ᠣᠢᠷ᠎ᠠ᠎ᠶ᠋ᠢᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠢᠳᠡᠭᠡᠨ᠎ᠤ ᠠᠮᠤᠷ ᠲᠦᠪᠱᠢᠨ᠎ᠳᠤ ᠬᠢᠨᠠᠯᠲᠠ ᠲᠠᠯᠪᠢᠨ ᠰᠣᠭᠣᠯᠣᠨ ᠪᠠᠢᠴᠠᠭᠠᠬᠤ ᠠᠵᠢᠯ᠎ᠢ ᠦᠷᠭᠦᠯᠵᠢᠯᠡᠨ ᠥᠷᠨᠢᠭᠦᠯᠵᠦ᠍᠂ ᠡᠷᠡᠭᠦᠯᠵᠢᠯ᠎ᠤᠨ ᠢᠳᠡᠭᠡᠨ᠂ ᠢᠳᠡᠭᠡᠨ ᠤᠮᠳᠠᠭᠠᠨ᠂ ᠴᠠᠶ ᠵᠢᠴᠢ ᠬᠠᠮᠢᠶ᠎ᠠ ᠪᠥᠬᠦᠶ ᠪᠦᠲᠦᠭᠡᠭ᠌ᠳᠡᠬᠦᠨ᠂ ᠬᠠᠭᠤᠷᠤᠭ᠍ᠰᠠᠨ ᠢᠳᠡᠭᠡᠨ ᠵᠢᠴᠢ ᠬᠠᠲᠠᠭᠤ ᠵᠢᠮᠢᠰ᠎ᠤᠨ ᠪᠦᠲᠦᠭᠡᠭ᠌ᠳᠡᠬᠦᠨ᠂ ᠴᠠᠷᠳᠠᠭᠤᠯ ᠵᠢᠴᠢ ᠴᠠᠷᠳᠠᠭᠤᠯ᠎ᠤᠨ ᠪᠦᠲᠦᠭᠡᠭᠳᠡᠭᠦᠨ᠂ ᠠᠮᠲᠠ ᠣᠷᠣᠭᠤᠯᠬᠤ ᠡᠳ᠋᠂ ᠪᠤᠷᠴᠠᠭ᠎ᠤᠨ ᠪᠦᠲᠦᠭᠡᠭ᠌ᠳᠡᠬᠦᠨ᠂ ᠵᠥᠭᠡᠶ᠎ᠶ᠋ᠢᠨ ᠪᠦᠲᠦᠭᠡᠭ᠌ᠳᠡᠬᠦᠨ᠂ ᠪᠣᠭᠤᠷᠰᠤᠭ᠂ ᠠᠮᠤ ᠪᠤᠳᠠᠭ᠎ᠠ ᠶᠢ ᠪᠣᠯᠪᠠᠰᠤᠷᠠᠭᠤᠯᠤᠭᠰᠠᠨ ᠪᠦᠲᠦᠭᠡᠭ᠌ᠳᠡᠬᠦᠨ᠂ ᠢᠳᠡᠭᠡᠨ᠎ᠤ ᠲᠠᠷᠢᠶᠠᠯᠠᠩ᠎ᠤᠨ ᠪᠦᠲᠦᠭᠡᠭ᠌ᠳᠡᠬᠦᠨ᠂ ᠮᠢᠬᠠᠨ ᠢᠳᠡᠭᠡᠨ᠂ ᠢᠳᠡᠭᠡᠨ᠎ᠤ ᠲᠣᠰᠣ᠂ ᠥᠭᠡᠬᠦ ᠲᠣᠰᠣ ᠵᠢᠴᠢ ᠲᠡᠭᠦᠨ᠎ᠤ ᠪᠦᠲᠦᠭᠡᠭ᠌ᠳᠡᠬᠦᠨ᠂ ᠴᠠᠭᠠᠨ ᠢᠳᠡᠭᠡᠨ᠂ ᠢᠳᠡᠭᠡᠨ᠎ᠤ ᠨᠡᠮᠡᠯᠲᠡ ᠡᠳ᠋᠂ ᠵᠢᠮᠢᠰ᠎ᠤᠨ ᠪᠦᠲᠦᠭᠡᠭ᠌ᠳᠡᠬᠦᠨ᠂ ᠤᠰᠤᠨ ᠭᠠᠷᠤᠯᠲᠠ᠎ᠶ᠋ᠢᠨ ᠪᠦᠲᠦᠭᠡᠭ᠌ᠳᠡᠬᠦᠨ᠂ ᠲᠥᠮᠥᠰᠥ᠎ᠶ᠋ᠢᠨ ᠲᠥᠷᠥᠯ ᠪᠠ ᠬᠥᠭᠡᠯᠭᠡᠭ᠌ᠰᠡᠨ ᠢᠳᠡᠭᠡᠨ᠂ ᠰᠢᠬᠢᠷᠯᠢᠭ ᠪᠦᠲᠦᠭᠡᠭ᠌ᠳᠡᠬᠦᠨ᠂ ᠤᠮᠳᠠᠭᠠᠨ᠂ ᠲᠦᠷᠭᠡᠨ ᠬᠥᠯᠳᠡᠭᠡᠭ᠌ᠰᠡᠨ ᠢᠳᠡᠭᠡᠨ ᠵᠡᠷᠭᠡ 23 ᠶᠡᠭᠡ ᠲᠥᠷᠥᠯ᠎ᠤᠨ ᠢᠳᠡᠭᠡᠨ ᠵᠢᠴᠢ ᠢᠳᠡᠭᠡᠨ᠎ᠤ ᠬᠠᠮᠢᠶ᠎ᠠ ᠪᠥᠬᠦᠶ ᠦᠶ᠋ᠯᠡᠳᠬᠦᠨ᠎ᠤ ᠨᠡᠢᠲᠡ 408 ᠪᠦᠯᠦᠭ ᠤᠳᠠᠭ᠎ᠠ᠎ᠶ᠋ᠢᠨ ᠥᠯᠢᠭᠡᠷ ᠡᠳ᠋᠎ᠢ ᠰᠣᠭᠣᠯᠣᠨ ᠠᠪᠴᠤ᠌᠂ ᠡᠭᠦᠨ᠎ᠳᠤ 12 ᠪᠦᠯᠦᠭ ᠤᠳᠠᠭ᠎ᠠ᠎ᠶ᠋ᠢᠨ ᠬᠢᠷᠢ ᠲᠡᠩᠴᠡᠬᠦ ᠥᠬᠡᠶ ᠥᠯᠢᠭᠡᠷ ᠡᠳ᠋᠎ᠢ ᠪᠠᠢᠴᠠᠭᠠᠨ ᠭᠠᠷᠭ᠋ᠠᠵᠦ᠂ ᠭᠤᠤᠯᠳᠠᠭᠤ ᠶᠠᠰᠤ ᠴᠢᠨᠠᠷ᠎ᠤᠨ ᠭᠦᠶ᠋ᠴᠡᠳᠭᠡᠯ ᠲᠤᠭ᠎ᠠ ᠪᠠᠷᠢᠮᠵᠢᠶ᠎ᠠ᠎ᠳᠤ ᠬᠥᠷᠬᠦ᠌ ᠥᠬᠡᠶ᠂ ᠢᠳᠡᠭᠡᠨ᠎ᠦ ᠨᠡᠮᠡᠯᠲᠡ ᠡᠳ᠋᠎ᠢ ᠬᠢᠵᠠᠭ᠋ᠠᠷᠯᠠᠭᠰᠠᠨ ᠬᠡᠮᠵᠢᠶ᠎ᠡ᠎ᠡᠴᠡ ᠬᠡᠲᠦᠷᠡᠭᠦᠯᠦᠨ ᠬᠡᠷᠡᠭᠯᠡᠭᠰᠡᠨ᠂ ᠬᠡᠷᠡᠭᠯᠡᠬᠦ᠎ᠶᠢ ᠴᠠᠭ᠋ᠠᠵᠠᠯᠠᠨ ᠬᠢᠵᠠᠭ᠋ᠠᠷᠯᠠᠭᠰᠠᠨ ᠲᠠᠷᠢᠶ᠎ᠠ ᠮᠠᠯ᠎ᠤᠨ ᠡᠮ᠎ᠤᠨ ᠦᠯᠡᠳᠡᠭ᠌ᠳᠡᠯ ᠪᠠᠷᠢᠮᠵᠢᠶ᠎ᠠ᠎ᠠᠴᠠ ᠬᠡᠲᠦᠷᠡᠭ᠌ᠰᠡᠨ᠂ ᠪᠣᠬᠢᠷᠲᠤᠯ ᠪᠣᠳᠠᠰ ᠪᠠᠷᠢᠮᠵᠢᠶ᠎ᠠ᠎ᠠᠴᠠ ᠬᠡᠲᠦᠷᠡᠭ᠌ᠰᠡᠨ᠂ ᠮᠢᠺᠷᠣᠪ᠎ᠤᠨ ᠪᠣᠬᠢᠷᠲᠤᠯ ᠵᠡᠷᠭᠡ ᠠᠰᠠᠭᠤᠳᠠᠯ ᠪᠣᠯᠤᠨ᠎ᠠ᠃ ᠪᠣᠳᠠᠲᠠᠢ ᠮᠡᠳᠡᠭᠡ ᠵᠠᠩᠭᠢ᠎ᠶ᠋ᠢ ᠳᠠᠭᠠᠯᠳᠤᠭᠤᠯᠤᠯ᠎ᠳᠤ ᠦᠵᠡᠭᠡᠷᠡᠢ᠃
ᠰᠣᠭᠣᠯᠣᠨ ᠪᠠᠢ᠌ᠴᠠᠭ᠋ᠠᠯᠲᠠ᠎ᠶᠢᠨ ᠳᠤᠮᠳᠠ ᠢᠯᠡᠷᠡᠭᠦᠯᠦᠭᠰᠡᠨ ᠬᠢᠷᠢ ᠲᠡᠩᠴᠡᠬᠦ᠌ ᠦᠭᠡᠶ ᠢᠳᠡᠭᠡᠨ᠎ᠳᠦ ᠬᠠᠷᠢᠶ᠎ᠠ ᠭᠠᠵᠠᠷ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠨᠢᠭᠡᠨᠲᠡ ᠬᠢᠨᠠᠨ ᠪᠠᠢᠴᠠᠭᠠᠵᠤ ᠱᠢᠢᠳᠪᠦᠷᠢᠯᠡᠬᠦ᠌ ᠠᠵᠢᠯ᠎ᠢ ᠵᠣᠬᠢᠶᠠᠨ ᠪᠠᠢᠭᠤᠯᠤᠨ ᠥᠷᠨᠢᠭᠦᠯᠵᠦ᠍᠂ ᠦᠢᠯᠡᠳᠬᠦᠨ᠎ᠤ ᠭᠦᠢᠯᠭᠡᠭᠡᠨ᠎ᠤ ᠬᠠᠨᠳᠤᠰᠢ᠎ᠶ᠋ᠢ ᠪᠠᠢᠴᠠᠭᠠᠨ ᠲᠣᠳᠣᠯᠠᠵᠤ᠂ ᠦᠢᠯᠡᠳᠪᠦᠷᠢᠯᠡᠯ ᠡᠵᠡᠩᠨᠡᠯᠲᠡ᠎ᠶ᠋ᠢᠨ ᠠᠵᠤ ᠠᠬᠤᠢᠯᠠᠯ᠎ᠢ ᠪᠣᠷᠣᠯᠠᠭᠤᠯᠬᠤ᠎ᠪᠠᠨ ᠵᠣᠭᠰᠣᠭ᠋ᠠᠨ᠂ ᠬᠢᠷᠢ ᠲᠡᠩᠴᠡᠬᠦ᠌ ᠦᠭᠡᠶ ᠦᠢᠯᠡᠳᠬᠦᠨ᠎ᠢ ᠡᠭᠡᠭᠦᠯᠦᠨ ᠠᠪᠴᠢᠷᠠᠬᠤ ᠵᠡᠷᠭᠡ ᠠᠷᠭ᠎ᠠ ᠬᠡᠮᠵᠢᠶ᠎ᠡ ᠠᠪᠴᠤ᠌ ᠲᠦᠭ᠌ᠰᠢᠭᠦᠷᠢ᠎ᠶ᠋ᠢ ᠡᠵᠡᠮᠰᠢᠬᠦ᠎ᠶᠢᠨ ᠬᠠᠮᠲᠤ ᠱᠢᠯᠲᠠᠭᠠᠨ᠎ᠢ ᠨᠢ ᠵᠠᠳᠠᠯᠵᠤ ᠴᠡᠭᠴᠡᠯᠡᠨ ᠰᠠᠢ᠌ᠵᠢᠷᠠᠭᠤᠯᠬᠤ᠎ᠶᠢ ᠵᠠᠷᠯᠢᠭᠳᠠᠪᠠ; ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠬᠠᠤᠯᠢ ᠶᠣᠰᠣᠭᠠᠷ ᠴᠢᠩᠭ᠎ᠠ ᠰᠢᠢ᠍ᠳᠪᠦᠷᠢᠯᠡᠪᠡ᠃
ᠬᠡᠷᠡᠭ᠌ᠯᠡᠭ᠌ᠴᠢ᠎ᠶᠢ ᠣᠨᠴᠠᠭᠠᠢᠯᠠᠨ ᠰᠠᠨᠠᠭᠤᠯᠬᠤ᠎ᠨᠢ᠂ ᠬᠤᠳᠠᠯᠳᠤᠨ ᠠᠪᠤᠭᠰᠠᠨ ᠪᠤᠶᠤ ᠵᠠᠬ᠎ᠠ ᠳᠡᠯᠭᠡᠭᠦᠷ᠎ᠲᠤ ᠵᠠᠷᠯᠠᠯ᠎ᠳᠤ ᠬᠤᠯᠪᠣᠭ᠍ᠳᠠᠭ᠍ᠰᠠᠨ ᠬᠢᠷᠢ ᠲᠡᠩᠴᠡᠬᠦ᠌ ᠦᠭᠡᠢ ᠦᠢᠯᠡᠳᠬᠦᠨ᠎ᠢ ᠣᠯᠵᠤ ᠮᠡᠳᠡᠪᠡᠯ᠂ 12345 ᠪᠤᠶᠤ 12315 ᠤᠲᠠᠰᠤᠨ᠎ᠳᠤ ᠤᠲᠠᠰᠤᠳᠠᠵᠤ ᠵᠠᠭᠠᠯᠳᠤᠵᠤ ᠢᠯᠡᠴᠢᠯᠡᠨ ᠮᠡᠳᠡᠭᠦᠯᠦᠭᠡᠷᠡᠢ᠃
ᠡᠭᠦᠨ᠎ᠤ ᠲᠤᠯᠠ ᠣᠨᠴᠠᠭᠠᠢᠯᠠᠨ ᠵᠠᠷᠯᠠᠪᠠ᠃
ᠳᠠᠭᠠᠯᠳᠤᠭᠤᠯᠤᠯ ᠄ 1.ᠬᠢᠷᠢ ᠲᠡᠩᠴᠡᠭ᠌ᠰᠡᠨ ᠦᠢᠯᠡᠳᠬᠦᠨ᠎ᠦ ᠮᠡᠳᠡᠭᠡ ᠵᠠᠩᠭᠢ
2.ᠬᠢᠷᠢ ᠲᠡᠩᠴᠡᠬᠦ᠌ ᠦᠭᠡᠶ ᠦᠢᠯᠡᠳᠬᠦᠨ᠎ᠦ ᠮᠡᠳᠡᠭᠡ ᠵᠠᠩᠭᠢ
3.ᠬᠡᠰᠡᠭ ᠬᠢᠷᠢ ᠲᠡᠩᠴᠡᠬᠦ᠌ ᠦᠭᠡᠢ ᠱᠢᠯᠭᠠᠨ ᠪᠠᠢ᠌ᠴᠠᠭ᠋ᠠᠭᠰᠠᠨ ᠲᠥᠷᠥᠯ ᠵᠦᠢᠯ᠎ᠤᠨ ᠵᠢᠵᠢᠭ ᠮᠡᠳᠡᠯᠭᠡ
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠤᠪᠴᠢᠶ᠎ᠠ
2025 ᠣᠨ᠎ᠤ 11 ᠳ᠋ᠦ᠍ᠭᠡᠷ ᠰᠠᠷ᠎ᠠ᠎ᠶ᠋ᠢᠨ 27 ᠤ ᠡᠳᠦᠷ
ᠳᠠᠭᠠᠯᠳᠤᠭᠤᠯᠤᠯ᠎ᠢ ᠪᠠᠭᠤᠯᠭᠠᠬᠤ᠄
1.ᠬᠢᠷᠢ ᠲᠡᠩᠴᠡᠭ᠌ᠰᠡᠨ ᠦᠢᠯᠡᠳᠭᠦᠨ᠎ᠤ ᠮᠡᠳᠡᠭᠡ ᠵᠠᠩᠭᠢ.et
2.ᠬᠢᠷᠢ ᠲᠡᠩᠴᠡᠬᠦ᠌ ᠦᠭᠡᠢ ᠦᠢᠯᠡᠳᠬᠦᠨ᠎ᠤ ᠮᠡᠳᠡᠭᠡ ᠵᠠᠩᠭᠢ.et
3.ᠬᠡᠰᠡᠭ ᠬᠢᠷᠢ ᠲᠡᠩᠴᠡᠬᠦ᠌ ᠦᠭᠡᠶ ᠰᠢᠯᠭ᠋ᠠᠨ ᠪᠠᠢ᠌ᠴᠠᠭ᠋ᠠᠭᠰᠠᠨ ᠲᠥᠷᠥᠯ ᠵᠦᠢᠯ᠎ᠤᠨ ᠵᠢᠵᠢᠭ ᠮᠡᠳᠡᠯᠭᠡ .wps