ 《ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠡᠯᠧᠺᠲᠷᠣᠨ ᠦᠨᠡᠮᠯᠡᠯ᠎ᠤᠨ ᠢᠳᠡᠭᠡᠨ᠎ᠦ ᠡᠵᠡᠩᠨᠡᠯᠲᠡ᠎ᠶᠢᠨ ᠵᠥᠪᠱᠢᠶᠡᠷᠡᠯ᠎ᠤᠨ ᠦᠨᠡᠮᠯᠡᠯ》 (SG 29- 2024) ᠵᠡᠷᠭᠡ ᠲᠣᠭ᠍ᠲᠠᠭᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ᠎ᠪᠠᠨ ᠤᠶᠠᠯᠳᠣᠭᠣᠯᠵᠦ᠂ ᠪᠥᠬᠦ᠌ ᠣᠷᠣᠨ᠎ᠤ ᠬᠡᠪᠴᠢᠶᠡᠨ᠎ᠳᠤ ᠱᠢᠨ᠎ᠡ ᠬᠡᠪᠯᠡᠯ᠎ᠤᠨ 《ᠢᠳᠡᠭᠡᠨ᠎ᠤ ᠡᠵᠡᠩᠨᠡᠯᠲᠡ᠎ᠶ᠋ᠢᠨ ᠵᠥᠪᠱᠢᠶᠡᠷᠡᠯ᠎ᠤᠨ ᠦᠨᠡᠮᠯᠡᠯ》᠎ᠢ ᠡᠬᠢᠯᠡᠵᠦ ᠬᠡᠷᠡᠭᠵᠢᠭᠦᠯᠬᠦ᠎ᠪᠠᠷ ᠲᠤᠭᠲᠠᠭ᠋ᠠᠪᠠ᠃ ᠡᠳᠦᠭᠡ ᠬᠤᠯᠪᠣᠭ᠍ᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠵᠠᠷᠯᠠᠶ᠎ᠠ᠄
ᠨᠢᠭᠡ᠂ ᠡᠬᠢᠯᠡᠵᠦ ᠬᠡᠷᠡᠭᠵᠢᠭᠦᠯᠬᠦ ᠴᠠᠭ ᠬᠤᠭᠤᠴᠠᠭ᠎ᠠ
2026 ᠣᠨ᠎ᠤ 1 ᠳ᠋ᠦ᠍ᠭᠡᠷ ᠰᠠᠷ᠎ᠠ᠎ᠶ᠋ᠢᠨ 12 ᠤᠨ ᠡᠳᠦᠷ᠎ᠠᠴᠠ ᠡᠬᠢᠯᠡᠨ᠂ ᠪᠥᠬᠦ᠌ ᠣᠷᠣᠨ᠎ᠤ ᠬᠤᠱᠢᠭᠤ ᠱᠢᠶᠠᠨ (ᠬᠤᠲᠠ᠂ ᠲᠣᠭᠤᠷᠢᠭ) ᠤ ᠲᠠᠰ᠎ᠠᠴᠠ ᠳᠡᠭᠡᠭ᠌ᠰᠢᠬᠢ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠪᠤᠶᠤ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠤᠲᠤᠷᠬᠠᠢ᠌ᠯᠠᠭᠰᠠᠨ ᠬᠠᠮᠢᠶ᠎ᠠ ᠪᠥᠬᠦᠶ ᠰᠠᠯᠠᠭ᠎ᠠ ᠮᠥᠴᠢᠷ (ᠳᠣᠷᠣᠭ᠍ᠰᠢ 《ᠵᠠᠰᠠᠭ ᠵᠠᠬᠢᠷᠭᠠᠨ᠎ᠤ ᠬᠢᠨᠠᠨ ᠴᠤᠬᠤᠯᠠᠪᠦᠷᠢᠯᠠᠬᠤ ᠰᠠᠯᠠᠭ᠎ᠠ ᠮᠥᠴᠢᠷ》 ᠭᠡᠵᠦ᠍ ᠶᠡᠷᠦᠩᠬᠡᠢᠯᠡᠨ ᠨᠡᠷᠡᠢᠳᠦᠨ᠎ᠡ)᠎ᠠᠴᠠ ᠱᠢᠨ᠎ᠡ ᠬᠡᠪᠯᠡᠯ᠎ᠤᠨ 《ᠢᠳᠡᠭᠡᠨ᠎ᠤ ᠡᠵᠡᠩᠨᠡᠯᠲᠡ᠎ᠶ᠋ᠢᠨ ᠵᠥᠪᠱᠢᠶᠡᠷᠡᠯ᠎ᠤᠨ ᠦᠨᠡᠮᠯᠡᠯ》᠎ᠢ ᠨᠢᠭᠡᠳᠦᠯᠲᠡᠶ ᠬᠡᠷᠡᠭ᠌ᠵᠢᠭᠦᠯᠦᠨ᠎ᠡ᠃ ᠬᠠᠭᠤᠴᠢᠨ ᠬᠡᠪᠯᠡᠯ᠎ᠦᠨ 《ᠢᠳᠡᠭᠡᠨ᠎ᠤ ᠡᠵᠡᠩᠨᠡᠯᠲᠡ᠎ᠶ᠋ᠢᠨ ᠵᠥᠪᠱᠢᠶᠡᠷᠡᠯ᠎ᠤᠨ ᠦᠨᠡᠮᠯᠡᠯ》 ᠬᠦᠴᠦᠨ᠎ᠲᠡᠶ ᠬᠤᠭᠤᠴᠠᠭᠠᠨ᠎ᠳᠤ ᠦᠷᠭᠦᠯᠵᠢᠯᠡᠨ ᠬᠡᠷᠡᠭ᠌ᠯᠡᠵᠦ᠍ ᠪᠣᠯᠤᠨ᠎ᠠ᠃ ᠲᠤᠰ ᠬᠤᠭᠤᠴᠠᠭ᠎ᠠ᠎ᠶ᠋ᠢᠨ ᠳᠠᠷᠠᠭ᠎ᠠ ᠱᠢᠨ᠎ᠡ᠎ᠪᠠᠷ ᠡᠷᠬᠢᠯᠡᠬᠦ᠂ ᠬᠤᠪᠢᠷᠠᠭᠠᠬᠤ᠂ ᠦᠷᠭᠦᠯᠵᠢᠯᠡᠭᠦᠯᠬᠦ᠂ ᠨᠥᠬᠦᠵᠦ᠍ ᠡᠷᠭᠢᠯᠡᠬᠦ ᠵᠡᠷᠭᠡ ᠵᠥᠪᠱᠢᠶᠡᠷᠡᠯ᠎ᠤᠨ ᠵᠦᠢᠯᠡᠰ᠎ᠢ ᠭᠤᠶᠤᠴᠢᠯᠠᠭ᠍ᠰᠠᠨ ᠪᠠᠢ᠌ᠪᠠᠯ᠂ ᠱᠢᠨ᠎ᠡ ᠬᠡᠪᠯᠡᠯ᠎ᠤᠨ 《ᠢᠳᠡᠭᠡᠨ᠎ᠤ ᠡᠵᠡᠩᠨᠡᠯᠲᠡ᠎ᠶ᠋ᠢᠨ ᠵᠥᠪᠱᠢᠶᠡᠷᠡᠯ᠎ᠤᠨ ᠦᠨᠡᠮᠯᠡᠯ》 ᠢ ᠨᠢᠭᠡᠳᠦᠯᠲᠡᠶ ᠬᠢᠨᠠᠨ ᠲᠠᠷᠬᠠᠭ᠋ᠠᠨ᠎ᠠ᠃
ᠬᠤᠶᠠᠷ᠂ ᠦᠨᠡᠮᠯᠡᠯ᠎ᠤᠨ ᠭᠤᠣᠯ ᠬᠤᠪᠢᠷᠠᠯᠲᠠ
《ᠢᠳᠡᠭᠡᠨ᠎ᠤ ᠡᠵᠡᠩᠨᠡᠯᠲᠡ᠎ᠶ᠋ᠢᠨ ᠵᠥᠪᠱᠢᠶᠡᠷᠡᠯ ᠪᠠ ᠳᠠᠩᠰᠠᠯᠠᠭᠤᠯᠬᠤ ᠬᠠᠮᠢᠶᠠᠷᠤᠯᠲᠠ᠎ᠶ᠋ᠢᠨ ᠠᠷᠭ᠎ᠠ》᠎ᠶ᠋ᠢᠨ ᠬᠤᠷᠢᠨ ᠵᠢᠷᠭᠤᠳᠤᠭᠠᠷ ᠵᠤᠷᠪᠤᠰ᠎ᠢ ᠦᠨᠳᠦᠰᠦᠯᠡᠨ᠂ ᠢᠳᠡᠭᠡᠨ᠎ᠤ ᠡᠵᠡᠩᠨᠡᠯᠲᠡ᠎ᠶ᠋ᠢᠨ ᠵᠥᠪᠱᠢᠶᠡᠷᠡᠯ᠎ᠤᠨ ᠦᠨᠡᠮᠯᠡᠯ᠎ᠳᠤ ᠲᠣᠳᠣᠷᠬᠠᠶ ᠲᠡᠮᠳᠡᠭ᠌ᠯᠡᠭ᠌ᠰᠡᠨ ᠵᠦᠢᠯᠡᠰ᠎ᠠᠴᠠ 《ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠶ᠋ᠢᠨ ᠪᠠᠢᠭᠤᠯᠤᠮᠵᠢ》᠂ 《ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠶ᠋ᠢᠨ ᠠᠵᠢᠯᠲᠠᠨ》 ᠵᠢᠴᠢ 《ᠭᠠᠷᠤᠨ ᠥᠰᠥᠭ ᠵᠢᠷᠤᠵᠤ ᠲᠠᠷᠬᠠᠭᠠᠭ᠍ᠴᠢ》᠎ᠶ᠋ᠢ ᠬᠠᠰᠤᠵᠤ᠂ 《ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠡᠯᠧᠺᠲᠷᠣᠨ ᠦᠨᠡᠮᠯᠡᠯ᠎ᠤᠨ ᠢᠳᠡᠭᠡᠨ᠎ᠤ ᠡᠵᠡᠩᠨᠡᠯᠲᠡ᠎ᠶ᠋ᠢᠨ ᠵᠥᠪᠱᠢᠶᠡᠷᠡᠯ᠎ᠤᠨ ᠦᠨᠡᠮᠯᠡᠯ》᠎ᠢ ᠦᠨᠳᠦᠰᠦᠯᠡᠨ ᠬᠡᠪᠯᠡᠯ᠎ᠤᠨ ᠨᠢᠭᠤᠷ᠎ᠤᠨ ᠪᠠᠢᠷᠢᠱᠢᠭᠤᠯᠤᠯᠲᠠ᠂ ᠲᠥᠷᠥᠯ ᠵᠦᠢᠯ᠎ᠤᠨ ᠪᠠᠢᠷᠢᠯᠠᠭᠤᠯᠤᠯᠲᠠ᠂ ᠥᠰᠥᠭ᠎ᠤᠨ ᠲᠢᠭ ᠪᠠ ᠦᠰᠦᠭ᠎ᠤᠨ ᠨᠣᠮᠧᠷ ᠵᠡᠷᠭᠡ᠎ᠳᠤ ᠨᠢᠭᠡᠳᠦᠯᠲᠡᠶ ᠲᠣᠬᠢᠷᠠᠭᠤᠯᠤᠯᠲᠠ ᠬᠢᠨ᠎ᠡ᠃
ᠭᠤᠷᠪᠠ᠂ ᠠᠵᠢᠯ᠎ᠤᠨ ᠱᠠᠭᠠᠷᠳᠠᠯᠭ᠎ᠠ
(ᠨᠢᠭᠡ) ᠡᠯ᠎ᠡ ᠭᠠᠵᠠᠷ᠎ᠤᠨ ᠵᠠᠰᠠᠭ ᠵᠠᠬᠢᠷᠭᠠᠨ᠎ᠤ ᠬᠢᠨᠠᠨ ᠴᠤᠬᠤᠪᠦᠷᠢᠯᠠᠬᠤ ᠰᠠᠯᠠᠭ᠎ᠠ ᠮᠥᠴᠢᠷ᠎ᠦᠳ ᠱᠢᠨ᠎ᠡ ᠬᠡᠪᠯᠡᠯ᠎ᠦᠨ 《ᠢᠳᠡᠭᠡᠨ᠎ᠦ ᠡᠵᠡᠩᠨᠡᠯᠲᠡ᠎ᠶ᠋ᠢᠨ ᠵᠥᠪᠱᠢᠶᠡᠷᠡᠯ᠎ᠦᠨ ᠦᠨᠡᠮᠯᠡᠯ》᠎ᠦᠨ ᠶᠠᠩᠵᠤ ᠬᠡᠯᠪᠡᠷᠢ᠎ᠶ᠋ᠢ ᠦᠨᠳᠦᠰᠦᠯᠡᠵᠦ (ᠳᠠᠭᠠᠯᠳᠤᠭᠤᠯᠤᠯ᠎ᠳᠤ ᠦᠵᠡᠭᠡᠷᠡᠢ) ᠵᠥᠪᠱᠢᠶᠡᠷᠡᠯ᠎ᠤᠨ ᠦᠨᠡᠮᠯᠡᠯ᠎ᠢ ᠬᠡᠪᠯᠡᠬᠦ᠌ ᠵᠡᠷᠭᠡ ᠪᠡᠯᠡᠳᠭᠡᠯ ᠠᠵᠢᠯ᠎ᠢ ᠰᠠᠢᠲᠤᠷ ᠬᠢᠵᠦ᠍᠂ ᠱᠢᠨ᠎ᠡ ᠬᠠᠭᠤᠴᠢᠨ ᠬᠡᠪᠯᠡᠯ᠎ᠤᠨ ᠦᠨᠡᠮᠯᠡᠯ᠎ᠤᠨ ᠡᠮᠬᠢ ᠵᠢᠷᠤᠮ᠎ᠲᠠᠢ ᠵᠣᠯᠭᠠᠯᠳᠤᠬᠤ᠎ᠶ᠋ᠢ ᠦᠨᠡᠨ ᠬᠦ᠌ ᠪᠠᠲᠤᠯᠠᠨ᠎ᠠ᠃
(ᠬᠤᠶᠠᠷ) ᠡᠯ᠎ᠡ ᠭᠠᠵᠠᠷ ᠰᠢᠨ᠎ᠡ ᠬᠡᠪᠯᠡᠯ᠎ᠦᠨ 《ᠢᠳᠡᠭᠡᠨ᠎ᠦ ᠡᠵᠡᠩᠨᠡᠯᠲᠡ᠎ᠶ᠋ᠢᠨ ᠵᠥᠪᠱᠢᠶᠡᠷᠡᠯ᠎ᠦᠨ ᠦᠨᠡᠮᠯᠡᠯ》᠎ᠦᠨ ᠶᠠᠩᠵᠤ ᠬᠡᠯᠪᠡᠷᠢ᠎ᠶ᠋ᠢ ᠨᠢᠭᠡᠳᠦᠯᠲᠡᠶ ᠬᠡᠷᠡᠭᠵᠢᠭᠦᠯᠵᠦ᠂ ᠳᠤᠷ᠎ᠠ᠎ᠪᠠᠷ ᠥᠭᠡᠷᠡᠴᠢᠯᠡᠵᠦ᠍ ᠪᠣᠯᠬᠤ ᠦᠭᠡᠶ ᠃
(ᠭᠤᠷᠪᠠ) ᠬᠠᠭᠤᠴᠢᠨ ᠬᠡᠪᠯᠡᠯ᠎ᠦᠨ 《ᠢᠳᠡᠭᠡᠨ᠎ᠦ ᠡᠵᠡᠩᠨᠡᠯᠲᠡ᠎ᠶ᠋ᠢᠨ ᠵᠥᠪᠱᠢᠶᠡᠷᠡᠯ᠎ᠦᠨ ᠦᠨᠡᠮᠯᠡᠯ》 ᠨᠢ ᠮᠥᠨ ᠬᠦᠴᠦᠨ᠎ᠲᠡᠶ ᠬᠤᠭᠤᠴᠠᠭᠠᠨ᠎ᠳᠤ ᠪᠠᠢᠪᠠᠯ᠂ ᠭᠠᠷᠳᠠᠭ᠍ᠴᠢᠠᠴᠠ ᠰᠠᠢᠨ ᠳᠤᠷ᠎ᠠ᠎ᠠᠴᠠ᠎ᠪᠠᠨ ᠱᠢᠨ᠎ᠡ ᠬᠡᠪᠯᠡᠯ᠎ᠦᠨ ᠦᠨᠡᠮᠯᠡᠯ ᠰᠣᠯᠢᠬᠤ᠎ᠪᠠᠷ ᠭᠤᠶᠤᠴᠢᠯᠠᠵᠤ ᠪᠣᠯᠤᠨ᠎ᠠ᠂ ᠪᠠᠰᠠ ᠬᠦᠴᠦᠨ᠎ᠲᠡᠶ ᠬᠤᠭᠤᠴᠠᠭ᠎ᠠ ᠨᠢ ᠳᠠᠭᠤᠰᠣᠭ᠋ᠠᠳ ᠦᠷᠭᠦᠯᠵᠢᠯᠡᠭᠦᠯᠬᠦ᠌᠎ᠪᠡᠷ ᠭᠤᠶᠤᠴᠢᠯᠡᠬᠤ ᠦᠢ᠎ᠡ᠎ᠳᠦ ᠰᠣᠯᠢᠵᠤ ᠪᠣᠯᠤᠨ᠎ᠠ᠃ ᠬᠠᠭᠤᠴᠢᠨ ᠬᠡᠪᠯᠡᠯ᠎ᠦᠨ ᠦᠨᠡᠮᠯᠡᠯ᠎ᠨᠢ ᠬᠦᠴᠦᠨ᠎ᠲᠡᠢ ᠬᠤᠭᠤᠴᠠᠭᠠᠨ᠎ᠳᠤ ᠮᠥᠨ ᠬᠠᠤᠯᠢ᠎ᠶ᠋ᠢᠨ ᠬᠦᠴᠦᠨ᠎ᠲᠡᠢ ᠃
ᠡᠭᠦᠨ᠎ᠤ ᠲᠤᠯᠠ ᠣᠨᠴᠠᠭᠠᠢᠯᠠᠨ ᠵᠠᠷᠯᠠᠪᠠ᠃
ᠳᠠᠭᠠᠯᠳᠤᠭᠤᠯᠤᠯ᠄1.ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠡᠯᠧᠺᠲᠷᠣᠨ ᠦᠨᠡᠮᠯᠡᠯ᠎ᠤᠨ ᠢᠳᠡᠭᠡᠨ᠎ᠤ ᠡᠵᠡᠩᠨᠡᠯᠲᠡ᠎ᠶ᠋ᠢᠨ ᠵᠥᠪᠱᠢᠶᠡᠷᠡᠯ᠎ᠤᠨ ᠦᠨᠡᠮᠯᠡᠯ (SG 29-2024)
2.ᠱᠢᠨ᠎ᠡ ᠬᠡᠪᠯᠡᠯ᠎ᠤᠨ ᠢᠳᠡᠭᠡᠨ᠎ᠤ ᠡᠵᠡᠩᠨᠡᠯᠲᠡ᠎ᠶ᠋ᠢᠨ ᠵᠥᠪᠱᠢᠶᠡᠷᠡᠯ᠎ᠤᠨ ᠦᠨᠡᠮᠯᠡᠯ᠎ᠤᠨ ᠶᠠᠩᠵᠤ ᠬᠡᠯᠪᠡᠷᠢ
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠤᠪᠴᠢᠶ᠎ᠠ
2025 ᠣᠨ᠎ᠤ 12 ᠳ᠋ᠤᠭᠠᠷ ᠰᠠᠷ᠎ᠠ᠎ᠶ᠋ᠢᠨ 12 ᠤᠨ ᠡᠳᠦᠷ
ᠳᠠᠭᠠᠯᠳᠤᠭᠤᠯᠤᠯ᠎ᠢ ᠪᠠᠭᠤᠯᠭᠠᠬᠤ᠄
ᠳᠠᠭᠠᠯᠳᠤᠭᠤᠯᠤᠯ 2 ᠢᠳᠡᠭᠡᠨ᠎ᠤ ᠡᠵᠡᠩᠨᠡᠯᠲᠡ᠎ᠶ᠋ᠢᠨ ᠵᠥᠪᠱᠢᠶᠡᠷᠡᠯ᠎ᠤᠨ ᠦᠨᠡᠮᠯᠡᠯ᠎ᠤᠨ ᠶᠠᠩᠵᠤ ᠬᠡᠯᠪᠡᠷᠢ.pdf