ᠦᠪᠦᠷ ᠵᠠᠬ᠎ᠠ ᠬᠢᠨᠠᠯᠲᠠ ᠪᠠᠷᠢᠮᠵᠢᠶᠠᠵᠢᠯ ᠦᠰᠦᠭ[2025] 491 ᠳ᠋ᠤᠭᠡᠷ ᠲᠣᠭᠠᠲᠤ
ᠡᠯ᠎ᠡ ᠬᠤᠯᠪᠣᠭ᠍ᠳᠠᠯ ᠪᠦᠬᠦᠢ ᠨᠢᠭᠡᠴᠢ᠄
ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶ᠋ᠢᠨ ᠭᠤᠷᠪᠠᠳᠤᠭᠠᠷ ᠪᠦᠭᠦᠳᠡ ᠬᠤᠷᠠᠯ᠎ᠤᠨ ᠣᠷᠣᠨ ᠨᠤᠲᠤᠭ᠎ᠤᠨ ᠪᠠᠷᠢᠮᠵᠢᠶ᠎ᠠ᠎ᠶ᠋ᠢᠨ ᠬᠠᠮᠢᠶᠠᠷᠤᠯᠲᠠ᠎ᠶ᠋ᠢᠨ ᠳᠦᠷᠢᠮ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠲᠤᠬᠠᠢ ᠪᠠᠢᠷᠢᠯᠠᠭᠤᠯᠤᠯᠲᠠ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠢ ᠲᠤᠭᠤᠰᠢᠯᠠᠭᠤᠯᠤᠨ᠂ 《ᠭᠣᠣᠯᠴᠢ ᠥᠷᠢᠰᠦᠯᠳᠦᠭᠡᠨ᠎ᠦ ᠬᠢᠨᠠᠨ ᠪᠠᠢᠴᠠᠭᠠᠯᠲᠠ᠎ᠶᠢᠨ ᠳᠦᠷᠢᠮ》 (ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠶ᠋ᠢᠨ ᠵᠠᠷᠯᠢᠭ 783 ᠳ᠋ᠤᠭᠠᠷ ᠲᠣᠭᠠᠲᠤ) 《ᠭᠣᠣᠯᠴᠢ ᠥᠷᠢᠰᠦᠯᠳᠦᠭᠡᠨ᠎ᠦ ᠬᠢᠨᠠᠨ ᠪᠠᠢᠴᠠᠭᠠᠯᠲᠠ᠎ᠶᠢᠨ ᠳᠦᠷᠢᠮ᠎ᠤᠨ ᠬᠡᠷᠡᠭ᠌ᠵᠢᠭᠦᠯᠬᠦ᠌ ᠠᠷᠭ᠎ᠠ》 (ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠢ ᠲᠣᠪᠴᠢᠶ᠎ᠠ᠎ᠶ᠋ᠢᠨ ᠵᠠᠷᠯᠢᠭ 99 ᠳ᠋ᠦ᠍ᠭᠡᠷ ᠲᠣᠭᠠᠲᠤ) ᠵᠡᠷᠭᠡ ᠬᠠᠮᠢᠶ᠎ᠠ ᠪᠦᠬᠦᠢ ᠲᠣᠭ᠍ᠲᠠᠭᠠᠯ᠎ᠢ ᠴᠢᠩᠭ᠎ᠠ ᠨᠠᠢ᠌ᠳᠠᠪᠤᠷᠢᠵᠢᠭᠤᠯᠬᠤ᠎ᠶᠢᠨ ᠲᠥᠯᠥᠭᠡ᠂ ᠡᠳᠦᠭᠡ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠪᠠᠷᠢᠮᠵᠢᠶ᠎ᠠ ᠶᠢᠨ ᠭᠣᠣᠯᠴᠢ ᠥᠷᠢᠰᠦᠯᠳᠦᠭᠡᠨ᠎ᠦ ᠬᠢᠨᠠᠨ ᠪᠠᠢᠴᠠᠭᠠᠯᠲᠠ᠎ᠶᠢᠨ ᠲᠤᠭᠲᠠᠯᠴᠠᠭ᠎ᠠ᠎ᠶ᠋ᠢ ᠪᠠᠢᠭᠤᠯᠬᠤ ᠬᠠᠮᠢᠶ᠎ᠠ ᠪᠦᠬᠦᠢ ᠶᠠᠪᠤᠳᠠᠯ᠎ᠢ ᠳᠣᠣᠷᠠᠬᠢ ᠮᠡᠲᠦ ᠵᠠᠷᠯᠠᠶ᠎ᠠ᠄
ᠨᠢᠭᠡ᠂ ᠬᠢᠨᠠᠨ ᠪᠠᠢᠴᠠᠭᠠᠬᠤ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠤᠨ᠎ᠠ
ᠣᠷᠣᠨ ᠨᠤᠲᠤᠭ᠎ᠤᠨ ᠪᠠᠷᠢᠮᠵᠢᠶ᠎ᠠ᠎ᠶ᠋ᠢ ᠲᠣᠭ᠍ᠲᠠᠭᠠᠵᠤ ᠵᠠᠰᠠᠪᠤᠷᠢ ᠣᠷᠣᠭᠤᠯᠬᠤ ᠶᠠᠪᠤᠴᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠵᠢᠯ ᠲᠥᠷᠥᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠤᠭᠤᠷᠪᠢᠨ ᠪᠢᠴᠢᠬᠦ᠌ ᠨᠡᠢ᠌ᠭᠡᠮᠴᠢ᠎ᠶᠢᠨ ᠭᠣᠣᠯᠴᠢ ᠥᠷᠢᠰᠦᠯᠳᠦᠭᠡᠨ᠎ᠦ ᠬᠢᠨᠠᠨ ᠪᠠᠢᠴᠠᠭᠠᠯᠲᠠ᠎ᠶᠢᠨ ᠠᠵᠢᠯ᠎ᠤᠨ ᠬᠠᠷᠢᠭᠤᠴᠠᠯᠭ᠎ᠠ᠎ᠶ᠋ᠢ ᠴᠢᠩᠭ᠎ᠠ ᠨᠡᠢ᠌ᠳᠡᠪᠦᠷᠢᠵᠢᠭᠤᠯᠤᠨᠠ᠃ ᠰᠡᠳᠦᠪ ᠲᠣᠭ᠍ᠲᠠᠭᠠᠬᠤ ᠭᠤᠶᠤᠴᠢᠯᠠᠯ ᠳᠤᠷᠠᠳᠭᠤ᠎ᠶ᠋ᠢᠨ ᠬᠠᠮᠲᠤ ᠵᠣᠬᠢᠶᠠᠨ ᠪᠠᠢ᠌ᠭᠤᠯᠵᠦ ᠲᠤᠭᠤᠷᠪᠢᠬᠤ ᠣᠷᠣᠨ ᠨᠤᠲᠤᠭ᠎ᠤᠨ ᠪᠠᠷᠢᠮᠵᠢᠶ᠎ᠠ᠎ᠳᠤ ᠣᠷᠣᠨ ᠨᠤᠲᠤᠭ᠎ᠤᠨ ᠪᠠᠷᠢᠮᠵᠢᠶ᠎ᠠ᠎ᠶ᠋ᠢᠨ ᠭᠣᠣᠯᠴᠢ ᠥᠷᠢᠰᠦᠯᠳᠦᠭᠡᠨ᠎ᠦ ᠬᠢᠨᠠᠨ ᠪᠠᠢᠴᠠᠭᠠᠯᠲᠠ᠎ᠶᠢᠨ ᠠᠵᠢᠯ᠎ᠢ ᠬᠢᠨᠠᠮᠠᠭᠠᠢ ᠥᠷᠨᠢᠭᠦᠯᠵᠦ᠍᠂ ᠬᠢᠨᠠᠨ ᠪᠠᠢᠴᠠᠭᠠᠭ᠍ᠰᠠᠨ ᠳ᠋ᠦᠩᠨᠡᠯᠲᠡ ᠭᠠᠷᠭ᠋ᠠᠨ᠎ᠠ᠃
ᠬᠤᠶᠠᠷ᠂ ᠬᠢᠨᠠᠨ ᠪᠠᠢᠴᠠᠭᠠᠬᠤ ᠱᠠᠭᠠᠷᠳᠠᠯᠭ᠎ᠠ᠎ᠶ᠋ᠢ ᠲᠣᠳᠣᠷᠬᠠᠢᠯᠠᠨ᠎ᠠ
ᠣᠷᠣᠨ ᠨᠤᠲᠤᠭ᠎ᠤᠨ ᠪᠠᠷᠢᠮᠵᠢᠶ᠎ᠠ᠎ᠶ᠋ᠢ ᠲᠣᠭ᠍ᠲᠠᠭᠠᠵᠤ ᠵᠠᠰᠠᠪᠤᠷᠢ ᠣᠷᠣᠭᠤᠯᠬᠤ ᠲᠥᠷᠥᠯ ᠵᠦᠢᠯ᠎ᠢ ᠮᠡᠳᠡᠭᠦᠯᠦᠨ ᠵᠥᠪᠱᠢᠶᠡᠷᠡᠭᠦᠯᠬᠦ᠌᠎ᠠᠴᠠ ᠡᠮᠦᠨ᠎ᠡ᠂ ᠭᠣᠣᠯᠴᠢ ᠥᠷᠢᠰᠦᠯᠳᠦᠭᠡᠨ᠎ᠦ ᠬᠢᠨᠠᠨ ᠪᠠᠢᠴᠠᠭᠠᠯᠲᠠ᠎ᠶᠢᠨ ᠠᠵᠢᠯ᠎ᠢ ᠦᠷᠨᠢᠭᠦᠯᠬᠦ ᠬᠡᠷᠡᠭᠲᠡᠢ᠃ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠪᠠᠷᠢᠮᠵᠢᠶ᠎ᠠ᠎ᠶᠢᠨ ᠭᠣᠣᠯᠴᠢ ᠥᠷᠢᠰᠦᠯᠳᠦᠭᠡᠨ᠎ᠦ ᠬᠢᠨᠠᠨ ᠪᠠᠢᠴᠠᠭᠠᠯᠲᠠ᠎ᠶᠢᠨ ᠬᠦᠰᠦᠨᠦᠭ᠌ᠲᠦ》 (ᠳᠠᠭᠠᠯᠳᠤᠭᠤᠯᠤᠯ 1 ᠳᠤ ᠦᠵᠡᠭᠡᠷᠡᠢ)᠎ᠶ᠋ᠢᠨ ᠱᠠᠭᠠᠷᠳᠠᠯᠭ᠎ᠠ ᠶᠤᠰᠤᠭ᠋ᠠᠷ᠂ 《ᠵᠠᠬ᠎ᠠ ᠳᠡᠯᠭᠡᠭᠦᠷ᠎ᠲᠦ ᠣᠷᠣᠬᠤ᠎ᠶᠢ ᠵᠥᠪᠰᠢᠶᠡᠷᠡᠬᠦ ᠬᠢᠭᠡᠳ ᠭᠠᠷᠬᠤ᠎ᠶᠢ ᠬᠢᠵᠠᠭᠠᠷᠯᠠᠬᠤ ᠪᠤᠶᠤ ᠤᠷᠤᠮᠴᠢᠯᠡᠨ ᠬᠢᠵᠠᠭᠠᠷᠯᠠᠬᠤ ᠡᠰᠡᠬᠦ᠌᠂ ᠲᠠᠸᠠᠷ᠎ᠤᠨ ᠡᠯᠧᠮᠧᠨ᠋ᠲ᠎ᠦᠨ ᠴᠢᠯᠥᠭᠡᠲᠡᠶ ᠱᠢᠯᠵᠢᠬᠦ᠌᠎ᠶ᠋ᠢ ᠬᠢᠵᠠᠭᠠᠷᠯᠠᠬᠤ ᠪᠤᠶᠤ ᠤᠷᠤᠮᠴᠢᠯᠡᠨ ᠬᠢᠵᠠᠭᠠᠷᠯᠠᠬᠤ ᠡᠰᠡᠬᠦ᠌᠂ ᠡᠵᠡᠩᠨᠡᠭ᠌ᠴᠢ᠎ᠶ᠋ᠢᠨ ᠦᠢᠯᠡᠳᠪᠦᠷᠢᠯᠡᠯ ᠡᠵᠡᠩᠨᠡᠯᠲᠡ᠎ᠶ᠋ᠢᠨ ᠥᠪᠡᠷ᠎ᠦᠨ ᠥᠷᠲᠡᠭ ᠢ ᠨᠥᠯᠥᠭᠡᠯᠡᠬᠦ᠌ ᠡᠰᠡᠬᠦ᠌᠂ ᠡᠵᠡᠩᠨᠡᠭ᠌ᠴᠢ᠎ᠶ᠋ᠢᠨ ᠦᠢᠯᠡᠳᠪᠦᠷᠢᠯᠡᠯ ᠡᠵᠡᠩᠨᠡᠯᠲᠡ᠎ᠶᠢᠨ ᠦᠢ᠍ᠯᠡ ᠠᠵᠢᠯᠯᠠᠭ᠎ᠠ᠎ᠶ᠋ᠢ ᠨᠥᠯᠥᠭᠡᠯᠡᠬᠦ᠌ ᠡᠰᠡᠬᠦ᠌》 ᠵᠡᠷᠭᠡ ᠭᠤᠤᠯ ᠠᠭᠤᠯᠭ᠎ᠠ᠎ᠶ᠋ᠢ ᠦᠨᠡᠨ ᠪᠣᠳᠠᠲᠠᠶ᠎ᠪᠠᠷ ᠲᠠᠭᠯᠠᠵᠤ᠂ ᠣᠷᠣᠨ ᠨᠤᠲᠤᠭ᠎ᠤᠨ ᠪᠠᠷᠢᠮᠵᠢᠶ᠎ᠠ᠎ᠳᠠᠬᠢ ᠵᠠᠬ᠎ᠠ ᠳᠡᠯᠭᠡᠭᠦᠷ᠎ᠤᠨ ᠥᠷᠢᠰᠥᠯᠳᠦᠭᠡᠨ᠎ᠢ ᠨᠥᠯᠥᠭᠡᠯᠡᠵᠦ᠍ ᠮᠡᠳᠡᠬᠦ᠌ ᠪᠣᠳᠠᠲᠠᠶ ᠵᠦᠢᠯ ᠵᠤᠷᠪᠤᠰ᠎ᠢ ᠵᠦᠢᠯ ᠳᠠᠷᠠᠭᠠᠯᠠᠨ ᠲᠣᠳᠣᠷᠬᠠᠢᠯᠠᠵᠤ᠂ ᠬᠠᠮᠢᠶ᠎ᠠ ᠪᠦᠬᠦᠢ ᠲᠣᠭ᠍ᠲᠠᠭᠠᠯ᠎ᠠᠴᠠ ᠵᠥᠷᠢᠴᠡᠭ᠌ᠰᠡᠨ ᠪᠠᠢᠳᠠᠯ ᠣᠷᠣᠱᠢᠵᠤ ᠪᠠᠢᠬᠤ ᠡᠰᠡᠬᠦ᠌᠎ᠶ᠋ᠢ ᠭᠦᠨᠵᠡᠭᠡᠶ ᠵᠠᠳᠠᠯᠠᠬᠣ ᠬᠡᠷᠡᠭᠲᠡᠢ᠃ ᠬᠢᠨᠠᠨ ᠪᠠᠢ᠌ᠴᠠᠭ᠋ᠠᠯᠲᠠ᠎ᠶᠢᠨ ᠳᠤᠮᠳᠠ ᠬᠠᠮᠢᠶ᠎ᠠ ᠪᠦᠬᠦᠢ ᠡᠵᠡᠩᠨᠡᠭ᠌ᠴᠢ᠂ ᠠᠵᠢᠯ ᠲᠥᠷᠥᠯ᠎ᠦᠨ ᠬᠤᠳᠠᠯᠳᠤᠭᠠᠨ᠎ᠤ ᠡᠪᠯᠡᠯ ᠵᠡᠷᠭᠡ ᠠᠱᠢᠭ ᠬᠣᠣᠷ᠎ᠤᠨ ᠬᠠᠷᠢᠴᠠᠭ᠎ᠠ᠎ᠲᠠᠢ ᠬᠦᠮᠦᠰ᠎ᠦᠨ ᠭᠣᠣᠯᠴᠢ᠎ᠪᠠᠷ ᠦᠷᠢᠰᠦᠯᠳᠦᠬᠦ᠎ᠶᠢ ᠨᠥᠯᠥᠭᠡᠯᠡᠬᠦ᠌ ᠲᠤᠬᠠᠢ ᠰᠠᠨᠠᠯ᠎ᠢ ᠰᠤᠨᠤᠰᠭᠤ ᠬᠡᠷᠡᠭ᠌ᠲᠡᠢ᠃ ᠨᠡᠢᠭᠡᠮ ᠨᠡᠢᠲᠡ᠎ᠶ᠋ᠢᠨ ᠠᠱᠢᠭ ᠲᠤᠰᠠ᠎ᠳᠤ ᠬᠣᠯᠪᠣᠭ᠍ᠳᠠᠭ᠍ᠰᠠᠨ ᠪᠠᠢᠪᠠᠯ᠂ ᠨᠡᠢᠭᠡᠮ ᠨᠡᠢᠲᠡ᠎ᠶ᠋ᠢᠨ ᠰᠠᠨᠠᠯ᠎ᠢ ᠰᠣᠨᠣᠰᠭᠤ ᠬᠡᠷᠡᠭ᠌ᠲᠡᠶ᠃ ᠡᠭᠦᠨ᠎ᠤ ᠬᠠᠮᠲᠤ᠌᠂ ᠣᠷᠣᠨ ᠨᠤᠲᠤᠭ᠎ᠤᠨ ᠪᠠᠷᠢᠮᠵᠢᠶ᠎ᠠ᠎ᠶ᠋ᠢ ᠨᠠᠢᠷᠠᠭᠤᠯᠤᠨ ᠵᠣᠬᠢᠶᠠᠬᠤ ᠲᠣᠳᠣᠷᠬᠠᠢᠯᠠᠯᠲᠠ (ᠬᠡᠪ ᠬᠠᠪᠲᠠᠰᠤ᠎ᠶ᠋ᠢ ᠳᠠᠭᠠᠯᠳᠤᠭᠤᠯᠤᠯ 2 ᠳᠤ ᠦᠵᠡᠭᠡᠷᠡᠢ) ᠳᠤᠮᠳᠠ᠂ ᠭᠣᠣᠯᠴᠢ ᠥᠷᠢᠰᠦᠯᠳᠦᠭᠡᠨ᠎ᠢ ᠬᠢᠨᠠᠨ ᠪᠠᠢᠴᠠᠭᠠᠭ᠍ᠰᠠᠨ ᠪᠠᠢᠳᠠᠯ᠎ᠳᠤ ᠲᠤᠰᠠᠭᠠᠷ ᠲᠣᠳᠣᠷᠬᠠᠢᠯᠠᠯᠲᠠ ᠬᠢᠬᠦ᠌ ᠬᠡᠷᠡᠭ᠌ᠲᠡᠶ᠃
ᠭᠤᠷᠪᠠ᠂ ᠮᠡᠳᠡᠭᠦᠯᠦᠨ ᠬᠦᠷᠭᠡᠬᠦ᠌ ᠴᠤᠪᠤᠷᠠᠯ᠎ᠢ ᠵᠢᠷᠤᠮᠵᠢᠭᠤᠯᠤᠨ᠎ᠠ
ᠲᠣᠰ ᠮᠡᠳᠡᠭ᠌ᠳᠡᠯ᠎ᠢ ᠳᠠᠷᠤᠮᠠᠯᠯᠠᠨ ᠲᠠᠷᠬᠠᠭᠠᠭ᠍ᠰᠠᠨ ᠡᠳᠦᠷ᠎ᠠᠴᠠ ᠡᠬᠢᠯᠡᠨ᠂ ᠣᠷᠣᠨ ᠨᠤᠲᠤᠭ᠎ᠤᠨ ᠪᠠᠷᠢᠮᠵᠢᠶ᠎ᠠ᠎ᠶ᠋ᠢ ᠮᠡᠳᠡᠭᠦᠯᠦᠨ ᠵᠥᠪᠱᠢᠶᠡᠷᠡᠭᠦᠯᠬᠦ᠌ ᠦᠶ᠎ᠡ᠎ᠳᠤ᠂ 《ᠭᠣᠣᠯᠴᠢ ᠥᠷᠢᠰᠦᠯᠳᠦᠭᠡᠨ᠎ᠦ ᠬᠢᠨᠠᠨ ᠪᠠᠢᠴᠠᠭᠠᠯᠲᠠ᠎ᠶᠢᠨ ᠬᠦᠰᠦᠨᠥᠭᠲᠦ》᠎ᠶ᠋ᠢ ᠬᠠᠮᠲᠤ᠎ᠳᠤ ᠨᠢ ᠮᠡᠳᠡᠭᠦᠯᠦᠨ ᠬᠦᠷᠭᠡᠨ᠎ᠡ᠃ ᠥᠪᠡᠷᠲᠡᠭᠡᠨ ᠵᠠᠰᠠᠬᠤ ᠣᠷᠣᠨ᠎ᠤ ᠪᠠᠷᠢᠮᠵᠢᠶᠠᠵᠢᠯ᠎ᠤᠨ ᠵᠠᠰᠠᠭ ᠵᠠᠬᠢᠷᠭᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠣᠷᠣᠨ ᠨᠤᠲᠤᠭ᠎ᠤᠨ ᠪᠠᠷᠢᠮᠵᠢᠶ᠎ᠠ᠎ᠶ᠋ᠢ ᠨᠡᠢᠲᠡᠯᠡᠬᠦ᠌ ᠺᠠᠷᠲ (ᠳᠠᠭᠠᠯᠳᠤᠭᠤᠯᠤᠯ 3 ᠳᠦ ᠦᠵᠡᠭᠡᠷᠡᠢ) ᠵᠡᠷᠭᠡ ᠮᠡᠳᠡᠭᠦᠯᠦᠨ ᠵᠥᠪᠱᠢᠶᠡᠷᠡᠭᠦᠯᠬᠦ᠌ ᠮᠠᠲ᠋ᠧᠷᠢᠶᠠᠯ ᠪᠠ 《ᠭᠣᠣᠯᠴᠢ ᠥᠷᠢᠰᠦᠯᠳᠦᠭᠡᠨ᠎ᠦ ᠬᠢᠨᠠᠨ ᠪᠠᠢᠴᠠᠭᠠᠯᠲᠠ᠎ᠶᠢᠨ ᠬᠦᠰᠦᠨᠦᠭ᠌ᠲᠦ》᠎ᠶ᠋ᠢ ᠬᠢᠨᠠᠨ ᠬᠠᠷᠭᠤᠭᠤᠯᠤᠨ᠎ᠠ᠃ ᠭᠣᠣᠯᠴᠢ ᠥᠷᠢᠰᠦᠯᠳᠦᠭᠡᠨ᠎ᠤ ᠬᠢᠨᠠᠨ ᠪᠠᠢᠴᠠᠭᠠᠯᠲᠠ᠎ᠶ᠋ᠢ ᠳᠠᠮᠵᠢᠭ᠍ᠰᠠᠨ ᠦᠭᠡᠢ᠎ᠳᠤ᠂ ᠭᠣᠣᠯᠴᠢ ᠥᠷᠢᠰᠦᠯᠳᠦᠭᠡᠨ᠎ᠦ ᠬᠢᠨᠠᠨ ᠪᠠᠢᠴᠠᠭᠠᠯᠲᠠ᠎ᠶ᠋ᠢ ᠨᠥᠬᠦᠪᠦᠷᠢᠯᠡᠨ ᠦᠷᠨᠢᠭᠦᠯᠬᠦ᠌ ᠬᠡᠷᠡᠭ᠌ᠲᠡᠢ᠃ ᠬᠢᠨᠠᠨ ᠪᠠᠢ᠌ᠴᠠᠭ᠋ᠠᠯᠲᠠ᠎ᠳᠤ 《ᠭᠣᠣᠯᠴᠢ ᠥᠷᠢᠰᠦᠯᠳᠦᠭᠡᠨ᠎ᠦ ᠬᠢᠨᠠᠨ ᠪᠠᠢᠴᠠᠭᠠᠯᠲᠠ᠎ᠶᠢᠨ ᠳᠦᠷᠢᠮ》 ᠵᠡᠷᠭᠡ ᠲᠣᠭ᠍ᠲᠠᠭᠠᠯ᠎ᠠᠴᠠ ᠵᠥᠷᠢᠴᠡᠭ᠌ᠰᠡᠨ᠎ᠳᠤ᠂ ᠨᠡᠢᠲᠡᠯᠡᠬᠦ᠌᠎ᠶ᠋ᠢ ᠵᠥᠪᠱᠢᠶᠡᠷᠡᠬᠦ᠌ ᠦᠭᠡᠢ᠃
ᠳᠥᠷᠪᠡ᠂ ᠡᠱᠢᠯᠡᠨ ᠭᠡᠷᠡᠭ᠌ᠯᠡᠬᠦ᠌ ᠬᠢᠨᠡᠨ ᠪᠠᠢᠴᠠᠭᠠᠯᠳᠡ᠎ᠶ᠋ᠢ ᠴᠢᠩᠭ᠋ᠠᠷᠠᠭᠤᠯᠤᠨ᠎ᠠ
ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠎ᠳᠤ ᠣᠷᠣᠨ ᠨᠤᠲᠤᠭ᠎ᠤᠨ ᠪᠠᠷᠢᠮᠵᠢᠶ᠎ᠠ᠎ᠶᠢ ᠡᠰᠢᠯᠡᠨ ᠭᠡᠷᠡᠭᠯᠡᠭᠰᠡᠨ ᠭᠣᠣᠯᠴᠢ ᠥᠷᠢᠰᠦᠯᠳᠦᠭᠡᠨ᠎ᠦ ᠬᠢᠨᠠᠨ ᠪᠠᠢᠴᠠᠭᠠᠯᠲᠠ᠎ᠶᠢᠨ ᠠᠵᠢᠯ᠎ᠢ ᠦᠨᠡᠨ ᠬᠦ᠌ ᠠᠬᠢᠭᠤᠯᠤᠨ᠎ᠠ᠃ ᠲᠦᠷᠦ ᠶᠢᠨ ᠪᠤᠳᠤᠯᠭ᠎ᠠ᠎ᠶᠢᠨ ᠠᠷᠭ᠎ᠠ ᠬᠡᠮᠵᠢᠶ᠎ᠠ ᠨᠢ ᠣᠷᠣᠨ ᠨᠤᠲᠤᠭ᠎ᠤᠨ ᠪᠠᠷᠢᠮᠵᠢᠶ᠎ᠠ᠎ᠶᠢ ᠡᠰᠢᠯᠡᠨ ᠬᠡᠷᠡᠭᠯᠡᠭᠰᠡᠨ᠎ᠳᠦ ᠬᠤᠯᠪᠤᠭᠳᠠᠪᠠᠯ᠂ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠲᠤᠭᠤᠷᠪᠢᠨ ᠪᠢᠴᠢᠬᠦ᠌ ᠨᠢᠭᠡᠴᠢ ᠨᠢ ᠲᠣᠭᠣᠷᠪᠢᠨ ᠪᠢᠴᠢᠬᠦ ᠱᠠᠲᠤᠨ᠎ᠳᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠪᠠᠷᠢᠮᠵᠢᠶ᠎ᠠ᠎ᠶᠢᠨ ᠭᠣᠣᠯᠴᠢ ᠥᠷᠢᠰᠦᠯᠳᠦᠭᠡᠨ᠎ᠦ ᠬᠢᠨᠠᠨ ᠪᠠᠢᠴᠠᠭᠠᠯᠲᠠ᠎ᠶᠢᠨ ᠬᠦᠰᠦᠨᠦᠭ᠌ᠲᠦ》᠎ᠶ᠋ᠢᠨ ᠬᠠᠮᠢᠶ᠎ᠠ ᠪᠦᠬᠦᠢ ᠱᠠᠭᠠᠷᠳᠠᠯᠭ᠎ᠠ᠎ᠪᠠᠷ ᠯᠠᠪᠯᠠᠯᠲᠠ ᠪᠣᠯᠭᠠᠵᠤ᠂ ᠴᠢᠭ᠌ᠯᠡᠭᠦᠯᠬᠦ᠌ ᠴᠢᠨᠠᠷᠲᠠᠢ ᠭᠣᠣᠯᠴᠢ ᠥᠷᠢᠰᠦᠯᠳᠦᠭᠡᠨ᠎ᠦ ᠬᠢᠨᠠᠨ ᠪᠠᠢᠴᠠᠭᠠᠯᠲᠠ᠎ᠶᠢᠨ ᠠᠵᠢᠯ᠎ᠢ ᠦᠷᠨᠢᠭᠦᠯᠦᠨ᠎ᠡ᠃ ᠭᠣᠣᠯᠴᠢ ᠥᠷᠢᠰᠦᠯᠳᠦᠭᠡᠨ᠎ᠤ ᠬᠢᠨᠠᠨ ᠪᠠᠢᠴᠠᠭᠠᠯᠲᠠ᠎ᠶᠢ ᠳᠠᠮᠵᠢᠭᠰᠠᠨ ᠦᠭᠡᠢ ᠪᠣᠶᠤ ᠬᠢᠨᠠᠨ ᠪᠠᠢᠴᠠᠭᠠᠯᠲᠠ᠎ᠪᠠᠷ ᠳᠠᠮᠵᠢᠨ 《ᠭᠣᠣᠯᠴᠢ ᠥᠷᠢᠰᠦᠯᠳᠦᠭᠡᠨ᠎ᠦ ᠬᠢᠨᠠᠨ ᠪᠠᠢᠴᠠᠭᠠᠯᠲᠠ᠎ᠶᠢᠨ ᠳᠦᠷᠢᠮ》 ᠵᠡᠷᠭᠡ ᠲᠣᠭ᠍ᠲᠠᠭᠠᠯ᠎ᠠᠴᠠ ᠵᠦᠷᠢᠴᠡᠪᠡᠯ᠂ ᠬᠠᠮᠢᠶ᠎ᠠ ᠪᠦᠬᠦᠢ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠨᠡᠢᠲᠡᠯᠡᠵᠦ᠍ ᠪᠣᠯᠬᠤ ᠦᠭᠡᠢ᠃
ᠳᠠᠭᠠᠯᠳᠤᠭᠤᠯᠤᠯ᠄1.ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠪᠠᠷᠢᠮᠵᠢᠶ᠎ᠠ᠎ᠶ᠋ᠢᠨ ᠭᠣᠣᠯᠴᠢ ᠥᠷᠢᠰᠦᠯᠳᠦᠭᠡᠨ᠎ᠦ ᠬᠢᠨᠠᠨ ᠪᠠᠢᠴᠠᠭᠠᠯᠲᠠ᠎ᠶᠢᠨ ᠬᠦᠰᠦᠨᠦᠭ᠌ᠲᠦ
2.ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠪᠠᠷᠢᠮᠵᠢᠶ᠎ᠠ᠎ᠶ᠋ᠢ ᠨᠠᠢᠷᠠᠭᠤᠯᠤᠨ ᠵᠣᠬᠢᠶᠠᠬᠤ ᠲᠣᠳᠣᠷᠬᠠᠢᠯᠠᠯᠲᠠ᠎ᠶ᠋ᠢᠨ ᠵᠠᠭᠪᠤᠷ
3.ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠪᠠᠷᠢᠮᠵᠢᠶ᠎ᠠ᠎ᠶ᠋ᠢ ᠨᠡᠢᠲᠡᠯᠡᠬᠦ᠌ ᠺᠠᠷᠲ
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠤᠪᠴᠢᠶ᠎ᠠ
2025 ᠣᠨ᠎ᠤ 12ᠳ᠋ᠤᠭ᠋ᠠᠷ ᠰᠠᠷ᠎ᠠ᠎ᠶ᠋ᠢᠨ 22 ᠤᠨ ᠡᠳᠦᠷ
(ᠲᠤᠰ ᠪᠢᠴᠢᠭ ᠮᠠᠲ᠋ᠧᠷᠢᠶᠠᠯ᠎ᠢ ᠰᠠᠨᠠᠭᠠᠴᠢᠯᠠᠭ᠎ᠠ᠎ᠠᠴᠠ᠎ᠪᠠᠨ ᠢᠯᠡ ᠨᠡᠢ᠌ᠲᠡᠯᠡᠨ᠎ᠡ)
ᠳᠠᠭᠠᠯᠳᠤᠭᠤᠯᠤᠯ᠎ᠢ ᠪᠠᠭᠤᠯᠭᠠᠬᠤ᠄