ᠢᠳᠡᠭᠡᠨ᠎ᠦ ᠠᠮᠤᠷ ᠲᠦᠪᠱᠢᠨ᠎ᠦ ᠬᠢᠨᠠᠯᠲᠠ ᠬᠠᠮᠢᠶᠠᠷᠤᠯᠲᠠ᠎ᠶ᠋ᠢᠨ ᠰᠡᠳᠦᠪ᠎ᠤᠨ ᠰᠤᠳᠤᠯᠤᠯ᠎ᠢ ᠥᠷᠨᠢᠭᠦᠯᠬᠦ᠌ ᠲᠤᠬᠠᠶ ᠥᠪᠡᠷᠲᠡᠭᠡᠨ ᠵᠠᠰᠠᠬᠤ ᠣᠷᠣᠨ᠎ᠤ ᠢᠳᠡᠭᠡᠨ ᠪᠠ ᠡᠮ᠎ᠦᠨ ᠵᠦᠢᠯ᠎ᠦᠨ ᠠᠮᠤᠷ ᠲᠦᠪᠱᠢᠨ᠎ᠦ ᠵᠥᠪᠯᠡᠯ᠎ᠦᠨ ᠠᠯᠪᠠᠨ ᠭᠡᠷ᠎ᠦᠨ ᠵᠠᠷᠯᠠᠯ
2025-12-26

《ᠢᠳᠡᠭᠡᠨ᠎ᠤ ᠠᠮᠤᠷ ᠲᠦᠪᠱᠢᠨ᠎ᠤ ᠪᠥᠬᠦ᠌ ᠬᠡᠯᠬᠢᠶ᠎ᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠤᠯᠠᠮ ᠨᠢᠭᠡ ᠠᠯᠬᠤᠮ ᠴᠢᠩᠭ᠋ᠠᠷᠠᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠰᠠᠨᠠᠯ》 ᠵᠡᠷᠭᠡ ᠢᠳᠡᠭᠡᠨ᠎ᠤ ᠠᠮᠤᠷ ᠲᠦᠪᠱᠢᠨ᠎ᠤ ᠬᠠᠮᠢᠶ᠎ᠠ ᠪᠥᠬᠦᠶ ᠠᠵᠢᠯ᠎ᠤᠨ ᠱᠢᠢᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠢᠳᠡᠭᠡᠨ᠎ᠤ ᠠᠮᠤᠷ ᠲᠦᠪᠱᠢᠨ᠎ᠤ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠳᠠᠬᠢ ᠬᠦᠴᠢᠷ ᠲᠦᠪᠡᠭ᠌ᠲᠡᠶ ᠠᠰᠠᠭᠤᠳᠠᠯ᠎ᠢ ᠪᠦᠲᠦᠮᠵᠢᠲᠡᠶ ᠱᠢᠢᠳᠪᠦᠷᠢᠯᠡᠨ᠂ ᠪᠥᠬᠦ᠌ ᠬᠡᠯᠬᠢᠶ᠎ᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠱᠢᠨ᠎ᠡ᠎ᠶ᠋ᠢ ᠡᠭᠦᠳᠬᠦ᠌ ᠵᠠᠭ᠍ᠪᠤᠷ᠎ᠢ ᠰᠦᠪᠡᠭ᠌ᠴᠢᠯᠡᠵᠦ᠍᠂ ᠢᠳᠡᠭᠡᠨ᠎ᠤ ᠠᠮᠤᠷ ᠲᠦᠪᠱᠢᠨ᠎ᠢ ᠪᠠᠲᠤᠯᠠᠬᠤ ᠬᠢᠷᠢ ᠲᠦᠪᠰᠢᠨ᠎ᠢᠶᠡᠨ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠢᠳᠡᠭᠡᠨ ᠪᠠ ᠡᠮ᠎ᠤᠨ ᠵᠦᠢᠯ᠎ᠤᠨ ᠠᠮᠤᠷ ᠲᠦᠪᠱᠢᠨ᠎ᠤ ᠵᠥᠪᠯᠡᠯ᠎ᠤᠨ ᠠᠯᠪᠠᠨ ᠬᠡᠷ᠎ᠠᠴᠠ ᠢᠳᠡᠭᠡᠨ᠎ᠤ ᠠᠮᠤᠷ ᠲᠦᠪᠱᠢᠨ᠎ᠤ ᠬᠢᠨᠠᠯᠲᠠ ᠬᠠᠮᠢᠶᠠᠷᠤᠯᠲᠠ᠎ᠶ᠋ᠢᠨ ᠰᠡᠳᠦᠪ᠎ᠤᠨ ᠰᠤᠳᠤᠯᠭᠠᠨ᠎ᠤ ᠠᠵᠢᠯ᠎ᠢ ᠥᠷᠨᠢᠭᠦᠯᠬᠦ᠌᠎ᠪᠠᠷ ᠲᠣᠭ᠍ᠲᠠᠪᠠ᠂ ᠡᠳᠦᠭᠡ ᠬᠠᠮᠢᠶ᠎ᠠ ᠪᠥᠬᠦᠶ ᠱᠠᠭᠠᠷᠳᠠᠯᠭ᠎ᠠ᠎ᠶ᠋ᠢ ᠳᠣᠤᠷᠠᠬᠢ ᠮᠡᠲᠦ ᠵᠠᠷᠯᠠᠶ᠎ᠠ᠃

ᠨᠢᠭᠡ᠂ ᠶᠡᠷᠦᠩᠬᠡᠶ ᠬᠠᠷᠠᠯᠲᠠ

ᠥᠪᠡᠷᠲᠡᠭᠡᠨ ᠵᠠᠰᠠᠬᠤ ᠣᠷᠣᠨ᠎ᠤ ᠢᠳᠡᠭᠡᠨ᠎ᠤ ᠠᠮᠤᠷ ᠲᠦᠪᠱᠢᠨ᠎ᠤ ᠬᠢᠨᠠᠯᠲᠠ ᠬᠠᠮᠢᠶᠠᠷᠤᠯᠲᠠ᠎ᠶ᠋ᠢᠨ ᠪᠣᠳᠠᠲᠤ ᠬᠡᠷᠡᠭ᠌ᠴᠡᠭᠡ ᠱᠠᠭᠠᠷᠳᠠᠯᠭ᠎ᠠ ᠬᠢᠭᠡᠳ ᠦᠨᠢ ᠤᠳᠠᠭ᠋ᠠᠨ ᠬᠥᠭ᠌ᠵᠢᠯᠲᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠤᠭᠲᠠᠯᠴᠠᠭ᠋ᠠᠭᠰᠠᠨ᠂ ᠲᠥᠷᠥᠯ ᠵᠦᠢ᠍ᠯᠡᠰᠵᠢᠭᠦᠯᠦᠭᠰᠡᠨ ᠠᠷᠭ᠎ᠠ ᠮᠠᠶᠢᠭ᠎ᠢᠶᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠢᠳᠡᠭᠡᠨ ᠪᠠ ᠡᠮ᠎ᠤᠨ ᠵᠦᠶ᠋ᠯ᠎ᠤᠨ ᠠᠮᠤᠷ ᠲᠦᠪᠱᠢᠨ᠎ᠤ ᠵᠥᠪᠯᠡᠯ᠎ᠤᠨ ᠡᠯ᠎ᠡ ᠭᠡᠰᠢᠭᠦᠨ ᠨᠢᠭᠡᠴᠢ᠂ ᠳᠡᠭᠡᠳᠦ ᠰᠤᠷᠭᠠᠭᠤᠯᠢ᠂ ᠡᠷᠳᠡᠮ ᠰᠢᠨᠵᠢᠯᠡᠭᠡᠨ ᠎ᠤ ᠬᠦᠷᠢᠶᠡᠯᠡᠩ ᠭᠠᠵᠠᠷ ᠵᠢᠴᠢ ᠠᠵᠢᠯ ᠲᠥᠷᠥᠯ᠎ᠤᠨ ᠲᠤᠰᠭᠠᠶ ᠮᠡᠷᠭᠡᠵᠢᠯᠲᠡᠨ ᠵᠡᠷᠭᠡ ᠬᠦᠴᠦᠨ᠎ᠢ ᠵᠣᠬᠢᠶᠠᠨ ᠪᠠᠢᠭᠤᠯᠤᠨ ᠳᠠᠢᠴᠢᠯᠠᠵᠤ᠂ ᠬᠢᠨᠠᠯᠲᠠ ᠬᠠᠮᠢᠶᠠᠷᠤᠯᠲᠠ᠎ᠶ᠋ᠢᠨ ᠦᠶ᠋ᠯᠡᠳᠦᠯᠭᠡ᠎ᠶ᠋ᠢᠨ ᠳᠤᠮᠳᠠ ᠭᠤᠤᠯᠳᠠᠯᠭ᠎ᠠ᠎ᠲᠠᠢ᠂ ᠬᠦᠴᠢᠷ ᠠᠰᠠᠭᠤᠳᠠᠯ᠂ ᠲᠦᠪᠡᠭ᠌ᠲᠡᠶ ᠠᠰᠠᠭᠤᠳᠠᠯ᠎ᠤᠨ ᠲᠣᠭᠤᠷᠢᠨ᠎ᠳᠤ ᠪᠠᠷᠠᠭ᠋ᠠᠯᠬᠢᠯᠠᠯᠲᠦ ᠴᠢᠨᠠᠷᠲᠠᠶ᠂ ᠰᠠᠭᠤᠷᠢ ᠴᠢᠨᠠᠷᠲᠠᠢ᠂ ᠬᠡᠷᠡᠭ᠌ᠯᠡᠭᠡᠨ᠎ᠤ ᠴᠢᠨᠠᠷᠲᠠᠶ ᠰᠤᠳᠤᠯᠭᠠᠨ᠎ᠢ ᠥᠷᠨᠢᠭᠦᠯᠦᠨ᠎ᠡ᠃ ᠡᠨᠡ᠎ᠨᠢ ᠨᠢᠭᠡ ᠪᠦᠯᠦᠭ ᠲᠤᠭ᠎ᠠ ᠪᠠᠷᠢᠮᠲᠠ᠎ᠨᠢ ᠨᠠᠷᠢᠨ ᠪᠣᠳᠠᠲᠠᠶ᠂ ᠭᠦᠨᠵᠡᠭᠡᠶ ᠵᠠᠳᠠᠯᠤᠯᠲᠠ᠂ ᠭᠦᠢᠴᠡᠳ ᠨᠣᠳᠠᠯᠠᠯᠲᠠ᠂ ᠠᠷᠭ᠎ᠠ ᠪᠣᠳᠣᠯᠭ᠎ᠠ᠎ᠨᠢ ᠣᠨᠣᠪᠴᠢᠲᠠᠶ ᠴᠢᠨᠠᠷ ᠰᠠᠢᠲᠠᠶ ᠰᠤᠳᠤᠯᠭᠠᠨ᠎ᠤ ᠦᠷ᠎ᠡ ᠪᠦᠲᠦᠭᠡᠯ᠎ᠢ ᠪᠦᠷᠢᠯᠳᠦᠭᠦᠯᠵᠦ᠍᠂ ᠬᠢᠨᠠᠯᠲᠠ ᠬᠠᠮᠢᠶᠠᠷᠤᠯᠲᠠ᠎ᠶᠢᠨ ᠲᠦᠷᠢᠮ᠎ᠢ ᠲᠡᠭᠦᠯᠳᠡᠷᠵᠢᠭᠦᠯᠬᠦ᠂ ᠬᠢᠨᠠᠯᠲᠠ ᠬᠠᠮᠢᠶᠠᠷᠣᠯᠲᠠ᠎ᠶᠢᠨ ᠵᠠᠭ᠍ᠪᠤᠷ᠎ᠤᠨ ᠱᠢᠨ᠎ᠡ᠎ᠶ᠋ᠢ ᠡᠭᠦᠳᠬᠦ᠂ ᠬᠢᠨᠠᠯᠲᠠ ᠬᠠᠮᠢᠶᠠᠷᠤᠯᠲᠠ᠎ᠶᠢᠨ ᠠᠷᠭ᠎ᠠ ᠬᠡᠮᠵᠢᠶ᠎ᠡ᠎ᠶᠢ ᠱᠢᠯᠢᠳᠡᠭ᠌ᠵᠢᠭᠦᠯᠬᠦ᠂ ᠬᠢᠨᠠᠯᠲᠠ ᠬᠠᠮᠢᠶᠠᠷᠤᠯᠲᠠ᠎ᠶᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠳᠤ ᠪᠠᠲᠤ ᠪᠠᠬᠢ ᠣᠨᠣᠯ᠎ᠤᠨ ᠲᠤᠯᠭᠠᠭᠤᠷᠢᠯᠠᠯ᠂ ᠮᠡᠷᠭᠡᠵᠢᠯ᠎ᠤᠨ ᠳᠡᠮᠵᠢᠯᠭᠡ ᠪᠠ ᠱᠢᠢᠳᠪᠦᠷᠢᠲᠦ ᠪᠣᠳᠣᠯᠭ᠎ᠠ᠎ᠶ᠋ᠢᠨ ᠯᠠᠪᠯᠠᠯᠲᠠ ᠬᠠᠩᠭᠠᠵᠤ᠂ ᠥᠪᠡᠷᠲᠡᠭᠡᠨ ᠵᠠᠰᠠᠬᠤ ᠣᠷᠣᠨ᠎ᠤ ᠢᠳᠡᠭᠡᠨ᠎ᠤ ᠠᠮᠤᠷ ᠲᠦᠪᠱᠢᠨ᠎ᠤ ᠪᠠᠲᠤᠯᠠᠭ᠎ᠠ᠎ᠶ᠋ᠢᠨ ᠬᠢᠷᠢ ᠲᠦᠪᠱᠢᠨ᠎ᠤ ᠱᠢᠨ᠎ᠡ ᠱᠠᠲᠣᠨ᠎ᠳᠤ ᠭᠠᠷᠬᠤ᠎ᠶ᠋ᠢ ᠲᠦᠯᠬᠢᠨ ᠠᠬᠢᠭᠤᠯᠤᠨ᠎ᠠ ᠃

ᠬᠤᠶᠠᠷ᠂ ᠰᠤᠳᠤᠯᠭᠠᠨ᠎ᠤ ᠬᠡᠪᠴᠢᠶ᠎ᠡ ᠬᠢᠭᠡᠳ ᠴᠢᠭ᠌ᠯᠡᠯ

ᠰᠡᠳᠦᠪ᠎ᠦᠨ ᠰᠤᠳᠤᠯᠤᠯ᠎ᠢ ᠭᠣᠤᠯᠳᠠᠭᠤ ᠳᠣᠤᠷᠠᠬᠢ ᠬᠣᠶᠠᠷ ᠬᠣᠷᠸ᠎ᠠ ᠴᠢᠭ᠌ᠯᠡᠯ᠎ᠦᠨ ᠲᠣᠭᠣᠷᠢᠨ᠎ᠳᠤ ᠥᠷᠨᠢᠭᠦᠯᠵᠦ᠍᠂ ᠮᠡᠳᠡᠭᠦᠯᠬᠦ᠌ ᠨᠢᠭᠡᠴᠢ ᠎ᠠᠴᠠ ᠲᠣᠰ ᠵᠢᠷᠤᠭ ᠲᠥᠯᠥᠪᠯᠡᠭᠡ᠎ᠶ᠋ᠢ ᠦᠨᠳᠦᠰᠦᠯᠡᠨ ᠪᠣᠳᠠᠲᠠᠶ ᠰᠤᠳᠤᠯᠬᠤ ᠰᠡᠳᠦᠪ ᠎ᠢ ᠰᠤᠳᠤᠯᠵᠤ ᠪᠣᠯᠤᠨ᠎ᠠ ᠄

(ᠨᠢᠭᠡ) ᠬᠢᠨᠠᠯᠲᠠ ᠬᠠᠮᠢᠶᠠᠷᠤᠯᠲᠠ᠎ᠶᠢᠨ ᠬᠦᠴᠢᠷ ᠲᠦᠪᠡᠭ᠌ᠲᠡᠢ ᠠᠰᠠᠭᠤᠳᠠᠯ᠎ᠤᠨ ᠪᠡᠬᠢᠯᠡᠯᠲᠡ᠎ᠶᠢ ᠱᠢᠢᠳᠪᠦᠷᠢᠯᠡᠬᠦ᠌ ᠰᠣᠳᠣᠯᠣᠯ

1.ᠦᠨᠳᠦᠰᠦᠨ ᠱᠠᠲᠤᠨ᠎ᠤ ᠬᠢᠨᠠᠯᠲᠠ ᠬᠠᠮᠢᠶᠠᠷᠤᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠠᠷᠭ᠎ᠠ ᠵᠠᠮ᠎ᠤᠨ ᠰᠤᠳᠤᠯᠤᠯ᠃ ᠦᠨᠳᠦᠰᠦᠨ ᠱᠠᠲᠤ (ᠤᠨᠴᠠᠭ᠋ᠠᠢ᠌ᠯᠠᠨ ᠮᠠᠯᠵᠢᠬᠤ ᠲᠠᠷᠢᠶᠠᠯᠠᠬᠤ ᠣᠷᠣᠨ᠂ ᠬᠣᠲᠠ ᠬᠥᠳᠡᠭᠡ᠎ᠶ᠋ᠢᠨ ᠨᠡᠢ᠌ᠯᠡᠮᠡᠯ ᠬᠡᠰᠡᠭ)᠎ᠶ᠋ᠢᠨ ᠬᠢᠨᠠᠯᠲᠠ ᠬᠠᠮᠢᠶᠠᠷᠤᠯᠲᠠ᠎ᠶᠢᠨ ᠬᠦᠴᠦᠨ ᠪᠠᠭᠤᠷᠠᠶ᠂ ᠲᠤᠰᠭᠠᠶ ᠮᠡᠷᠭᠡᠵᠢᠯ᠎ᠦᠨ ᠴᠢᠳᠠᠪᠤᠷᠢ ᠬᠦᠷᠦᠯᠴᠡᠬᠦ᠌ ᠦᠭᠡᠶ᠂ ᠮᠡᠷᠭᠡᠵᠢᠯ᠎ᠦᠨ ᠲᠤᠯᠭᠠᠭᠤᠷᠢᠯᠠᠯ ᠳᠤᠲᠠᠮᠠᠭ ᠪᠠᠢᠬᠤ ᠵᠡᠷᠭᠡ ᠠᠰᠠᠭᠤᠳᠠᠯ᠎ᠢ ᠭᠣᠤᠯᠳᠠᠯᠭ᠎ᠠ᠎ᠲᠠᠶ ᠰᠤᠳᠤᠯᠣᠨ᠎ᠠ᠃ ᠣᠷᠣᠨ ᠪᠦᠰᠡ᠎ᠶ᠋ᠢᠨ ᠬᠠᠮᠵᠢᠯᠴᠠᠭ᠎ᠠ᠂ ᠲᠣᠣᠷᠵᠢᠭᠤᠯᠤᠭ᠍ᠰᠠᠨ ᠬᠠᠮᠢᠶᠠᠷᠤᠯᠲᠠ᠂ ᠠᠵᠢᠯ ᠮᠡᠷᠭᠡᠵᠢᠭ᠌ᠰᠡᠨ ᠪᠠᠢᠴᠠᠭᠠᠭ᠍ᠴᠢ᠎ᠶ᠋ᠢᠨ ᠡᠩᠨᠡᠭᠡ᠎ᠶᠢ ᠪᠦᠲᠦᠭᠡᠨ ᠪᠠᠢ᠌ᠭᠣᠯᠬᠣ ᠵᠡᠷᠭᠡ ᠪᠦᠲᠦᠮᠵᠢᠲᠡᠶ ᠵᠠᠭ᠍ᠪᠤᠷ᠎ᠢ ᠰᠦᠪᠡᠭ᠌ᠴᠢᠯᠡᠨ ᠪᠠᠢᠭᠤᠯᠤᠨ᠎ᠠ᠃

2.ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠ ᠱᠢᠨ᠎ᠡ ᠵᠠᠭ᠍ᠪᠤᠷ᠎ᠤᠨ ᠬᠢᠨᠠᠯᠲᠠ ᠬᠠᠮᠢᠶᠠᠷᠤᠯᠲᠠ᠎ᠶᠢᠨ ᠠᠷᠭ᠎ᠠ ᠪᠣᠳᠣᠯᠭ᠎ᠠ᠎ᠶ᠋ᠢᠨ ᠰᠤᠳᠤᠯᠤᠯ᠃ ᠲᠣᠤᠷ ᠰᠦᠯᠵᠢᠶ᠎ᠡ᠎ᠶ᠋ᠢᠨ ᠢᠳᠡᠭᠡᠨ ᠤᠮᠳᠠᠭᠠᠨ᠂ ᠨᠡᠢᠭᠡᠮ ᠲᠣᠭᠣᠷᠢᠭ᠎ᠤᠨ ᠬᠠᠮᠲᠤᠪᠠᠷ ᠬᠤᠳᠠᠯᠳᠤᠨ ᠠᠪᠬᠤ᠂ ᠲᠦᠭᠦᠬᠡᠶ ᠰᠣᠷᠭᠣᠭ ᠡᠯᠧᠺᠲ᠋ᠷᠣᠨ ᠬᠤᠳᠠᠯᠳᠤᠭ᠎ᠠ᠂ ᠤᠷᠢᠳᠴᠢᠯᠠᠨ ᠪᠡᠯᠡᠳᠭᠡᠭᠰᠡᠨ ᠨᠣᠭᠣᠭ᠎ᠠ ᠵᠡᠷᠭᠡ ᠱᠢᠨ᠎ᠡ᠎ᠪᠡᠷ ᠬᠦᠭᠵᠢᠭᠰᠡᠨ ᠬᠦᠷᠢᠶ᠎ᠡ ᠴᠠᠷᠠᠭ᠎ᠠ᠎ᠶᠢᠨ ᠢᠳᠡᠭᠡᠨ᠎ᠦ ᠠᠮᠤᠷ ᠲᠦᠪᠱᠢᠨ᠎ᠦ ᠲᠦᠭ᠌ᠰᠢᠭᠦᠷᠢ᠎ᠶ᠋ᠢᠨ ᠣᠨᠴᠠᠯᠢᠭ᠂ ᠬᠢᠨᠠᠯᠲᠠ ᠬᠠᠮᠢᠶᠠᠷᠣᠯᠲᠠ᠎ᠶᠢᠨ ᠪᠠᠯᠠᠶ ᠣᠷᠣᠨ ᠵᠢᠴᠢ ᠬᠠᠤᠯᠢ ᠴᠠᠭᠠᠵᠠ᠎ᠶ᠋ᠢᠨ ᠬᠠᠷᠢᠭᠤᠴᠠᠯᠭ᠎ᠠ᠎ᠶ᠋ᠢ ᠵᠠᠭᠠᠭ᠍ᠯᠠᠨ ᠲᠣᠭ᠍ᠲᠠᠭᠠᠬᠤ ᠶᠠᠪᠤᠳᠠᠯ᠎ᠢ ᠭᠦᠨᠵᠡᠭᠡᠶ ᠰᠤᠳᠤᠯᠤᠨ᠎ᠠ᠃ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶᠢᠨ ᠬᠥᠭ᠌ᠵᠢᠯᠲᠡ᠎ᠳᠤ ᠵᠣᠬᠢᠴᠠᠬᠤ ᠵᠥᠪᠱᠢᠶᠡᠷᠡᠨ ᠣᠷᠣᠭᠤᠯᠬᠤ᠂ ᠪᠠᠢᠴᠠᠭᠠᠬᠤ᠂ ᠰᠤᠭᠤᠯᠤᠨ ᠪᠠᠢᠴᠠᠭᠠᠬᠤ᠂ ᠮᠥᠷᠳᠡᠨ ᠨᠡᠬᠡᠮᠵᠢᠯᠡᠬᠦ᠌ ᠵᠢᠴᠢ ᠨᠡᠢᠭᠡᠮ ᠨᠡᠢᠲᠡ᠎ᠪᠠᠷ᠎ᠢᠶᠠᠨ ᠬᠠᠮᠲᠤ᠎ᠪᠠᠷ ᠵᠠᠰᠠᠬᠤ ᠵᠡᠷᠭᠡ ᠬᠢᠨᠠᠯᠲᠠ ᠬᠠᠮᠢᠶᠠᠷᠤᠯᠲᠠ᠎ᠶ᠋ᠢᠨ ᠠᠷᠭ᠎ᠠ ᠪᠣᠳᠣᠯᠭ᠎ᠠ᠎ᠶ᠋ᠢ ᠳᠤᠷᠠᠳᠤᠨ᠎ᠠ᠃

3.ᠠᠵᠤ ᠠᠬᠤᠢᠯᠠᠯ᠎ᠤᠨ ᠭᠣᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ ᠲᠤᠭᠲᠠᠯᠴᠠᠭ᠎ᠠ᠎ᠶ᠋ᠢᠨ ᠰᠤᠳᠤᠯᠤᠯ᠃ ᠢᠳᠡᠭᠡᠨ ᠦᠢᠯᠡᠳᠪᠦᠷᠢᠯᠡᠨ ᠡᠵᠡᠩᠨᠡᠭ᠌ᠴᠢ᠎ᠶ᠋ᠢᠨ ᠭᠤᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ ᠳᠣᠲᠣᠭᠠᠳᠤ ᠬᠥᠳᠡᠯᠭᠡᠭ᠌ᠴᠢ ᠬᠦᠴᠦᠨ ᠭᠦᠢᠴᠡᠳ ᠦᠭᠡᠢ ᠪᠠᠢᠬᠤ ᠠᠰᠠᠭᠤᠳᠠᠯ᠎ᠢ ᠵᠠᠳᠠᠯᠤᠨ ᠱᠢᠨᠵᠢᠯᠡᠨ᠎ᠡ᠃ ᠢᠲᠡᠭᠡᠮᠵᠢ᠎ᠶ᠋ᠢᠨ ᠬᠢᠨᠠᠯᠲᠠ ᠬᠠᠮᠢᠶᠠᠷᠤᠯᠲᠠ᠂ ᠲᠦᠭ᠌ᠰᠢᠭᠦᠷᠢ᠎ᠶ᠋ᠢ ᠳᠡᠰ ᠬᠤᠪᠢᠶᠠᠬᠤ᠂ ᠲᠣᠭ᠍ᠲᠠᠭᠠᠯ᠎ᠳᠤ ᠨᠡᠢᠴᠡᠭᠦᠯᠦᠨ ᠵᠢᠯᠣᠭᠤᠳᠭᠤ᠂ ᠠᠯᠪᠠᠳᠠᠯᠭ᠎ᠠ᠎ᠶ᠋ᠢᠨ ᠴᠢᠨᠠᠷᠲᠠᠶ᠎ᠪᠠᠷ ᠮᠦᠷᠳᠡᠨ ᠨᠡᠬᠡᠮᠵᠢᠯᠡᠬᠦ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠠᠵᠤ ᠠᠬᠤᠢᠯᠠᠯ᠎ᠢ ᠭᠡᠳᠡᠷᠭᠦ᠌ ᠱᠢᠬᠠᠮᠳᠠᠭᠤᠯᠵᠤ ᠪᠠᠢᠭᠠᠳ ᠶᠠᠰᠤ ᠴᠢᠨᠠᠷ᠎ᠤᠨ ᠠᠮᠤᠷ ᠲᠦᠪᠱᠢᠨ᠎ᠤ ᠬᠠᠮᠢᠶᠠᠷᠤᠯᠲᠠ᠎ᠶ᠋ᠢ ᠰᠠᠨᠠᠭᠠᠴᠢᠯᠠᠭ᠎ᠠ᠎ᠠᠴᠠ᠎ᠪᠠᠨ ᠴᠢᠩᠭ᠋ᠠᠳᠭ᠋ᠠᠨ᠎ᠠ ᠃

4.ᠢᠳᠡᠭᠡᠨ᠎ᠦ ᠠᠮᠤᠷ ᠲᠦᠪᠱᠢᠨ᠎ᠦ ᠲᠦᠭ᠌ᠰᠢᠭᠦᠷᠢ᠎ᠶ᠋ᠢ ᠰᠡᠷᠡᠮᠵᠢᠯᠡᠭᠦᠯᠬᠦ᠌ ᠬᠢᠭᠡᠳ ᠪᠠᠴᠢᠮ ᠪᠠᠢᠳᠠᠯ᠎ᠢ ᠠᠷᠭ᠋ᠠᠴᠠᠨ ᠰᠢᠢ᠍ᠳᠪᠦᠷᠢᠯᠡᠬᠦ ᠶ᠋ᠢ ᠱᠢᠯᠢᠳᠡᠭ᠌ᠵᠢᠭᠦᠯᠬᠦ᠌ ᠰᠤᠳᠤᠯᠤᠯ᠃ ᠣᠳᠣᠬᠠᠨ᠎ᠤ ᠠᠶᠤᠯ ᠲᠦᠭ᠌ᠰᠢᠭᠦᠷᠢ᠎ᠶ᠋ᠢ ᠬᠢᠨᠠᠨ ᠬᠡᠮᠵᠢᠬᠦ᠂ ᠦᠨᠡᠯᠡᠨ ᠵᠢᠱ᠌ᠢᠬᠦ᠂ ᠤᠷᠢᠳᠴᠢᠯᠠᠨ ᠰᠡᠷᠡᠮᠵᠢᠯᠡᠭᠦᠯᠬᠦ᠂ ᠱᠢᠢᠳᠪᠦᠷᠢᠯᠡᠬᠦ᠌ ᠬᠡᠯᠬᠢᠶ᠎ᠡ᠎ᠳᠤ ᠣᠷᠣᠱᠢᠵᠤ ᠪᠠᠢᠭ᠎ᠠ ᠰᠠᠯᠤᠩᠭᠢᠷᠠᠯ ᠪᠠ ᠬᠤᠴᠣᠷᠤᠩᠭᠤᠢ ᠠᠰᠠᠭᠤᠳᠠᠯ᠎ᠢ ᠵᠠᠳᠠᠯᠤᠨ᠎ᠠ᠃ ᠨᠠᠩ ᠬᠤᠷᠴᠠ ᠰᠡᠷᠭᠡᠭ ᠥᠨᠳᠥᠷ ᠪᠦᠲᠦᠮᠵᠢᠲᠡᠶ᠂ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ᠌ ᠠᠶᠤᠯ ᠲᠦᠭ᠌ᠰᠢᠭᠦᠷᠢ᠎ᠶ᠋ᠢ ᠤᠷᠢᠳᠴᠢᠯᠠᠨ ᠰᠡᠷᠡᠮᠵᠢᠯᠡᠭᠦᠯᠬᠦ᠌ ᠲᠤᠭᠲᠠᠯᠴᠠᠭ᠎ᠠ ᠪᠠ ᠪᠠᠴᠢᠮ ᠪᠠᠢᠳᠠᠯ᠎ᠢ ᠠᠷᠭᠠᠴᠠᠨ ᠱᠢᠢᠳᠪᠦᠷᠢᠯᠡᠬᠦ᠌ ᠳᠦᠷᠢᠮ ᠲᠣᠭ᠍ᠲᠠᠭᠠᠯ᠎ᠢ ᠬᠡᠷᠬᠢᠨ ᠪᠠᠢᠭᠤᠯᠬᠤ ᠲᠤᠬᠠᠢ ᠰᠤᠳᠤᠯᠤᠨ᠎ᠠ᠃

5.ᠰᠢᠯᠭ᠋ᠠᠨ ᠪᠠᠢ᠌ᠴᠠᠭ᠋ᠠᠵᠦ ᠪᠠᠢᠴᠠᠭᠠᠨ ᠬᠡᠮᠵᠢᠬᠦ ᠠᠷᠭ᠎ᠠ ᠪᠠᠷᠢᠯ᠎ᠤᠨ ᠱᠢᠨ᠎ᠡ᠎ᠶ᠋ᠢ ᠡᠭᠦᠳᠬᠦ᠌ ᠪᠠ ᠬᠡᠷᠡᠭ᠌ᠯᠡᠭᠡᠨ᠎ᠦ ᠰᠤᠳᠤᠯᠤᠯ᠃ ᠬᠢᠨᠠᠯᠲᠠ ᠬᠠᠮᠢᠶᠠᠷᠤᠯᠲᠠ᠎ᠶ᠋ᠢᠨ ᠨᠢᠭᠡᠳᠦᠭᠡᠷ ᠹᠷᠣᠨᠲ᠎ᠤᠨ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠦᠷᠭᠡᠨ ᠪᠠᠢᠴᠠᠭᠠᠨ ᠬᠡᠮᠵᠢᠬᠦ᠂ ᠲᠤᠬᠠᠶ᠎ᠶ᠋ᠢᠨ ᠲᠠᠯᠠᠪᠠᠢ᠎ᠳᠤ ᠱᠢᠭ᠌ᠰᠢᠨ ᠪᠠᠢᠴᠠᠭᠠᠬᠤ ᠮᠡᠷᠭᠡᠵᠢᠯ᠎ᠢ ᠰᠤᠳᠤᠯᠤᠨ ᠨᠡᠭᠡᠭᠡᠬᠦ᠂ ᠱᠢᠯᠭᠠᠨ ᠨᠤᠲᠠᠯᠠᠬᠤ ᠪᠠ ᠪᠠᠷᠢᠮᠵᠢᠶᠠᠵᠢᠭᠰᠠᠨ ᠰᠤᠳᠤᠯᠭᠠᠨ᠎ᠢ ᠥᠷᠨᠢᠭᠦᠯᠵᠦ᠍᠂ ᠦᠨᠳᠦᠰᠦᠨ ᠱᠠᠲᠤᠨ᠎ᠤ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠶ᠋ᠢᠨ ᠴᠠᠭ ᠲᠤᠬᠠᠢᠴᠢ ᠴᠢᠨᠠᠷ ᠪᠠ ᠬᠠᠨᠳᠤᠯᠭᠠᠲᠤ ᠴᠢᠨᠠᠷ᠎ᠢ ᠳᠡᠭᠡᠭ᠌ᠰᠢᠯᠡᠭᠦᠯᠦᠨ᠎ᠡ᠃ ᠬᠠᠤᠯᠢ ᠪᠤᠰᠤ᠎ᠪᠠᠷ ᠨᠡᠮᠡᠭ᠌ᠰᠡᠨ᠂ ᠲᠠᠷᠢᠶᠠᠨ ᠡᠮ ᠮᠠᠯ᠎ᠤᠨ ᠡᠮ᠎ᠤᠨ ᠦᠯᠡᠳᠡᠭ᠌ᠳᠡᠯ᠂ ᠠᠮᠢᠳᠤ ᠪᠣᠳᠠᠰ᠎ᠤᠨ ᠬᠤᠤᠷᠲᠤ ᠡᠳ᠋᠂ ᠱᠢᠨ᠎ᠡ ᠬᠡᠯᠪᠡᠷᠢ᠎ᠶ᠋ᠢᠨ ᠪᠣᠬᠢᠷᠲᠤᠯ ᠪᠣᠳᠠᠰ ᠵᠡᠷᠭᠡ ᠬᠦᠴᠢᠷ ᠠᠰᠠᠭᠤᠳᠠᠯ᠎ᠳᠤ ᠴᠢᠭ᠌ᠯᠡᠭᠦᠯᠦᠨ᠂ ᠥᠨᠳᠥᠷ ᠪᠦᠲᠦᠮᠵᠢᠲᠡᠶ᠂ ᠬᠤᠷᠴᠠ ᠰᠡᠷᠭᠡᠭ᠂ ᠣᠨᠣᠪᠴᠢᠲᠠᠶ ᠲᠤᠷᠱᠢᠯᠲᠠ᠎ᠶ᠋ᠢᠨ ᠲᠠᠰᠤᠭ᠎ᠢ ᠪᠠᠢᠴᠠᠭᠠᠨ ᠬᠡᠮᠵᠢᠬᠦ᠂ ᠱᠢᠯᠭᠠᠨ ᠪᠠᠲᠤᠯᠠᠬᠤ ᠠᠷᠭ᠎ᠠ᠎ᠶ᠋ᠢ ᠰᠤᠳᠤᠯᠤᠨ ᠪᠠᠢ᠌ᠭᠤᠯᠤᠨ᠎ᠠ᠃ ᠣᠷᠣᠨ ᠨᠤᠲᠤᠭ᠎ᠤᠨ ᠣᠨᠴᠠᠯᠢᠭ᠍ᠲᠤ ᠢᠳᠡᠭᠡᠨ᠂ ᠵᠢᠵᠢᠭ ᠦᠢᠯᠡᠳᠭᠡᠯ᠎ᠤᠨ ᠢᠳᠡᠭᠡᠨ᠎ᠳᠤ ᠲᠤᠬᠢᠷᠠᠬᠤ ᠠᠶᠤᠯ ᠲᠦᠭ᠌ᠰᠢᠭᠦᠷᠢ᠎ᠶ᠋ᠢᠨ ᠢᠯᠡᠷᠬᠡᠢ᠌ᠯᠡᠯ᠎ᠤᠨ ᠪᠠᠢᠴᠠᠭᠠᠨ ᠬᠡᠮᠵᠢᠬᠦ ᠮᠡᠷᠭᠡᠵᠢᠯ᠎ᠢ ᠬᠠᠢᠨ ᠰᠦᠪᠡᠭ᠌ᠴᠢᠯᠡᠵᠦ᠍᠂ ᠪᠠᠢᠴᠠᠭᠠᠨ ᠬᠡᠮᠵᠢᠬᠦ ᠴᠢᠳᠠᠪᠤᠷᠢ᠎ᠶ᠋ᠢᠨ ᠲᠤᠲᠠᠭᠳᠠᠯ᠎ᠢ ᠨᠥᠬᠦᠪᠥᠷᠢᠯᠡᠨ᠎ᠡ᠃

(ᠬᠤᠶᠠᠷ) ᠪᠥᠬᠦ᠌ ᠬᠡᠯᠬᠢᠶ᠎ᠡ᠎ᠶᠢᠨ ᠬᠢᠨᠠᠯᠲᠠ ᠬᠠᠮᠢᠶᠠᠷᠤᠯᠲᠠ᠎ᠶ᠋ᠢᠨ ᠱᠢᠨ᠎ᠡ᠎ᠶ᠋ᠢ ᠡᠭᠦᠳᠬᠦ᠌ ᠵᠠᠭ᠍ᠪᠤᠷ᠎ᠤᠨ ᠰᠦᠪᠡᠭᠴᠢᠯᠡᠯ ᠰᠣᠳᠣᠯᠣᠯ

1.ᠣᠶᠤᠨᠴᠢ ᠬᠢᠨᠠᠯᠲᠠ ᠬᠠᠮᠢᠶᠠᠷᠤᠯᠲᠠ᠎ᠶ᠋ᠢᠨ ᠮᠡᠷᠭᠡᠵᠢᠯ᠎ᠤᠨ ᠬᠡᠷᠡᠭ᠌ᠯᠡᠯᠲᠡ ᠬᠢᠭᠡᠳ ᠬᠤᠷᠠᠮᠠᠯ ᠰᠤᠳᠤᠯᠤᠯ᠃ ᠲᠣᠮᠣ ᠳ᠋ᠠᠢᠲ᠋ᠠ᠂ ᠬᠦᠮᠦᠨᠴᠢ ᠴᠢᠳᠠᠪᠤᠷᠢ᠂ ᠪᠠᠷᠠᠭ᠋ᠠᠨ᠎ᠤ ᠰᠦᠯᠵᠢᠶ᠎ᠡ᠂ ᠣᠷᠣᠨ ᠬᠡᠰᠡᠭ᠎ᠤᠨ ᠬᠡᠯᠬᠢᠶ᠎ᠡ ᠵᠡᠷᠭᠡ ᠮᠡᠷᠭᠡᠵᠢᠯ ᠨᠢ ᠢᠳᠡᠭᠡᠨ᠎ᠤ ᠠᠮᠤᠷ ᠲᠦᠪᠱᠢᠨ᠎ᠤ ᠢᠷᠡᠯᠲᠡ᠎ᠶ᠋ᠢ ᠡᠷᠢᠬᠦ᠂ ᠣᠶᠤᠨᠴᠢ᠎ᠪᠠᠷ ᠲᠣᠭᠤᠷᠢᠨ ᠪᠠᠢᠴᠠᠭᠠᠬᠤ᠂ ᠲᠦᠭ᠌ᠰᠢᠭᠦᠷᠢ᠎ᠶ᠋ᠢ ᠢᠯᠭᠠᠨ ᠲᠠᠨᠢᠬᠤ᠂ ᠢᠲᠡᠭᠡᠮᠵᠢ᠎ᠶ᠋ᠢᠨ ᠦᠨᠡᠯᠡᠯᠲᠡ ᠵᠡᠷᠭᠡ ᠠᠬᠤᠢ ᠪᠠᠢ᠌ᠳᠡᠯ᠎ᠲᠠᠬᠢ ᠪᠣᠳᠠᠲᠠᠶ ᠬᠡᠷᠡᠭ᠌ᠯᠡᠭᠡᠨ᠎ᠤ ᠲᠥᠰᠦᠯ᠎ᠢ ᠰᠦᠪᠡᠭ᠌ᠴᠢᠯᠡᠨ᠎ᠡ᠃ ᠨᠢᠭᠡᠲᠦᠯᠲᠠᠢ᠂ ᠬᠠᠷᠢᠯᠴᠠᠨ ᠨᠡᠪᠲᠡᠷᠡᠯᠴᠡᠭᠰᠡᠨ ᠢᠳᠡᠭᠡᠨ᠎ᠤ ᠠᠮᠤᠷ ᠲᠦᠪᠱᠢᠨ᠎ᠤ ᠣᠶᠤᠨᠴᠢ ᠬᠢᠨᠠᠯᠲᠠ ᠬᠠᠮᠢᠶᠠᠷᠤᠯᠲᠠ᠎ᠶ᠋ᠢᠨ ᠲᠠᠪᠴᠠᠩ᠎ᠤᠨ ᠪᠣᠯᠤᠮᠵᠢᠲᠤ ᠴᠢᠨᠠᠷ ᠵᠢᠴᠢ ᠠᠷᠭ᠎ᠠ ᠵᠠᠮ᠎ᠢ ᠰᠤᠳᠤᠯᠤᠨ ᠪᠠᠢᠭᠤᠯᠤᠨ᠎ᠠ᠃

2.ᠰᠠᠯᠠᠭ᠎ᠠ ᠮᠥᠴᠢᠷ ᠠᠯᠣᠰᠯᠠᠨ ᠪᠠ ᠣᠷᠣᠨ ᠪᠦᠰᠡ ᠠᠯᠣᠰᠯᠠᠨ ᠬᠠᠮᠵᠢᠯᠴᠠᠬᠤ ᠬᠢᠨᠠᠯᠲᠠ ᠬᠠᠮᠢᠶᠠᠷᠣᠯᠲᠠ᠎ᠶᠢᠨ ᠲᠤᠭᠲᠠᠯᠴᠠᠭ᠎ᠠ᠎ᠶᠢᠨ ᠰᠣᠳᠣᠯᠣᠯ᠃ ᠰᠠᠯᠠᠭ᠎ᠠ ᠮᠦᠴᠢᠷ᠎ᠤᠨ ᠪᠠᠬᠢᠯᠡᠯᠲᠡ ᠪᠠ ᠤᠷᠤᠨ ᠪᠦᠰᠡ᠎ᠶ᠋ᠢᠨ ᠵᠠᠭᠠᠭ᠎ᠢ ᠬᠡᠷᠬᠢᠨ ᠡᠪᠳᠡᠵᠦ᠍᠂ ᠢᠳᠡᠭᠡᠨ᠎ᠤ ᠲᠠᠷᠢᠶᠠᠯᠠᠩ᠎ᠤᠨ ᠭᠠᠷᠤᠯᠲᠠ᠎ᠶ᠋ᠢᠨ ᠤᠷᠤᠨ᠎ᠨᠢ ᠵᠠᠬ᠎ᠠ ᠳᠡᠯᠭᠡᠭᠦᠷ᠎ᠲᠤ ᠣᠷᠤᠬᠤ᠎ᠶ᠋ᠢ ᠵᠦᠪᠱᠢᠶᠡᠷᠡᠬᠦ᠂ ᠭᠠᠳᠠᠭᠠᠲᠤ᠎ᠠᠴᠠ ᠣᠷᠤᠭᠤᠯᠬᠤ ᠢᠳᠡᠭᠡᠨ᠎ᠤ ᠬᠢᠨᠠᠯᠲᠠ ᠬᠠᠮᠢᠶᠠᠷᠤᠯᠲᠠ᠂ ᠴᠢᠬᠤᠯᠠ ᠶᠡᠭᠡ ᠠᠵᠢᠯᠯᠠᠭᠠᠨ᠎ᠤ ᠪᠠᠲᠤᠯᠠᠭ᠎ᠠ ᠵᠡᠷᠭᠡ ᠲᠠᠯ᠎ᠠ᠎ᠪᠠᠷ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ᠂ ᠬᠠᠮᠲᠤᠷᠠᠨ ᠬᠠᠤᠯᠢ ᠬᠡᠷᠡᠭ᠌ᠵᠢᠭᠦᠯᠬᠦ᠂ ᠦᠷ᠎ᠡ ᠳ᠋ᠦᠩ᠎ᠢ ᠬᠠᠷᠢᠯᠴᠠᠨ ᠮᠡᠳᠡᠷᠡᠬᠦ᠌ ᠬᠡᠪᠱᠢᠭ᠌ᠰᠡᠨ ᠠᠵᠢᠯ᠎ᠤᠨ ᠲᠤᠭᠲᠠᠯᠴᠠᠭ᠎ᠠ᠎ᠶ᠋ᠢ ᠪᠠᠢ᠌ᠭᠤᠯᠤᠨ᠎ᠠ᠃

3.ᠢᠳᠡᠭᠡᠨ᠎ᠦ ᠠᠮᠤᠷ ᠲᠦᠪᠱᠢᠨ᠎ᠢ ᠨᠡᠢᠭᠡᠮ ᠨᠡᠢ᠌ᠲᠡ᠎ᠪᠡᠷ᠎ᠢᠶᠡᠨ ᠬᠠᠮᠲᠤ᠎ᠪᠠᠷ ᠵᠠᠰᠠᠬᠤ ᠲᠤᠭᠲᠠᠯᠴᠠᠭ᠎ᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠰᠤᠳᠤᠯᠤᠯ᠃ ᠠᠵᠢᠯ ᠲᠥᠷᠥᠯ᠎ᠤᠨ ᠨᠡᠢᠭᠡᠮᠯᠢᠭ᠂ ᠰᠣᠨᠢᠨ ᠮᠡᠳᠡᠭᠡᠨ᠎ᠤ ᠵᠠᠭᠤᠴᠢᠯᠠᠭᠤᠷ᠂ ᠬᠡᠷᠡᠭ᠌ᠯᠡᠭ᠌ᠴᠢᠳ ᠵᠡᠷᠭᠡ ᠨᠡᠢᠭᠡᠮ᠎ᠤᠨ ᠬᠦᠴᠦᠨ᠎ᠢ ᠬᠡᠷᠬᠢᠨ ᠪᠦᠲᠦᠮᠵᠢᠲᠡᠶ ᠬᠥᠲᠥᠯᠦᠨ ᠵᠢᠯᠣᠭᠤᠳᠴᠤ᠌ ᠬᠢᠨᠠᠯᠲᠠ ᠬᠠᠮᠢᠶᠠᠷᠣᠯᠲᠠ᠎ᠳᠤ ᠣᠷᠣᠯᠴᠠᠭᠤᠯᠬᠤ ᠲᠤᠬᠠᠶ ᠰᠣᠳᠣᠯᠣᠨ᠎ᠠ᠃ 《ᠱᠦᠭ᠌ᠯᠦ ᠦᠯᠢᠶᠡᠭ᠌ᠴᠢ》ᠶ᠋ᠢᠨ ᠲᠦᠷᠢᠮ᠂ ᠬᠠᠷᠢᠭᠤᠴᠠᠯᠭ᠎ᠠ᠎ᠶ᠋ᠢᠨ ᠳᠠᠭᠠᠳᠭᠠᠯ᠂ ᠠᠶᠤᠯ ᠲᠦᠭ᠌ᠰᠢᠭᠦᠷᠢ᠎ᠶ᠋ᠢᠨ ᠰᠣᠯᠢᠯᠴᠠᠭ᠎ᠠ ᠵᠡᠷᠭᠡ ᠤᠯᠠᠨ ᠡᠱᠢᠵᠢᠭ᠌ᠰᠡᠨ ᠵᠠᠰᠠᠯᠲᠠ᠎ᠶ᠋ᠢᠨ ᠪᠠᠭᠠᠵᠢ᠎ᠶ᠋ᠢ ᠬᠡᠷᠡᠭ᠌ᠯᠡᠬᠦ᠌ ᠪᠠ ᠲᠡᠭᠦᠯᠳᠡᠷᠵᠢᠭᠦᠯᠬᠦ᠌᠎ᠶ᠋ᠢ ᠬᠠᠢᠨ ᠰᠦᠪᠡᠭ᠌ᠴᠢᠯᠡᠨ᠎ᠡ᠃

4.ᠬᠢᠨᠠᠯᠲᠠ ᠬᠠᠮᠢᠶᠠᠷᠤᠯᠲᠠ᠎ᠶᠢᠨ ᠬᠦᠴᠦᠨ ᠴᠢᠳᠠᠪᠤᠷᠢ᠎ᠶ᠋ᠢ ᠱᠢᠨᠵᠢᠯᠡᠬᠦ᠌ ᠤᠬᠠᠭᠠᠨᠴᠢ᠎ᠪᠠᠷ ᠦᠨᠡᠯᠡᠨ ᠵᠢᠱ᠌ᠢᠬᠦ᠌ ᠲᠤᠭᠲᠠᠯᠴᠠᠭ᠎ᠠ᠎ᠶ᠋ᠢᠨ ᠰᠤᠳᠤᠯᠤᠯ᠃ ᠦᠪᠡᠷᠲᠡᠭᠡᠨ ᠵᠠᠰᠠᠬᠤ ᠣᠷᠣᠨ᠂ ᠠᠢᠮᠠᠭ ᠬᠤᠲᠠ᠂ ᠬᠤᠱᠢᠭᠤ ᠱᠢᠶᠠᠨ (ᠬᠤᠲᠠ᠂ ᠲᠣᠭᠤᠷᠢᠭ)᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠵᠢᠴᠢ ᠦᠨᠳᠦᠰᠦᠨ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠭᠠᠵᠠᠷ᠎ᠤᠨ ᠳᠦᠷᠪᠡᠳᠦᠭᠡᠷ ᠳᠡᠰ᠎ᠦᠨ ᠢᠳᠡᠭᠡᠨ᠎ᠤ ᠠᠮᠦᠷ ᠲᠥᠪᠱᠢᠨ᠎ᠤ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠤᠨ ᠦᠷ᠎ᠡ ᠪᠦᠲᠦᠮᠵᠢ᠎ᠶ᠋ᠢ ᠱᠢᠨᠵᠢᠯᠡᠬᠦ᠌ ᠤᠬᠠᠭᠠᠨᠴᠢ᠎ᠪᠠᠷ ᠦᠨᠡᠯᠡᠬᠦ ᠭᠦᠢᠴᠡᠳᠭᠡᠯ ᠲᠤᠭ᠎ᠠ᠎ᠶ᠋ᠢᠨ ᠲᠤᠭᠲᠠᠯᠴᠠᠭ᠎ᠠ᠎ᠶ᠋ᠢ ᠪᠠᠢᠭᠤᠯᠵᠤ᠂ ᠠᠵᠢᠯ᠎ᠤᠨ ᠦᠷ᠎ᠡ ᠪᠦᠲᠦᠮᠵᠢ᠎ᠶ᠋ᠢ ᠦᠨᠡᠯᠡᠬᠦ᠌ ᠪᠠ ᠡᠬᠢ ᠪᠠᠶᠠᠯᠢᠭ᠎ᠢ ᠱᠢᠯᠢᠳᠡᠭ᠌ᠵᠢᠭᠦᠯᠦᠨ ᠲᠣᠬᠢᠷᠠᠭᠤᠯᠬᠤ᠎ᠳᠤ ᠦᠨᠳᠦᠰᠦ ᠪᠠᠷᠢᠮᠲᠠ ᠬᠠᠩᠭ᠋ᠠᠨ᠎ᠠ᠃

ᠭᠤᠷᠪᠠ᠂ ᠣᠷᠣᠯᠴᠠᠬᠤ ᠨᠢᠭᠡᠴᠢ

ᠥᠪᠡᠷᠲᠡᠭᠡᠨ ᠵᠠᠰᠠᠬᠤ ᠣᠷᠣᠨ᠎ᠤ ᠢᠳᠡᠭᠡᠨ ᠪᠠ ᠡᠮ᠎ᠦᠨ ᠵᠦᠢᠯ᠎ᠦᠨ ᠠᠮᠤᠷ ᠲᠦᠪᠱᠢᠨ᠎ᠦ ᠵᠥᠪᠯᠡᠯ᠎ᠦᠨ ᠡᠯ᠎ᠡ ᠭᠡᠰᠢᠭᠦᠨ ᠨᠢᠭᠡᠴᠢ ᠨᠢ ᠰᠤᠳᠤᠯᠭᠠᠨ᠎ᠤ ᠰᠡᠳᠦᠪ᠎ᠦᠨ ᠭᠣᠤᠯ ᠬᠦᠴᠦᠨ ᠪᠠᠢ᠌ᠵᠦ᠂ ᠲᠤᠰ ᠪᠡᠶ᠎ᠡ᠎ᠶ᠋ᠢᠨ ᠡᠭᠦᠷᠭᠡ ᠬᠠᠷᠢᠭᠤᠴᠠᠯᠭ᠎ᠠ᠎ᠲᠠᠶ᠎ᠪᠠᠨ ᠤᠶᠠᠯᠳᠤᠭᠤᠯᠤᠨ ᠢᠳᠡᠪᠬᠢᠲᠡᠶ ᠮᠡᠳᠡᠭᠦᠯᠬᠦ᠌ ᠴᠢᠬᠤᠯᠠᠲᠠᠢ᠃ ᠡᠯ᠎ᠡ ᠭᠡᠰᠢᠭᠦᠨ ᠨᠢᠭᠡᠴᠢ ᠎ᠶᠢᠨ ᠲᠦᠷᠦᠭᠦᠯᠡᠨ ᠬᠠᠷᠢᠭᠤᠴᠠᠬᠤ᠎ᠶ᠋ᠢ ᠵᠣᠷᠢᠭ᠍ᠵᠢᠭᠤᠯᠤᠨ ᠳᠡᠮᠵᠢᠵᠦ᠍᠂ ᠬᠠᠮᠢᠶ᠎ᠠ ᠪᠥᠬᠦᠶ ᠳᠡᠭᠡᠳᠦ ᠰᠤᠷᠭᠠᠭᠤᠯᠢ᠂ ᠡᠷᠳᠡᠮ ᠰᠢᠨᠵᠢᠯᠡᠭᠡᠨ᠎ᠤ ᠬᠦᠷᠢᠶᠡᠯᠡᠩ ᠭᠠᠵᠠᠷ᠂ ᠭᠤᠷᠪᠠᠳᠠᠬᠢ ᠡᠲᠡᠭᠡᠳ᠎ᠤᠨ ᠲᠤᠰᠭᠠᠶ ᠮᠡᠷᠭᠡᠵᠢᠯ᠎ᠤᠨ ᠪᠠᠢᠭᠤᠯᠤᠮᠵᠢ᠎ᠲᠠᠢ ᠬᠠᠮᠲᠤᠷᠠᠨ ᠰᠡᠳᠦᠪ ᠰᠤᠳᠤᠯᠬᠤ ᠳᠤᠭᠤᠢᠯᠠᠩ ᠪᠠᠢᠭᠤᠯᠵᠤ᠂ ᠦᠢᠯᠡᠳᠪᠦᠷᠢᠯᠡᠬᠦ᠌ ᠵᠢᠭᠠᠬᠤ ᠰᠤᠳᠤᠯᠬᠤ ᠬᠡᠷᠡᠭ᠌ᠯᠡᠬᠦ᠌᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠤᠨ᠎ᠠ᠃

ᠳᠥᠷᠪᠡ᠂ ᠰᠡᠳᠦᠪ ᠮᠡᠳᠡᠭᠦᠯᠬᠦ᠌ ᠪᠠ ᠲᠦᠷᠦᠯ ᠵᠦᠢ᠍ᠯ ᠲᠣᠭ᠍ᠲᠠᠭᠠᠬᠤ

(ᠨᠢᠭᠡ) ᠭᠤᠶᠤᠴᠢᠯᠠᠨ ᠮᠡᠳᠡᠭᠦᠯᠬᠦ᠌ ᠱᠠᠭᠠᠷᠳᠠᠯᠭ᠎ᠠ

1.ᠭᠤᠶᠤᠴᠢᠯᠠᠨ ᠮᠡᠳᠡᠭᠦᠯᠬᠦ᠌ ᠲᠥᠷᠥᠯ ᠵᠦᠢᠯ ᠨᠢ ᠵᠣᠬᠢᠬᠤ ᠰᠠᠭᠤᠷᠢ᠎ᠶ᠋ᠢ ᠪᠦᠷᠢᠳᠦᠭᠦᠯᠵᠦ᠍ ᠂ ᠬᠣᠶᠠᠷ ᠵᠢᠯ᠎ᠦᠨ ᠳᠣᠲᠣᠷ᠎ᠠ ᠰᠤᠳᠤᠯᠭᠠᠨ᠎ᠤ ᠡᠭᠦᠷᠭᠡ᠎ᠪᠡᠨ ᠪᠡᠶᠡᠯᠡᠭᠦᠯᠵᠦ ᠴᠢᠳᠠᠨ᠎ᠠ᠃

2.ᠡᠯ᠎ᠡ ᠭᠤᠶᠤᠴᠢᠯᠠᠨ ᠮᠡᠳᠡᠭᠦᠯᠬᠦ᠌ ᠨᠢᠭᠡᠴᠢ᠎ᠨᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠢᠳᠡᠭᠡᠨ᠎ᠤ ᠠᠮᠤᠷ ᠲᠦᠪᠱᠢᠨ᠎ᠤ ᠬᠢᠨᠠᠯᠲᠠ ᠬᠠᠮᠢᠶᠠᠷᠤᠯᠲᠠ᠎ᠶ᠋ᠢᠨ ᠰᠡᠳᠦᠪ ᠮᠡᠳᠡᠭᠦᠯᠬᠦ᠌ ᠪᠢᠴᠢᠭ》 (ᠬᠡᠪ ᠬᠠᠪᠲᠠᠰᠤ᠎ᠶ᠋ᠢ ᠳᠠᠭᠠᠯᠳᠤᠭᠤᠯᠤᠯ 1 ᠎ᠳᠤ ᠦᠵᠡᠭᠡᠷᠡᠢ)᠎ᠢ ᠨᠠᠷᠢᠨ ᠬᠢᠨᠠᠮᠠᠭᠠᠶ ᠲᠠᠭᠯᠠᠬᠤ ᠬᠡᠷᠡᠭ᠌ᠲᠡᠶ)᠂ ᠰᠤᠳᠤᠯᠭᠠᠨ᠎ᠤ ᠰᠡᠳᠦᠪ᠎ᠤᠨ ᠨᠡᠷᠡᠢᠳᠦᠯ᠂ ᠰᠤᠳᠤᠯᠭᠠᠨ᠎ᠤ ᠠᠬᠤᠢ ᠪᠠᠢᠳᠠᠯ ᠬᠢᠭᠡᠳ ᠠᠴᠢ ᠬᠤᠯᠪᠣᠭ᠍ᠳᠠᠯ᠂ ᠰᠤᠳᠤᠯᠭᠠᠨ᠎ᠤ ᠬᠠᠷᠠᠯᠲᠠ ᠬᠢᠭᠡᠳ ᠠᠭᠤᠯᠭ᠎ᠠ᠂ ᠰᠤᠳᠤᠯᠬᠤ ᠰᠡᠳᠭᠢᠴᠡ ᠬᠢᠭᠡᠳ ᠠᠷᠭ᠎ᠠ ᠬᠡᠮᠵᠢᠶ᠎ᠡ᠂ ᠰᠤᠳᠤᠯᠭᠠᠨ᠎ᠤ ᠲᠥᠯᠥᠪᠯᠡᠭᠡ ᠬᠢᠭᠡᠳ ᠵᠢᠱ᠌ᠢᠭ᠌ᠰᠡᠨ ᠦᠷ᠎ᠡ ᠪᠦᠲᠦᠭᠡᠯ᠂ ᠰᠤᠳᠤᠯᠭᠠᠨ᠎ᠤ ᠪᠦᠯᠬᠦᠮ ᠨᠡᠢᠲᠡ᠂ ᠵᠠᠷᠤᠳᠠᠯ᠎ᠤᠨ ᠲᠥᠰᠦᠪ ᠵᠡᠷᠭᠡ ᠠᠭᠤᠯᠭ᠎ᠠ᠎ᠶ᠋ᠢ ᠪᠠᠭ᠍ᠲᠠᠭᠠᠨ᠎ᠠ᠃

(ᠬᠤᠶᠠᠷ) ᠭᠤᠶᠤᠴᠢᠯᠠᠨ ᠮᠡᠳᠡᠭᠦᠯᠬᠦ᠌ ᠪᠠ ᠲᠦᠷᠦᠯ ᠵᠦᠢ᠍ᠯ ᠲᠣᠭ᠍ᠲᠠᠭᠠᠬᠤ ᠴᠤᠪᠤᠷᠠᠯ

1.ᠮᠡᠳᠡᠭᠦᠯᠬᠦ᠌ ᠴᠠᠭ᠄ ᠵᠢᠯ ᠪᠦᠷᠢ᠎ᠶ᠋ᠢᠨ 12 ᠳ᠋ᠤᠭᠠᠷ ᠰᠠᠷ᠎ᠠ᠎ᠶ᠋ᠢᠨ ᠳᠤᠮᠳᠠᠴᠢ᠎ᠠᠴᠠ ᠳᠠᠷᠠᠭ᠎ᠠ ᠵᠢᠯ᠎ᠤᠨ 1 ᠳ᠋ᠦ᠍ᠭᠡᠷ ᠰᠠᠷ᠎ᠠ᠎ᠶ᠋ᠢᠨ 31 ᠎ᠤ ᠡᠳᠦᠷ ᠪᠣᠯᠲᠠᠯ᠎ᠠ ᠲᠥᠪᠯᠡᠷᠡᠭᠦᠯᠦᠨ ᠮᠡᠳᠡᠭᠦᠯᠬᠦ᠌ ᠬᠤᠭᠤᠴᠠᠭ᠎ᠠ ᠪᠤᠯᠤᠨ᠎ᠠ᠃

2.ᠮᠠᠲ᠋ᠧᠷᠢᠶᠠᠯ᠎ᠢ ᠲᠤᠱᠢᠶᠠᠬᠤ᠄ ᠮᠡᠳᠡᠭᠦᠯᠬᠦ᠌ ᠨᠢᠭᠡᠴᠢ᠎ᠠᠴᠠ ᠠᠯᠪᠠᠨ ᠲᠠᠮᠠᠭ᠎ᠠ ᠳᠠᠷᠤᠭ᠍ᠰᠠᠨ ᠮᠡᠳᠡᠭᠦᠯᠬᠦ᠌ ᠪᠢᠴᠢᠭ᠎ᠤᠨ ᠴᠠᠭᠠᠰᠤᠨ ᠬᠡᠪᠯᠡᠯ (ᠨᠢᠭᠡ ᠮᠠᠶᠢᠭ᠎ᠤᠨ ᠲᠠᠪᠤᠨ ᠬᠤᠪᠢ) ᠵᠢᠴᠢ ᠡᠯᠧᠺᠲᠷᠣᠨ ᠬᠡᠪᠯᠡᠯ᠎ᠢ ᠥᠪᠡᠷᠲᠡᠭᠡᠨ ᠵᠠᠰᠠᠬᠤ ᠣᠷᠣᠨ᠎ᠤ ᠢᠳᠡᠭᠡᠨ ᠪᠠ ᠡᠮ᠎ᠤᠨ ᠵᠦᠢᠯ᠎ᠤᠨ ᠠᠮᠤᠷ ᠲᠦᠪᠱᠢᠨ᠎ᠤ ᠵᠦᠪᠯᠡᠯ᠎ᠦᠨ ᠠᠯᠪᠠᠨ ᠭᠡᠷ᠎ᠲᠤ ᠮᠡᠳᠡᠭᠦᠯᠦᠨ ᠬᠦᠷᠭᠡᠨ᠎ᠡ᠃

3.ᠲᠥᠷᠥᠯ ᠵᠦᠢᠯ᠎ᠢ ᠬᠢᠨᠠᠨ ᠲᠤᠭᠲᠠᠭ᠋ᠠᠬᠤ᠄ ᠥᠪᠡᠷᠲᠡᠭᠡᠨ ᠵᠠᠰᠠᠬᠤ ᠣᠷᠣᠨ᠎ᠤ ᠢᠳᠡᠭᠡᠨ ᠪᠠ ᠡᠮ᠎ᠤᠨ ᠵᠦᠢᠯ᠎ᠤᠨ ᠠᠮᠤᠷ ᠲᠦᠪᠱᠢᠨ᠎ᠤ ᠵᠦᠪᠯᠡᠯ᠎ᠦᠨ ᠠᠯᠪᠠᠨ ᠬᠡᠷ᠎ᠠᠴᠠ ᠲᠤᠰᠭᠠᠶ ᠮᠡᠷᠭᠡᠵᠢᠯᠲᠡᠨ᠎ᠤ ᠵᠢᠯᠣᠭᠤᠳᠭᠤ ᠳᠤᠭᠤᠢᠯᠠᠩ᠎ᠢ ᠵᠣᠬᠢᠶᠠᠨ ᠪᠠᠢ᠌ᠭᠤᠯᠵᠦ ᠬᠢᠨᠠᠨ ᠲᠣᠭ᠍ᠲᠠᠭᠠᠨ᠎ᠠ᠃ ᠬᠢᠨᠠᠨ ᠲᠣᠭ᠍ᠲᠠᠭᠠᠬᠤ ᠪᠠᠷᠢᠮᠵᠢᠶ᠎ᠠ᠎ᠳᠤ ᠭᠤᠤᠯᠳᠠᠭᠤ᠄ ᠴᠢᠬᠤᠯᠠ ᠴᠢᠨᠠᠷ (ᠬᠢᠨᠠᠯᠲᠠ ᠬᠠᠮᠢᠶᠠᠷᠣᠯᠲᠠ᠎ᠶᠢᠨ ᠬᠡᠷᠡᠭ᠌ᠴᠡᠭᠡ ᠱᠠᠭᠠᠷᠳᠠᠯᠭ᠎ᠠ᠎ᠲᠠᠢ ᠵᠣᠬᠢᠴᠠᠯᠳᠤᠬᠤ ᠬᠡᠮᠵᠢᠶ᠎ᠡ)᠂ ᠱᠢᠨ᠎ᠡ᠎ᠶ᠋ᠢ ᠡᠭᠦᠳᠬᠦ᠌ ᠴᠢᠨᠠᠷ (ᠰᠤᠳᠤᠯᠭᠠᠨ᠎ᠤ ᠬᠠᠷᠠᠭᠠᠰᠤ ᠪᠤᠶᠤ ᠠᠷᠭ᠎ᠠ ᠬᠡᠮᠵᠢᠶ᠎ᠡ᠎ᠶ᠋ᠢᠨ ᠥᠪᠡᠷᠮᠢᠴᠡ ᠴᠢᠨᠠᠷ)᠂ ᠪᠣᠯᠤᠮᠵᠢᠲᠤ ᠴᠢᠨᠠᠷ (ᠪᠦᠯᠬᠦᠮ ᠨᠡᠢᠲᠡ᠎ᠶ᠋ᠢᠨ ᠴᠢᠳᠠᠪᠤᠷᠢ᠂ ᠲᠥᠰᠦᠯ᠎ᠤᠨ ᠵᠢᠷᠤᠭ ᠲᠥᠯᠥᠪᠯᠡᠭᠡ᠂ ᠡᠬᠢ ᠪᠠᠶᠠᠯᠢᠭ᠎ᠤᠨ ᠪᠠᠲᠤᠯᠠᠭ᠎ᠠ) ᠪᠠ ᠬᠡᠷᠡᠭ᠌ᠯᠡᠭᠡᠨ᠎ᠤ ᠴᠢᠨᠠᠷ (ᠦᠷ᠎ᠡ ᠪᠦᠲᠦᠭᠡᠯ᠎ᠢ ᠬᠤᠪᠢᠷᠠᠭᠤᠯᠬᠤ ᠳᠠᠯᠳᠠ ᠬᠦᠴᠦᠨ) ᠎ᠢ ᠪᠠᠭ᠍ᠲᠠᠭᠠᠨ᠎ᠠ᠃

4. ᠲᠦᠷᠦᠯ ᠵᠦᠢ᠍ᠯ᠎ᠢ ᠲᠤᠭᠲᠠᠭ᠋ᠠᠬᠤ ᠵᠠᠷᠯᠠᠯ᠄ ᠬᠢᠨᠠᠨ ᠲᠣᠭ᠍ᠲᠠᠭᠠᠭ᠍ᠰᠠᠨ ᠦᠷ᠎ᠡ ᠳ᠋ᠦᠩ᠎ᠢ ᠥᠪᠡᠷᠲᠡᠭᠡᠨ ᠵᠠᠰᠠᠬᠤ ᠣᠷᠣᠨ᠎ᠤ ᠢᠳᠡᠭᠡᠨ ᠪᠠ ᠡᠮ᠎ᠤᠨ ᠵᠦᠢᠯ᠎ᠤᠨ ᠠᠮᠤᠷ ᠲᠦᠪᠱᠢᠨ᠎ᠤ ᠵᠦᠪᠯᠡᠯ᠎ᠦᠨ ᠠᠯᠪᠠᠨ ᠭᠡᠷ᠎ᠲᠤ ᠮᠡᠳᠡᠭᠦᠯᠦᠨ ᠵᠥᠪᠱᠢᠶᠡᠷᠡᠭᠦᠯᠦᠭ᠌ᠰᠡᠨ᠎ᠤ ᠳᠠᠷᠠᠭ᠎ᠠ᠂ ᠲᠦᠷᠦᠯ ᠵᠦᠢ᠍ᠯ᠎ᠢ ᠲᠣᠭ᠍ᠲᠠᠭᠠᠬᠤ ᠰᠡᠳᠦᠪ᠎ᠤᠨ ᠨᠡᠷᠡᠰ᠎ᠦᠨ ᠵᠢᠭᠰᠠᠭ᠋ᠠᠯᠲᠠ᠎ᠶᠢ ᠵᠢᠩᠬᠢᠨᠢ᠎ᠪᠠᠷ ᠵᠠᠷᠯᠠᠨ ᠨᠡᠢᠲᠡᠯᠡᠨ᠎ᠡ᠃

ᠲᠠᠪᠤ᠂ ᠵᠠᠷᠤᠳᠠᠯ᠎ᠤᠨ ᠪᠠᠲᠤᠯᠠᠭ᠎ᠠ

ᠲᠤᠰ ᠤᠳᠠᠭᠠᠨ᠎ᠤ ᠰᠡᠳᠦᠪ᠎ᠦᠨ ᠰᠤᠳᠤᠯᠭᠠᠨ᠎ᠤ ᠵᠠᠷᠤᠳᠠᠯ᠎ᠢ ᠡᠯ᠎ᠡ ᠡᠭᠦᠷᠭᠡᠯᠡᠭ᠌ᠰᠡᠨ ᠨᠢᠭᠡᠴᠢ ᠥᠪᠡᠰᠦᠪᠡᠨ ᠴᠤᠭ᠍ᠯᠠᠭᠤᠯᠵᠤ ᠱᠢᠶ᠋ᠳᠪᠦᠷᠢᠯᠡᠨ᠎ᠡ᠃ ᠡᠯ᠎ᠡ ᠨᠢᠭᠡᠴᠢ᠎ᠨᠦᠭᠦᠳ ᠵᠠᠷᠤᠳᠠᠯ᠎ᠤᠨ ᠲᠥᠰᠦᠪ᠎ᠢᠶᠡᠨ ᠵᠣᠬᠢᠰᠲᠠᠶ ᠲᠣᠬᠢᠷᠠᠭᠤᠯᠵᠤ᠂ ᠵᠠᠷᠤᠳᠠᠯ᠎ᠤᠨ ᠬᠡᠷᠡᠭ᠌ᠯᠡᠯᠲᠡ ᠨᠢ ᠵᠢᠷᠤᠮᠵᠢᠯ᠎ᠲᠠᠶ᠂ ᠢᠯᠡ ᠲᠣᠳᠣ᠂ ᠥᠨᠳᠥᠷ ᠪᠦᠲᠦᠮᠵᠢᠲᠡᠶ ᠪᠠᠢᠬᠤ᠎ᠶ᠋ᠢ ᠦᠨᠡᠨ ᠬᠦ᠌ ᠪᠠᠲᠤᠯᠠᠵᠤ ᠂ ᠭᠣᠤᠯᠳᠠᠭᠤ ᠰᠡᠳᠦᠪ᠎ᠦᠨ ᠰᠤᠳᠤᠯᠭᠠᠨ᠎ᠤ ᠶᠠᠪᠤᠴᠠ᠎ᠳᠠᠬᠢ ᠪᠠᠢᠴᠠᠭᠠᠨ ᠰᠤᠳᠤᠯᠤᠯᠲᠠ ᠬᠢᠬᠦ᠌ ᠂ ᠮᠠᠲ᠋ᠧᠷᠢᠶᠠᠯ ᠴᠤᠭ᠍ᠯᠠᠭᠤᠯᠬᠤ ᠂ ᠲᠤᠰᠭᠠᠶ ᠮᠡᠷᠭᠡᠵᠢᠯᠲᠡᠨ᠎ᠡᠴᠡ ᠯᠠᠪᠯᠠᠯᠭ᠎ᠠ ᠬᠢᠬᠦ᠌᠂ ᠲᠣᠭ᠎ᠠ ᠪᠠᠷᠢᠮᠲᠠ᠎ᠶ᠋ᠢᠨ ᠵᠠᠳᠠᠯᠤᠯᠲᠠ ᠬᠢᠬᠦ᠌ ᠵᠢᠴᠢ ᠦᠷ᠎ᠡ ᠪᠦᠲᠦᠭᠡᠯ᠎ᠦᠨ ᠬᠡᠪᠯᠡᠯ ᠵᠡᠷᠭᠡ ᠬᠠᠮᠢᠶ᠎ᠠ ᠪᠦᠬᠦᠢ ᠵᠠᠷᠤᠯᠭ᠎ᠠ᠎ᠳᠤ ᠬᠡᠷᠡᠭᠯᠡᠨ᠎ᠡ ᠃

ᠵᠢᠷᠭᠤᠭ᠎ᠠ᠂ ᠠᠬᠢᠴᠠ᠎ᠶ᠋ᠢᠨ ᠲᠣᠬᠢᠷᠠᠭᠤᠯᠤᠯᠲᠠ᠎ᠶ᠋ᠢ ᠰᠤᠳᠤᠯᠬᠤ

(ᠨᠢᠭᠡ) ᠡᠬᠢᠯᠡᠭᠦᠯᠬᠦ᠌ ᠱᠠᠲᠤ ᠦᠶ᠎ᠡ᠃ ᠲᠦᠷᠦᠯ ᠵᠦᠢ᠍ᠯ ᠲᠣᠭ᠍ᠲᠠᠭᠠᠭ᠍ᠰᠠᠨ ᠰᠡᠳᠦᠪ᠎ᠦᠨ ᠨᠢᠭᠡᠴᠢ᠎ᠨᠦᠭᠦᠳ ᠰᠡᠳᠦᠪ᠎ᠦᠨ ᠰᠤᠳᠤᠯᠭᠠᠨ᠎ᠤ ᠪᠦᠯᠬᠦᠮ ᠨᠡᠢ᠌ᠲᠡ ᠵᠣᠬᠢᠶᠠᠨ ᠪᠠᠢᠭᠤᠯᠵᠤ ᠂ ᠨᠠᠷᠢᠨ ᠨᠢᠭ᠍ᠲᠠ ᠰᠤᠳᠤᠯᠭ᠋ᠠᠨ᠎ᠤ ᠲᠥᠯᠥᠪᠯᠡᠭᠡ ᠪᠠ ᠬᠡᠷᠡᠭ᠌ᠵᠢᠭᠦᠯᠬᠦ᠌ ᠲᠥᠰᠦᠯ᠎ᠢ ᠲᠣᠭ᠍ᠲᠠᠭᠠᠨ᠂ ᠡᠭᠦᠷᠭᠡ᠎ᠶ᠋ᠢᠨ ᠬᠤᠪᠢᠶᠠᠷᠢᠯᠠᠯ ᠪᠠ ᠴᠠᠭ ᠬᠤᠭᠤᠴᠠᠭ᠎ᠠ᠎ᠶ᠋ᠢᠨ ᠵᠠᠩᠭᠢᠯᠠᠭ᠎ᠠ᠎ᠶ᠋ᠢᠨ ᠴᠢᠭ᠎ᠢ ᠲᠣᠳᠣᠷᠬᠠᠢᠯᠠᠬᠤ᠎ᠶ᠋ᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠢᠳᠡᠭᠡᠨ ᠪᠠ ᠡᠮ᠎ᠦᠨ ᠵᠦᠢᠯ᠎ᠦᠨ ᠠᠮᠤᠷ ᠲᠦᠪᠱᠢᠨ᠎ᠦ ᠵᠦᠪᠯᠡᠯ᠎ᠦᠨ ᠠᠯᠪᠠᠨ ᠭᠡᠷ᠎ᠲᠦ ᠮᠡᠳᠡᠭᠦᠯᠵᠦ᠍ ᠪᠦᠷᠢᠳᠭᠡᠨ ᠳᠠᠩᠰᠠᠯᠠᠭᠤᠯᠤᠨ᠎ᠠ ᠃

(ᠬᠤᠶᠠᠷ) ᠰᠤᠳᠤᠯᠬᠤ ᠱᠠᠲᠤ ᠦᠶ᠎ᠡ᠃ ᠰᠤᠳᠤᠯᠭᠠᠨ᠎ᠤ ᠪᠦᠯᠬᠦᠮ ᠨᠡᠢᠲᠡ᠎ᠶ᠋ᠢᠨ ᠲᠥᠯᠥᠪᠯᠡᠭᠡ ᠶᠣᠰᠣᠭᠠᠷ ᠲᠤᠬᠠᠶ᠎ᠶ᠋ᠢᠨ ᠭᠠᠵᠠᠷ᠎ᠲᠤ ᠨᠢ ᠪᠠᠢᠴᠠᠭᠠᠨ ᠰᠤᠳᠤᠯᠤᠯᠲᠠ ᠬᠢᠬᠦ᠂ ᠲᠤᠭ᠎ᠠ ᠪᠠᠷᠢᠮᠲᠠ᠎ᠶ᠋ᠢ ᠵᠠᠳᠠᠯᠬᠤ᠂ ᠬᠡᠷᠡᠭ᠎ᠤᠨ ᠵᠢᠱ᠌ᠢᠶ᠎ᠡ᠎ᠶ᠋ᠢ ᠰᠤᠳᠤᠯᠬᠤ ᠵᠡᠷᠭᠡ ᠠᠵᠢᠯ᠎ᠢ ᠥᠷᠨᠢᠭᠦᠯᠵᠦ᠍᠂ ᠠᠰᠠᠭᠤᠳᠠᠯ᠎ᠢ ᠭᠦᠨᠵᠡᠭᠡᠶ ᠵᠠᠳᠠᠯᠵᠤ᠂ ᠱᠢᠨ᠎ᠡ᠎ᠶ᠋ᠢ ᠡᠭᠦᠳᠬᠦ᠌ ᠰᠡᠳᠭᠢᠴᠡ ᠪᠠ ᠱᠢᠢᠳᠪᠦᠷᠢᠯᠡᠬᠦ᠌ ᠲᠥᠰᠦᠯ᠎ᠢ ᠳᠤᠷᠠᠳᠤᠨ ᠭᠠᠷᠭ᠋ᠠᠨ᠎ᠠ᠃ ᠲᠣᠰ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠢᠳᠡᠭᠡᠨ ᠪᠠ ᠡᠮ᠎ᠦᠨ ᠵᠦᠢᠯ᠎ᠦᠨ ᠠᠮᠤᠷ ᠲᠦᠪᠰᠢᠨ᠎ᠤ ᠵᠦᠪᠯᠡᠯ᠎ᠦᠨ ᠠᠯᠪᠠᠨ ᠭᠡᠷ᠎ᠠᠴᠠ ᠳᠤᠮᠳᠠ ᠱᠠᠲᠣ᠎ᠶᠢᠨ ᠪᠠᠢᠴᠠᠭᠠᠯᠲᠠ᠎ᠶ᠋ᠢ ᠵᠣᠬᠢᠶᠠᠨ ᠪᠠᠢᠭᠤᠯᠤᠨ᠂ ᠰᠡᠳᠦᠪ᠎ᠦᠨ ᠠᠬᠢᠴᠠ᠎ᠶ᠋ᠢᠨ ᠪᠠᠢᠳᠠᠯ᠎ᠢ ᠣᠢᠯᠠᠭᠠᠵᠤ᠂ ᠰᠤᠳᠤᠯᠬᠤ ᠶᠠᠪᠤᠴᠠ᠎ᠳᠤ ᠲᠤᠯᠭᠠᠷᠠᠭ᠍ᠰᠠᠨ ᠠᠰᠠᠭᠤᠳᠠᠯ᠎ᠢ ᠵᠣᠬᠢᠴᠠᠭᠤᠯᠤᠨ ᠱᠢᠶ᠋ᠳᠪᠦᠷᠢᠯᠡᠨ᠎ᠡ ᠃

(ᠭᠤᠷᠪᠠ) ᠦᠷ᠎ᠡ ᠪᠦᠲᠦᠭᠡᠯ᠎ᠤᠨ ᠪᠦᠷᠢᠯᠳᠦᠬᠦ ᠱᠠᠲᠤ ᠦᠶ᠎ᠡ᠃ ᠰᠣᠳᠣᠯᠭ᠋ᠠᠨ᠎ᠤ ᠰᠡᠳᠦᠪ᠎ᠢ ᠳᠠᠭᠠᠭᠠᠨ ᠡᠭᠦᠷᠭᠡᠯᠡᠭ᠌ᠰᠡᠨ ᠨᠢᠭᠡᠴᠢ ᠨᠢ ᠰᠤᠳᠤᠯᠭᠠᠨ᠎ᠤ ᠪᠠᠢᠳᠠᠯ᠎ᠢᠶᠠᠨ ᠦᠨᠳᠦᠰᠦᠯᠡᠨ᠂ ᠰᠡᠳᠦᠪ ᠰᠤᠳᠤᠯᠬᠤ ᠮᠡᠳᠡᠭᠦᠯᠦᠯᠲᠡ ᠪᠢᠴᠢᠵᠦ᠍᠂ ᠰᠤᠳᠤᠯᠭᠠᠨ᠎ᠤ ᠦᠷ᠎ᠡ ᠪᠦᠲᠦᠭᠡᠯ᠎ᠢᠶᠡᠨ ᠳ᠋ᠦᠩᠨᠡᠵᠦ᠍᠂ ᠴᠢᠭ᠌ᠯᠡᠭᠦᠯᠬᠦ᠌ ᠴᠢᠨᠠᠷᠲᠠᠶ ᠲᠥᠷᠥ᠎ᠶ᠋ᠢᠨ ᠪᠣᠳᠣᠯᠭ᠎ᠠ᠎ᠶ᠋ᠢᠨ ᠰᠠᠨᠠᠭᠤᠯᠭ᠎ᠠ ᠪᠠ ᠠᠷᠭ᠎ᠠ ᠬᠡᠮᠵᠢᠶ᠎ᠡ᠎ᠶ᠋ᠢ ᠳᠣᠷᠠᠳᠣᠨ᠎ᠠ᠃ ᠰᠣᠳᠣᠯᠭ᠋ᠠᠨ᠎ᠤ ᠮᠡᠳᠡᠭᠦᠯᠦᠯᠲᠡ ᠳ᠋ᠦ᠍ ᠦᠵᠡᠯᠲᠡ ᠲᠤᠳᠣᠷᠬᠠᠶ᠂ ᠠᠭ᠍ᠤᠯᠭ᠍᠎ᠠ ᠨᠠᠷᠢᠨ ᠪᠤᠳᠠᠲᠠᠶ᠂ ᠨᠤᠲᠠᠯᠠᠯᠲᠠ ᠭᠦᠢ᠍ᠴᠡᠳ᠂ ᠯᠣᠭᠢᠭ ᠨᠢ ᠴᠢᠩᠭ᠍᠎ᠠ ᠨᠢᠭᠲᠠ ᠪᠠᠢ᠌ᠬᠤ ᠬᠡᠷᠡᠭᠲᠡᠢ᠃

(ᠲᠦᠷᠪᠡ) ᠤᠢ᠍ᠷ᠎ᠠ ᠪᠦᠲᠦᠭᠡᠯ᠎ᠢ ᠱᠢᠯᠭᠠᠨ ᠠᠪᠬᠤ ᠱᠠᠲᠤ ᠦᠶ᠎ᠡ᠃ ᠥᠪᠡᠷᠲᠡᠭᠡᠨ ᠵᠠᠰᠠᠬᠤ ᠣᠷᠣᠨ᠎ᠤ ᠢᠳᠡᠭᠡᠨ ᠪᠠ ᠡᠮ᠎ᠦᠨ ᠵᠦᠢᠯ᠎ᠦᠨ ᠠᠮᠤᠷ ᠲᠦᠪᠱᠢᠨ᠎ᠦ ᠵᠦᠪᠯᠡᠯ᠎ᠦᠨ ᠠᠯᠪᠠᠨ ᠭᠡᠷ᠎ᠡᠴᠡ ᠲᠤᠰᠭᠠᠶ ᠮᠡᠷᠭᠡᠵᠢᠯᠲᠡᠳ᠎ᠢ ᠵᠣᠬᠢᠶᠠᠨ ᠪᠠᠢᠭᠤᠯᠤᠨ ᠰᠡᠳᠦᠪ᠎ᠦᠨ ᠰᠤᠳᠤᠯᠭᠠᠨ᠎ᠤ ᠦᠷ᠎ᠡ ᠪᠦᠲᠦᠭᠡᠯ᠎ᠢ ᠱᠢᠯᠭᠠᠨ ᠠᠪᠴᠤ᠂ ᠬᠠᠷᠢᠭᠤ ᠮᠡᠳᠡᠭᠦᠯᠦᠯᠲᠡ ᠰᠣᠨᠣᠰᠭᠤ ᠂ ᠮᠠᠲ᠋ᠧᠷᠢᠶᠠᠯ᠎ᠢ ᠬᠢᠨᠠᠨ ᠦᠵᠡᠬᠦ᠌ ᠂ ᠰᠡᠵᠢᠭ᠌ᠯᠡᠨ ᠬᠠᠷᠢᠭᠤ ᠮᠠᠷᠭᠤᠬᠤ ᠵᠡᠷᠭᠡ ᠠᠷᠭ᠎ᠠ ᠮᠠᠶᠢᠭ᠎ᠢᠶᠠᠷ ᠳᠠᠮᠵᠢᠨ᠂ ᠰᠤᠳᠤᠯᠭᠠᠨ᠎ᠤ ᠦᠷ᠎ᠡ ᠪᠦᠲᠦᠭᠡᠯ᠎ᠦᠨ ᠱᠢᠨᠵᠢᠯᠡᠬᠦ᠌ ᠤᠬᠠᠭᠠᠨᠴᠢ ᠴᠢᠨᠠᠷ᠂ ᠱᠢᠨ᠎ᠡ᠎ᠶ᠋ᠢ ᠡᠭᠦᠳᠬᠦ᠌ ᠴᠢᠨᠠᠷ᠂ ᠬᠡᠷᠡᠭ᠌ᠯᠡᠭᠡᠨ᠎ᠦ ᠴᠢᠨᠠᠷ ᠵᠡᠷᠭᠡ᠎ᠳᠦ ᠶᠡᠷᠦᠩᠬᠡᠢᠯᠡᠭ᠌ᠰᠡᠨ ᠦᠨᠡᠯᠡᠯᠲᠡ ᠬᠢᠨ᠎ᠡ᠃ ᠱᠢᠯᠭᠠᠨ ᠠᠪᠬᠤ᠎ᠳᠤ ᠬᠢᠷᠢ ᠲᠡᠩᠴᠡᠭ᠌ᠰᠡᠨ ᠰᠡᠳᠦᠪ᠎ᠲᠦ ᠰᠡᠳᠦᠪ ᠳᠠᠭᠤᠰᠭᠠᠭ᠍ᠰᠠᠨ ᠦᠨᠡᠮᠯᠡᠯ ᠣᠯᠭᠣᠨ᠎ᠠ; ᠱᠢᠯᠭᠠᠨ ᠠᠪᠬᠤ᠎ᠳᠤ ᠬᠢᠷᠢ ᠲᠡᠩᠴᠡᠭ᠌ᠰᠡᠨ ᠦᠭᠡᠶ ᠰᠡᠳᠦᠪ᠎ᠲᠦ ᠵᠣᠬᠢᠬᠤ ᠬᠤᠭᠤᠴᠠᠭᠠᠨ᠎ᠤ ᠴᠡᠭ᠌ᠴᠡᠯᠡᠨ ᠰᠠᠢ᠌ᠵᠢᠷᠠᠭᠤᠯᠬᠤ ᠬᠤᠭᠤᠴᠠᠭ᠎ᠠ ᠦᠭᠴᠦ᠂ ᠴᠡᠭ᠌ᠴᠡᠯᠡᠨ ᠰᠠᠢ᠌ᠵᠢᠷᠠᠭᠣᠯᠣᠭᠰᠠᠨ᠎ᠦ ᠳᠠᠷᠠᠭ᠎ᠠ ᠮᠥᠨ ᠬᠦ᠌ ᠬᠢᠷᠢ ᠲᠡᠩᠴᠡᠬᠦ᠌ ᠦᠭᠡᠶ ᠪᠣᠯ ᠰᠡᠳᠦᠪ᠎ᠦᠨ ᠲᠥᠷᠥᠯ ᠵᠦᠢᠯ ᠲᠣᠭ᠍ᠲᠠᠭᠠᠬᠤ᠎ᠶ᠋ᠢ ᠬᠦᠴᠦᠨ ᠦᠭᠡᠶ ᠪᠤᠯᠭ᠋ᠠᠨ᠎ᠠ᠃

ᠳᠣᠯᠤᠭ᠎ᠠ᠂ ᠦᠷ᠎ᠡ ᠪᠦᠲᠦᠭᠡᠯ᠎ᠤᠨ ᠬᠡᠷᠡᠭ᠌ᠯᠡᠯᠲᠡ ᠬᠢᠭᠡᠳ ᠳᠡᠯᠭᠡᠷᠡᠭᠦᠯᠦᠯᠲᠡ

ᠪᠣᠯᠪᠠᠰᠤᠷᠠᠩᠭᠤᠶ ᠲᠥᠷᠥ᠎ᠶ᠋ᠢᠨ ᠪᠣᠳᠣᠯᠭ᠎ᠠ᠎ᠶ᠋ᠢᠨ ᠰᠠᠨᠠᠭᠤᠯᠭ᠎ᠠ᠎ᠶ᠋ᠢ ᠬᠠᠮᠢᠶ᠎ᠠ ᠪᠥᠬᠦᠶ ᠬᠠᠤᠯᠢ ᠲᠣᠭ᠍ᠲᠠᠭᠠᠯ᠂ ᠪᠠᠷᠢᠮᠵᠢᠶ᠎ᠠ᠂ ᠲᠥᠷᠥ᠎ᠶ᠋ᠢᠨ ᠪᠣᠳᠣᠯᠭ᠎ᠠ᠎ᠶ᠋ᠢᠨ ᠪᠢᠴᠢᠭ ᠮᠠᠲ᠋ᠧᠷᠢᠶᠠᠯ᠎ᠤᠨ ᠲᠣᠭ᠍ᠲᠠᠭᠠᠵᠤ ᠵᠠᠰᠠᠪᠤᠷᠢ ᠣᠷᠣᠭᠤᠯᠬᠤ ᠶᠠᠪᠤᠴᠠ᠎ᠳᠤ ᠣᠷᠣᠭᠤᠯᠤᠨ᠎ᠠ; ᠬᠡᠷᠡᠭ᠌ᠵᠢᠭᠦᠯᠵᠦ᠍ ᠪᠣᠯᠬᠤᠢᠴᠠ ᠬᠢᠨᠠᠯᠲᠠ ᠬᠠᠮᠢᠶᠠᠷᠤᠯᠲᠠ᠎ᠶᠢᠨ ᠵᠠᠭ᠍ᠪᠤᠷ᠎ᠢ ᠬᠡᠰᠡᠭ ᠭᠠᠵᠠᠷ ᠣᠷᠣᠨ᠎ᠳᠤ ᠤᠷᠢᠳᠠᠪᠠᠷ ᠬᠡᠷᠡᠭ᠌ᠵᠢᠭᠦᠯᠵᠦ᠍ ᠤᠷᠢᠳᠠᠪᠠᠷ ᠲᠤᠷᠱᠢᠨ᠎ᠠ᠃ ᠱᠢᠯᠢᠳᠡᠭ ᠰᠤᠳᠤᠯᠤᠯ᠎ᠤᠨ ᠮᠡᠳᠡᠭᠦᠯᠦᠯᠲᠡ᠎ᠶ᠋ᠢ ᠡᠮᠬᠢᠳᠭᠡᠨ ᠳᠡᠪᠲᠡᠷᠯᠡᠵᠦ᠍᠂ ᠪᠦᠬᠦ᠌ ᠣᠷᠣᠨ᠎ᠤ ᠢᠳᠡᠭᠡᠨ᠎ᠦ ᠠᠮᠤᠷ ᠲᠦᠪᠰᠢᠨ᠎ᠦ ᠬᠢᠨᠠᠯᠲᠠ ᠬᠠᠮᠢᠶᠠᠷᠤᠯᠲᠠ᠎ᠶ᠋ᠢᠨ ᠺᠠᠳ᠋ᠷ᠎ᠤᠨ ᠪᠤᠯᠪᠠᠰᠤᠷᠠᠯ᠎ᠤᠨ ᠯᠠᠪᠯᠠᠬᠤ ᠮᠠᠲ᠋ᠧᠷᠢᠶᠠᠯ ᠪᠠ ᠠᠵᠢᠯ᠎ᠤᠨ ᠵᠦᠭ᠌ᠯᠡᠭᠦᠷ ᠪᠤᠯᠭ᠋ᠠᠨ᠎ᠠ᠃ ᠦᠷ᠎ᠡ ᠪᠦᠲᠦᠭᠡᠯ᠎ᠢ ᠨᠡᠢᠲᠡᠯᠡᠬᠦ᠌ ᠬᠤᠷᠠᠯ᠂ ᠲᠤᠰᠭᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ᠂ ᠲᠤᠬᠠᠶ᠎ᠶ᠋ᠢᠨ ᠲᠠᠯᠠᠪᠠᠶ᠎ᠶ᠋ᠢᠨ ᠦᠵᠡᠭᠦᠯᠦᠯᠭᠡ᠎ᠶ᠋ᠢᠨ ᠬᠤᠷᠠᠯ ᠬᠢᠬᠦ᠌ ᠵᠡᠷᠭᠡ ᠬᠡᠯᠪᠡᠷᠢ᠎ᠪᠠᠷ ᠳᠠᠮᠵᠢᠭᠤᠯᠤᠨ᠂ ᠪᠥᠬᠦ᠌ ᠱᠢᠰᠲ᠋ᠧᠮ᠎ᠳᠤ ᠠᠮᠵᠢᠯᠲᠠ ᠲᠠᠶ ᠲᠤᠷᠱᠢᠯᠭ᠎ᠠ ᠪᠠ ᠱᠢᠨ᠎ᠡ᠎ᠶ᠋ᠢ ᠡᠭᠦᠳᠦᠭ᠌ᠰᠡᠨ ᠠᠷᠭ᠎ᠠ ᠬᠢᠳᠡᠯ᠎ᠢ ᠳᠡᠯᠭᠡᠷᠡᠭᠦᠯᠦᠨ᠎ᠡ᠃ ᠡᠷᠬᠡ ᠰᠦᠷᠲᠦ ᠵᠠᠭᠤᠴᠢᠯᠠᠭᠤᠷ ᠪᠠ ᠳᠣᠲᠣᠭᠠᠳᠤ᠎ᠶ᠋ᠢᠨ ᠰᠡᠳᠬᠦᠯ᠎ᠢᠶᠠᠷ ᠳᠠᠮᠵᠢᠭᠤᠯᠤᠨ᠂ ᠰᠤᠳᠤᠯᠭᠠᠨ᠎ᠤ ᠦᠷ᠎ᠡ ᠪᠦᠲᠦᠭᠡᠯ ᠵᠢᠴᠢ ᠬᠡᠷᠡᠭ᠌ᠯᠡᠭᠡᠨ᠎ᠤ ᠦᠷ᠎ᠡ ᠪᠦᠲᠦᠮᠵᠢ᠎ᠶ᠋ᠢ ᠤᠬᠠᠭᠤᠯᠵᠤ᠂ ᠰᠠᠢᠨ ᠰᠠᠢᠬᠠᠨ ᠨᠡᠢᠭᠡᠮ᠎ᠤᠨ ᠠᠭᠤᠷ ᠠᠮᠢᠰᠭᠤᠯ᠎ᠢ ᠪᠤᠢ ᠪᠣᠯᠭᠠᠨ᠎ᠠ᠃

ᠨᠠᠢ᠍ᠮᠠ᠂ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ

(ᠨᠢᠭᠡ) ᠪᠠᠢᠭᠤᠯᠤᠯᠭ᠎ᠠ ᠨᠢᠭᠡᠴᠢ᠎ᠶ᠋ᠢᠨ ᠬᠠᠷᠢᠭᠤᠴᠠᠯᠭ᠎ᠠ᠎ᠶ᠋ᠢ ᠲᠤᠲᠤᠷᠬᠠᠢ᠌ᠯᠠᠨ᠎ᠠ᠃ ᠡᠯ᠎ᠡ ᠭᠡᠰᠢᠭᠦᠨ ᠨᠢᠭᠡᠴᠢ ᠨᠦᠭᠦᠳ ᠰᠡᠳᠦᠪ ᠰᠤᠳᠤᠯᠬᠤ ᠠᠵᠢᠯ᠎ᠢᠶᠠᠨ ᠣᠨ᠎ᠤ ᠭᠣᠤᠯᠳᠠᠯᠭ᠎ᠠ᠎ᠲᠠᠶ ᠡᠭᠦᠷᠭᠡ᠎ᠳᠦ ᠣᠷᠣᠭᠤᠯᠵᠤ᠂ ᠭᠣᠤᠯ ᠬᠠᠷᠢᠭᠤᠴᠠᠯᠭᠠᠲᠠᠨ ᠨᠥᠬᠥᠳ ᠪᠡᠶ᠎ᠡ᠎ᠪᠡᠷ᠎ᠢᠶᠡᠨ ᠠᠰᠠᠭᠤᠨ ᠯᠠᠪᠯᠠᠵᠦ᠂ ᠬᠤᠪᠢᠶᠠᠷᠢᠯᠠᠨ ᠬᠠᠮᠢᠶᠠᠷᠴᠤ᠌ ᠪᠠᠢ᠌ᠭ᠎ᠠ ᠬᠠᠷᠢᠭᠤᠴᠠᠯᠭᠠᠲᠠᠨ ᠨᠥᠬᠥᠳ ᠪᠣᠳᠠᠲᠠᠶ ᠨᠠᠢᠳᠠᠪᠤᠷᠢᠵᠢᠭᠤᠯᠤᠯᠲᠠ᠎ᠶ᠋ᠢ ᠠᠳᠭᠤᠵᠤ᠂ ᠠᠵᠢᠯᠲᠠᠨ᠂ ᠵᠠᠷᠤᠳᠠᠯ᠂ ᠴᠠᠭ ᠬᠤᠭᠤᠴᠠᠭ᠎ᠠ ᠵᠡᠷᠭᠡ 《ᠭᠤᠷᠪᠠ᠎ᠶ᠋ᠢ ᠪᠣᠳᠠᠲᠠᠢᠵᠢᠭᠤᠯᠬᠤ》ᠶ᠋ᠢ ᠦᠨᠡᠨ ᠬᠦ᠌ ᠪᠠᠲᠤᠯᠠᠨ᠎ᠠ᠃

(ᠬᠤᠶᠠᠷ) ᠨᠡᠪᠲᠡᠷᠡᠯᠴᠡᠨ ᠵᠤᠬᠢᠴᠠᠭᠤᠯᠬᠤ᠎ᠪᠠᠨ ᠴᠢᠩᠭ᠋ᠠᠷᠠᠭᠣᠯᠣᠨ᠎ᠠ᠃ ᠰᠡᠳᠦᠪ᠎ᠦᠨ ᠰᠤᠳᠤᠯᠭᠠᠨ᠎ᠤ ᠠᠵᠢᠯ᠎ᠤᠨ ᠬᠣᠯᠪᠣᠭᠠᠴᠢᠨ᠎ᠤ ᠲᠤᠭᠲᠠᠯᠴᠠᠭ᠎ᠠ ᠪᠠ ᠲᠣᠭ᠍ᠲᠠᠮᠠᠯ ᠬᠤᠭᠤᠴᠠᠭᠠᠲᠤ ᠬᠤᠷᠠᠯ᠎ᠤᠨ ᠳᠦᠷᠢᠮ᠎ᠢ ᠪᠠᠢᠭᠤᠯᠵᠤ᠂ ᠪᠠᠢᠳᠠᠯ ᠎ᠢ ᠴᠠᠭ ᠲᠤᠬᠠᠶ᠎ᠳᠤ ᠨᠢ ᠮᠡᠳᠡᠭᠳᠡᠵᠦ᠂ ᠠᠰᠠᠭᠤᠳᠠᠯ ᠎ᠢ ᠰᠤᠳᠤᠯᠤᠨ ᠱᠢᠶ᠋ᠳᠪᠦᠷᠢᠯᠡᠵᠦ᠍᠂ ᠡᠯ᠎ᠡ ᠵᠦᠢᠯ᠎ᠦᠨ ᠠᠵᠢᠯ᠎ᠤᠨ ᠤᠷᠤᠭ᠍ᠰᠢᠲᠠᠶ ᠪᠥᠭᠡᠳ ᠥᠨᠳᠥᠷ ᠦᠷ᠎ᠡ ᠪᠦᠲᠦᠮᠵᠢᠲᠡᠶ ᠶᠠᠪᠤᠭ᠍ᠳᠠᠬᠤ᠎ᠶ᠋ᠢ ᠦᠨᠡᠨ ᠬᠦ᠌ ᠪᠠᠲᠤᠯᠠᠨ᠎ᠠ ᠃

ᠬᠠᠷᠢᠯᠴᠠᠬᠤ ᠬᠥᠮᠥᠨ᠄ ᠵᠠᠩ ᠶᠤᠸᠠᠢ

ᠬᠠᠷᠢᠯᠴᠠᠬᠤ ᠤᠲᠠᠰᠤ᠄ 15754888253

ᠢᠮᠧᠯ᠄ nmgsab@126.com

ᠴᠠᠭᠠᠰᠤᠨ ᠬᠡᠪᠯᠡᠯ᠎ᠦᠨ ᠮᠠᠲ᠋ᠧᠷᠢᠶᠠᠯ᠎ᠢ ᠱᠢᠦᠳᠠᠨ᠎ᠢᠶᠠᠷ ᠢᠯᠡᠭᠡᠬᠦ᠌ ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ᠎ᠶ᠋ᠢᠨ ᠰᠠᠢᠬᠠᠨ ᠲᠣᠭᠤᠷᠢᠭ᠎ᠤᠨ ᠱ᠌ᠢ ᠵᠶ᠋ᠢ ᠳᠦᠷᠪᠡᠳᠦᠭᠡᠷ ᠵᠠᠮ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ 506 ᠲᠠᠰᠤᠭ

 

ᠳᠠᠭᠠᠯᠳᠤᠭᠤᠯᠤᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠢᠳᠡᠭᠡᠨ᠎ᠦ ᠠᠮᠤᠷ ᠲᠦᠪᠰᠢᠨ᠎ᠦ ᠬᠢᠨᠠᠯᠲᠠ ᠬᠠᠮᠢᠶᠠᠷᠤᠯᠲᠠ᠎ᠶ᠋ᠢᠨ ᠰᠡᠳᠦᠪ᠎ᠦᠨ ᠮᠡᠳᠡᠭᠦᠯᠬᠦ᠌ ᠪᠢᠴᠢᠭ (ᠬᠡᠪ ᠬᠠᠪᠲᠠᠰᠤ)

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠢᠳᠡᠭᠡᠨ ᠪᠠ ᠡᠮ᠎ᠦᠨ ᠵᠦᠢᠯ᠎ᠦᠨ ᠠᠮᠤᠷ ᠲᠦᠪᠱᠢᠨ᠎ᠦ ᠵᠥᠪᠯᠡᠯ᠎ᠦᠨ ᠠᠯᠪᠠᠨ ᠭᠡᠷ

2025 ᠣᠨ᠎ᠤ 12 ᠳ᠋ᠤᠭ᠋ᠠᠷ ᠰᠠᠷ᠎ᠠ᠎ᠶ᠋ᠢᠨ 19 ᠎ᠤ ᠡᠳᠦᠷ

 

ᠳᠠᠭᠠᠯᠳᠤᠭᠤᠯᠤᠯ᠎ᠢ ᠪᠠᠭᠤᠯᠭᠠᠬᠤ᠄

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠢᠳᠡᠭᠡᠨ᠎ᠤ ᠠᠮᠤᠷ ᠲᠦᠪᠱᠢᠨ᠎ᠤ ᠬᠢᠨᠠᠯᠲᠠ ᠬᠠᠮᠢᠶᠠᠷᠤᠯᠲᠠ᠎ᠶ᠋ᠢᠨ ᠰᠡᠳᠦᠪ ᠮᠡᠳᠡᠭᠦᠯᠬᠦ᠌ ᠪᠢᠴᠢᠭ (ᠬᠡᠪ ᠬᠠᠪᠲᠠᠰᠤ).wps

 

ᠢᠷᠡᠯᠲᠡ᠄ ᠢᠳᠡᠭᠡᠨ ᠪᠠ ᠡᠮ᠎ᠦᠨ ᠵᠦᠢ᠍ᠯ᠎ᠦᠨ ᠠᠮᠤᠷ ᠲᠦᠪᠰᠢᠨ᠎ᠦ ᠵᠦᠪᠯᠡᠯ᠎ᠦᠨ ᠠᠯᠪᠠᠨ ᠭᠡᠷ