2025 ᠣᠨ᠎ᠤ ᠱᠢᠯᠭᠠᠨ ᠪᠠᠢᠴᠠᠭᠠᠵᠤ ᠪᠠᠢ᠌ᠴᠠᠭ᠋ᠠᠨ ᠬᠡᠮᠵᠢᠬᠦ ᠲᠤᠭ᠎ᠠ ᠪᠦᠷᠢᠳᠭᠡᠯ᠎ᠤᠨ ᠠᠵᠢᠯ᠎ᠢ ᠥᠷᠨᠢᠭᠦᠯᠬᠦ᠌ ᠲᠤᠬᠠᠶ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠠᠯᠪᠠᠨ ᠲᠢᠩᠬᠢᠮ᠎ᠤᠨ ᠮᠡᠳᠡᠭ᠌ᠳᠡᠯ᠎ᠢ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠳᠠᠮᠵᠢᠭᠤᠯᠤᠨ ᠶᠠᠪᠤᠭᠤᠯᠬᠤ ᠮᠡᠳᠡᠭ᠌ᠳᠡᠯ
2025-12-31

ᠡᠯ᠎ᠡ ᠠᠢᠮᠠᠭ ᠬᠤᠲᠠ ᠵᠢᠴᠢ ᠮᠠᠨᠵᠤᠤᠷ ᠬᠤᠲᠠ᠂ ᠡᠷᠢᠶᠡᠨ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠂ ᠡᠯ᠎ᠡ ᠱᠢᠯᠭᠠᠨ ᠪᠠᠢᠴᠠᠭᠠᠵᠤ ᠪᠠᠢᠴᠠᠭᠠᠨ ᠬᠡᠮᠵᠢᠬᠦ᠌ ᠪᠠᠢᠭᠤᠯᠤᠮᠵᠢ᠄

ᠡᠳᠦᠭᠡ 《2025 ᠣᠨ᠎ᠤ ᠰᠢᠯᠭ᠋ᠠᠨ ᠪᠠᠢ᠌ᠴᠠᠭ᠋ᠠᠵᠦ ᠪᠠᠢ᠌ᠴᠠᠭ᠋ᠠᠨ ᠬᠡᠮᠵᠢᠬᠦ ᠲᠤᠭ᠎ᠠ ᠪᠦᠷᠢᠳᠭᠡᠯ᠎ᠤᠨ ᠠᠵᠢᠯ᠎ᠢ ᠥᠷᠨᠢᠭᠦᠯᠬᠦ᠌ ᠲᠤᠬᠠᠶ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠤᠪᠴᠢᠶ᠎ᠠ᠎ᠶᠢᠨ ᠠᠯᠪᠠᠨ ᠲᠢᠩᠬᠢᠮ᠎ᠤᠨ ᠮᠡᠳᠡᠭ᠌ᠳᠡᠯ》 (ᠵᠠᠬ᠎ᠠ ᠬᠢᠨᠠᠯᠲᠠ ᠰᠢᠯᠭ᠋ᠠᠨ ᠪᠠᠢ᠌ᠴᠠᠭ᠋ᠠᠵᠦ ᠪᠠᠢᠴᠠᠭᠠᠨ ᠬᠡᠮᠵᠢᠬᠦ ᠵᠠᠬᠢᠳᠠᠯ [2025] 719 ᠳ᠋ᠦ᠍ᠭᠡᠷ ᠲᠣᠭᠠᠲᠤ)᠎ᠢ ᠲᠠ ᠨᠠᠷ᠎ᠲᠤ ᠳᠠᠮᠵᠢᠭᠤᠯᠤᠨ ᠶᠠᠪᠤᠭᠤᠯᠤᠶ᠎ᠠ᠂ ᠮᠡᠳᠡᠭ᠌ᠳᠡᠯ᠎ᠤᠨ ᠱᠠᠭᠠᠷᠳᠠᠯᠭ᠎ᠠ ᠶᠣᠰᠣᠭᠠᠷ ᠲᠤᠭ᠎ᠠ ᠪᠦᠷᠢᠳᠭᠡᠯ᠎ᠤᠨ ᠠᠵᠢᠯ᠎ᠢ ᠨᠠᠷᠢᠨ ᠬᠢᠨᠠᠮᠠᠭᠠᠶ ᠦᠷᠨᠢᠭᠦᠯᠦᠭᠡᠷᠡᠢ᠃ ᠡᠯ᠎ᠡ ᠠᠢᠮᠠᠭ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠬᠠᠷᠢᠶ᠎ᠠ ᠭᠠᠵᠠᠷ᠎ᠤᠨ ᠰᠢᠯᠭ᠋ᠠᠨ ᠪᠠᠢ᠌ᠴᠠᠭ᠋ᠠᠵᠦ ᠪᠠᠢᠴᠠᠭᠠᠨ ᠬᠡᠮᠵᠢᠬᠦ᠌ ᠪᠠᠢᠭᠤᠯᠤᠮᠵᠢ᠎ᠶ᠋ᠢ ᠢᠳᠡᠪᠬᠢᠲᠡᠶ ᠵᠣᠬᠢᠶᠠᠨ ᠪᠠᠢᠭᠤᠯᠤᠨ ᠲᠤᠭ᠎ᠠ ᠪᠦᠷᠢᠳᠭᠡᠯ᠎ᠤᠨ ᠠᠵᠢᠯ᠎ᠢ ᠥᠷᠨᠢᠭᠦᠯᠵᠦ᠍᠂ ᠲᠠᠭ᠍ᠯᠠᠨ ᠮᠡᠳᠡᠭᠦᠯᠬᠦ᠌ ᠲᠤᠭ᠎ᠠ ᠪᠠᠷᠢᠮᠲᠠ᠎ᠶ᠋ᠢᠨ ᠶᠠᠰᠤ ᠴᠢᠨᠠᠷ᠎ᠢ ᠴᠢᠩᠭ᠎ᠠ ᠬᠢᠨᠠᠨ ᠬᠠᠷᠭᠤᠭᠤᠯᠵᠤ᠂ ᠠᠵᠢᠯ᠎ᠢᠶᠠᠨ ᠴᠠᠭ ᠲᠤᠬᠠᠶ᠎ᠳᠤ ᠨᠢ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠨ᠎ᠠ᠃ ᠡᠯ᠎ᠡ ᠰᠢᠯᠭ᠋ᠠᠨ ᠪᠠᠢ᠌ᠴᠠᠭ᠋ᠠᠵᠦ ᠪᠠᠢᠴᠠᠭᠠᠨ ᠬᠡᠮᠵᠢᠬᠦ᠌ ᠪᠠᠢᠭᠤᠯᠤᠮᠵᠢ᠎ᠨᠤᠭᠤᠳ ᠲᠣᠭ᠎ᠠ ᠪᠦᠷᠢᠳᠭᠡᠯ᠎ᠦᠨ ᠱᠢᠭᠤᠳ ᠮᠡᠳᠡᠭᠦᠯᠬᠦ᠌ ᠱᠢᠰᠲ᠋ᠧᠮ᠎ᠳᠤ ᠲᠣᠭ᠎ᠠ ᠪᠦᠷᠢᠳᠭᠡᠯ᠎ᠦᠨ ᠮᠡᠳᠡᠭᠦᠯᠦᠨ ᠬᠦᠷᠭᠡᠬᠦ᠌ ᠠᠵᠢᠯ᠎ᠢᠶᠠᠨ ᠦᠨᠡᠨ ᠪᠣᠳᠠᠲᠠᠶ᠂ ᠵᠦᠪ ᠣᠨᠣᠪᠴᠢᠲᠠᠶ᠂ ᠴᠠᠭ ᠲᠤᠬᠠᠶ᠎ᠳᠤ ᠨᠢ ᠪᠡᠶᠡᠯᠡᠭᠦᠯᠵᠦ᠂ ᠬᠤᠳᠠᠯ ᠬᠡᠯᠡᠵᠦ ᠬᠠᠭᠤᠷᠮᠠᠭ᠍ᠯᠠᠨ ᠵᠣᠬᠢᠶᠠᠵᠤ᠂ ᠴᠠᠭ᠎ᠤᠨ ᠬᠢᠵᠠᠭᠠᠷ᠎ᠢ ᠬᠣᠢᠱᠢᠯᠠᠭᠤᠯᠵᠤ ᠪᠣᠯᠬᠤ ᠦᠭᠡᠶ᠃ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠠᠴᠠ ᠲᠣᠭ᠍ᠲᠠᠮᠠᠯ ᠪᠤᠰᠤ ᠬᠤᠭᠤᠴᠠᠭ᠎ᠠ ᠲᠠᠢ᠎ᠪᠠᠷ ᠡᠯ᠎ᠡ ᠠᠢᠮᠠᠭ ᠬᠤᠲᠠ᠎ᠶ᠋ᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠣᠯᠲᠠ᠎ᠶᠢᠨ ᠲᠣᠪᠴᠢᠶ᠎ᠠ᠎ᠶ᠋ᠢᠨ ᠮᠡᠳᠡᠭᠦᠯᠦᠨ ᠬᠦᠷᠭᠡᠭ᠌ᠰᠡᠨ ᠠᠬᠢᠴᠠ ᠪᠠ ᠡᠯ᠎ᠡ ᠪᠠᠢᠭᠤᠯᠤᠮᠵᠢ᠎ᠶ᠋ᠢᠨ ᠲᠤᠭ᠎ᠠ ᠪᠦᠷᠢᠳᠭᠡᠯ᠎ᠢ ᠮᠡᠳᠡᠭᠦᠯᠦᠨ ᠬᠦᠷᠭᠡᠬᠦ᠌ ᠠᠵᠢᠯ᠎ᠳᠤ ᠬᠢᠨᠠᠯᠲᠠ ᠲᠠᠯᠪᠢᠨ ᠰᠤᠭᠤᠯᠤᠨ ᠪᠠᠢᠴᠠᠭᠠᠯᠲᠠ ᠬᠢᠵᠦ᠍᠂ ᠱᠠᠭᠠᠷᠳᠠᠯᠭ᠎ᠠ ᠶᠣᠰᠣᠭᠠᠷ ᠠᠵᠢᠯ᠎ᠢᠶᠠᠨ ᠥᠷᠨᠢᠭᠦᠯᠦᠭ᠌ᠰᠡᠨ ᠦᠭᠡᠢ ᠠᠢᠮᠠᠭ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠪᠠ ᠱᠢᠯᠭᠠᠨ ᠪᠠᠢᠴᠠᠭᠠᠵᠤ ᠪᠠᠢᠴᠠᠭᠠᠨ ᠬᠡᠮᠵᠢᠬᠦ᠌ ᠪᠠᠢᠭᠤᠯᠤᠮᠵᠢ᠎ᠶ᠋ᠢ ᠰᠢᠪᠠᠳᠡᠨ ᠬᠢᠯᠭᠡᠨ᠂ ᠵᠠᠷᠯᠡᠨ ᠨᠡᠢ᠌ᠳᠡᠯᠡᠵᠦ᠂ ᠮᠠᠨ᠎ᠤ ᠣᠷᠣᠨ᠎ᠤ ᠱᠢᠯᠭᠠᠨ ᠪᠠᠢᠴᠠᠭᠠᠵᠤ ᠪᠠᠢᠴᠠᠭᠠᠨ ᠬᠡᠮᠵᠢᠬᠦ᠌ ᠲᠤᠭ᠎ᠠ ᠪᠦᠷᠢᠳᠭᠡᠯ᠎ᠤᠨ ᠠᠵᠢᠯ᠎ᠢ ᠴᠢᠨᠠᠷ ᠰᠠᠢᠲᠠᠶ ᠪᠦᠭᠡᠳ ᠥᠨᠳᠥᠷ ᠦᠷ᠎ᠡ ᠪᠦᠲᠦᠮᠵᠢᠲᠡᠶ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠨ᠎ᠠ᠃

ᠬᠠᠷᠢᠯᠴᠠᠬᠤ ᠬᠥᠮᠦᠨ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠤᠪᠴᠢᠶ᠎ᠠ᠎ᠶᠢᠨ ᠭᠡᠷᠡᠴᠢᠯᠡᠨ ᠵᠥᠪᠱᠢᠶᠡᠷᠡᠬᠦ᠌ ᠬᠢᠭᠡᠳ ᠰᠢᠯᠭ᠋ᠠᠨ ᠪᠠᠢ᠌ᠴᠠᠭ᠋ᠠᠵᠦ ᠪᠠᠢ᠌ᠴᠠᠭ᠋ᠠᠨ ᠬᠡᠮᠵᠢᠬᠦ ᠬᠢᠨᠠᠯᠲᠠ ᠬᠠᠮᠢᠶᠠᠷᠤᠯᠲᠠ᠎ᠶ᠋ᠢᠨ ᠭᠠᠵᠠᠷ  ᠦ᠋ ᠶᠠᠨ ᠮᠢᠩ

ᠬᠠᠷᠢᠯᠴᠠᠬᠤ ᠤᠲᠠᠰᠤ᠄ 0471-6628468

 

ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠤᠪᠴᠢᠶ᠎ᠠ

2025 ᠣᠨ᠎ᠤ 12ᠳ᠋ᠤᠭ᠋ᠠᠷ ᠰᠠᠷ᠎ᠠ᠎ᠶ᠋ᠢᠨ 26 ᠎ᠤ ᠡᠳᠦᠷ

(ᠲᠤᠰ ᠪᠢᠴᠢᠭ ᠮᠠᠲ᠋ᠧᠷᠢᠶᠠᠯ᠎ᠢ ᠰᠠᠨᠠᠭᠠᠴᠢᠯᠠᠭ᠎ᠠ᠎ᠠᠴᠠ᠎ᠪᠠᠨ ᠢᠯᠡ ᠨᠡᠢ᠌ᠲᠡᠯᠡᠨ᠎ᠡ)

 

ᠳᠠᠭᠠᠯᠳᠤᠭᠤᠯᠤᠯ᠎ᠢ ᠪᠠᠭᠤᠯᠭᠠᠬᠤ1᠄ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠶ᠋ᠢᠨ ᠠᠯᠪᠠᠨ ᠲᠢᠩᠬᠢᠮ᠎ᠤᠨ 2025 ᠣᠨ᠎ᠤ ᠰᠢᠯᠭ᠋ᠠᠨ ᠪᠠᠢ᠌ᠴᠠᠭ᠋ᠠᠵᠦ ᠪᠠᠢ᠌ᠴᠠᠭ᠋ᠠᠨ ᠬᠡᠮᠵᠢᠬᠦ ᠲᠤᠭ᠎ᠠ ᠪᠦᠷᠢᠳᠭᠡᠯ᠎ᠤᠨ ᠠᠵᠢᠯ᠎ᠢ ᠥᠷᠨᠢᠭᠦᠯᠬᠦ᠌ ᠲᠤᠬᠠᠶ ᠮᠡᠳᠡᠭᠳᠡᠯ

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠤᠪᠴᠢᠶ᠎ᠠ᠎ᠶᠢᠨ ᠭᠡᠷᠡᠴᠢᠯᠡᠨ ᠵᠥᠪᠱᠢᠶᠡᠷᠡᠬᠦ᠌ ᠬᠢᠭᠡᠳ ᠰᠢᠯᠭ᠋ᠠᠨ ᠪᠠᠢ᠌ᠴᠠᠭ᠋ᠠᠵᠦ ᠪᠠᠢ᠌ᠴᠠᠭ᠋ᠠᠨ ᠬᠡᠮᠵᠢᠬᠦ ᠬᠢᠨᠠᠯᠲᠠ ᠬᠠᠮᠢᠶᠠᠷᠤᠯᠲᠠ᠎ᠶ᠋ᠢᠨ ᠭᠠᠵᠠᠷ