2025 ᠣᠨ᠎ᠤ 73 ᠳ᠋ᠤᠭᠠᠷ ᠲᠤᠭ᠋ᠠᠲᠦ
ᠣᠷᠳᠣᠰ ᠬᠤᠲᠠ᠎ᠶ᠋ᠢᠨ ᠵᠥᠩ ᠯᠢ ᠢᠨᠵᠧᠨᠧᠷᠢᠩ᠎ᠤᠨ ᠶᠠᠰᠤ ᠴᠢᠨᠠᠷ᠎ᠢ ᠪᠠᠢᠴᠠᠭᠠᠨ ᠬᠡᠮᠵᠢᠬᠦ ᠬᠢᠵᠠᠭᠠᠷᠲᠤ ᠺᠣᠮᠫᠠᠨᠢ 2025 ᠣᠨ᠎ᠤ 9 ᠳ᠋ᠦ᠍ᠭᠡᠷ ᠰᠠᠷ᠎ᠠ᠎ᠶ᠋ᠢᠨ 1 ᠤ ᠡᠳᠦᠷ ᠮᠡᠳᠡᠭ᠌ᠳᠡᠬᠦ᠌ ᠠᠮᠠᠯᠠᠯᠲᠠ᠎ᠶᠢᠨ ᠬᠡᠯᠪᠡᠷᠢ᠎ᠪᠠᠷ ᠱᠢᠯᠭᠠᠨ ᠪᠠᠢᠴᠠᠭᠠᠵᠤ ᠪᠠᠢᠴᠠᠭᠠᠨ ᠬᠡᠮᠵᠢᠬᠦ᠌ ᠪᠠᠢᠭᠤᠯᠤᠮᠵᠢ᠎ᠶ᠋ᠢᠨ ᠬᠢᠷᠢ ᠬᠡᠮ᠎ᠢ ᠮᠠᠭᠠᠳᠯᠠᠨ ᠲᠣᠭᠲᠠᠭ᠋ᠠᠯᠲᠠ(CMA)᠎ᠶᠢᠨ ᠦᠨᠡᠮᠯᠡᠯ (ᠦᠨᠡᠮᠯᠡᠯ᠎ᠤᠨ ᠳ᠋ᠤᠭᠠᠷ᠎ᠨᠢ 250502110164)᠎ᠢ ᠣᠯᠪᠠ᠃ ᠲᠣᠰ ᠺᠣᠮᠫᠠᠨᠢ᠎ᠶᠢᠨ ᠮᠡᠳᠡᠭ᠌ᠳᠡᠬᠦ᠌ ᠠᠮᠠᠯᠠᠯᠲᠠ᠎ᠶᠢᠨ ᠦᠨᠡᠮᠯᠡᠯ ᠣᠯᠭᠣᠭᠰᠠᠨ᠎ᠤ ᠳᠠᠷᠠᠭ᠋ᠠᠬᠢ ᠪᠠᠢ᠌ᠴᠠᠭ᠋ᠠᠯᠲᠠ᠎ᠳᠤ ᠢᠯᠡᠷᠡᠭᠦᠯᠦᠭᠰᠡᠨ ᠠᠮᠠᠯᠠᠯᠲᠠ᠎ᠶ᠋ᠢᠨ ᠠᠭᠤᠯᠭ᠎ᠠ᠎ᠨᠢ ᠦᠨᠡᠨ ᠪᠣᠳᠠᠲᠠᠶ ᠪᠢᠰᠢ ᠪᠠᠢ᠌ᠳᠡᠯᠢ ᠦᠨᠳᠦᠰᠦᠯᠡᠨ᠂ ᠮᠠᠨ᠎ᠤ ᠲᠣᠪᠴᠢᠶ᠎ᠠ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭᠠᠨ᠎ᠤ ᠵᠥᠪᠱᠢᠶᠡᠷᠡᠯ᠎ᠤᠨ ᠬᠠᠤᠯᠢ》᠂ 《ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠵᠠᠰᠠᠭ ᠵᠠᠬᠢᠷᠭᠠᠨ᠎ᠤ ᠵᠥᠪᠱᠢᠶᠡᠷᠡᠯ᠎ᠤᠨ ᠵᠢᠷᠤᠮ᠎ᠤᠨ ᠲᠦᠷ ᠬᠡᠷᠡᠭ᠌ᠵᠢᠭᠦᠯᠬᠦ᠌ ᠲᠣᠭ᠍ᠲᠠᠭᠠᠯ》᠂ 《ᠱᠢᠯᠭᠠᠨ ᠪᠠᠢᠴᠠᠭᠠᠵᠤ ᠪᠠᠢᠴᠠᠭᠠᠨ ᠬᠡᠮᠵᠢᠬᠦ᠌ ᠪᠠᠢᠭᠤᠯᠤᠮᠵᠢ᠎ᠶ᠋ᠢᠨ ᠬᠢᠷᠢ ᠬᠡᠮ᠎ᠢ ᠮᠠᠭᠠᠳᠯᠠᠨ ᠲᠣᠭᠲᠠᠭ᠋ᠠᠬᠤ ᠮᠡᠳᠡᠭ᠌ᠳᠡᠬᠦ᠌ ᠠᠮᠠᠯᠠᠯᠲᠠ᠎ᠶ᠋ᠢᠨ ᠬᠡᠷᠡᠭ᠌ᠵᠢᠭᠦᠯᠬᠦ᠌ ᠠᠷᠭ᠎ᠠ》 (ᠲᠤᠷᠱᠢᠨ ᠬᠡᠷᠡᠭ᠌ᠵᠢᠭᠦᠯᠬᠦ᠌) ᠵᠡᠷᠭᠡ ᠲᠣᠭ᠍ᠲᠠᠭᠠᠯ᠎ᠢ ᠦᠨᠳᠦᠰᠦᠯᠡᠨ ᠲᠣᠰ ᠱᠢᠯᠭᠠᠨ ᠪᠠᠢᠴᠠᠭᠠᠵᠤ ᠪᠠᠢᠴᠠᠭᠠᠨ ᠬᠡᠮᠵᠢᠬᠦ᠌ ᠪᠠᠢᠭᠤᠯᠤᠮᠵᠢ᠎ᠶ᠋ᠢᠨ ᠬᠢᠷᠢ ᠬᠡᠮ᠎ᠢ ᠮᠠᠭᠠᠳᠯᠠᠨ ᠲᠣᠭᠲᠠᠭ᠋ᠠᠯᠲᠠ (CMA) ᠶ᠋ᠢᠨ ᠦᠨᠡᠮᠯᠡᠯ᠎ᠢ ᠬᠠᠤᠯᠢ ᠶᠣᠰᠣᠭᠠᠷ ᠬᠦᠴᠦᠨ ᠥᠬᠡᠶ ᠪᠤᠯᠭ᠋ᠠᠪᠠ᠃ ᠲᠣᠰ ᠺᠣᠮᠫᠠᠨᠢ ᠭᠤᠷᠪᠠᠨ ᠵᠢᠯ᠎ᠤᠨ ᠳᠣᠲᠣᠷ᠎ᠠ ᠬᠢᠷᠢ ᠬᠡᠮ᠎ᠢ ᠮᠠᠭᠠᠳᠯᠠᠨ ᠲᠣᠭ᠍ᠲᠠᠭᠠᠯᠭᠠᠬᠤ᠎ᠪᠠᠷ ᠳᠠᠬᠢᠨᠲᠠ ᠭᠤᠶᠤᠴᠢᠯᠠᠵᠤ ᠪᠣᠯᠬᠤ ᠥᠬᠡᠶ᠂ ᠬᠠᠤᠯᠢ᠎ᠶ᠋ᠢ ᠵᠥᠷᠢᠴᠡᠭ᠌ᠰᠡᠨ ᠦᠢᠯᠡ ᠠᠵᠢᠯᠯᠠᠭ᠎ᠠ᠎ᠨᠢ ᠬᠢᠷᠢ ᠬᠡᠮ᠎ᠢ ᠮᠠᠭᠠᠳᠯᠠᠨ ᠲᠣᠭ᠍ᠲᠠᠭᠠᠬᠤ ᠰᠠᠯᠠᠭ᠎ᠠ ᠮᠥᠴᠢᠷ᠎ᠠᠴᠠ ᠢᠲᠡᠭᠡᠮᠵᠢ᠎ᠶ᠋ᠢᠨ ᠲᠠᠩᠰᠠ ᠡᠪᠬᠡᠮᠡᠯ᠎ᠳᠤ ᠲᠡᠮᠳᠡᠭ᠌ᠯᠡᠨ ᠣᠷᠣᠭᠤᠯᠬᠤ ᠪᠥᠭᠡᠳ ᠮᠡᠳᠡᠭ᠌ᠳᠡᠬᠦ᠌ ᠠᠮᠠᠯᠠᠯᠲᠠ᠎ᠶ᠋ᠢᠨ ᠬᠢᠷᠢ ᠬᠡᠮ᠎ᠢ ᠮᠠᠭᠠᠳᠯᠠᠨ ᠲᠣᠭ᠍ᠲᠠᠭᠠᠬᠤ ᠠᠷᠭ᠎ᠠ ᠮᠠᠶᠢᠭ᠎ᠢ ᠳᠠᠭᠢᠵᠤ ᠬᠡᠷᠡᠭᠯᠡᠵᠦ ᠪᠤᠯᠠᠬᠤ ᠥᠬᠡᠶ᠃
ᠣᠷᠳᠣᠰ ᠬᠤᠲᠠ᠎ᠶ᠋ᠢᠨ ᠵᠥᠩ ᠯᠢ ᠢᠨᠵᠧᠨᠧᠷᠢᠩ᠎ᠤᠨ ᠶᠠᠰᠤ ᠴᠢᠨᠠᠷ ᠢ ᠪᠠᠢᠴᠠᠭᠠᠨ ᠬᠡᠮᠵᠢᠬᠦ ᠬᠢᠵᠠᠭᠠᠷᠲᠤ ᠺᠣᠮᠫᠠᠨᠢ᠎ᠶᠢᠨ ᠲᠣᠰ ᠤᠳᠠᠭᠠᠨ᠎ᠤ ᠵᠠᠰᠠᠭ ᠵᠠᠬᠢᠷᠭᠠᠨ᠎ᠤ ᠵᠥᠪᠱᠢᠶᠡᠷᠡᠯ᠎ᠤᠨ ᠣᠯᠤᠭ᠍ᠰᠠᠨ ᠠᠱᠢᠭ ᠲᠤᠰᠠ᠎ᠨᠢ ᠬᠠᠮᠠᠭᠠᠯᠠᠭ᠍ᠳᠠᠬᠤ ᠦᠭᠡᠢ᠎ᠳᠤ ᠰᠠᠭᠤᠷᠢᠯᠠᠨ᠂ ᠭᠠᠳᠠᠭ᠍ᠰᠢ ᠭᠠᠷᠭᠠᠭ᠍ᠰᠠᠨ ᠬᠠᠮᠢᠶ᠎ᠠ ᠪᠦᠬᠦᠢ ᠱᠢᠯᠭᠠᠨ ᠪᠠᠢᠴᠠᠭᠠᠵᠤ ᠪᠠᠢᠴᠠᠭᠠᠨ ᠬᠡᠮᠵᠢᠬᠦ᠌ ᠮᠡᠳᠡᠭᠦᠯᠦᠯᠲᠡ ᠨᠢ ᠭᠡᠷᠡᠴᠢᠯᠡᠬᠦ᠌ ᠦᠢᠯᠡᠳᠦᠯ ᠦᠭᠡᠢ ᠪᠥᠭᠡᠳ ᠡᠭᠦᠨ᠎ᠠᠴᠠ ᠪᠣᠯᠤᠭ᠍ᠰᠠᠨ ᠵᠣᠬᠢᠬᠤ ᠬᠠᠤᠯᠢ ᠴᠠᠭᠠᠵᠠ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠨ᠎ᠡ᠃
ᠡᠭᠦᠨ᠎ᠤ ᠲᠤᠯᠠ ᠣᠨᠴᠠᠭᠠᠢᠯᠠᠨ ᠵᠠᠷᠯᠠᠪᠠ᠃
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠤᠪᠴᠢᠶ᠎ᠠ
2025 ᠣᠨ᠎ᠤ 11 ᠰᠠᠷ᠎ᠠ ᠵᠢᠨ 28᠎ᠤ ᠡᠳᠦᠷ