2025 ᠣᠨ᠎ᠤ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭ᠌ᠴᠢ᠎ᠶ᠋ᠢᠨ ᠶᠠᠰᠤ ᠴᠢᠨᠠᠷ᠎ᠤᠨ ᠱᠠᠩᠨᠠᠯ᠎ᠤᠨ ᠱᠠᠩᠨᠠᠯ ᠣᠯᠭᠤᠬᠤ᠎ᠪᠠᠷ ᠵᠢᠱ᠌ᠢᠭ᠌ᠳᠡᠭ᠌ᠰᠡᠳ᠎ᠤᠨ ᠨᠡᠷᠡᠰ᠎ᠦᠨ ᠰᠠᠨᠠᠯ᠎ᠢ ᠬᠤᠷᠢᠶᠠᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠪᠠᠷᠢᠮᠵᠢᠶᠠᠵᠢᠭᠤᠯᠤᠯᠲᠠ ᠪᠠ ᠶᠠᠰᠤ ᠴᠢᠨᠠᠷ᠎ᠢᠶᠠᠷ ᠣᠷᠣᠨ᠎ᠢᠶᠠᠨ ᠬᠦᠴᠦᠷᠬᠡᠭ᠌ᠵᠢᠭᠦᠯᠬᠦ᠌ ᠠᠵᠢᠯ᠎ᠤᠨ ᠤᠳᠤᠷᠢᠳᠭᠤ ᠳᠤᠭᠤᠢᠯᠠᠩ᠎ᠤᠨ ᠠᠯᠪᠠᠨ ᠬᠡᠷ᠎ᠤᠨ ᠵᠠᠷᠯᠠᠯ
2025-12-30

《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭ᠌ᠴᠢ᠎ᠶ᠋ᠢᠨ ᠶᠠᠰᠤ ᠴᠢᠨᠠᠷ᠎ᠤᠨ ᠱᠠᠩᠨᠠᠯ᠎ᠤᠨ ᠬᠠᠮᠢᠶᠠᠷᠤᠯᠲᠠ᠎ᠶ᠋ᠢᠨ ᠠᠷᠭ᠎ᠠ》᠎ᠶ᠋ᠢᠨ ᠶᠣᠰᠣᠭᠠᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠢᠶᠠᠷ ᠵᠥᠪᠱᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ᠎ᠤ ᠪᠠᠷᠢᠮᠵᠢᠶᠠᠵᠢᠭᠤᠯᠤᠯᠲᠠ ᠪᠠ ᠶᠠᠰᠤ ᠴᠢᠨᠠᠷ᠎ᠢᠶᠠᠷ ᠣᠷᠣᠨ᠎ᠢᠶᠠᠨ  ᠬᠦᠴᠦᠷᠬᠡᠭ᠌ᠵᠢᠭᠦᠯᠬᠦ᠌ ᠠᠵᠢᠯ᠎ᠤᠨ ᠣᠳᠣᠷᠢᠳᠬᠤ ᠳᠤᠭᠤᠢᠯᠠᠩ᠎ᠤᠨ ᠠᠯᠪᠠᠨ ᠭᠡᠷ (ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠤᠪᠴᠢᠶ᠎ᠠ)᠎ᠠᠴᠠ 2025 ᠣᠨ᠎ᠤ ᠦᠪᠡᠷᠲᠡᠭᠡᠨ ᠵᠠᠰᠠᠬᠤ ᠣᠷᠣᠨ᠎ᠤ ᠲᠡᠷᠢᠭᠦᠯᠡᠭ᠌ᠴᠢ᠎ᠶ᠋ᠢᠨ ᠶᠠᠰᠤ ᠴᠢᠨᠠᠷ᠎ᠤᠨ ᠱᠠᠩᠨᠠᠯ᠎ᠤᠨ ᠰᠢᠯᠭ᠋ᠠᠷᠠᠭᠤᠯᠬᠤ ᠠᠵᠢᠯ᠎ᠢ ᠥᠷᠨᠢᠭᠦᠯᠪᠡ᠃ ᠰᠠᠢ᠌ᠨ ᠳᠤᠷ᠎ᠠ᠎ᠠᠴᠠ᠎ᠪᠠᠨ ᠭᠤᠶᠤᠴᠢᠯᠠᠨ ᠮᠡᠳᠡᠭᠦᠯᠬᠦ᠂ ᠠᠢ᠌ᠮᠠᠭ ᠬᠣᠲᠠ᠎ᠠᠴᠠ ᠲᠠᠨᠢᠯᠴᠠᠭᠤᠯᠬᠤ᠂ ᠬᠢᠷᠢ ᠭᠡᠮ᠎ᠢ ᠨᠢ ᠬᠢᠨᠠᠨ ᠪᠠᠢ᠌ᠴᠠᠭ᠋ᠠᠬᠤ᠂ ᠮᠠᠲ᠋ᠧᠷᠢᠶᠠᠯ᠎ᠢ ᠨᠢ ᠬᠢᠨᠠᠨ ᠲᠤᠭᠲᠠᠭ᠋ᠠᠬᠤ᠂ ᠲᠤᠬᠠᠢ᠎ᠶᠢᠨ ᠲᠠᠯᠠᠪᠠᠢ᠎ᠳᠤ ᠬᠢᠨᠠᠨ ᠲᠤᠭᠲᠠᠭ᠋ᠠᠬᠤ᠂ ᠲᠤᠭ᠋ᠠᠴᠢᠵᠦ ᠬᠠᠷᠢᠭᠤ ᠮᠠᠷᠭᠤᠬᠤ ᠵᠡᠷᠭᠡ ᠭᠤᠭ᠍ᠴᠤᠭ᠎ᠠ᠎ᠪᠠᠷ ᠳᠠᠮᠵᠢᠭᠤᠯᠤᠨ᠂ 3 ᠨᠢᠭᠡᠴᠢ ᠱᠠᠩᠨᠠᠯ ᠣᠯᠭᠤᠬᠤ᠎ᠪᠠᠷ ᠵᠢᠱ᠌ᠢᠭ᠌ᠳᠡᠭ᠌ᠰᠡᠳ᠎ᠦᠨ ᠨᠢᠭᠡᠴᠢ᠎ᠶᠢᠨ ᠨᠡᠷᠡᠰ᠎ᠲᠤ ᠣᠷᠣᠪᠠ᠃ ᠡᠳᠦᠭᠡ ᠨᠡᠢᠭᠡᠮ ᠨᠡᠢᠲᠡ᠎ᠡᠴᠡ ᠢᠯᠡ᠎ᠪᠡᠷ ᠰᠠᠨᠠᠯ ᠬᠤᠷᠢᠶᠠᠶ᠎ᠠ᠃

ᠨᠢᠭᠡ᠂ ᠱᠠᠩᠨᠠᠯ ᠣᠯᠭᠤᠬᠤ᠎ᠪᠠᠷ ᠵᠢᠱ᠌ᠢᠭ᠌ᠳᠡᠭ᠌ᠰᠡᠳ᠎ᠤᠨ ᠨᠢᠭᠡᠴᠢ᠎ᠶ᠋ᠢᠨ ᠨᠡᠷᠡᠰ (ᠬᠠᠷᠢᠶ᠎ᠠ ᠭᠠᠵᠠᠷ᠎ᠤᠨ ᠵᠠᠰᠠᠭ ᠵᠠᠬᠢᠷᠭᠠᠨ᠎ᠤ ᠣᠷᠣᠨ᠎ᠤ ᠬᠤᠪᠢᠶᠠᠷᠢᠯᠠᠯ᠎ᠤᠨ ᠵᠢᠭ᠍ᠰᠠᠭᠠᠯᠲᠠ)

ᠪᠤᠭᠤᠲᠤ᠎ᠶᠢᠨ ᠬᠥᠩᠭᠡᠨ ᠴᠠᠭᠠᠨ᠎ᠤ᠋ ᠬᠢᠵᠠᠭᠠᠷᠲᠤ ᠺᠣᠮᠫᠠᠨᠢ

ᠪᠤᠭᠤᠲᠤ᠎ᠶᠢᠨ ᠪᠧᠢ ᠴᠸᠨ ᠲᠡᠵᠢᠭᠡᠯ ᠪᠤᠷᠳᠤᠭ᠎ᠠ᠎ᠶᠢᠨ ᠰᠢᠨᠵᠢᠯᠡᠭᠡ ᠮᠡᠷᠭᠡᠵᠢᠯ᠎ᠦᠨ ᠬᠤᠪᠢ ᠣᠷᠣᠭᠣᠯᠣᠭᠰᠠᠨ ᠬᠢᠵᠠᠭ᠋ᠠᠷᠲᠦ ᠺᠣᠮᠫᠠᠨᠢ

ᠦᠪᠦᠷ ᠮᠤᠩᠭᠤᠯ᠎ᠤᠨ ᠰᠢᠦᠢ ᠶᠠᠩ ᠰᠢᠨ᠎ᠡ ᠮᠠᠲ᠋ᠧᠷᠢᠶᠠᠯ᠎ᠤᠨ ᠬᠤᠪᠢ ᠣᠷᠣᠭᠣᠯᠣᠭᠰᠠᠨ ᠬᠢᠵᠠᠭ᠋ᠠᠷᠲᠦ ᠺᠤᠮᠫᠠᠨᠢ

ᠬᠤᠶᠠᠷ᠂ ᠰᠠᠨᠠᠯ ᠬᠤᠷᠢᠶᠠᠬᠤ ᠴᠠᠭ ᠬᠤᠭᠤᠴᠠᠭ᠎ᠠ

2025 ᠣᠨ᠎ᠤ 12ᠳ᠋ᠤᠭ᠋ᠠᠷ ᠰᠠᠷ᠎ᠠ᠎ᠶ᠋ᠢᠨ 24 ᠎ᠤ ᠡᠳᠦᠷ᠎ᠠᠴᠠ 12 ᠳ᠋ᠤᠭ᠋ᠠᠷ ᠰᠠᠷ᠎ᠠ᠎ᠶ᠋ᠢᠨ 26 ᠎ᠤ ᠡᠳᠦᠷ 

ᠭᠤᠷᠪᠠ᠂ ᠬᠠᠷᠢᠭᠤ ᠲᠤᠰᠭᠠᠬᠤ ᠠᠷᠭ᠎ᠠ ᠮᠠᠶᠢᠭ

ᠨᠢᠭᠡᠴᠢ ᠪᠣᠯᠤᠨ ᠬᠤᠪᠢ ᠬᠥᠮᠦᠨ᠎ᠠᠴᠠ ᠰᠤᠷᠪᠤᠯᠵᠢᠯᠠᠬᠤ᠂ ᠵᠠᠬᠢᠳᠠᠯ ᠢᠷᠡᠭᠦᠯᠬᠦ᠂ ᠳ᠋ᠢᠶᠠᠩᠬᠤᠸᠠ ᠨᠡᠪᠲᠡᠷᠡᠭᠦᠯᠬᠦ᠌ ᠵᠡᠷᠭᠡ ᠬᠡᠯᠪᠡᠷᠢ᠎ᠪᠡᠷ ᠳᠠᠮᠵᠢᠭᠤᠯᠤᠨ ᠱᠠᠩᠨᠠᠯ ᠣᠯᠭᠣᠬᠤ᠎ᠪᠠᠷ ᠵᠢᠱ᠌ᠢᠭᠳᠡᠭᠰᠡᠳ᠎ᠦᠨ ᠨᠢᠭᠡᠴᠢ᠎ᠶ᠋ᠢᠨ ᠠᠰᠠᠭᠤᠳᠠᠯ᠎ᠢ ᠲᠤᠰᠭᠠᠵᠤ ᠪᠣᠯᠤᠨ᠎ᠠ᠃ ᠪᠠᠢᠴᠠᠭᠠᠨ ᠮᠠᠭ᠋ᠠᠳᠯᠠᠬᠤ᠎ᠳᠤ ᠲᠥᠬᠦᠮ ᠎ᠤᠨ ᠲᠥᠯᠥᠭᠡ᠂ ᠠᠰᠠᠭᠤᠳᠠᠯ᠎ᠢ ᠲᠤᠰᠭᠠᠬᠤ᠎ᠳᠤ ᠬᠤᠯᠪᠣᠭ᠍ᠳᠠᠯ ᠪᠥᠬᠦᠶ ᠰᠦᠪᠡᠭ᠌ᠴᠢ ᠬᠠᠩᠭᠠᠬᠤ ᠪᠦᠭᠡᠳ ᠲᠣᠰ ᠪᠡᠶ᠎ᠡ᠎ᠶᠢᠨ ᠦᠨᠡᠨ ᠪᠤᠲᠠᠲᠠᠢ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶᠢᠭ ᠪᠤᠶᠤ ᠠᠵᠢᠯᠯᠠᠵᠤ ᠪᠠᠢᠭ᠎ᠠ ᠨᠢᠭᠡᠴᠢ ᠵᠡᠷᠭᠡ ᠮᠡᠳᠡᠭᠡ ᠵᠠᠩᠭᠢ ᠪᠡᠨ ᠬᠠᠩᠭ᠋ᠠᠭ᠋ᠠᠷᠠᠢ᠂ ᠪᠢᠳᠡ ᠠᠵᠢᠯ᠎ᠤᠨ ᠰᠠᠬᠢᠯᠭ᠎ᠠ ᠪᠠᠲᠤ᠎ᠶ᠋ᠢ ᠴᠢᠩᠭ᠎ᠠ ᠵᠢᠷᠤᠮᠯᠠᠨ᠂ ᠨᠢᠭᠤᠴᠠ᠎ᠶ᠋ᠢ ᠬᠠᠮᠠᠭᠠᠯᠠᠬᠤ ᠡᠭᠦᠷᠭᠡ᠎ᠪᠠᠨ ᠭᠦᠢᠴᠡᠳᠭᠡᠵᠦ᠍᠂ ᠴᠠᠭ ᠲᠤᠬᠠᠶ᠎ᠳᠤ ᠨᠢ ᠳᠠᠬᠢᠨ ᠬᠢᠨᠠᠬᠤ᠎ᠶ᠋ᠢᠨ ᠬᠠᠮᠲᠤ ᠪᠣᠳᠠᠲᠠᠶ ᠪᠠᠢᠳᠠᠯ᠎ᠢ ᠬᠠᠷᠢᠭᠤ ᠲᠤᠰᠭᠠᠨ᠎ᠠ᠃

ᠬᠠᠷᠢᠯᠴᠠᠬᠤ ᠬᠦᠮᠦᠨ᠄ ᠵᠠᠩ ᠠᠪᠠᠭ᠍ᠠᠢ᠂ ᠬᠠᠷᠢᠯᠴᠠᠬᠤ ᠤᠲᠠᠰᠤ᠄ 0471-6387752᠃

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠮᠵᠢᠶᠠᠵᠢᠭᠤᠯᠤᠯᠲᠠ ᠪᠠ ᠶᠠᠰᠤ ᠴᠢᠨᠠᠷ᠎ᠢᠶᠠᠷ ᠣᠷᠣᠨ᠎ᠢᠶᠠᠨ ᠬᠦᠴᠦᠷᠬᠡᠭ᠌ᠵᠢᠭᠦᠯᠬᠦ᠌ ᠠᠵᠢᠯ᠎ᠤᠨ ᠤᠳᠤᠷᠢᠳᠭᠤ ᠳᠤᠭᠤᠢᠯᠠᠩ᠎ᠤᠨ ᠠᠯᠪᠠᠨ ᠭᠡᠷ

2025 ᠣᠨ᠎ᠤ 12 ᠳ᠋ᠤᠭ᠋ᠠᠷ ᠰᠠᠷ᠎ᠠ᠎ᠶ᠋ᠢᠨ 24 ᠎ᠤ ᠡᠳᠦᠷ

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠤᠪᠴᠢᠶ᠎ᠠ