2025 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶᠢᠨ ᠬᠠᠮᠢᠶ᠎ᠠ ᠪᠥᠬᠦᠶ ᠦᠢᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠨ ᠰᠤᠭᠤᠯᠤᠨ ᠪᠠᠢᠴᠠᠭᠠᠭ᠍ᠰᠠᠨ ᠪᠠᠢᠳᠠᠯ᠎ᠤᠨ ᠲᠤᠬᠠᠶ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠵᠠᠷᠯᠠᠯ
2025-12-25

ᠡᠯ᠎ᠡ ᠠᠢᠮᠠᠭ ᠬᠤᠲᠠ ᠵᠢᠴᠢ ᠮᠠᠨᠵᠤᠤᠷ ᠬᠤᠲᠠ᠂ ᠡᠷᠢᠶᠡᠨ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠄

《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠢᠯᠡᠳᠬᠦᠨ᠎ᠤ ᠶᠠᠰᠤ ᠴᠢᠨᠠᠷ᠎ᠤᠨ ᠬᠠᠤᠯᠢ》 《ᠦᠢᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠨ ᠰᠣᠭᠣᠯᠣᠨ ᠪᠠᠢᠴᠠᠭᠠᠬᠤ ᠬᠠᠮᠢᠶᠠᠷᠤᠯᠲᠠ᠎ᠶ᠋ᠢᠨ ᠲᠦᠷ ᠬᠡᠷᠡᠭ᠌ᠵᠢᠭᠦᠯᠬᠦ᠌ ᠠᠷᠭ᠎ᠠ》 ᠵᠡᠷᠭᠡ ᠬᠠᠤᠯᠢ ᠴᠠᠭᠠᠵᠠ ᠬᠠᠤᠯᠢ ᠲᠣᠭ᠍ᠲᠠᠭᠠᠯ ᠪᠠ ᠳᠦᠷᠢᠮ ᠲᠣᠭ᠍ᠲᠠᠭᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠠᠴᠠ 2025 ᠣᠨ᠎ᠤ ᠥᠪᠡᠷᠲᠡᠭᠡᠨ ᠵᠠᠰᠠᠬᠤ ᠣᠷᠣᠨ᠎ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶᠢᠨ ᠬᠠᠮᠢᠶ᠎ᠠ ᠪᠥᠬᠦᠶ ᠦᠢᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠨ ᠰᠤᠭᠤᠯᠤᠨ ᠪᠠᠢ᠌ᠴᠠᠭ᠋ᠠᠯᠲᠠ᠎ᠶᠢᠨ ᠠᠵᠢᠯ᠎ᠢ ᠵᠣᠬᠢᠶᠠᠨ ᠪᠠᠢᠭᠤᠯᠤᠨ ᠥᠷᠨᠢᠭᠦᠯᠵᠦ᠍᠂ ᠡᠳᠦᠭᠡ ᠰᠤᠭᠤᠯᠤᠨ ᠪᠠᠢᠴᠠᠭᠠᠭ᠍ᠰᠠᠨ ᠪᠠᠢᠳᠠᠯ᠎ᠢ ᠳᠣᠤᠷᠠᠬᠢ ᠮᠡᠲᠦ ᠵᠠᠷᠯᠠᠶ᠎ᠠ᠄

ᠨᠢᠭᠡ᠂ ᠦᠨᠳᠦᠰᠦᠨ ᠪᠠᠢᠳᠠᠯ

ᠲᠣᠰ ᠤᠳᠠᠭᠠᠨ᠎ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶᠢᠨ ᠬᠠᠮᠢᠶ᠎ᠠ ᠪᠥᠬᠦᠶ ᠦᠢᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠨ ᠰᠤᠭᠤᠯᠤᠨ ᠪᠠᠢ᠌ᠴᠠᠭ᠋ᠠᠭᠰᠠᠨ ᠨᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶᠢᠨ ᠴᠠᠬᠢᠯᠭᠠᠨ ᠴᠡᠨᠡᠭᠯᠡᠭᠦᠷ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ᠎ᠳᠤ ᠬᠡᠷᠡᠭ᠌ᠯᠡᠬᠦ᠌ ᠳᠤᠭᠤᠯᠠᠭ᠎ᠠ᠂ ᠯᠢᠲ᠋ᠢ ᠢᠶᠤᠨ ᠳ᠋ᠢᠶᠠᠨ ᡂᠢ᠂ ᠬᠤᠷᠭᠤᠯᠵᠢᠨ ᠬᠦᠴᠢᠯ᠎ᠤᠨ ᠴᠠᠬᠢᠯᠭᠠᠨ ᠬᠤᠷᠢᠶᠠᠭᠤᠷ ᠵᠡᠷᠭᠡ ᠦᠢᠯᠡᠳᠬᠦᠨ᠃ ᠨᠡᠢᠲᠡ 114 ᠡᠷᠦᠬᠡ ᠪᠤᠷᠤᠯᠠᠭᠤᠯᠭ᠎ᠠ᠎ᠶᠢᠨ ᠨᠢᠭᠡᠴᠢ᠎ᠶᠢᠨ 162 ᠪᠦᠯᠦᠭ ᠤᠳᠠᠭ᠎ᠠ᠎ᠶ᠋ᠢᠨ ᠦᠢᠯᠡᠳᠬᠦᠨ᠎ᠢ ᠰᠤᠭᠤᠯᠤᠨ ᠪᠠᠢᠴᠠᠭᠠᠵᠤ᠂ ᠬᠢᠷᠢ ᠲᠡᠩᠴᠡᠬᠦ᠌ ᠦᠭᠡᠢ ᠦᠢ᠍ᠯᠡᠳᠭᠦᠨ 26 ᠪᠦᠯᠦᠭ ᠤᠳᠠᠭ᠎ᠠ ᠢᠯᠡᠷᠡᠭᠦᠯᠵᠦ᠍᠂ ᠡᠭᠦᠨ᠎ᠳᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶᠢᠨ 12 ᠪᠦᠯᠦᠭ ᠤᠳᠠᠭ᠎ᠠ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶᠢᠨ ᠴᠠᠬᠢᠯᠭᠠᠨ ᠴᠡᠨᠡᠭᠯᠡᠭᠦᠷ 1 ᠪᠦᠯᠦᠭ ᠤᠳᠠᠭ᠎ᠠ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ᠎ᠳᠤ ᠬᠡᠷᠡᠭ᠌ᠯᠡᠬᠦ᠌ ᠲᠤᠭᠤᠯᠭ᠎ᠠ 13 ᠪᠦᠯᠦᠭ ᠤᠳᠠᠭ᠎ᠠ᠃ ᠯᠢᠲ᠋ᠢ ᠢᠶᠣᠨ ᠳ᠋ᠢᠶᠠᠨ ᡂᠢ᠂ ᠬᠤᠷᠭᠤᠯᠵᠢᠨ ᠬᠦᠴᠢᠯ᠎ᠤᠨ ᠴᠠᠬᠢᠯᠭᠠᠨ ᠬᠤᠷᠢᠶᠠᠭᠤᠷ᠎ᠳᠦ ᠬᠢᠷᠢ ᠲᠡᠩᠴᠡᠬᠦ᠌ ᠦᠭᠡᠢ ᠦᠢ᠍ᠯᠡᠳᠭᠦᠨ ᠢᠯᠡᠷᠡᠭᠦᠯᠦᠭ᠌ᠰᠡᠨ ᠦᠭᠡᠢ ᠃

ᠬᠤᠶᠠᠷ᠂ ᠰᠤᠭᠤᠯᠤᠨ ᠪᠠᠢᠴᠠᠭᠠᠭ᠍ᠰᠠᠨ ᠦᠷ᠎ᠡ ᠳ᠋ᠦᠩ᠎ᠤᠨ ᠵᠠᠳᠠᠯᠤᠯᠲᠠ

ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠄ ᠲᠣᠰ ᠤᠳᠠᠭ᠎ᠠ ᠬᠥᠬᠡᠬᠤᠲᠠ᠂ ᠪᠤᠭᠤᠲᠤ ᠬᠤᠲᠠ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠱᠢᠯᠢ᠎ᠶ᠋ᠢᠨ ᠭᠤᠤᠯ ᠠᠢᠮᠠᠭ᠂ ᠤᠯᠠᠭᠠᠨᠴᠠᠪ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ᠂ ᠦᠬᠠᠶ ᠬᠤᠲᠠ᠂ ᠠᠯᠠᠱᠠ ᠠᠢᠮᠠᠭ᠂ ᠮᠠᠨᠵᠤᠤᠷ ᠬᠤᠲᠠ ᠵᠡᠷᠭᠡ 10 ᠠᠢᠮᠠᠭ ᠬᠤᠲᠠ᠂ 1ᠲᠥᠯᠥᠪᠯᠡᠭᠡ᠎ᠠᠴᠠ ᠠᠰᠳᠠᠭᠠᠨ ᠵᠢᠭ᠍ᠰᠠᠭᠠᠭ᠍ᠰᠠᠨ ᠬᠤᠲᠠ᠎ᠶ᠋ᠢᠨ 31 ᠡᠷᠦᠬᠡ ᠪᠤᠷᠤᠯᠠᠭᠤᠯᠭ᠎ᠠ᠎ᠶᠢᠨ ᠨᠢᠭᠡᠴᠢ᠎ᠳᠤ ᠰᠤᠭᠤᠯᠤᠨ ᠪᠠᠢᠴᠠᠭᠠᠯᠲᠠ ᠬᠢᠵᠦ᠍᠂ ᠨᠡᠢᠲᠡ 38 ᠪᠦᠯᠦᠭ ᠤᠳᠠᠭ᠎ᠠ᠎ᠶᠢᠨ ᠦᠢᠯᠡᠳᠬᠦᠨ᠎ᠢ ᠰᠤᠭᠤᠯᠤᠨ ᠪᠠᠢᠴᠠᠭᠠᠵᠤ᠂ ᠰᠣᠭᠣᠯᠣᠨ ᠪᠠᠢ᠌ᠴᠠᠭ᠋ᠠᠬᠤ ᠳᠣᠮᠳᠠ 12 ᠪᠦᠯᠦᠭ ᠤᠳᠠᠭ᠎ᠠ᠎ᠶᠢᠨ ᠦᠢ᠍ᠯᠡᠳᠭᠦᠨ᠎ᠦ ᠬᠢᠷᠢ ᠲᠡᠩᠴᠡᠭᠰᠡᠨ ᠦᠭᠡᠢ ᠪᠠᠢ᠌ᠳᠠᠯ᠎ᠢ ᠢᠯᠡᠷᠡᠭᠦᠯᠵᠦ᠂ ᠨᠢᠭᠡᠨᠲᠡ ᠬᠠᠷᠢᠶ᠎ᠠ ᠭᠠᠵᠠᠷ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠲᠤ ᠲᠤᠱᠢᠶᠠᠨ ᠱᠢᠶ᠋ᠳᠪᠦᠷᠢᠯᠡᠭᠦᠯᠪᠡ᠃ ᠢᠯᠭ᠋ᠠᠬᠤ ᠲᠡᠮᠳᠡᠭ ᠬᠢᠭᠡᠳ ᠰᠡᠷᠡᠮᠵᠢ᠎ᠶ᠋ᠢᠨ ᠦᠭᠡ᠂ ᠪᠢᠴᠢᠬᠡᠰᠦᠲᠦ ᠫᠠᠢ᠌ᠰᠠ᠂ ᠲᠡᠷᠭᠡᠨ ᠬᠤᠷᠳᠤᠴᠠ᠎ᠶ᠋ᠢᠨ ᠬᠢᠵᠠᠭ᠋ᠠᠷ ᠬᠡᠮᠵᠢᠭ᠌ᠳᠡᠯ᠂ ᠲᠤᠷᠤᠮᠰᠣᠯᠠᠬᠤ ᠴᠢᠳᠠᠪᠬᠢ (ᠬᠠᠭᠤᠷᠠᠢ ᠲᠥᠯᠥᠪ)᠂ ᠪᠦᠬᠦᠯᠢ ᠲᠡᠷᠭᠡ᠎ᠶᠢᠨ ᠴᠢᠨᠠᠷ ᠴᠢᠨᠰᠠᠭ᠎ᠠ᠂ ᠪᠦᠲᠦᠴᠡ᠂ ᠲᠡᠷᠭᠡᠨ᠎ᠤ ᠬᠤᠷᠳᠤᠴᠠ᠎ᠶ᠋ᠢᠨ ᠰᠠᠨᠠᠭᠤᠯᠤᠮᠵᠢ᠂ ᠬᠠᠷᠢᠯᠴᠠᠨ ᠮᠡᠳᠡᠷᠡᠵᠦ᠍ ᠬᠠᠮᠵᠢᠯᠴᠡᠨ ᠴᠠᠬᠢᠯᠭᠠᠨ ᠴᠡᠨᠡᠭ᠌ᠯᠡᠬᠦ᠂ ᠤᠲᠠᠰᠤ ᠪᠠᠢᠷᠢᠯᠠᠭᠤᠯᠬᠤ᠂ ᠴᠠᠬᠢᠯᠭᠠᠨ ᠲᠤᠨᠤᠭᠯᠠᠮᠵᠢ᠂ ᠴᠠᠬᠢᠯᠭᠠᠨ ᠴᠡᠨᠡᠭᠯᠡᠭᠦᠷ ᠪᠠ ᠴᠠᠬᠢᠯᠭᠠᠨ ᠬᠤᠷᠢᠶᠠᠭᠤᠷ᠂ ᠰᠦᠷᠴᠢᠮᠡᠯ ᠤᠰᠤᠨ᠎ᠳᠤ ᠬᠤᠯᠪᠣᠭ᠍ᠳᠠᠬᠤ ᠴᠢᠳᠠᠮᠵᠢ᠂ ᠬᠦᠨᠳᠡᠬᠦ ᠴᠠᠬᠢᠯᠭᠠᠨᠲᠤ ᠬᠡᠰᠡᠭ᠎ᠤᠨ ᠬᠠᠮᠠᠭᠠᠯᠠᠯᠲᠠ᠂ ᠵᠠᠯᠭᠠᠯᠲᠠ᠂ ᠣᠬᠤᠷ ᠬᠡᠯᠬᠢᠶᠡᠨ᠎ᠤ ᠰᠡᠷᠭᠡᠢ᠌ᠯᠡᠯᠲᠡ᠂ ᠬᠦᠲᠦᠯᠦᠭᠴᠢ ᠣᠲᠠᠰᠦ᠂ ᠤᠢ᠌ᠯᠭ᠋ᠠᠭᠤᠷ᠂ ᠭᠡᠷᠡᠯᠲᠦᠭᠦᠯᠭᠦ ᠪᠠ ᠨᠣᠮᠧᠷ᠎ᠤᠨ ᠲᠤᠨᠤᠭᠯᠠᠮᠵᠢ᠂ ᠭᠠᠯ᠎ᠠᠴᠠ ᠰᠡᠷᠭᠡᠢᠯᠡᠬᠦ᠌ ᠴᠢᠳᠠᠮᠵᠢ ᠵᠡᠷᠭᠡ ᠲᠥᠷᠥᠯ ᠵᠦᠢᠯ᠎ᠳᠤ ᠭᠤᠣᠯᠳᠠᠯᠭ᠎ᠠ᠎ᠲᠠᠢ ᠰᠢᠯᠭ᠋ᠠᠨ ᠪᠠᠢ᠌ᠴᠠᠭ᠋ᠠᠨ᠎ᠠ᠃ ᠬᠢᠷᠢ ᠲᠡᠩᠴᠡᠬᠦ᠌ ᠦᠭᠡᠢ ᠲᠥᠷᠥᠯ ᠵᠦᠢᠯ᠎ᠨᠢ ᠪᠦᠬᠦᠯᠢ ᠲᠡᠷᠭᠡ᠎ᠶᠢᠨ ᠶᠠᠰᠤ ᠴᠢᠨᠠᠷ᠂ ᠣᠢᠯᠭᠠᠭᠤᠷ᠂ ᠬᠠᠷᠢᠯᠴᠠᠨ ᠮᠡᠳᠡᠷᠡᠵᠦ᠍ ᠬᠠᠮᠵᠢᠯᠴᠠᠨ ᠴᠠᠬᠢᠯᠭᠠᠨ ᠴᠡᠨᠡᠭ᠌ᠯᠡᠬᠦ᠂ ᠲᠡᠷᠭᠡᠨ᠎ᠤ ᠬᠤᠷᠳᠤᠴᠠ᠎ᠶ᠋ᠢᠨ ᠰᠠᠨᠠᠭᠤᠯᠤᠮᠵᠢ᠂ ᠴᠠᠬᠢᠯᠭᠠᠨ ᠴᠡᠨᠡᠭᠯᠡᠭᠦᠷ ᠪᠠ ᠴᠠᠬᠢᠯᠭᠠᠨ ᠬᠤᠷᠢᠶᠠᠭᠤᠷ᠂ ᠢᠯᠭᠠᠬᠤ ᠲᠡᠮᠳᠡᠭ ᠪᠠ ᠰᠡᠷᠡᠮᠵᠢ᠎ᠶ᠋ᠢᠨ ᠦᠭᠡ ᠵᠡᠷᠭᠡ᠎ᠳᠦ ᠬᠤᠯᠪᠣᠭᠳᠠᠨ᠎ᠠ᠃

ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶᠢᠨ ᠴᠠᠬᠢᠯᠭᠠᠨ ᠴᠡᠨᠡᠭ᠌ᠯᠡᠭᠦᠷ᠄ ᠲᠣᠰ ᠤᠳᠠᠭ᠎ᠠ ᠬᠥᠬᠡᠬᠤᠲᠠ᠂ ᠪᠤᠭᠤᠲᠤ ᠬᠤᠲᠠ᠂ ᠬᠥᠯᠥᠨ ᠪᠤᠢᠷ ᠬᠤᠲᠠ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠱᠢᠯᠢ᠎ᠶ᠋ᠢᠨ ᠭᠤᠤᠯ ᠠᠢᠮᠠᠭ᠂ ᠤᠯᠠᠭᠠᠨᠴᠠᠪ ᠬᠤᠲᠠ᠂ ᠪᠠᠶᠠᠨᠨᠠᠭᠤᠷ ᠬᠤᠲᠠ᠂ ᠠᠯᠠᠱᠠ ᠠᠢᠮᠠᠭ᠂ ᠮᠠᠨᠵᠤᠤᠷ ᠬᠤᠲᠠ ᠵᠡᠷᠭᠡ 9 ᠠᠢᠮᠠᠭ ᠬᠤᠲᠠ᠂ 1ᠲᠥᠯᠥᠪᠯᠡᠭᠡ᠎ᠠᠴᠠ ᠠᠰᠲᠠᠭ᠋ᠠᠨ ᠵᠢᠭ᠍ᠰᠠᠭᠠᠭ᠍ᠰᠠᠨ ᠬᠤᠲᠠ᠎ᠶ᠋ᠢᠨ 23 ᠡᠷᠦᠬᠡ ᠪᠤᠷᠤᠯᠠᠭᠤᠯᠤᠭ᠎ᠠ᠎ᠶᠢᠨ ᠨᠢᠭᠡᠴᠢ ᠎ᠳᠤ ᠰᠤᠭᠤᠯᠤᠨ ᠪᠠᠢᠴᠠᠭᠠᠯᠲᠠ ᠬᠢᠵᠦ᠍᠂ ᠨᠡᠢᠲᠡ 30 ᠪᠦᠯᠦᠭ ᠤᠳᠠᠭ᠎ᠠ᠎ᠶᠢᠨ ᠦᠢᠯᠡᠳᠬᠦᠨ᠎ᠢ ᠰᠤᠭᠤᠯᠤᠨ ᠪᠠᠢᠴᠠᠭᠠᠵᠤ᠂ ᠰᠣᠭᠣᠯᠣᠨ ᠪᠠᠢ᠌ᠴᠠᠭ᠋ᠠᠬᠤ ᠳᠣᠮᠳᠠ 1 ᠪᠦᠯᠦᠭ ᠤᠳᠠᠭ᠎ᠠ᠎ᠶᠢᠨ ᠦᠢ᠍ᠯᠡᠳᠭᠦᠨ᠎ᠦ ᠬᠢᠷᠢ ᠲᠡᠩᠴᠡᠭᠰᠡᠨ ᠦᠭᠡᠢ ᠪᠠᠢ᠌ᠳᠠᠯ᠎ᠢ ᠢᠯᠡᠷᠡᠭᠦᠯᠵᠦ᠂ ᠨᠢᠭᠡᠨᠲᠡ ᠬᠠᠷᠢᠶ᠎ᠠ ᠭᠠᠵᠠᠷ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠲᠤ ᠲᠤᠱᠢᠶᠠᠨ ᠱᠢᠶ᠋ᠳᠪᠦᠷᠢᠯᠡᠭᠦᠯᠪᠡ᠃ ᠬᠠᠯᠢᠰᠤᠨ ᠳᠠᠭᠠᠷᠢᠯᠲᠠ᠂ ᠤᠨᠠᠬᠤ᠂ ᠣᠷᠣᠭᠤᠯᠬᠤ  ᠣᠷᠣᠭᠣᠯᠣᠯᠲᠠ ᠴᠢᠳᠠᠯ ᠪᠠ ᠴᠠᠬᠢᠯᠭᠠᠨ ᠭᠦᠶᠦᠳᠡᠯ᠂ ᠠᠵᠢᠯᠯᠠᠬᠤ ᠳᠤᠯᠠᠭᠠᠨ᠎ᠤ ᠬᠡᠮᠵᠢᠶ᠎ᠡ ᠳᠣᠣᠷᠠᠬᠢ ᠴᠠᠬᠢᠯᠭᠠᠨ ᠭᠦᠶᠦᠳᠡᠯ᠎ᠢ ᠵᠠᠳᠠᠷᠠᠭᠤᠯᠬᠤ᠂ ᠴᠠᠬᠢᠯᠭᠠᠨ᠎ᠤ ᠬᠦᠴᠦᠯᠡᠴᠡ᠂ ᠴᠠᠬᠢᠯᠭᠠᠨ᠎ᠳᠤ ᠴᠣᠬᠢᠭ᠍ᠳᠠᠬᠤ᠎ᠠᠴᠠ ᠰᠡᠷᠭᠡᠢᠯᠡᠬᠦ᠌ ᠬᠠᠮᠠᠭᠠᠯᠠᠯᠲᠠ᠂ ᠬᠡᠪ᠎ᠦᠨ ᠪᠤᠰᠤ ᠠᠵᠢᠯᠯᠠᠬᠤ᠂ ᠬᠡᠲᠦ ᠳᠤᠯᠠᠭᠠᠨ᠎ᠤ ᠬᠠᠮᠠᠭ᠋ᠠᠯᠠᠯᠲᠠ᠂ ᠬᠡᠲᠦ ᠵᠣᠷᠴᠢᠵᠤ ᠲᠠᠰᠤᠯᠬᠤ᠂ ᠬᠤᠢ᠌ᠰᠢᠯᠠᠭᠤᠯᠵᠦ ᠲᠠᠰᠣᠯᠠᠬᠤ᠂ ᠬᠠᠯᠠᠭᠤᠨ᠎ᠳᠤ ᠳᠠᠭ᠋ᠠᠭ᠋ᠠᠮᠠᠭ᠋ᠠᠢ᠂ ᠰᠢᠲᠠᠮ᠎ᠠ ᠬᠠᠯᠠᠭᠤᠨ ᠣᠲᠠᠰᠦ᠂ ᠺᠤᠳ᠋ᠯᠠᠬᠤ ᠵᠡᠷᠭᠡ ᠲᠥᠷᠥᠯ ᠵᠦᠢᠯ᠎ᠳᠦ ᠭᠣᠣᠯᠳᠠᠯᠭ᠎ᠠ᠎ᠲᠠᠢ ᠰᠢᠯᠭ᠋ᠠᠨ ᠪᠠᠢ᠌ᠴᠠᠭ᠋ᠠᠨ᠎ᠠ᠃ ᠬᠢᠷᠢ ᠲᠡᠩᠴᠡᠬᠦ᠌ ᠦᠭᠡᠢ ᠲᠦᠷᠦᠯ ᠵᠦᠢ᠍ᠯ ᠨᠢ ᠣᠷᠣᠭᠣᠯᠣᠯᠲᠠ ᠴᠢᠳᠠᠯ ᠪᠠ ᠴᠠᠬᠢᠯᠭᠠᠨ ᠭᠦᠶᠦᠳᠡᠯ᠎ᠳᠤ  ᠬᠤᠯᠪᠣᠭᠳᠠᠨ᠎ᠠ᠃

ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ᠎ᠳᠤ ᠬᠡᠷᠡᠭ᠌ᠯᠡᠬᠦ᠌ ᠳᠤᠭᠤᠯᠠᠭ᠎ᠠ᠄ ᠲᠣᠰ ᠤᠳᠠᠭ᠎ᠠ ᠬᠥᠬᠡᠬᠤᠲᠠ᠂ ᠪᠤᠭᠤᠲᠤ ᠬᠤᠲᠠ᠂ ᠬᠥᠯᠥᠨ ᠪᠤᠢᠷ ᠬᠤᠲᠠ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠱᠢᠯᠢ᠎ᠶ᠋ᠢᠨ ᠭᠤᠤᠯ ᠠᠢᠮᠠᠭ᠂ ᠤᠯᠠᠭᠠᠨᠴᠠᠪ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ᠂ ᠦᠬᠠᠶ ᠬᠤᠲᠠ᠂ ᠠᠯᠠᠱᠠ ᠠᠢᠮᠠᠭ ᠵᠡᠷᠭᠡ 11 ᠠᠢᠮᠠᠭ ᠬᠤᠲᠠ᠎ᠶ᠋ᠢᠨ 26 ᠡᠷᠦᠬᠡ ᠪᠣᠷᠣᠯᠠᠭᠤᠯᠭ᠎ᠠ ᠎ᠶᠢᠨ ᠨᠢᠭᠡᠴᠢ᠎ᠳᠦ ᠰᠤᠭᠤᠯᠤᠨ ᠪᠠᠢᠴᠠᠭᠠᠯᠲᠠ ᠬᠢᠵᠦ᠍᠂ ᠨᠡᠢᠲᠡ 32 ᠪᠦᠯᠦᠭ ᠤᠳᠠᠭ᠎ᠠ᠎ᠶ᠋ᠢᠨ ᠦᠢᠯᠡᠳᠬᠦᠨ᠎ᠢ ᠰᠤᠭᠤᠯᠤᠨ ᠪᠠᠢᠴᠠᠭᠠᠵᠤ᠂ ᠰᠣᠭᠣᠯᠣᠨ ᠪᠠᠢ᠌ᠴᠠᠭ᠋ᠠᠬᠤ ᠳᠣᠮᠳᠠ 13 ᠪᠦᠯᠦᠭ ᠤᠳᠠᠭ᠎ᠠ᠎ᠶᠢᠨ ᠦᠢ᠍ᠯᠡᠳᠭᠦᠨ᠎ᠦ ᠬᠢᠷᠢ ᠲᠡᠩᠴᠡᠭᠰᠡᠨ ᠦᠭᠡᠢ ᠪᠠᠢ᠌ᠳᠠᠯ᠎ᠢ ᠢᠯᠡᠷᠡᠭᠦᠯᠵᠦ᠂ ᠨᠢᠭᠡᠨᠲᠡ ᠬᠠᠷᠢᠶ᠎ᠠ ᠭᠠᠵᠠᠷ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠲᠤ ᠲᠤᠱᠢᠶᠠᠨ ᠱᠢᠶ᠋ᠳᠪᠦᠷᠢᠯᠡᠭᠦᠯᠪᠡ᠃ ᠪᠦᠲᠦᠴᠡ᠂ ᠬᠠᠷᠠᠭ᠎ᠠ᠂ ᠨᠢᠳᠦ ᠬᠠᠮᠠᠭᠠᠯᠠᠬᠤ ᠱᠢᠯ᠂ ᠭᠠᠳᠠᠷᠭᠤ᠎ᠶ᠋ᠢᠨ ᠦᠷᠦᠯᠲᠡ᠎ᠶ᠋ᠢᠨ ᠬᠦᠴᠦᠨ᠂ ᠲᠣᠭ᠍ᠲᠠᠮᠠᠯ ᠲᠤᠨᠤᠭᠯᠠᠮᠵᠢ᠎ᠶᠢᠨ ᠲᠣᠭ᠍ᠲᠠᠪᠤᠷᠢᠲᠤ ᠴᠢᠨᠠᠷ᠂ ᠲᠤᠨᠤᠭᠯᠠᠮᠵᠢ ᠵᠡᠭᠦᠬᠦ᠌ ᠬᠦᠴᠦᠯᠡᠴᠡ᠂ ᠮᠥᠷᠭᠦᠯᠳᠦᠭ᠌ᠰᠡᠨ ᠡᠨᠧᠷᠭᠢ᠎ᠶ᠋ᠢ ᠱᠢᠩᠭᠡᠭᠡᠬᠦ᠂ ᠨᠡᠪᠲᠡᠯᠬᠦ᠌᠎ᠶ᠋ᠢ ᠳᠠᠭᠠᠭᠠᠬᠤ ᠵᠡᠷᠭᠡ ᠲᠥᠷᠥᠯ ᠵᠦᠢᠯ᠎ᠳᠤ ᠭᠤᠣᠯᠳᠠᠯᠭ᠎ᠠ᠎ᠲᠠᠢ ᠱᠢᠯᠭᠠᠨ ᠪᠠᠢ᠌ᠴᠠᠭ᠋ᠠᠨ᠎ᠠ᠃ ᠬᠢᠷᠢ ᠲᠡᠩᠴᠡᠬᠦ᠌ ᠦᠭᠡᠢ ᠲᠥᠷᠥᠯ ᠵᠦᠢᠯ᠎ᠨᠢ ᠪᠦᠲᠦᠴᠡ᠂ ᠨᠢᠳᠦ ᠬᠠᠮᠠᠭᠠᠯᠠᠬᠤ ᠱᠢᠯ᠂ ᠲᠤᠨᠤᠭᠯᠠᠮᠵᠢ ᠵᠡᠭᠦᠬᠦ᠌ ᠬᠦᠴᠦᠯᠡᠴᠡ᠎ᠳᠤ ᠬᠤᠯᠪᠣᠭ᠍ᠳᠠᠨ᠎ᠠ᠃

ᠭᠤᠷᠪᠠ᠂ ᠬᠤᠯᠪᠣᠭ᠍ᠳᠠᠯ ᠪᠦᠬᠦᠢ ᠱᠠᠭᠠᠷᠳᠠᠯᠭ᠎ᠠ

ᠲᠣᠰ ᠤᠳᠠᠭᠠᠨ᠎ᠤ ᠦᠢᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠨ ᠰᠤᠭᠤᠯᠤᠨ ᠪᠠᠢ᠌ᠴᠠᠭ᠋ᠠᠯᠲᠠ᠎ᠳᠤ ᠢᠯᠡᠷᠡᠭᠦᠯᠦᠭ᠌ᠰᠡᠨ ᠠᠰᠠᠭᠤᠳᠠᠯ᠎ᠳᠤ ᠴᠢᠭ᠌ᠯᠡᠭᠦᠯᠦᠨ᠂ ᠡᠯ᠎ᠡ ᠬᠤᠯᠪᠣᠭ᠍ᠳᠠᠯ ᠪᠥᠬᠦᠶ ᠠᠢᠮᠠᠭ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠳ ᠳᠣᠤᠷᠠᠬᠢ ᠮᠡᠲᠦ ᠠᠵᠢᠯ᠎ᠢ ᠰᠠᠢᠲᠤᠷ ᠬᠢᠬᠦ᠌ ᠬᠡᠷᠡᠭ᠌ᠲᠡᠶ᠄

ᠰᠤᠭᠤᠯᠤᠨ ᠪᠠᠢᠴᠠᠭᠠᠭ᠍ᠰᠠᠨ ᠦᠷ᠎ᠡ ᠳ᠋ᠦᠩ᠎ᠤᠨ ᠰᠢᠢ᠍ᠳᠪᠦᠷᠢᠯᠡᠯᠡᠲᠡ᠎ᠶ᠋ᠢ ᠴᠢᠩᠭᠠᠳᠭᠠᠬᠤ ᠬᠡᠷᠡᠭ᠌ᠲᠡᠶ᠃ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠢᠯᠡᠳᠬᠦᠨ᠎ᠤ ᠶᠠᠰᠤ ᠴᠢᠨᠠᠷ᠎ᠤᠨ ᠬᠠᠤᠯᠢ》᠂ 《ᠦᠢᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠨ ᠰᠤᠭᠤᠯᠤᠨ ᠪᠠᠢᠴᠠᠭᠠᠬᠤ ᠬᠠᠮᠢᠶᠠᠷᠤᠯᠲᠠ᠎ᠶ᠋ᠢᠨ ᠲᠦᠷ ᠬᠡᠷᠡᠭ᠌ᠵᠢᠭᠦᠯᠬᠦ᠌ ᠠᠷᠭ᠎ᠠ》 ᠵᠡᠷᠭᠡ ᠬᠤᠯᠪᠣᠭ᠍ᠳᠠᠯ ᠪᠥᠬᠦᠶ ᠱᠠᠭᠠᠷᠳᠠᠯᠭ᠎ᠠ ᠶᠣᠰᠣᠭᠠᠷ᠂ ᠬᠢᠨᠠᠯᠲᠠ ᠲᠠᠯᠪᠢᠨ ᠰᠤᠭᠤᠯᠤᠨ ᠪᠠᠢᠴᠠᠭᠠᠭ᠍ᠰᠠᠨ ᠦᠷ᠎ᠡ ᠳ᠋ᠦᠩ᠎ᠢ ᠱᠢᠢᠳᠪᠦᠷᠢᠯᠡᠬᠦ᠌ ᠠᠵᠢᠯ᠎ᠢ ᠦᠳᠲᠡᠷ ᠲᠦᠷᠭᠡᠨ ᠵᠣᠬᠢᠶᠠᠨ ᠪᠠᠢᠭᠤᠯᠤᠨ ᠰᠠᠢᠲᠤᠷ ᠬᠢᠬᠦ᠌ ᠬᠡᠷᠡᠭ᠌ᠲᠡᠶ᠃ ᠬᠠᠤᠯᠢ ᠶᠤᠰᠤᠭ᠋ᠠᠷ ᠬᠢᠷᠢ ᠲᠡᠩᠴᠡᠬᠦ᠌ ᠦᠭᠡᠶ ᠦᠢᠯᠡᠳᠬᠦᠨ᠎ᠳᠦ ᠪᠠᠢᠴᠠᠭᠠᠨ ᠪᠢᠲᠡᠭᠦᠮᠵᠢᠯᠡᠬᠦ᠂ ᠪᠠᠷᠢᠴᠠᠭ᠋ᠠᠨ᠎ᠳᠤ ᠦᠯᠡᠳᠡᠭᠡᠬᠦ ᠵᠡᠷᠭᠡ ᠠᠷᠭ᠎ᠠ ᠬᠡᠮᠵᠢᠶ᠎ᠡ ᠠᠪᠴᠤ᠌᠂ ᠦᠢᠯᠡᠳᠪᠦᠷᠢᠯᠡᠵᠦ᠍ ᠪᠣᠷᠣᠯᠠᠭᠤᠯᠬᠤ᠎ᠶ᠋ᠢ ᠴᠢᠩᠭ᠎ᠠ ᠴᠠᠭ᠋ᠠᠵᠢᠯᠠᠬᠤ ᠬᠡᠷᠡᠭ᠌ᠲᠡᠶ; ᠬᠤᠳᠠᠯ ᠬᠠᠭᠤᠷᠮᠠᠭ᠎ᠢᠶᠠᠷ ᠰᠡᠵᠢᠭ᠌ᠯᠡᠭ᠌ᠳᠡᠭ᠌ᠰᠡᠨ᠎ᠳᠤ ᠲᠤᠬᠠᠶ᠎ᠶ᠋ᠢᠨ ᠲᠠᠯᠠᠪᠠᠢ᠎ᠳᠤ ᠨᠢ ᠪᠠᠢᠴᠠᠭᠠᠬᠤ᠂ ᠪᠠᠢᠳᠠᠯ᠎ᠢ ᠯᠠᠪᠯᠠᠨ ᠠᠰᠠᠭᠤᠬᠤ᠂ ᠭᠡᠷ᠎ᠡ᠎ᠶ᠋ᠢᠨ ᠪᠠᠷᠢᠮᠲᠠ᠎ᠶ᠋ᠢ ᠪᠠᠢᠴᠠᠭᠠᠨ ᠦᠵᠡᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠪᠠᠢᠴᠠᠭᠠᠨ ᠭᠡᠷᠡᠴᠢ ᠠᠪᠴᠤ᠂ ᠬᠠᠤᠯᠢ᠎ᠠᠴᠠ ᠵᠥᠷᠢᠴᠡᠭ᠌ᠰᠡᠨ ᠪᠣᠳᠠᠲᠤ ᠬᠡᠷᠡᠭ᠎ᠢ ᠪᠠᠢᠴᠠᠭᠠᠨ ᠲᠣᠳᠣᠯᠠᠵᠤ᠂ ᠬᠠᠤᠯᠢ ᠶᠣᠰᠣᠭᠠᠷ ᠱᠢᠶ᠋ᠳᠪᠦᠷᠢᠯᠡᠬᠦ᠌ ᠬᠡᠷᠡᠭ᠌ᠲᠡᠶ᠃ ᠬᠢᠷᠢ ᠲᠡᠩᠴᠡᠬᠦ᠌ ᠦᠭᠡᠶ ᠦᠢᠯᠡᠳᠬᠦᠨ᠎ᠢ ᠦᠢ᠍ᠯᠡᠳᠪᠦᠷᠢᠯᠡᠵᠦ ᠪᠤᠷᠤᠯᠠᠭᠤᠯᠵᠦ ᠪᠠᠢ᠌ᠭ᠎ᠠ ᠨᠢᠭᠡᠴᠢ᠎ᠳᠦ ᠴᠡᠭ᠌ᠴᠡᠯᠡᠨ ᠰᠠᠢᠵᠢᠷᠠᠭᠤᠯᠬᠤ ᠱᠠᠭᠠᠷᠳᠠᠯᠭ᠎ᠠ᠎ᠶ᠋ᠢ ᠲᠣᠳᠣᠷᠬᠠᠢᠯᠠᠨ᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ ᠴᠢᠩᠭ᠎ᠠ ᠱᠢᠮᠳᠠᠭᠤᠯᠤᠨ ᠨᠠᠢᠳᠠᠪᠤᠷᠢᠵᠢᠭᠤᠯᠵᠤ ᠂ ᠴᠠᠭ ᠲᠤᠬᠠᠶ᠎ᠳᠤ ᠨᠢ ᠵᠣᠬᠢᠶᠠᠨ ᠪᠠᠢᠭᠤᠯᠤᠨ ᠳᠠᠪᠲᠠᠨ ᠪᠠᠢᠴᠠᠭᠠᠬᠤ ᠬᠡᠷᠡᠭ᠌ᠲᠡᠶ; ᠬᠣᠶᠠᠷ ᠣᠳᠠᠭ᠋ᠠᠨ᠎ᠤ ᠰᠣᠭᠣᠯᠣᠨ ᠪᠠᠢ᠌ᠴᠠᠭ᠋ᠠᠯᠲᠠ᠎ᠳᠤ ᠦᠷᠬᠦᠯᠵᠢᠯᠡᠨ ᠬᠢᠷᠢ ᠲᠡᠩᠴᠡᠭᠰᠡᠨ ᠦᠭᠡᠶ ᠦᠢᠯᠡᠳᠪᠦᠷᠢᠯᠡᠯ ᠪᠣᠷᠣᠯᠠᠭᠤᠯᠭ᠎ᠠ᠎ᠶ᠋ᠢᠨ ᠨᠢᠭᠡᠴᠢ ᠲᠠᠢ ᠪᠣᠯᠵᠣᠨ ᠶᠠᠷᠢᠯᠴᠠᠬᠤ ᠬᠡᠷᠡᠭᠲᠡᠢ᠃ ᠬᠠᠤᠯᠢ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠨᠢ ᠶᠠᠯ᠎ᠠ ᠬᠢᠭ᠌ᠰᠡᠨ ᠰᠡᠵᠢᠭ᠌ᠯᠡᠯᠲᠡᠶ ᠪᠤᠯ᠂ ᠴᠠᠭ ᠲᠤᠬᠠᠶ᠎ᠳᠤ ᠨᠢ ᠬᠠᠤᠯᠢ ᠴᠠᠭᠠᠵᠠ᠎ᠶ᠋ᠢᠨ ᠪᠠᠢᠭᠤᠯᠭ᠎ᠠ᠎ᠳᠤ ᠱᠢᠯᠵᠢᠭᠦᠯᠦᠨ ᠬᠦᠷᠭᠡᠬᠦ᠌ ᠬᠡᠷᠡᠭ᠌ᠲᠡᠶ᠃ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶᠢᠨ ᠮᠥᠷᠳᠡᠨ ᠰᠢᠮᠳᠠᠭᠤᠯᠬᠤ ᠭᠦᠢ᠍ᠴᠡᠳᠭᠡᠯ᠎ᠢᠶᠡᠨ ᠴᠢᠩᠭᠠᠷᠠᠭᠤᠯᠵᠤ᠂ ᠪᠠᠢᠳᠠᠯ᠎ᠢᠶᠠᠨ ᠦᠵᠡᠵᠦ ᠡᠯ᠎ᠡ ᠭᠠᠵᠠᠷ᠎ᠤᠨ ᠬᠢᠨᠠᠯᠲᠠ ᠲᠠᠯᠪᠢᠨ ᠰᠤᠭᠤᠯᠤᠨ ᠪᠠᠢᠴᠠᠭᠠᠭ᠍ᠰᠠᠨ ᠦᠷ᠎ᠡ ᠳ᠋ᠦᠩ᠎ᠤᠨ ᠱᠢᠢᠳᠪᠦᠷᠢᠯᠡᠭ᠌ᠰᠡᠨ ᠪᠠᠢᠳᠠᠯ᠎ᠢᠶᠠᠨ ᠵᠠᠷᠯᠠᠨ᠎ᠠ᠃

ᠦᠢ᠍ᠯᠡᠳᠪᠦᠷᠢᠯᠡᠯ ᠪᠣᠷᠣᠯᠠᠭᠤᠯᠭ᠎ᠠ᠎ᠶᠢᠨ ᠨᠢᠭᠡᠴᠢ᠎ᠶ᠋ᠢ ᠱᠢᠮᠳᠠᠭᠤᠯᠵᠤ ᠪᠠᠢᠭᠠᠳ ᠶᠠᠰᠤ ᠴᠢᠨᠠᠷ᠎ᠤᠨ ᠠᠮᠤᠷ ᠲᠦᠪᠰᠢᠨ᠎ᠦ ᠭᠣᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠨ᠂ ᠱᠠᠭᠠᠷᠳᠠᠯᠭ᠎ᠠ ᠶᠣᠰᠣᠭᠠᠷ ᠶᠠᠰᠤ ᠴᠢᠨᠠᠷ᠎ᠤᠨ ᠠᠮᠤᠷ ᠲᠦᠪᠰᠢᠨ᠎ᠦ ᠶᠡᠷᠦᠩᠬᠡᠶ ᠬᠢᠨᠠᠭ᠍ᠴᠢ ᠪᠣᠯᠤᠨ ᠶᠠᠰᠤ ᠴᠢᠨᠠᠷ᠎ᠤᠨ ᠠᠮᠤᠷ ᠲᠦᠪᠰᠢᠨ᠎ᠦ ᠠᠵᠢᠯᠲᠠᠨ᠎ᠢ ᠲᠤᠬᠢᠷᠠᠭᠤᠯᠤᠨ᠎ᠠ᠃ ᠦᠢᠯᠡᠳᠬᠦᠨ᠎ᠤ ᠶᠠᠰᠤ ᠴᠢᠨᠠᠷ᠎ᠤᠨ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠳᠦᠷᠢᠮ᠎ᠤᠨ ᠪᠦᠲᠦᠭᠡᠨ ᠪᠠᠢᠭᠤᠯᠤᠯᠲᠠ᠎ᠶ᠋ᠢᠨ ᠪᠠᠢᠳᠠᠯ᠎ᠳᠤ ᠴᠢᠭ᠌ᠯᠡᠭᠦᠯᠦᠨ᠂ ᠦᠢᠯᠡᠳᠪᠦᠷᠢᠯᠡᠯ᠎ᠤᠨ ᠨᠢᠭᠡᠴᠢ᠎ᠶ᠋ᠢᠨ ᠪᠠᠷᠠᠭ᠎ᠠ ᠣᠷᠣᠭᠤᠯᠬᠤ᠎ᠶ᠋ᠢ ᠪᠠᠢᠴᠠᠭᠠᠨ ᠱᠢᠯᠭᠠᠬᠤ᠂ ᠬᠥᠮᠥᠷᠭᠡ᠎ᠳᠤ ᠤᠷᠤᠭᠤᠯᠬᠤ᠎ᠶᠢ ᠱᠢᠯᠭᠠᠨ ᠠᠪᠬᠤ᠂ ᠦᠢᠯᠡᠳᠪᠦᠷᠢ᠎ᠠᠴᠠ ᠭᠠᠷᠭᠠᠬᠤ᠎ᠶ᠋ᠢ ᠱᠢᠯᠭᠠᠨ ᠪᠠᠢᠴᠠᠭᠠᠬᠤ ᠵᠡᠷᠭᠡ ᠮᠡᠳᠡᠭᠡ ᠵᠠᠩᠭᠢ᠎ᠶᠢᠨ ᠲᠡᠮᠳᠡᠭ᠌ᠯᠡᠭ᠌ᠰᠡᠨ ᠪᠠᠢᠳᠠᠯ᠂ ᠪᠣᠷᠣᠯᠠᠭᠤᠯᠭ᠎ᠠ᠎ᠶ᠋ᠢᠨ ᠨᠢᠭᠡᠴᠢ᠎ᠶ᠋ᠢᠨ ᠪᠠᠷᠠᠭ᠎ᠠ ᠣᠷᠣᠭᠤᠯᠬᠤ᠎ᠶ᠋ᠢ ᠪᠠᠢᠴᠠᠭᠠᠨ ᠱᠢᠯᠭᠠᠬᠤ᠂ ᠬᠥᠮᠥᠷᠭᠡ᠎ᠳᠤ ᠤᠷᠤᠭᠤᠯᠬᠤ᠎ᠶᠢ ᠱᠢᠯᠭᠠᠨ ᠠᠪᠬᠤ ᠵᠡᠷᠭᠡ ᠮᠡᠳᠡᠭᠡ ᠵᠠᠩᠭᠢ᠎ᠶᠢᠨ ᠲᠡᠮᠳᠡᠭ᠌ᠯᠡᠭ᠌ᠰᠡᠨ ᠪᠠᠢᠳᠠᠯ᠎ᠢ ᠭᠦᠨᠵᠡᠭᠡᠶ ᠵᠢᠭ᠍ᠰᠠᠭᠠᠨ ᠪᠠᠢᠴᠠᠭᠠᠵᠤ᠂ ᠠᠮᠤᠷ ᠲᠦᠪᠱᠢᠨ᠎ᠤ ᠳᠠᠯᠳᠠ ᠭᠡᠮ᠎ᠢ ᠴᠠᠭ ᠲᠤᠬᠠᠶ᠎ᠳᠤ ᠨᠢ ᠴᠡᠭ᠌ᠴᠡᠯᠡᠨ ᠰᠠᠢᠵᠢᠷᠠᠭᠤᠯᠵᠤ᠂ ᠳᠠᠯᠳᠠ ᠠᠶᠤᠯ ᠲᠦᠭ᠌ᠰᠢᠭᠦᠷᠢ᠎ᠶ᠋ᠢ ᠠᠷᠢᠯᠭ᠋ᠠᠨ᠎ᠠ᠃

ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶ᠋ᠢᠨ ᠬᠠᠮᠢᠶ᠎ᠠ ᠪᠥᠬᠦᠶ ᠦᠢᠯᠡᠳᠬᠦᠨ᠎ᠤ ᠶᠠᠰᠤ ᠴᠢᠨᠠᠷ᠎ᠤᠨ ᠠᠮᠤᠷ ᠲᠦᠪᠱᠢᠨ᠎ᠤ ᠬᠢᠨᠠᠯᠲᠠ ᠬᠠᠮᠢᠶᠠᠷᠤᠯᠲᠠ᠎ᠶ᠋ᠢ ᠭᠦᠨᠵᠡᠭᠡᠶ ᠥᠷᠨᠢᠭᠦᠯᠵᠦ᠍᠂ ᠴᠡᠭ᠌ᠴᠡᠯᠡᠨ ᠰᠠᠢ᠌ᠵᠢᠷᠠᠭᠤᠯᠬᠤ ᠡᠬᠡ ᠲᠠᠩᠰᠠ᠎ᠶ᠋ᠢ ᠪᠠᠢᠭᠤᠯᠤᠨ ᠲᠡᠭᠦᠯᠳᠡᠷᠵᠢᠭᠦᠯᠵᠦ᠍᠂ ᠬᠠᠤᠯᠢ᠎ᠠᠴᠠ ᠵᠥᠷᠢᠴᠡᠭ᠌ᠰᠡᠨ ᠦᠶ᠋ᠯᠡ ᠠᠵᠢᠯᠯᠠᠭ᠎ᠠ᠎ᠶ᠋ᠢ ᠴᠢᠩᠭ᠎ᠠ ᠱᠢᠶ᠋ᠳᠪᠦᠷᠢᠯᠡᠵᠦ᠍᠂ ᠲᠣᠪᠤᠢᠮ᠎ᠠ ᠠᠶᠤᠯ ᠲᠦᠭᠰᠢᠭᠦᠷᠢ ᠪᠠ ᠳᠠᠯᠳᠠ ᠬᠡᠮ᠎ᠢ ᠠᠷᠢᠯᠭᠠᠵᠤ᠂ ᠦᠶ᠋ᠯᠡᠳᠬᠦᠨ᠎ᠤ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶ᠋ᠢᠨ ᠥᠨᠳᠥᠷ ᠳᠠᠷᠤᠯᠲᠠᠲᠤ ᠪᠠᠢᠳᠠᠯ᠎ᠢ ᠪᠠᠷᠢᠮᠲᠠᠯᠠᠵᠦ᠂ ᠶᠠᠰᠤ ᠴᠢᠨᠠᠷ᠎ᠤᠨ ᠠᠮᠤᠷ ᠲᠦᠪᠱᠢᠨ᠎ᠤ ᠬᠢᠷᠢ ᠲᠦᠪᠱᠢᠨ᠎ᠢ ᠳᠡᠭᠡᠭᠰᠢᠯᠡᠭᠦᠯᠦᠨ᠎ᠡ᠃

ᠳᠠᠭᠠᠯᠳᠤᠭᠤᠯᠤᠯ᠄ 2025 ᠣᠨ᠎ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶᠢᠨ ᠬᠠᠮᠢᠶ᠎ᠠ ᠪᠥᠬᠦᠶ ᠦᠢᠯᠡᠳᠬᠦᠨ᠎ᠤ ᠶᠠᠰᠤ ᠴᠢᠨᠠᠷ᠎ᠤᠨ ᠥᠪᠡᠷᠲᠡᠭᠡᠨ ᠵᠠᠰᠠᠬᠤ ᠣᠷᠣᠨ᠎ᠤ ᠬᠢᠨᠠᠯᠲᠠ ᠲᠠᠯᠪᠢᠨ ᠰᠣᠭᠣᠯᠣᠨ ᠪᠠᠢ᠌ᠴᠠᠭ᠋ᠠᠯᠲᠠ᠎ᠳᠤ ᠬᠢᠷᠢ ᠲᠡᠩᠴᠡᠬᠦ ᠦᠭᠡᠢ ᠦᠢᠯᠡᠳᠬᠦᠨ ᠵᠢᠴᠢ ᠦᠢᠯᠡᠳᠪᠦᠷᠢᠯᠡᠯ ᠪᠣᠷᠣᠯᠠᠭᠤᠯᠭ᠎ᠠ᠎ᠶ᠋ᠢᠨ ᠨᠢᠭᠡᠴᠢ᠎ᠶ᠋ᠢᠨ ᠨᠡᠷᠡᠰ᠎ᠤᠨ ᠵᠢᠭᠰᠠᠭ᠋ᠠᠯᠲᠠ

 

ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠤᠪᠴᠢᠶ᠎ᠠ

2025 ᠣᠨ᠎ᠤ 12 ᠳ᠋ᠤᠭ᠋ᠠᠷ ᠰᠠᠷ᠎ᠠ᠎ᠶ᠋ᠢᠨ 19 ᠎ᠤ ᠡᠳᠦᠷ

 

ᠳᠠᠭᠠᠯᠳᠤᠭᠤᠯᠤᠯ᠎ᠢ ᠪᠠᠭᠤᠯᠭᠠᠬᠤ᠄

ᠳᠠᠭᠠᠯᠳᠤᠭᠤᠯᠤᠯ᠄ 2025 ᠣᠨ᠎ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶᠢᠨ ᠬᠠᠮᠢᠶ᠎ᠠ ᠪᠥᠬᠦᠶ ᠦᠢᠯᠡᠳᠬᠦᠨ᠎ᠤ ᠶᠠᠰᠤ ᠴᠢᠨᠠᠷ᠎ᠤᠨ ᠥᠪᠡᠷᠲᠡᠭᠡᠨ ᠵᠠᠰᠠᠬᠤ ᠣᠷᠣᠨ᠎ᠤ ᠬᠢᠨᠠᠯᠲᠠ ᠲᠠᠯᠪᠢᠨ ᠰᠤᠭᠤᠯᠤᠨ ᠪᠠᠢ᠌ᠴᠠᠭ᠋ᠠᠯᠲᠠ᠎ᠳᠤ ᠬᠢᠷᠢ ᠲᠡᠩᠴᠡᠬᠦ ᠥᠬᠡᠶ ᠦᠢᠯᠡᠳᠬᠦᠨ ᠵᠢᠴᠢ ᠦᠢᠯᠡᠳᠪᠦᠷᠢᠯᠡᠯ ᠪᠣᠷᠣᠯᠠᠭᠤᠯᠭ᠎ᠠ᠎ᠶ᠋ᠢᠨ ᠨᠢᠭᠡᠴᠢ᠎ᠶ᠋ᠢᠨ ᠨᠡᠷᠡᠰ᠎ᠤᠨ ᠵᠢᠭᠰᠠᠭ᠋ᠠᠯᠲᠠ.xlsx

 

ᠢᠷᠡᠯᠲᠡ᠄ ᠶᠠᠰᠦ ᠴᠢᠨᠠᠷ᠎ᠤᠨ ᠬᠢᠨᠠᠯᠲᠠ ᠬᠠᠮᠢᠶᠠᠷᠤᠯᠲᠠ᠎ᠶᠢᠨ ᠭᠠᠵᠠᠷ