ᠡᠯ᠎ᠡ ᠠᠢᠮᠠᠭ ᠬᠤᠲᠠ ᠵᠢᠴᠢ ᠮᠠᠨᠵᠤᠤᠷ ᠬᠤᠲᠠ᠂ ᠡᠷᠢᠶᠡᠨ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠄
《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠢᠯᠡᠳᠬᠦᠨ᠎ᠤ ᠶᠠᠰᠤ ᠴᠢᠨᠠᠷ᠎ᠤᠨ ᠬᠠᠤᠯᠢ》 《ᠦᠢᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠨ ᠰᠣᠭᠣᠯᠣᠨ ᠪᠠᠢᠴᠠᠭᠠᠬᠤ ᠬᠠᠮᠢᠶᠠᠷᠤᠯᠲᠠ᠎ᠶ᠋ᠢᠨ ᠲᠦᠷ ᠬᠡᠷᠡᠭ᠌ᠵᠢᠭᠦᠯᠬᠦ᠌ ᠠᠷᠭ᠎ᠠ》 ᠵᠡᠷᠭᠡ ᠬᠠᠤᠯᠢ ᠴᠠᠭᠠᠵᠠ ᠬᠠᠤᠯᠢ ᠲᠣᠭ᠍ᠲᠠᠭᠠᠯ ᠪᠠ ᠳᠦᠷᠢᠮ ᠲᠣᠭ᠍ᠲᠠᠭᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠠᠴᠠ 2025 ᠣᠨ᠎ᠤ ᠥᠪᠡᠷᠲᠡᠭᠡᠨ ᠵᠠᠰᠠᠬᠤ ᠣᠷᠣᠨ᠎ᠤ ᠰᠢᠲᠠᠮᠠᠬᠠᠢ ᠬᠡᠢ᠎ᠶᠢᠨ ᠬᠡᠷᠡᠭᠰᠡᠯ᠎ᠦᠨ ᠬᠠᠮᠢᠶ᠎ᠠ ᠪᠥᠬᠦᠶ ᠦᠢᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠨ ᠰᠤᠭᠤᠯᠤᠨ ᠪᠠᠢᠴᠠᠭᠠᠬᠤ ᠠᠵᠢᠯ᠎ᠢ ᠵᠣᠬᠢᠶᠠᠨ ᠪᠠᠢᠭᠤᠯᠤᠨ ᠥᠷᠨᠢᠭᠦᠯᠵᠦ᠍᠂ ᠡᠳᠦᠭᠡ ᠰᠤᠭᠤᠯᠤᠨ ᠪᠠᠢᠴᠠᠭᠠᠭ᠍ᠰᠠᠨ ᠪᠠᠢᠳᠠᠯ᠎ᠢ ᠳᠣᠤᠷᠠᠬᠢ ᠮᠡᠲᠦ ᠵᠠᠷᠯᠠᠶ᠎ᠠ᠄
ᠨᠢᠭᠡ᠂ ᠦᠨᠳᠦᠰᠦᠨ ᠪᠠᠢᠳᠠᠯ
ᠲᠣᠰ ᠤᠳᠠᠭᠠᠨ᠎ᠤ ᠱᠢᠲᠠᠮᠠᠬᠠᠶ ᠬᠡᠶ᠎ᠶ᠋ᠢᠨ ᠬᠡᠷᠡᠭᠰᠡᠯ᠎ᠦᠨ ᠬᠠᠮᠢᠶ᠎ᠠ ᠪᠥᠬᠦᠶ ᠦᠢᠯᠡᠳᠭᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠨ ᠰᠤᠭᠤᠯᠤᠨ ᠪᠠᠢ᠌ᠴᠠᠭ᠋ᠠᠬᠤ᠎ᠨᠢ ᠱᠢᠲᠠᠮᠠᠬᠠᠶ ᠬᠡᠶ᠎ᠳᠤ ᠴᠥᠷᠬᠡᠯᠡᠬᠦ᠌ ᠵᠥᠭᠡᠯᠡᠨ ᠬᠤᠭᠤᠯᠠᠶ᠂ ᠬᠡᠷ᠎ᠤᠨ ᠬᠡᠷᠡᠭ᠌ᠯᠡᠭᠡᠨ᠎ᠤ ᠱᠢᠲᠠᠮᠠᠬᠠᠶ ᠬᠡᠶ᠎ᠶ᠋ᠢᠨ ᠲᠦᠷᠭᠡᠨ ᠤᠰᠤ ᠬᠠᠯᠠᠭᠠᠭᠤᠷ᠂ ᠬᠡᠷ᠎ᠤᠨ ᠬᠡᠷᠡᠭ᠌ᠯᠡᠭᠡᠨ᠎ᠤ ᠱᠢᠲᠠᠮᠠᠬᠠᠶ ᠬᠡᠶ᠎ᠶ᠋ᠢᠨ ᠵᠤᠤᠬ᠎ᠠ᠂ ᠬᠤᠭᠤᠯᠠᠶ᠎ᠶ᠋ᠢᠨ ᠱᠢᠲᠠᠮᠠᠬᠠᠶ ᠬᠡᠶ᠎ᠶ᠋ᠢᠨ ᠦᠪᠡᠰᠦᠪᠠᠨ ᠬᠠᠭᠠᠭᠠᠬᠤ ᠨᠡᠭᠡᠯᠡᠬᠡᠢ᠂ ᠰᠢᠲᠠᠮᠠᠬᠠᠢ ᠬᠡᠢ᠎ᠶᠢᠨ ᠳᠤᠯᠠᠭ᠋ᠠᠯᠠᠬᠤ ᠬᠠᠯᠠᠭᠤᠨ ᠤᠰᠤᠨ᠎ᠤ ᠵᠤᠤᠬ᠎ᠠ᠂ ᠱᠢᠲᠠᠮᠠᠬᠠᠶ ᠬᠡᠶ᠎ᠶ᠋ᠢᠨ ᠪᠠᠴᠢᠮ ᠲᠠᠰᠤᠯᠬᠤ ᠨᠡᠭᠡᠯᠡᠭᠡᠢ᠂ ᠱᠢᠲᠠᠮᠠᠬᠠᠶ ᠬᠡᠶ᠎ᠶ᠋ᠢᠨ ᠲᠦᠭ᠌ᠰᠢᠭᠦᠷᠢ ᠮᠡᠳᠡᠭᠡᠯᠡᠬᠦ᠌ ᠡᠵᠡᠮᠰᠢᠭᠦᠷ᠂ ᠱᠢᠲᠠᠮᠠᠬᠠᠶ ᠬᠡᠶ᠎ᠶ᠋ᠢᠨ ᠳᠠᠷᠤᠯᠲᠠ ᠲᠣᠬᠢᠷᠠᠭᠤᠯᠬᠤ ᠮᠠᠱᠢᠨ᠂ ᠬᠤᠳᠠᠯᠳᠤᠭ᠎ᠠ᠎ᠳᠦ ᠬᠡᠷᠡᠭ᠌ᠯᠡᠬᠦ᠌ ᠱᠢᠲᠠᠮᠠᠬᠠᠶ ᠬᠡᠶ᠎ᠶ᠋ᠢᠨ ᠵᠤᠤᠬ᠎ᠠ ᠵᠡᠷᠭᠡ ᠦᠢᠯᠡᠳᠬᠦᠨ᠃ ᠨᠡᠢᠲᠡ 262 ᠡᠷᠦᠬᠡ ᠪᠤᠷᠤᠯᠠᠭᠤᠯᠭ᠎ᠠ᠎ᠶᠢᠨ ᠨᠢᠭᠡᠴᠢ᠎ᠶ᠋ᠢᠨ 426 ᠪᠦᠯᠦᠭ ᠤᠳᠠᠭ᠎ᠠ᠎ᠶᠢᠨ ᠦᠢᠯᠡᠳᠬᠦᠨ᠎ᠢ ᠰᠤᠭᠤᠯᠤᠨ ᠪᠠᠢᠴᠠᠭᠠᠵᠤ ᠂ ᠬᠢᠷᠢ ᠲᠡᠩᠴᠡᠬᠦ᠌ ᠦᠭᠡᠢ ᠦᠢ᠍ᠯᠡᠳᠭᠦᠨ 7 ᠪᠦᠯᠦᠭ ᠤᠳᠠᠭ᠎ᠠ ᠢᠯᠡᠷᠡᠭᠦᠯᠵᠦ᠍᠂ ᠡᠭᠦᠨ᠎ᠳᠤ ᠱᠢᠲᠠᠮᠠᠬᠠᠶ ᠬᠡᠢ᠎ᠶ᠋ᠢᠨ ᠲᠦᠭ᠌ᠰᠢᠭᠦᠷᠢ ᠮᠡᠳᠡᠭᠡᠯᠡᠬᠦ᠌ ᠡᠵᠡᠮᠰᠢᠭᠦᠷ 1 ᠪᠦᠯᠦᠭ ᠤᠳᠠᠭ᠎ᠠ᠂ ᠱᠢᠲᠠᠮᠠᠬᠠᠶ ᠬᠡᠢ᠎ᠶ᠋ᠢᠨ ᠳᠠᠷᠤᠯᠲᠠ ᠲᠣᠬᠢᠷᠠᠭᠤᠯᠬᠤ ᠮᠠᠰᠢᠨ 4 ᠪᠦᠯᠦᠭ ᠤᠳᠠᠭ᠎ᠠ᠂ ᠬᠤᠳᠠᠯᠳᠤᠭ᠎ᠠ᠎ᠳᠤ ᠬᠡᠷᠡᠭ᠌ᠯᠡᠬᠦ᠌ ᠱᠢᠲᠠᠮᠠᠬᠠᠶ ᠬᠡᠢ᠎ᠶ᠋ᠢᠨ ᠵᠤᠤᠬ᠎ᠠ 2 ᠪᠦᠯᠦᠭ ᠤᠳᠠᠭ᠎ᠠ᠃ ᠱᠢᠲᠠᠮᠠᠬᠠᠶ ᠬᠡᠶ᠎ᠳᠤ ᠴᠥᠷᠬᠡᠯᠡᠬᠦ᠌ ᠵᠥᠭᠡᠯᠡᠨ ᠬᠤᠭᠤᠯᠠᠶ᠂ ᠬᠡᠷ᠎ᠤᠨ ᠬᠡᠷᠡᠭ᠌ᠯᠡᠭᠡᠨ᠎ᠤ ᠱᠢᠲᠠᠮᠠᠬᠠᠶ ᠬᠡᠶ᠎ᠶ᠋ᠢᠨ ᠲᠦᠷᠭᠡᠨ ᠤᠰᠤ ᠬᠠᠯᠠᠭᠠᠭᠤᠷ᠂ ᠬᠤᠭᠤᠯᠠᠶ᠎ᠶ᠋ᠢᠨ ᠱᠢᠲᠠᠮᠠᠬᠠᠶ ᠬᠡᠶ᠎ᠶ᠋ᠢᠨ ᠥᠪᠡᠰᠦᠪᠡᠨ ᠬᠠᠭᠠᠭᠠᠬᠤ ᠨᠡᠬᠡᠯᠡᠬᠡᠢ᠂ ᠱᠢᠲᠠᠮᠠᠬᠠᠶ ᠬᠡᠶ ᠶ᠋ᠢᠨ ᠳᠤᠯᠠᠭ᠋ᠠᠯᠠᠬᠤ ᠬᠠᠯᠠᠭᠤᠨ ᠤᠰᠤᠨ᠎ᠤ ᠵᠤᠤᠬ᠎ᠠ᠂ ᠱᠢᠲᠠᠮᠠᠬᠠᠶ ᠬᠡᠶ᠎ᠶᠢᠨ ᠪᠠᠴᠢᠮ ᠲᠠᠰᠤᠯᠬᠤ ᠨᠡᠭᠡᠯᠡᠬᠡᠶ᠂ ᠬᠡᠷ᠎ᠤᠨ ᠬᠡᠷᠡᠭ᠌ᠯᠡᠭᠡᠨ᠎ᠤ ᠱᠢᠲᠠᠮᠠᠬᠠᠶ ᠬᠡᠶ᠎ᠶ᠋ᠢᠨ ᠵᠤᠤᠬ᠎ᠠ ᠵᠡᠷᠭᠡ᠎ᠳᠦ ᠬᠢᠷᠢ ᠲᠡᠩᠴᠡᠬᠦ᠌ ᠥᠬᠡᠶ ᠦᠢᠯᠡᠳᠬᠦᠨ ᠢᠯᠡᠷᠡᠭᠦᠯᠦᠭᠰᠡᠨ ᠥᠬᠡᠶ᠃
ᠬᠤᠶᠠᠷ᠂ ᠰᠤᠭᠤᠯᠤᠨ ᠪᠠᠢᠴᠠᠭᠠᠭ᠍ᠰᠠᠨ ᠦᠷ᠎ᠡ ᠳ᠋ᠦᠩ᠎ᠤᠨ ᠵᠠᠳᠠᠯᠤᠯᠲᠠ
ᠱᠢᠲᠠᠮᠠᠬᠠᠶ ᠬᠡᠶ᠎ᠶ᠋ᠢᠨ ᠲᠦᠭ᠌ᠰᠢᠭᠦᠷᠢ ᠮᠡᠳᠡᠭᠡᠯᠡᠬᠦ᠌ ᠡᠵᠡᠮᠰᠢᠭᠦᠷ᠄ ᠲᠣᠰ ᠤᠳᠠᠭ᠎ᠠ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ᠂ ᠦᠬᠠᠶ ᠬᠤᠲᠠ᠂ ᠲᠦᠩᠯᠢᠶᠣᠤ ᠬᠤᠲᠠ᠂ ᠤᠯᠠᠭᠠᠨᠴᠠᠪ ᠬᠤᠲᠠ᠂ ᠠᠯᠠᠱᠠ ᠠᠢᠮᠠᠭ᠂ ᠮᠠᠨᠵᠤᠤᠷ ᠬᠤᠲᠠ ᠵᠡᠷᠭᠡ 7 ᠠᠢᠮᠠᠭ ᠬᠤᠲᠠ᠂ 1ᠲᠥᠯᠥᠪᠯᠡᠭᠡ᠎ᠡᠴᠡ ᠠᠰᠳᠠᠭᠠᠨ ᠵᠢᠭ᠍ᠰᠠᠭᠠᠭ᠍ᠰᠠᠨ ᠬᠤᠲᠠ᠎ᠶ᠋ᠢᠨ 19 ᠡᠷᠦᠬᠡ ᠪᠤᠷᠤᠯᠠᠭᠤᠯᠭ᠎ᠠ᠎ᠶᠢᠨ ᠨᠢᠭᠡᠴᠢ᠎ᠳᠦ ᠰᠤᠭᠤᠯᠤᠨ ᠪᠠᠢᠴᠠᠭᠠᠯᠲᠠ ᠬᠢᠵᠦ᠍᠂ ᠨᠡᠢᠲᠡ 20 ᠪᠦᠯᠦᠭ ᠤᠳᠠᠭ᠎ᠠ᠎ᠶ᠋ᠢᠨ ᠦᠢᠯᠡᠳᠬᠦᠨ᠎ᠢ ᠰᠤᠭᠤᠯᠣᠨ ᠪᠠᠢᠴᠠᠭᠠᠵᠤ᠂ ᠰᠣᠭᠣᠯᠣᠨ ᠪᠠᠢ᠌ᠴᠠᠭ᠋ᠠᠬᠤ ᠳᠣᠮᠳᠠ 1 ᠪᠦᠯᠦᠭ ᠤᠳᠠᠭ᠎ᠠ᠎ᠶᠢᠨ ᠦᠢ᠍ᠯᠡᠳᠭᠦᠨ᠎ᠦ ᠬᠢᠷᠢ ᠲᠡᠩᠴᠡᠭᠰᠡᠨ ᠦᠭᠡᠢ ᠪᠠᠢ᠌ᠳᠠᠯ ᠢᠯᠡᠷᠡᠭᠦᠯᠵᠦ᠂ ᠨᠢᠭᠡᠨᠲᠡ ᠬᠠᠷᠢᠶ᠎ᠠ ᠭᠠᠵᠠᠷ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠲᠤ ᠲᠤᠱᠢᠶᠠᠨ ᠱᠢᠶ᠋ᠳᠪᠦᠷᠢᠯᠡᠭᠦᠯᠪᠡ᠃ ᠲᠦᠭ᠌ᠰᠢᠭᠦᠷᠢ ᠮᠡᠳᠡᠭᠡᠯᠡᠬᠦ ᠬᠥᠳᠡᠯᠭᠡᠭᠡᠨ᠎ᠤ ᠬᠡᠮᠵᠢᠭᠳᠡᠯ᠂ ᠣᠷᠣᠨ ᠪᠠᠢᠷᠢ᠂ ᠬᠦᠢ᠍ᠳᠡᠢ᠌ᠷᠡᠭᠦᠯᠦᠭᠰᠡᠨ ᠴᠠᠬᠢᠯᠭᠠᠨ ᠡᠰᠡᠷᠭᠦᠴᠡᠯ᠂ ᠴᠠᠬᠢᠯᠭᠠᠨ᠎ᠤ ᠬᠦᠴᠦᠯᠡᠴᠡ᠂ ᠥᠨᠳᠥᠷ ᠳᠤᠯᠠᠭᠠᠨ(ᠠᠵᠢᠯᠯᠠᠬᠤ)᠎ᠤ ᠲᠤᠷᠱᠢᠯᠲᠠ᠂ ᠪᠠᠭᠤᠷᠠᠬᠤ ᠲᠤᠷᠱᠢᠯᠲᠠ ᠵᠡᠷᠭᠡ ᠲᠥᠷᠥᠯ ᠵᠦᠢᠯ᠎ᠳᠤ ᠭᠤᠣᠯᠳᠠᠯᠭ᠎ᠠ᠎ᠲᠠᠢ ᠱᠢᠯᠭᠠᠨ ᠪᠠᠢᠴᠠᠭᠠᠵᠤ᠂ ᠬᠢᠷᠢ ᠲᠡᠩᠴᠡᠬᠦ᠌ ᠦᠭᠡᠢ ᠲᠥᠷᠥᠯ ᠵᠦᠢᠯ᠎ᠨᠢ ᠲᠦᠭ᠌ᠰᠢᠭᠦᠷᠢ ᠮᠡᠳᠡᠭᠡᠯᠡᠬᠦ ᠬᠥᠳᠡᠯᠭᠡᠭᠡᠨ᠎ᠤ ᠬᠡᠮᠵᠢᠭᠳᠡᠯ᠂ ᠣᠷᠣᠨ ᠪᠠᠢᠷᠢ᠂ ᠪᠠᠭᠤᠷᠠᠬᠤ ᠲᠤᠷᠱᠢᠯᠲᠠ᠎ᠳᠤ ᠬᠤᠯᠪᠣᠭ᠍ᠳᠠᠨ᠎ᠠ᠃
ᠯᠣᠩᠬᠤᠨ᠎ᠳᠤ ᠰᠠᠪᠠᠯᠠᠭ᠍ᠰᠠᠨ ᠱᠢᠩᠭᠡᠨᠵᠢᠮᠡᠯ ᠴᠢᠯᠠᠭᠤᠨ ᠲᠣᠰᠣᠨ᠎ᠤ ᠬᠡᠢ᠎ᠶ᠋ᠢᠨ ᠳᠠᠷᠤᠯᠲᠠ᠎ᠶᠢ ᠲᠣᠬᠢᠷᠠᠭᠤᠯᠬᠤ ᠮᠠᠰᠢᠨ᠄ ᠲᠣᠰ ᠤᠳᠠᠭ᠎ᠠ ᠬᠥᠬᠡᠬᠤᠲᠠ᠂ ᠤᠯᠠᠭᠠᠨᠬᠠᠳᠠ ᠬᠤᠲᠠ᠂ ᠬᠥᠯᠥᠨ ᠪᠤᠢᠷ ᠬᠤᠲᠠ᠂ ᠲᠦᠩᠯᠢᠶᠣᠤ ᠬᠤᠲᠠ᠂ ᠪᠠᠶᠠᠨᠨᠠᠭᠤᠷ ᠬᠤᠲᠠ᠂ ᠱᠢᠯᠢ᠎ᠶ᠋ᠢᠨ ᠭᠤᠤᠯ ᠠᠢᠮᠠᠭ᠂ ᠬᠢᠩᠭᠠᠨ ᠠᠢᠮᠠᠭ᠂ ᠠᠯᠠᠱᠠ ᠠᠢᠮᠠᠭ᠂ ᠡᠷᠢᠶᠡᠨ ᠬᠤᠲᠠ᠂ ᠮᠠᠨᠵᠤᠤᠷ ᠬᠤᠲᠠ ᠵᠡᠷᠭᠡ 8 ᠠᠢᠮᠠᠭ ᠬᠤᠲᠠ᠂ 2ᠲᠥᠯᠥᠪᠯᠡᠭᠡ᠎ᠡᠴᠡ ᠠᠰᠳᠠᠭᠠᠨ ᠵᠢᠭ᠍ᠰᠠᠭᠠᠭ᠍ᠰᠠᠨ ᠬᠤᠲᠠ᠎ᠶ᠋ᠢᠨ 50 ᠡᠷᠦᠬᠡ ᠪᠤᠷᠤᠯᠠᠭᠤᠯᠭ᠎ᠠ᠎ᠶᠢᠨ ᠨᠢᠭᠡᠴᠢ᠎ᠳᠤ ᠰᠤᠭᠤᠯᠤᠨ ᠪᠠᠢᠴᠠᠭᠠᠯᠲᠠ ᠬᠢᠵᠦ᠍᠂ ᠨᠡᠢᠲᠡ 88 ᠪᠦᠯᠦᠭ ᠤᠳᠠᠭ᠎ᠠ᠎ᠶ᠋ᠢᠨ ᠦᠢᠯᠡᠳᠬᠦᠨ᠎ᠢ ᠰᠤᠭᠤᠯᠤᠨ ᠪᠠᠢᠴᠠᠭᠠᠵᠤ᠂ ᠰᠣᠭᠣᠯᠣᠨ ᠪᠠᠢ᠌ᠴᠠᠭ᠋ᠠᠬᠤ ᠳᠣᠮᠳᠠ 4 ᠪᠦᠯᠦᠭ ᠤᠳᠠᠭ᠎ᠠ᠎ᠶᠢᠨ ᠦᠢ᠍ᠯᠡᠳᠭᠦᠨ᠎ᠦ ᠬᠢᠷᠢ ᠲᠡᠩᠴᠡᠭᠰᠡᠨ ᠦᠭᠡᠢ ᠪᠠᠢ᠌ᠳᠠᠯ ᠢᠯᠡᠷᠡᠭᠦᠯᠵᠦ᠂ ᠨᠢᠭᠡᠨᠲᠡ ᠬᠠᠷᠢᠶ᠎ᠠ ᠭᠠᠵᠠᠷ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠲᠤ ᠲᠤᠱᠢᠶᠠᠨ ᠱᠢᠶ᠋ᠳᠪᠦᠷᠢᠯᠡᠭᠦᠯᠪᠡ᠃ ᠮᠠᠲ᠋ᠧᠷᠢᠶᠠᠯ᠂ ᠪᠦᠲᠦᠴᠡ (ᠡᠩ᠎ᠤᠨ ᠱᠠᠭᠠᠷᠳᠠᠯᠭ᠎ᠠ᠂ ᠳᠠᠷᠤᠯᠲᠠ᠎ᠶᠢ ᠲᠣᠬᠢᠷᠠᠭᠤᠯᠬᠤ ᠮᠠᠰᠢᠨ᠎ᠤ ᠵᠠᠯᠭᠠᠭᠤᠷ᠎ᠤᠨ ᠲᠣᠨᠣᠭ᠂ ᠳᠠᠷᠤᠯᠲᠠ ᠪᠤᠶᠤ ᠤᠷᠤᠰᠭᠠᠯ᠎ᠤᠨ ᠬᠡᠮᠵᠢᠶᠡᠨ᠎ᠤ ᠠᠮᠤᠷ ᠲᠦᠪᠱᠢᠨ᠎ᠤ ᠲᠥᠬᠦᠭᠡᠷᠦᠮᠵᠢ)᠂ ᠬᠡᠢ᠎ᠶ᠋ᠢᠨ ᠨᠢᠭᠤᠴᠠ ᠴᠢᠨᠠᠷ᠂ ᠳᠠᠷᠤᠯᠲᠠ᠎ᠶᠢ ᠲᠣᠬᠢᠷᠠᠭᠤᠯᠬᠤ ᠮᠠᠰᠢᠨ᠎ᠤ ᠵᠠᠯᠭ᠋ᠠᠭᠤᠷ᠎ᠤᠨ ᠲᠤᠨᠤᠭ᠂ ᠳᠠᠭᠠᠷᠢᠯᠲᠠ᠎ᠳᠤ ᠳᠠᠭᠠᠭᠠᠮᠠᠭᠠᠢ ᠴᠢᠨᠠᠷ᠂ ᠵᠠᠯᠭᠠᠯᠲᠠ᠎ᠶ᠋ᠢᠨ ᠵᠠᠯᠭᠠᠭᠤᠷ᠎ᠤᠨ ᠮᠠᠱᠢᠨ᠎ᠤ ᠬᠦᠴᠦᠯᠡᠴᠡ ᠵᠡᠷᠭᠡ ᠲᠥᠷᠥᠯ ᠵᠦᠢᠯ᠎ᠳᠤ ᠭᠤᠣᠯᠳᠠᠯᠭ᠎ᠠ᠎ᠲᠠᠢ ᠱᠢᠯᠭᠠᠨ ᠪᠠᠢᠴᠠᠭᠠᠯᠲᠠ ᠬᠢᠵᠦ᠍᠂ ᠬᠢᠷᠢ ᠲᠡᠩᠴᠡᠬᠦ᠌ ᠦᠭᠡᠢ ᠲᠥᠷᠥᠯ ᠵᠦᠢᠯ᠎ᠨᠢ ᠪᠦᠲᠦᠴᠡ᠂ ᠳᠠᠷᠤᠯᠲᠠ᠎ᠶᠢ ᠲᠣᠬᠢᠷᠠᠭᠣᠯᠬᠣ ᠨᠠᠮᠵᠢᠭᠤᠨ ᠣᠨᠴᠠᠯᠢᠭᠲᠤ ᠬᠤᠯᠪᠤᠭᠳᠠᠨ᠎ᠠ᠃
ᠬᠤᠳᠠᠯᠳᠤᠭ᠎ᠠ᠎ᠳᠤ ᠬᠡᠷᠡᠭ᠌ᠯᠡᠬᠦ᠌ ᠱᠢᠲᠠᠮᠠᠬᠠᠶ ᠬᠡᠶ᠎ᠶ᠋ᠢᠨ ᠵᠤᠤᠬ᠎ᠠ᠄ ᠲᠣᠰ ᠤᠳᠠᠭ᠎ᠠ ᠬᠥᠬᠡᠬᠤᠲᠠ᠂ ᠣᠷᠳᠣᠰ ᠬᠤᠲᠠ᠂ ᠤᠯᠠᠭᠠᠨᠬᠠᠳᠠ ᠬᠤᠲᠠ᠂ ᠦᠬᠠᠶ ᠬᠤᠲᠠ᠂ ᠬᠥᠯᠥᠨ ᠪᠤᠢᠷ ᠬᠤᠲᠠ᠂ ᠲᠦᠩᠯᠢᠶᠣᠤ ᠬᠤᠲᠠ᠂ ᠪᠠᠶᠠᠨᠨᠠᠭᠤᠷ ᠬᠤᠲᠠ᠂ ᠠᠯᠠᠱᠠ ᠠᠢᠮᠠᠭ᠂ ᠮᠠᠨᠵᠤᠤᠷ ᠬᠤᠲᠠ ᠵᠡᠷᠭᠡ 8 ᠠᠢᠮᠠᠭ ᠬᠤᠲᠠ᠂ 1ᠲᠥᠯᠥᠪᠯᠡᠭᠡ᠎ᠠᠴᠠ ᠠᠰᠳᠠᠭᠠᠨ ᠵᠢᠭ᠍ᠰᠠᠭᠠᠭ᠍ᠰᠠᠨ ᠬᠤᠲᠠ᠎ᠶ᠋ᠢᠨ 25 ᠡᠷᠦᠬᠡ ᠪᠤᠷᠤᠯᠠᠭᠤᠯᠭ᠎ᠠ᠎ᠶᠢᠨ ᠨᠢᠭᠡᠴᠢ᠎ᠳᠤ ᠰᠤᠭᠤᠯᠤᠨ ᠪᠠᠢᠴᠠᠭᠠᠯᠲᠠ ᠬᠢᠵᠦ᠍᠂ ᠨᠡᠢᠲᠡ 43 ᠪᠦᠯᠦᠭ ᠤᠳᠠᠭ᠎ᠠ᠎ᠶ᠋ᠢᠨ ᠦᠢᠯᠡᠳᠬᠦᠨ᠎ᠢ ᠰᠤᠭᠤᠯᠤᠨ ᠪᠠᠢᠴᠠᠭᠠᠵᠤ᠂ ᠰᠣᠭᠣᠯᠣᠨ ᠪᠠᠢ᠌ᠴᠠᠭ᠋ᠠᠬᠤ ᠳᠣᠮᠳᠠ 2 ᠪᠦᠯᠦᠭ ᠤᠳᠠᠭ᠎ᠠ᠎ᠶᠢᠨ ᠦᠢ᠍ᠯᠡᠳᠭᠦᠨ᠎ᠦ ᠬᠢᠷᠢ ᠲᠡᠩᠴᠡᠭᠰᠡᠨ ᠦᠭᠡᠢ ᠪᠠᠢ᠌ᠳᠠᠯ ᠢᠯᠡᠷᠡᠭᠦᠯᠵᠦ᠂ ᠨᠢᠭᠡᠨᠲᠡ ᠬᠠᠷᠢᠶ᠎ᠠ ᠭᠠᠵᠠᠷ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠲᠤ ᠲᠤᠱᠢᠶᠠᠨ ᠱᠢᠶ᠋ᠳᠪᠦᠷᠢᠯᠡᠭᠦᠯᠪᠡ᠃ ᠨᠡᠢᠳᠡᠮ ᠬᠡᠷᠡᠭ᠌ᠯᠡᠭᠡᠨ᠎ᠤ ᠪᠦᠲᠦᠴᠡ (ᠡᠩ᠎ᠤᠨ ᠱᠠᠭᠠᠷᠳᠠᠯᠭ᠎ᠠ᠂ ᠴᠠᠬᠢᠯᠭᠠᠨ᠎ᠤ ᠱᠢᠰᠲ᠋ᠧᠮ)᠂ ᠱᠢᠲᠠᠮᠠᠬᠠᠶ ᠬᠡᠢ᠎ᠶ᠋ᠢᠨ ᠱᠢᠰᠲ᠋ᠧᠮ᠎ᠤᠨ ᠰᠡᠯᠪᠢᠭ ᠲᠣᠨᠤᠭ (ᠡᠩ᠎ᠤᠨ ᠱᠠᠭᠠᠷᠳᠠᠯᠭ᠎ᠠ)᠂ ᠱᠢᠲᠠᠮᠠᠬᠠᠶ ᠬᠡᠢ᠎ᠶ᠋ᠢᠨ ᠱᠢᠰᠲ᠋ᠧᠮ᠎ᠤᠨ ᠪᠢᠲᠡᠭᠦᠮᠵᠢ᠎ᠶᠢᠨ ᠴᠢᠨᠠᠷ᠂ ᠢᠯᠴᠢ᠎ᠶ᠋ᠢᠨ ᠳᠠᠭᠠᠭᠠᠴᠠ᠎ᠶ᠋ᠢᠨ ᠣᠨᠣᠪᠴᠢ᠎ᠶ᠋ᠢᠨ ᠬᠡᠮᠵᠢᠶ᠎ᠡ᠂ ᠱᠢᠲᠠᠯᠲᠠ᠎ᠶ᠋ᠢᠨ ᠠᠵᠢᠯᠯᠠᠭᠠᠨ᠎ᠤ ᠪᠠᠢᠳᠠᠯ (ᠠᠵᠢᠯᠯᠠᠭᠠᠨ᠎ᠤ ᠱᠤᠤᠭᠢᠶᠠᠨ᠂ ᠭᠠᠯ ᠤᠨᠲᠠᠷᠠᠭᠠᠬᠤ ᠱᠤᠤᠭᠢᠶᠠᠨ᠂ ᠬᠠᠭᠤᠷᠠᠶ ᠣᠲᠤᠭ᠎ᠠ ᠬᠡᠢ᠎ᠶ᠋ᠢᠨ ᠳᠣᠲᠣᠷᠠᠬᠢ CO (ᠪᠦᠷᠢᠨ ᠤᠷᠪᠡᠯ) ᠶ᠋ᠢᠨ ᠠᠭᠤᠯᠤᠭ᠍ᠳᠠᠴᠠ)᠂ ᠭᠠᠯ ᠤᠨᠲᠠᠷᠠᠭᠠᠬᠤ ᠬᠠᠮᠠᠭᠠᠯᠠᠯᠲᠠ᠎ᠶ᠋ᠢᠨ ᠲᠥᠬᠦᠭᠡᠷᠦᠮᠵᠢ᠂ ᠡᠨᠧᠷᠭᠢ᠎ᠶ᠋ᠢ ᠵᠦᠶ ᠵᠣᠬᠢᠰᠲᠠᠶ ᠠᠱᠢᠭ᠍ᠯᠠᠬᠤ᠂ ᠴᠠᠬᠢᠯᠭᠠᠨ᠎ᠤ ᠴᠢᠳᠠᠮᠵᠢ (ᠪᠡᠯᠭᠡ ᠲᠡᠮᠳᠡᠭ᠂ ᠭᠠᠵᠢᠷᠳᠠᠭᠤᠯᠭᠠᠶᠢᠨ ᠠᠷᠭ᠎ᠠ ᠬᠡᠮᠵᠢᠶ᠎ᠠ᠂ ᠠᠵᠢᠯᠯᠠᠬᠤ ᠳᠤᠯᠠᠭ᠋ᠠᠴᠠ᠎ᠶᠢᠨ ᠳᠤᠤᠷᠠᠬᠢ ᠵᠠᠳᠠᠷᠠᠬᠤ ᠴᠠᠬᠢᠯᠭ᠋ᠠᠨ ᠭᠦᠶᠣᠳᠡᠯ ᠪᠠ ᠴᠠᠬᠢᠯᠠᠭ᠋ᠠᠨ ᠬᠦᠴᠦᠯᠡᠴᠡ) ᠵᠡᠷᠭᠡ ᠲᠥᠷᠥᠯ ᠵᠦᠢᠯ᠎ᠳᠤ ᠭᠤᠤᠯᠳᠠᠯᠭ᠎ᠠ᠎ᠲᠠᠢ ᠱᠢᠯᠭᠠᠨ ᠪᠠᠢᠴᠠᠭᠠᠯᠲᠠ ᠬᠢᠵᠦ᠍᠂ ᠬᠢᠷᠢ ᠲᠡᠩᠴᠡᠬᠦ᠌ ᠦᠭᠡᠶ ᠲᠥᠷᠥᠯ ᠵᠦᠢᠯ᠎ᠨᠢ ᠢᠯᠴᠢ᠎ᠶ᠋ᠢᠨ ᠳᠠᠭᠠᠭᠠᠴᠠ᠎ᠶ᠋ᠢᠨ ᠣᠨᠣᠪᠴᠢ᠎ᠶ᠋ᠢᠨ ᠬᠡᠮᠵᠢᠶ᠎ᠡ᠎ᠳᠤ ᠬᠤᠯᠪᠣᠭ᠍ᠳᠠᠨ᠎ᠠ᠃
ᠭᠤᠷᠪᠠ᠂ ᠬᠤᠯᠪᠣᠭ᠍ᠳᠠᠯ ᠪᠦᠬᠦᠢ ᠱᠠᠭᠠᠷᠳᠠᠯᠭ᠎ᠠ
ᠲᠣᠰ ᠤᠳᠠᠭᠠᠨ᠎ᠤ ᠦᠢᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠨ ᠰᠤᠭᠤᠯᠤᠨ ᠪᠠᠢ᠌ᠴᠠᠭ᠋ᠠᠯᠲᠠ᠎ᠳᠤ ᠢᠯᠡᠷᠡᠭᠦᠯᠦᠭ᠌ᠰᠡᠨ ᠠᠰᠠᠭᠤᠳᠠᠯ᠎ᠳᠤ ᠴᠢᠭ᠌ᠯᠡᠭᠦᠯᠦᠨ᠂ ᠡᠯ᠎ᠡ ᠬᠤᠯᠪᠣᠭ᠍ᠳᠠᠯ ᠪᠥᠬᠦᠶ ᠠᠢᠮᠠᠭ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠳ ᠳᠣᠤᠷᠠᠬᠢ ᠮᠡᠲᠦ ᠠᠵᠢᠯ᠎ᠢ ᠰᠠᠢᠲᠤᠷ ᠬᠢᠬᠦ᠌ ᠬᠡᠷᠡᠭ᠌ᠲᠡᠶ᠄
ᠰᠤᠭᠤᠯᠤᠨ ᠪᠠᠢᠴᠠᠭᠠᠭ᠍ᠰᠠᠨ ᠦᠷ᠎ᠡ ᠳ᠋ᠦᠩ᠎ᠤᠨ ᠰᠢᠢ᠍ᠳᠪᠦᠷᠢᠯᠡᠯᠲᠡ᠎ᠶ᠋ᠢ ᠴᠢᠩᠭᠠᠳᠭᠠᠬᠤ ᠬᠡᠷᠡᠭ᠌ᠲᠡᠶ᠃ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠢᠯᠡᠳᠬᠦᠨ᠎ᠤ ᠶᠠᠰᠤ ᠴᠢᠨᠠᠷ᠎ᠤᠨ ᠬᠠᠤᠯᠢ》᠂ 《ᠦᠢᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠨ ᠰᠤᠭᠤᠯᠤᠨ ᠪᠠᠢᠴᠠᠭᠠᠬᠤ ᠬᠠᠮᠢᠶᠠᠷᠤᠯᠲᠠ᠎ᠶ᠋ᠢᠨ ᠲᠦᠷ ᠬᠡᠷᠡᠭ᠌ᠵᠢᠭᠦᠯᠬᠦ᠌ ᠠᠷᠭ᠎ᠠ》 ᠵᠡᠷᠭᠡ ᠬᠤᠯᠪᠣᠭ᠍ᠳᠠᠯ ᠪᠥᠬᠦᠶ ᠱᠠᠭᠠᠷᠳᠠᠯᠭ᠎ᠠ ᠶᠣᠰᠣᠭᠠᠷ᠂ ᠬᠢᠨᠠᠯᠲᠠ ᠲᠠᠯᠪᠢᠨ ᠰᠤᠭᠤᠯᠤᠨ ᠪᠠᠢᠴᠠᠭᠠᠭ᠍ᠰᠠᠨ ᠦᠷ᠎ᠡ ᠳ᠋ᠦᠩ᠎ᠢ ᠱᠢᠢᠳᠪᠦᠷᠢᠯᠡᠬᠦ᠌ ᠠᠵᠢᠯ᠎ᠢ ᠦᠳᠲᠡᠷ ᠲᠦᠷᠭᠡᠨ ᠵᠣᠬᠢᠶᠠᠨ ᠪᠠᠢᠭᠤᠯᠤᠨ ᠰᠠᠢᠲᠤᠷ ᠬᠢᠬᠦ᠌ ᠬᠡᠷᠡᠭ᠌ᠲᠡᠶ᠃ ᠬᠠᠤᠯᠢ ᠶᠣᠰᠣᠭᠠᠷ ᠬᠢᠷᠢ ᠲᠡᠩᠴᠡᠬᠦ᠌ ᠦᠭᠡᠶ ᠦᠢᠯᠡᠳᠬᠦᠨ᠎ᠳᠦ ᠪᠠᠢᠴᠠᠭᠠᠨ ᠪᠢᠲᠡᠭᠦᠮᠵᠢᠯᠡᠬᠦ᠂ ᠪᠠᠷᠢᠴᠠᠭ᠋ᠠᠨ᠎ᠳᠤ ᠦᠯᠡᠳᠡᠭᠡᠬᠦ ᠵᠡᠷᠭᠡ ᠠᠷᠭ᠎ᠠ ᠬᠡᠮᠵᠢᠶ᠎ᠡ ᠠᠪᠴᠤ᠌᠂ ᠦᠢᠯᠡᠳᠪᠦᠷᠢᠯᠡᠵᠦ᠍ ᠪᠣᠷᠣᠯᠠᠭᠤᠯᠬᠤ᠎ᠶ᠋ᠢ ᠴᠢᠩᠭ᠎ᠠ ᠴᠠᠭᠠᠵᠠᠯᠠᠬᠤ ᠬᠡᠷᠡᠭ᠌ᠲᠡᠶ; ᠬᠤᠳᠠᠯ ᠬᠠᠭᠤᠷᠮᠠᠭ᠎ᠢᠶᠠᠷ ᠰᠡᠵᠢᠭ᠌ᠯᠡᠭ᠌ᠳᠡᠭ᠌ᠰᠡᠨ᠎ᠳᠦ ᠲᠤᠬᠠᠶ᠎ᠶ᠋ᠢᠨ ᠲᠠᠯᠠᠪᠠᠢ᠎ᠲᠤ ᠨᠢ ᠪᠠᠢᠴᠠᠭᠠᠬᠤ᠂ ᠪᠠᠢᠳᠠᠯ᠎ᠢ ᠯᠠᠪᠯᠠᠨ ᠠᠰᠠᠭᠤᠬᠤ᠂ ᠭᠡᠷ᠎ᠡ᠎ᠶ᠋ᠢᠨ ᠪᠠᠷᠢᠮᠲᠠ᠎ᠶ᠋ᠢ ᠪᠠᠢᠴᠠᠭᠠᠨ ᠦᠵᠡᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠪᠠᠢᠴᠠᠭᠠᠨ ᠭᠡᠷᠡᠴᠢ ᠠᠪᠴᠤ᠂ ᠬᠠᠤᠯᠢ᠎ᠠᠴᠠ ᠵᠥᠷᠢᠴᠡᠭ᠌ᠰᠡᠨ ᠪᠣᠳᠠᠲᠤ ᠬᠡᠷᠡᠭ᠎ᠢ ᠪᠠᠢᠴᠠᠭᠠᠨ ᠲᠣᠳᠣᠯᠠᠵᠤ᠂ ᠬᠠᠤᠯᠢ ᠶᠣᠰᠣᠭᠠᠷ ᠱᠢᠶ᠋ᠳᠪᠦᠷᠢᠯᠡᠬᠦ᠌ ᠬᠡᠷᠡᠭ᠌ᠲᠡᠶ᠃ ᠬᠢᠷᠢ ᠲᠡᠩᠴᠡᠬᠦ᠌ ᠦᠭᠡᠶ ᠦᠢᠯᠡᠳᠬᠦᠨ᠎ᠢ ᠦᠢ᠍ᠯᠡᠳᠪᠦᠷᠢᠯᠡᠵᠦ ᠪᠤᠷᠤᠯᠠᠭᠤᠯᠵᠦ ᠪᠠᠢ᠌ᠭ᠎ᠠ ᠨᠢᠭᠡᠴᠢ᠎ᠳᠦ ᠴᠡᠭ᠌ᠴᠡᠯᠡᠨ ᠰᠠᠢᠵᠢᠷᠠᠭᠤᠯᠬᠤ ᠱᠠᠭᠠᠷᠳᠠᠯᠭ᠎ᠠ᠎ᠶ᠋ᠢ ᠲᠣᠳᠣᠷᠬᠠᠢᠯᠠᠨ᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ ᠴᠢᠩᠭ᠎ᠠ ᠱᠢᠮᠳᠠᠭᠤᠯᠤᠨ ᠨᠠᠢᠳᠠᠪᠤᠷᠢᠵᠢᠭᠤᠯᠵᠤ ᠂ ᠴᠠᠭ ᠲᠤᠬᠠᠶ᠎ᠳᠤ ᠨᠢ ᠵᠣᠬᠢᠶᠠᠨ ᠪᠠᠢᠭᠤᠯᠤᠨ ᠳᠠᠪᠲᠠᠨ ᠪᠠᠢᠴᠠᠭᠠᠬᠤ ᠬᠡᠷᠡᠭ᠌ᠲᠡᠶ; ᠬᠣᠶᠠᠷ ᠤᠳᠠᠭ᠋ᠠᠨ᠎ᠤ ᠰᠤᠭᠤᠯᠤᠨ ᠪᠠᠢ᠌ᠴᠠᠭ᠋ᠠᠯᠲᠠ᠎ᠳᠤ ᠦᠷᠭᠦᠯᠵᠢᠯᠡᠨ ᠬᠢᠷᠢ ᠲᠡᠩᠴᠡᠭᠰᠡᠨ ᠦᠭᠡᠶ ᠪᠤᠷᠤᠯᠠᠭᠤᠯᠭ᠎ᠠ᠎ᠶᠢᠨ ᠨᠢᠭᠡᠴᠢ ᠲᠠᠢ ᠪᠣᠯᠵᠣᠨ ᠶᠠᠷᠢᠯᠴᠠᠬᠤ ᠬᠡᠷᠡᠭ᠌ᠲᠡᠶ᠃ ᠬᠠᠤᠯᠢ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠨᠢ ᠶᠠᠯ᠎ᠠ ᠬᠢᠭ᠌ᠰᠡᠨ ᠰᠡᠵᠢᠭ᠌ᠯᠡᠯᠲᠡᠶ ᠪᠤᠯ᠂ ᠴᠠᠭ ᠲᠤᠬᠠᠶ᠎ᠳᠤ ᠨᠢ ᠬᠠᠤᠯᠢ ᠴᠠᠭᠠᠵᠠ᠎ᠶ᠋ᠢᠨ ᠪᠠᠢᠭᠤᠯᠭ᠎ᠠ᠎ᠳᠤ ᠱᠢᠯᠵᠢᠭᠦᠯᠦᠨ ᠬᠦᠷᠭᠡᠬᠦ᠌ ᠬᠡᠷᠡᠭ᠌ᠲᠡᠶ᠃ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶᠢᠨ ᠮᠥᠷᠳᠡᠨ ᠰᠢᠮᠳᠠᠭᠤᠯᠬᠤ ᠭᠦᠢ᠍ᠴᠡᠳᠭᠡᠯ᠎ᠢᠶᠡᠨ ᠴᠢᠩᠭᠠᠷᠠᠭᠤᠯᠵᠤ᠂ ᠪᠠᠢᠳᠠᠯ᠎ᠢᠶᠠᠨ ᠦᠵᠡᠵᠦ᠍ ᠡᠯ᠎ᠡ ᠭᠠᠵᠠᠷ᠎ᠤᠨ ᠬᠢᠨᠠᠯᠲᠠ ᠲᠠᠯᠪᠢᠨ ᠰᠤᠭᠤᠯᠤᠨ ᠪᠠᠢᠴᠠᠭᠠᠭ᠍ᠰᠠᠨ ᠦᠷ᠎ᠡ ᠳ᠋ᠦᠩ᠎ᠤᠨ ᠱᠢᠢᠳᠪᠦᠷᠢᠯᠡᠭ᠌ᠰᠡᠨ ᠪᠠᠢᠳᠠᠯ᠎ᠢᠶᠠᠨ ᠵᠠᠷᠯᠠᠬᠤ ᠬᠡᠷᠡᠭ᠌ᠲᠡᠢ᠃
ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠱᠠᠭ᠋ᠠᠷᠳᠠᠨ ᠨᠠᠢᠳᠠᠪᠤᠷᠢᠵᠢᠭᠤᠯᠬᠤ ᠬᠡᠷᠡᠭ᠌ᠲᠡᠶ᠃ ᠪᠤᠷᠤᠯᠠᠭᠤᠯᠭ᠎ᠠ᠎ᠶᠢᠨ ᠨᠢᠭᠡᠴᠢ᠎ᠶ᠋ᠢ ᠱᠢᠮᠳᠠᠭᠤᠯᠵᠤ ᠪᠠᠢᠭᠠᠳ ᠶᠠᠰᠤ ᠴᠢᠨᠠᠷ᠎ᠤᠨ ᠠᠮᠤᠷ ᠲᠦᠪᠱᠢᠨ᠎ᠦ ᠭᠣᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠨ᠂ ᠱᠠᠭᠠᠷᠳᠠᠯᠭ᠎ᠠ ᠶᠣᠰᠣᠭᠠᠷ ᠶᠠᠰᠤ ᠴᠢᠨᠠᠷ᠎ᠤᠨ ᠠᠮᠤᠷ ᠲᠦᠪᠱᠢᠨ᠎ᠦ ᠶᠡᠷᠦᠩᠬᠡᠶ ᠬᠢᠨᠠᠭ᠍ᠴᠢ ᠪᠠ ᠶᠠᠰᠤ ᠴᠢᠨᠠᠷ᠎ᠤᠨ ᠠᠮᠤᠷ ᠲᠦᠪᠱᠢᠨ᠎ᠦ ᠠᠵᠢᠯᠲᠠᠨ ᠢ ᠲᠤᠬᠢᠷᠠᠭᠤᠯᠤᠨ᠎ᠠ᠃ ᠦᠢᠯᠡᠳᠬᠦᠨ᠎ᠤ ᠶᠠᠰᠤ ᠴᠢᠨᠠᠷ᠎ᠤᠨ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠳᠦᠷᠢᠮ᠎ᠤᠨ ᠪᠦᠲᠦᠭᠡᠨ ᠪᠠᠢᠭᠤᠯᠤᠯᠲᠠ᠎ᠶ᠋ᠢᠨ ᠪᠠᠢᠳᠠᠯ᠎ᠳᠤ ᠴᠢᠭ᠌ᠯᠡᠭᠦᠯᠦᠨ᠂ ᠦᠢᠯᠡᠳᠪᠦᠷᠢᠯᠡᠯ᠎ᠤᠨ ᠨᠢᠭᠡᠴᠢ᠎ᠶ᠋ᠢᠨ ᠪᠠᠷᠠᠭ᠎ᠠ ᠣᠷᠣᠭᠤᠯᠬᠤ᠎ᠶ᠋ᠢ ᠪᠠᠢᠴᠠᠭᠠᠨ ᠱᠢᠯᠭᠠᠬᠤ᠂ ᠬᠥᠮᠥᠷᠭᠡ᠎ᠳᠤ ᠣᠷᠣᠭᠣᠯᠬᠣ᠎ᠶᠢ ᠱᠢᠯᠭᠠᠨ ᠠᠪᠬᠤ᠂ ᠦᠢᠯᠡᠳᠪᠦᠷᠢ᠎ᠠᠴᠠ ᠭᠠᠷᠭᠠᠬᠤ᠎ᠶ᠋ᠢ ᠱᠢᠯᠭᠠᠨ ᠪᠠᠢᠴᠠᠭᠠᠬᠤ ᠵᠡᠷᠭᠡ ᠮᠡᠳᠡᠭᠡ ᠵᠠᠩᠭᠢ᠎ᠶᠢᠨ ᠲᠡᠮᠳᠡᠭ᠌ᠯᠡᠭ᠌ᠰᠡᠨ ᠪᠠᠢᠳᠠᠯ᠂ ᠪᠤᠷᠤᠯᠠᠭᠤᠯᠭ᠎ᠠ᠎ᠶᠢᠨ ᠨᠢᠭᠡᠴᠢ᠎ᠶ᠋ᠢᠨ ᠪᠠᠷᠠᠭ᠎ᠠ ᠣᠷᠣᠭᠤᠯᠬᠤ᠎ᠶ᠋ᠢ ᠪᠠᠢᠴᠠᠭᠠᠨ ᠱᠢᠯᠭᠠᠬᠤ᠂ ᠬᠥᠮᠥᠷᠭᠡ᠎ᠳᠤ ᠣᠷᠣᠭᠣᠯᠬᠣ᠎ᠶᠢ ᠱᠢᠯᠭᠠᠨ ᠠᠪᠬᠤ ᠵᠡᠷᠭᠡ ᠮᠡᠳᠡᠭᠡ ᠵᠠᠩᠭᠢ᠎ᠶᠢᠨ ᠲᠡᠮᠳᠡᠭ᠌ᠯᠡᠭ᠌ᠰᠡᠨ ᠪᠠᠢᠳᠠᠯ᠎ᠢ ᠭᠦᠨᠵᠡᠭᠡᠶ ᠵᠢᠭ᠍ᠰᠠᠭᠠᠨ ᠪᠠᠢᠴᠠᠭᠠᠵᠤ᠂ ᠠᠮᠤᠷ ᠲᠦᠪᠱᠢᠨ᠎ᠤ ᠳᠠᠯᠳᠠ ᠭᠡᠮ᠎ᠢ ᠴᠠᠭ ᠲᠤᠬᠠᠶ᠎ᠳᠤ ᠨᠢ ᠴᠡᠭ᠌ᠴᠡᠯᠡᠨ ᠰᠠᠢᠵᠢᠷᠠᠭᠤᠯᠵᠤ᠂ ᠳᠠᠯᠳᠠ ᠠᠶᠤᠯ ᠲᠦᠭ᠌ᠰᠢᠭᠦᠷᠢ᠎ᠶ᠋ᠢ ᠠᠷᠢᠯᠭ᠋ᠠᠨ᠎ᠠ᠃
ᠲᠤᠰᠭᠠᠶ ᠴᠡᠭ᠌ᠴᠡᠯᠡᠨ ᠰᠠᠢ᠌ᠵᠢᠷᠠᠭᠣᠯᠣᠬᠣ ᠠᠵᠢᠯ᠎ᠢ ᠦᠷᠭᠦᠯᠵᠢᠯᠡᠨ ᠥᠷᠨᠢᠭᠦᠯᠬᠦ᠌ ᠬᠡᠷᠡᠭ᠌ᠲᠡᠶ᠃ ᠱᠢᠲᠠᠮᠠᠬᠠᠶ ᠬᠡᠢ᠎ᠶ᠋ᠢᠨ ᠪᠠᠭᠠᠵᠢ᠎ᠶ᠋ᠢᠨ ᠬᠠᠮᠢᠶ᠎ᠠ ᠪᠦᠬᠦᠢ ᠦᠢᠯᠡᠳᠬᠦᠨ᠎ᠦ ᠶᠠᠰᠤ ᠴᠢᠨᠠᠷ᠎ᠤᠨ ᠠᠮᠤᠷ ᠲᠦᠪᠱᠢᠨ᠎ᠦ ᠬᠢᠨᠠᠯᠲᠠ ᠬᠠᠮᠢᠶᠠᠷᠤᠯᠲᠠ᠎ᠶ᠋ᠢ ᠭᠦᠨᠵᠡᠭᠡᠶ ᠥᠷᠨᠢᠭᠦᠯᠵᠦ᠍ ᠂ ᠴᠡᠭ᠌ᠴᠡᠯᠡᠨ ᠰᠠᠢ᠌ᠵᠢᠷᠠᠭᠤᠯᠤᠬᠤ ᠡᠬᠡ ᠳᠠᠩᠰᠠ᠎ᠶ᠋ᠢ ᠪᠠᠢᠭᠤᠯᠤᠨ ᠲᠡᠭᠦᠯᠳᠡᠷᠵᠢᠭᠦᠯᠵᠦ᠍᠂ ᠬᠠᠤᠯᠢ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠴᠢᠩᠭ᠎ᠠ ᠱᠢᠶ᠋ᠳᠪᠦᠷᠢᠯᠡᠨ᠂ ᠳᠤᠪᠣᠢ᠌ᠮ᠎ᠠ ᠠᠶᠤᠯ ᠲᠦᠭ᠌ᠰᠢᠭᠦᠷᠢ᠎ᠶ᠋ᠢᠨ ᠳᠠᠯᠳᠠ ᠭᠡᠮ ᠢ ᠠᠷᠢᠯᠭᠠᠵᠤ ᠂ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶ᠋ᠢᠨ ᠥᠨᠳᠥᠷ ᠳᠠᠷᠤᠯᠲᠠᠲᠤ ᠪᠠᠢᠳᠠᠯ ᠢ ᠪᠠᠷᠢᠮᠲᠠᠯᠠᠵᠦ᠂ ᠦᠢᠯᠡᠳᠬᠦᠨ᠎ᠦ ᠶᠠᠰᠤ ᠴᠢᠨᠠᠷ᠎ᠤᠨ ᠠᠮᠤᠷ ᠲᠦᠪᠱᠢᠨ᠎ᠦ ᠬᠢᠷᠢ ᠲᠦᠪᠰᠢᠨ᠎ᠢ ᠳᠡᠭᠡᠭ᠌ᠰᠢᠯᠡᠭᠦᠯᠦᠨ᠎ᠡ ᠃
ᠳᠠᠭᠠᠯᠳᠤᠭᠤᠯᠤᠯ᠄ 2025 ᠣᠨ᠎ᠤ ᠱᠢᠲᠠᠮᠠᠬᠠᠶ ᠬᠡᠶ᠎ᠶ᠋ᠢᠨ ᠬᠡᠷᠡᠭᠰᠡᠯ᠎ᠦᠨ ᠬᠠᠮᠢᠶ᠎ᠠ ᠪᠥᠬᠦᠶ ᠦᠢᠯᠡᠳᠬᠦᠨ᠎ᠤ ᠶᠠᠰᠤ ᠴᠢᠨᠠᠷ᠎ᠤᠨ ᠥᠪᠡᠷᠲᠡᠭᠡᠨ ᠵᠠᠰᠠᠬᠤ ᠣᠷᠣᠨ᠎ᠤ ᠬᠢᠨᠠᠯᠲᠠ ᠲᠠᠯᠪᠢᠨ ᠰᠣᠭᠣᠯᠣᠨ ᠪᠠᠢ᠌ᠴᠠᠭ᠋ᠠᠯᠲᠠ᠎ᠳᠤ ᠬᠢᠷᠢ ᠲᠡᠩᠴᠡᠭ᠌ᠰᠡᠨ ᠥᠬᠡᠶ ᠦᠢᠯᠡᠳᠬᠦᠨ ᠵᠢᠴᠢ ᠦᠢ᠍ᠯᠡᠳᠪᠦᠷᠢᠯᠡᠯ ᠪᠤᠷᠤᠯᠠᠭᠤᠯᠭ᠎ᠠ᠎ᠶᠢᠨ ᠨᠢᠭᠡᠴᠢ᠎ᠶ᠋ᠢᠨ ᠨᠡᠷᠡᠰ᠎ᠤᠨ ᠵᠢᠭᠰᠠᠭ᠋ᠠᠯᠲᠠ
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠤᠪᠴᠢᠶ᠎ᠠ
2025 ᠣᠨ᠎ᠤ 12 ᠳ᠋ᠤᠭ᠋ᠠᠷ ᠰᠠᠷ᠎ᠠ᠎ᠶ᠋ᠢᠨ 19 ᠤ ᠡᠳᠦᠷ
ᠳᠠᠭᠠᠯᠳᠤᠭᠤᠯᠤᠯ᠎ᠢ ᠪᠠᠭᠤᠯᠭᠠᠬᠤ᠄