ᠡᠯ᠎ᠡ ᠠᠢᠮᠠᠭ ᠬᠤᠲᠠ ᠵᠢᠴᠢ ᠮᠠᠨᠵᠤᠤᠷ ᠬᠤᠲᠠ᠂ ᠡᠷᠢᠶᠡᠨ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠂ ᠬᠤᠯᠪᠣᠭ᠍ᠳᠠᠯ ᠪᠦᠬᠦᠢ ᠭᠡᠷᠡᠴᠢᠯᠡᠯ᠎ᠤᠨ ᠪᠠᠢᠭᠤᠯᠤᠮᠵᠢ᠂ ᠦᠨᠡᠮᠯᠡᠯ ᠣᠯᠣᠭᠰᠠᠨ ᠵᠣᠬᠢᠶᠠᠨ ᠪᠠᠢᠭᠤᠯᠤᠯᠲᠠ᠄
《2025 ᠣᠨ᠎ᠤ ᠭᠡᠷᠡᠴᠢᠯᠡᠯ ᠤᠨ ᠠᠵᠢᠯ ᠡᠷᠭᠢᠯᠡᠬᠦ᠌ ᠪᠠᠢᠭᠤᠯᠤᠮᠵᠢ᠎ᠶ᠋ᠢᠨ 〈ᠬᠣᠶᠠᠷ ᠲᠠᠰᠢᠷᠠᠮ᠂ ᠨᠢᠭᠡ ᠢᠯᠡ 〉 ᠪᠠᠢᠴᠠᠭᠠᠯᠲᠠ᠎ᠶ᠋ᠢ ᠥᠷᠨᠢᠭᠦᠯᠬᠦ᠌ ᠲᠤᠬᠠᠶ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠶ᠋ᠢᠨ ᠠᠯᠪᠠᠨ ᠲᠢᠩᠬᠢᠮ᠎ᠤᠨ ᠮᠡᠳᠡᠭ᠌ᠳᠡᠯ》 (ᠬᠤᠲᠠ ᠬᠢᠨᠠᠯᠲᠠ ᠭᠡᠷᠡᠴᠢᠯᠡᠬᠦ ᠵᠠᠬᠢᠳᠠᠯ (2025)158 ᠳ᠋ᠤᠭᠠᠷ ᠲᠣᠭᠠᠲᠤ) ᠤᠨ ᠬᠠᠮᠢᠶ᠎ᠠ ᠪᠥᠬᠦᠶ ᠱᠠᠭᠠᠷᠳᠠᠯᠭ᠎ᠠ᠎ᠶ᠋ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ 《2025 ᠣᠨ᠎ᠤ ᠭᠡᠷᠡᠴᠢᠯᠡᠯ᠎ᠦᠨ ᠬᠦᠷᠢᠶ᠎ᠡ ᠴᠠᠷᠠᠭ᠎ᠠ᠎ᠳᠠᠬᠢ 〈ᠬᠣᠶᠠᠷ ᠲᠠᠰᠢᠷᠠᠮ᠂ ᠨᠢᠭᠡ ᠢᠯᠡ 〉 ᠬᠢᠨᠠᠯᠲᠠ ᠲᠠᠯᠪᠢᠵᠤ ᠪᠠᠢᠴᠠᠭᠠᠬᠤ ᠠᠵᠢᠯ᠎ᠢ ᠥᠷᠨᠢᠭᠦᠯᠬᠦ᠌ ᠲᠤᠬᠠᠢ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠮᠡᠳᠡᠭ᠌ᠳᠡᠯ》 (ᠥᠪᠥᠷ ᠬᠤᠲᠠ ᠬᠢᠨᠠᠯᠲᠠ ᠭᠡᠷᠡᠴᠢᠯᠡᠨ ᠱᠢᠯᠭᠠᠨ ᠦᠰᠦᠭ [2025] 217 ᠳ᠋ᠤᠭᠠᠷ ᠲᠣᠭᠠᠲᠤ) ᠢ ᠳᠠᠷᠤᠮᠠᠯᠯᠠᠨ ᠳᠠᠷᠠᠭ᠋ᠠᠵᠦ᠂ 2025 ᠣᠨ᠎ᠤ ᠭᠡᠷᠡᠴᠢᠯᠡᠯ᠎ᠦᠨ ᠬᠦᠷᠢᠶ᠎ᠡ ᠴᠠᠷᠠᠭ᠎ᠠ ᠳᠠᠬᠢ 《ᠬᠣᠶᠠᠷ ᠲᠠᠰᠢᠷᠠᠮ᠂ ᠨᠢᠭᠡ ᠢᠯᠡ 》 ᠪᠠᠢᠴᠠᠭᠠᠯᠲᠠ᠎ᠶ᠋ᠢᠨ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠪᠡ᠃ ᠡᠳᠦᠭᠡ ᠪᠠᠢᠴᠠᠭᠠᠭ᠍ᠰᠠᠨ ᠪᠠᠢᠳᠠᠯ᠎ᠢᠶᠠᠨ ᠳᠣᠣᠷᠠᠬᠢ ᠮᠡᠲᠦ ᠮᠡᠳᠡᠭ᠌ᠳᠡᠶ᠎ᠡ᠄
ᠨᠢᠭᠡ᠂ ᠦᠨᠳᠦᠰᠦᠨ ᠪᠠᠢᠳᠠᠯ
(ᠨᠢᠭᠡ) ᠪᠠᠢᠴᠠᠭᠠᠬᠤ ᠦᠨᠳᠦᠰᠦᠯᠡᠯ
《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠭᠡᠷᠡᠴᠢᠯᠡᠨ ᠵᠥᠪᠱᠢᠶᠡᠷᠡᠬᠦ᠌ ᠳᠦᠷᠢᠮ》᠂ 《 ᠭᠡᠷᠡᠴᠢᠯᠡᠬᠦ᠌ ᠪᠠᠢᠭᠤᠯᠤᠮᠵᠢ᠎ᠶ᠋ᠢᠨ ᠬᠠᠮᠢᠶᠠᠷᠤᠯᠲᠠ᠎ᠶ᠋ᠢᠨ ᠠᠷᠭ᠎ᠠ》 ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭ᠍ᠲᠠᠭᠠᠯ ᠵᠢᠴᠢ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ ᠢ ᠦᠨᠳᠦᠰᠦᠯᠡᠪᠡ᠃
(ᠬᠤᠶᠠᠷ) ᠪᠠᠢᠴᠠᠭᠠᠬᠤ ᠡᠲᠡᠭᠡᠳ
2025 ᠣᠨ᠎ᠳᠤ ᠨᠡᠢᠲᠡ 231 ᠦᠨᠡᠮᠯᠡᠯ ᠣᠯᠤᠭ᠍ᠰᠠᠨ ᠵᠣᠬᠢᠶᠠᠨ ᠪᠠᠢᠭᠤᠯᠤᠯᠲᠠ᠎ᠶᠢ ᠪᠠᠢ᠌ᠴᠠᠭ᠋ᠠᠨ᠂ 42 ᠭᠡᠷᠡᠴᠢᠯᠡᠯ ᠲᠠᠢ ᠪᠠᠢᠭᠤᠯᠤᠮᠵᠢ᠎ᠳᠤ ᠬᠣᠯᠪᠣᠭᠳᠠᠵᠠᠢ᠃ ᠪᠠᠢᠴᠠᠭᠠᠯᠲᠠ᠎ᠶ᠋ᠢᠨ ᠬᠦᠷᠢᠶ᠎ᠡ ᠴᠠᠷᠠᠭ᠎ᠠ᠎ᠳᠤ ᠶᠠᠰᠤ ᠴᠢᠨᠠᠷ᠎ᠤᠨ ᠬᠠᠮᠢᠶᠠᠷᠤᠯᠲᠠ᠎ᠶ᠋ᠢᠨ ᠲᠣᠭᠲᠠᠯᠴᠠᠭ᠎ᠠ (ᠮᠠᠱᠢᠨ ᠲᠡᠷᠭᠡᠨ᠎ᠤ ᠠᠵᠢᠯ ᠲᠥᠷᠥᠯ᠂ ᠣᠯᠠᠨ ᠤᠯᠤᠰ᠎ᠤᠨ ᠲᠡᠮᠦᠷ ᠵᠠᠮ᠎ᠤᠨ ᠠᠵᠢᠯ ᠲᠥᠷᠥᠯ᠂ ᠪᠠᠷᠢᠯᠭ᠎ᠠ᠎ᠶ᠋ᠢᠨ ᠠᠵᠢᠯ᠎ᠤᠨ ᠠᠵᠢᠯ ᠲᠥᠷᠥᠯ᠂ ᠡᠮᠴᠢᠯᠡᠭᠡᠨ᠎ᠤ ᠪᠠᠭᠠᠵᠢ ᠬᠡᠷᠡᠭ᠌ᠰᠡᠯ)᠂ ᠣᠷᠴᠢᠨ ᠲᠣᠭᠤᠷᠢᠨ᠎ᠤ ᠬᠠᠮᠢᠶᠠᠷᠤᠯᠲᠠ᠎ᠶ᠋ᠢᠨ ᠲᠣᠭᠲᠠᠯᠴᠠᠭ᠎ᠠ᠂ ᠳᠤᠮᠳᠠᠳᠤ ᠤᠯᠤᠰ᠎ᠤᠨ ᠠᠵᠢᠯ ᠮᠡᠷᠭᠡᠵᠢᠯ᠎ᠦᠨ ᠡᠷᠡᠭᠦᠯ ᠮᠡᠨᠳᠦ᠎ᠶᠢᠨ ᠠᠮᠤᠷ ᠲᠥᠪᠰᠠᠢ᠌ᠨᠤ ᠬᠠᠮᠢᠶᠠᠷᠤᠯᠲᠠ᠎ᠶᠢᠨ ᠲᠣᠭᠲᠠᠯᠴᠠᠭ᠎ᠠ᠂ ᠢᠳᠡᠭᠡᠨ᠎ᠤ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠲᠣᠭᠲᠠᠯᠴᠠᠭ᠎ᠠ᠂ ᠡᠨᠧᠷᠭᠢ᠎ᠶ᠋ᠢᠨ ᠬᠠᠮᠢᠶᠠᠷᠤᠯᠲᠠ᠎ᠶ᠋ᠢᠨ ᠲᠣᠭᠲᠠᠯᠴᠠᠭ᠎ᠠ᠂ ᠣᠶ ᠱᠢᠭᠤᠶ᠎ᠶ᠋ᠢᠨ ᠭᠡᠷᠡᠴᠢᠯᠡᠭᠡ᠂ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠲᠣᠭᠲᠠᠯᠴᠠᠭ᠎ᠠ᠂ ᠬᠤᠨᠤᠭᠯᠠᠬᠤ ᠦᠢᠯᠡᠴᠢᠯᠡᠭᠡ᠂ ᠲᠠᠸᠠᠷ ᠪᠣᠷᠣᠯᠠᠭᠤᠯᠤᠭ᠍ᠰᠠᠨ᠎ᠤ ᠳᠠᠷᠠᠭᠠᠬᠢ ᠦᠢᠯᠡᠴᠢᠯᠡᠭᠡ᠎ᠶ᠋ᠢᠨ ᠦᠨᠡᠯᠡᠯᠲᠡ᠂ ᠲᠤᠬᠠᠢᠯᠠᠭ᠍ᠰᠠᠨ ᠠᠵᠢᠯ᠎ᠤᠨ ᠦᠷᠭᠦᠯᠵᠢᠯᠡᠬᠦ᠌ ᠴᠢᠨᠠᠷᠲᠠᠢ ᠬᠠᠮᠢᠶᠠᠷᠤᠯᠲᠠ᠎ᠶ᠋ᠢᠨ ᠲᠣᠭᠲᠠᠯᠴᠠᠭ᠎ᠠ᠂ ᠣᠷᠭᠠᠨᠢᠭ ᠦᠢᠯᠡᠳᠬᠦᠨ᠂ ᠰᠠᠢᠨ ᠳᠤᠷ᠎ᠠ᠎ᠶ᠋ᠢᠨ ᠴᠢᠨᠠᠷᠲᠠᠢ ᠠᠵᠤ ᠦᠢᠯᠡᠳᠪᠦᠷᠢ᠎ᠶ᠋ᠢᠨ ᠦᠢᠯᠡᠳᠬᠦᠨ᠎ᠤ ᠪᠤᠰᠤᠳ ᠭᠡᠷᠡᠴᠢᠯᠡᠯ ᠂ ᠳᠡᠮᠵᠢᠭᠴᠢ ᠦᠢ᠍ᠯᠡᠴᠢᠯᠡᠭᠡ᠂ ᠪᠥᠭᠡᠮ᠎ᠢᠶᠠᠷ ᠬᠤᠳᠠᠯᠳᠤᠬᠤ ᠦᠢᠯᠡᠰ ᠪᠠ ᠵᠢᠵᠢᠭ᠌ᠯᠡᠨ ᠬᠤᠳᠠᠯᠳᠤᠬᠤ ᠦᠢᠯᠡᠰ᠎ᠤᠨ ᠦᠢᠯᠡᠴᠢᠯᠡᠭᠡ᠂ ᠬᠤᠣᠷ ᠬᠥᠨᠥᠭᠡᠯ᠎ᠤᠨ ᠵᠠᠳᠠᠯᠤᠯᠲᠠ ᠪᠠ ᠵᠠᠩᠭᠢᠯᠠᠭ᠎ᠠ᠎ᠶ᠋ᠢᠨ ᠡᠵᠡᠮᠳᠡᠬᠦ᠌ ᠴᠡᠭ᠎ᠤᠨ ᠭᠡᠷᠡᠴᠢᠯᠡᠯ᠂ ᠰᠠᠢᠨ ᠰᠠᠢᠬᠠᠨ ᠲᠠᠷᠢᠶᠠᠯᠠᠩ᠎ᠤᠨ ᠵᠢᠷᠤᠮᠵᠢᠯ ᠵᠢᠴᠢ ᠪᠣᠢ ᠪᠦᠬᠦᠢ ᠵᠢᠭᠰᠠᠭ᠋ᠠᠨ ᠲᠣᠳᠣᠷᠬᠠᠢ᠌ᠯᠠᠭᠰᠠᠨ ᠦᠭᠡᠢ ᠪᠤᠰᠤᠳ ᠬᠠᠮᠢᠶᠠᠷᠤᠯᠲᠠ᠎ᠶ᠋ᠢᠨ ᠲᠣᠭᠲᠠᠯᠴᠠᠭ᠎ᠠ᠎ᠶ᠋ᠢᠨ ᠭᠡᠷᠡᠴᠢᠯᠡᠭᠡ ᠵᠡᠷᠭᠡ ᠬᠦᠷᠢᠶ᠎ᠡ ᠴᠠᠷᠠᠭ᠎ᠠ᠎ᠶ᠋ᠢ ᠬᠠᠮᠤᠷᠪᠠ᠃
(ᠭᠤᠷᠪᠠ) ᠪᠠᠢᠴᠠᠭᠠᠨ ᠱᠢᠯᠭᠠᠬᠤ ᠠᠷᠭ᠎ᠠ ᠬᠡᠯᠪᠡᠷᠢ
ᠲᠣᠰ ᠤᠳᠠᠭᠠᠨ᠎ᠤ ᠪᠠᠢᠴᠠᠭᠠᠯᠲᠠ᠎ᠨᠢ ᠪᠥᠬᠦ᠌ ᠤᠯᠤᠰ᠎ᠤᠨ ᠨᠢᠭᠡᠳᠦᠯᠲᠡᠶ 《ᠭᠡᠷᠡᠴᠢᠯᠡᠯ᠎ᠤᠨ ᠵᠠᠰᠠᠭ ᠵᠠᠬᠢᠷᠭᠠᠨ᠎ᠤ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ》 ᠳᠤ ᠲᠦᠱᠢᠭ᠌ᠯᠡᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠤᠪᠴᠢᠶᠠᠨ ᠠᠴᠠ ᠪᠠᠢᠴᠠᠭᠠᠭ᠍ᠳᠠᠬᠤ ᠡᠲᠡᠭᠡᠳ᠎ᠢ ᠨᠢᠭᠡᠳᠦᠯᠲᠡᠶ ᠰᠤᠭᠤᠯᠤᠨ ᠠᠪᠴᠤ᠌᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠤᠪᠴᠢᠶᠠᠨ ᠠᠴᠠ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠦᠨᠡᠮᠯᠡᠯ ᠣᠯᠤᠭ᠍ᠰᠠᠨ ᠵᠣᠬᠢᠶᠠᠨ ᠪᠠᠢᠭᠤᠯᠤᠯᠲᠠ᠎ᠶ᠋ᠢᠨ ᠪᠠᠢᠭ᠎ᠠ ᠠᠢᠮᠠᠭ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠤᠪᠴᠢᠶᠠᠨ ᠠᠴᠠ ᠲᠤᠬᠠᠶ᠎ᠶ᠋ᠢᠨ ᠲᠠᠯᠠᠪᠠᠢ ᠶᠢᠨ ᠪᠠᠢᠴᠠᠭᠠᠯᠲᠠ᠂ ᠲᠠᠩᠰᠠ ᠡᠪᠬᠡᠮᠡᠯ᠎ᠤᠨ ᠪᠠᠢᠴᠠᠭᠠᠯᠲᠠ᠂ ᠠᠵᠢᠯ ᠡᠷᠭᠢᠯᠡᠭ᠌ᠰᠡᠳᠠᠴᠠ ᠯᠠᠪᠯᠠᠨ ᠠᠰᠠᠭᠤᠬᠤ ᠵᠡᠷᠭᠡ ᠠᠷᠭ᠎ᠠ ᠮᠠᠶᠢᠭ᠎ᠢ ᠠᠪᠴᠤ᠌᠂ 《ᠦᠨᠡᠮᠯᠡᠯ ᠣᠯᠤᠭ᠍ᠰᠠᠨ ᠵᠣᠬᠢᠶᠠᠨ ᠪᠠᠢᠭᠤᠯᠤᠯᠲᠠ᠎ᠶ᠋ᠢᠨ ᠲᠤᠬᠠᠶ᠎ᠶ᠋ᠢᠨ ᠲᠠᠯᠠᠪᠠᠢ ᠤᠨ ᠪᠠᠢᠴᠠᠭᠠᠨ ᠱᠢᠯᠭᠠᠬᠤ ᠬᠥᠲᠥᠯᠪᠦᠷᠢ ᠵᠢᠴᠢ ᠬᠤᠪᠢ ᠲᠣᠭ᠍ᠲᠠᠭᠠᠬᠤ ᠪᠠᠷᠢᠮᠵᠢᠶ᠎ᠠ》 ᠶ᠋ᠢᠨ ᠱᠠᠭᠠᠷᠳᠠᠯᠭ᠎ᠠ ᠶᠣᠰᠣᠭᠠᠷ᠂ ᠦᠨᠡᠮᠯᠡᠯ ᠣᠯᠤᠭ᠍ᠰᠠᠨ ᠵᠣᠬᠢᠶᠠᠨ ᠪᠠᠢᠭᠤᠯᠤᠯᠲᠠ᠎ᠳᠦ ᠵᠤᠷᠪᠤᠰ ᠳᠠᠷᠠᠭᠠᠯᠠᠨ ᠬᠢᠨᠠᠨ ᠬᠠᠷᠭᠤᠭᠤᠯᠬᠤ᠎ᠶ᠋ᠢᠨ ᠬᠠᠮᠲᠤ᠌᠂ ᠦᠨᠡᠮᠯᠡᠯ ᠣᠯᠤᠭ᠍ᠰᠠᠨ ᠵᠣᠬᠢᠶᠠᠨ ᠪᠠᠢᠭᠤᠯᠤᠯᠲᠠ᠎ᠶ᠋ᠢᠨ ᠪᠣᠳᠠᠲᠠᠶ ᠪᠠᠢᠳᠠᠯ᠎ᠢ ᠦᠨᠳᠦᠰᠦᠯᠡᠨ ᠬᠠᠮᠢᠶ᠎ᠠ ᠪᠥᠬᠦᠶ ᠪᠠᠢᠴᠠᠭᠠᠬᠤ ᠠᠭᠤᠯᠭ᠎ᠠ᠎ᠶ᠋ᠢ ᠨᠡᠮᠡᠭ᠌ᠳᠡᠭᠦᠯᠪᠡ᠃ ᠭᠤᠤᠯᠳᠠᠯᠭ᠎ᠠ᠎ᠲᠠᠢ ᠪᠠᠢᠴᠠᠭᠠᠬᠤ ᠨᠢ᠄ ᠭᠡᠷᠡᠴᠢᠯᠡᠭ᠌ᠴᠢ ᠲᠤᠬᠠᠶ᠎ᠶ᠋ᠢᠨ ᠲᠠᠯᠠᠪᠠᠢ᠎ᠲᠤ ᠬᠦᠷᠬᠦ᠌ ᠥᠬᠡᠶ᠂ ᠭᠡᠷᠡᠴᠢᠯᠡᠯ᠎ᠤᠨ ᠲᠠᠩᠰᠠ ᠡᠪᠬᠡᠮᠡᠯ᠎ᠢ ᠬᠠᠭᠤᠷᠮᠠᠭ᠎ᠢᠶᠠᠷ ᠵᠣᠬᠢᠶᠠᠬᠤ᠂ ᠬᠡᠪᠴᠢᠶ᠎ᠡ᠎ᠠᠴᠠ ᠬᠡᠲᠦᠷᠡᠭᠦᠯᠦᠨ ᠭᠡᠷᠡᠴᠢᠯᠡᠬᠦ᠂ ᠭᠡᠷᠡᠴᠢᠯᠡᠯ᠎ᠤᠨ ᠲᠠᠰ ᠳᠠᠷᠠᠭᠠᠯᠠᠯ᠎ᠢ ᠪᠠᠭ᠋ᠠᠰᠭ᠋ᠠᠵᠦ ᠣᠷᠬᠢᠭ᠍ᠳᠠᠭᠤᠯᠬᠤ᠂ ᠭᠡᠷᠡᠴᠢᠯᠡᠯ᠎ᠢ ᠬᠡᠷᠡᠭ᠌ᠵᠢᠭᠦᠯᠬᠦ᠌ ᠶᠠᠪᠤᠴᠠ᠎ᠳᠤ ᠵᠠᠩᠭᠢᠯᠠᠭ᠎ᠠ᠎ᠶ᠋ᠢᠨ ᠶᠠᠪᠤᠴᠠ ᠪᠠ ᠲᠠᠯᠠᠪᠤᠷ ᠭᠠᠵᠠᠷ᠎ᠢ ᠬᠢᠨᠠᠨ ᠬᠠᠷᠭᠤᠭᠤᠯᠤᠭ᠍ᠰᠠᠨ ᠥᠬᠡᠶ᠂ ᠭᠡᠷᠡᠴᠢᠯᠡᠬᠦ ᠲᠤᠭᠲᠠᠭ᠋ᠠᠯ ᠭᠠᠷᠭ᠋ᠠᠭᠰᠠᠨ ᠦᠭᠡᠢ ᠳᠠᠷᠦᠢ ᠭᠡᠷᠡᠴᠢᠯᠡᠯ᠎ᠤᠨ ᠦᠨᠡᠮᠯᠡᠯ ᠣᠯᠭᠤᠭ᠍ᠰᠠᠨ᠂ ᠬᠢᠨᠠᠯᠲᠠ ᠲᠠᠯᠪᠢᠵᠤ ᠬᠢᠨᠠᠨ ᠬᠠᠷᠭᠤᠭᠤᠯᠬᠤ᠎ᠶ᠋ᠢ ᠲᠣᠭ᠍ᠲᠠᠭᠠᠯ ᠶᠣᠰᠣᠭᠠᠷ ᠬᠡᠷᠡᠭ᠌ᠵᠢᠭᠦᠯᠦᠭ᠌ᠰᠡᠨ ᠥᠬᠡᠶ᠂ ᠬᠢᠨᠠᠨ ᠬᠠᠷᠭᠤᠭᠤᠯᠬᠤ ᠴᠠᠭ᠎ᠢ ᠬᠦᠨᠳᠦ ᠨᠣᠴᠢᠲᠠᠶ ᠪᠠᠭ᠋ᠠᠰᠭ᠋ᠠᠵᠦ᠂ ᠬᠢᠨᠠᠨ ᠬᠠᠷᠭᠤᠭᠤᠯᠬᠤ ᠳᠤᠭᠤᠢᠯᠠᠩ᠎ᠨᠢ ᠵᠣᠬᠢᠴᠠᠩᠭᠤᠶ ᠬᠢᠷᠢ ᠬᠡᠮ ᠪᠠ ᠲᠤᠰᠭᠠᠶ ᠮᠡᠷᠭᠡᠵᠢᠯ᠎ᠤᠨ ᠴᠢᠳᠠᠪᠤᠷᠢ᠎ᠶ᠋ᠢ ᠪᠦᠷᠢᠯᠳᠦᠭᠦᠯᠦᠭ᠌ᠰᠡᠨ ᠥᠬᠡᠶ ᠵᠡᠷᠭᠡ ᠦᠢᠯᠡ ᠠᠵᠢᠯᠯᠠᠭ᠎ᠠ ᠃
ᠬᠤᠶᠠᠷ᠂ ᠪᠠᠢᠴᠠᠭᠠᠭ᠍ᠰᠠᠨ ᠦᠷ᠎ᠡ ᠳ᠋ᠦᠩ
ᠪᠠᠢᠴᠠᠭᠠᠭ᠍ᠰᠠᠨ ᠶᠡᠷᠦᠩᠬᠡᠶ ᠪᠠᠢᠳᠠᠯ᠎ᠠᠴᠠ ᠦᠵᠡᠪᠡᠯ᠂ ᠣᠯᠠᠩᠬᠢ ᠭᠡᠷᠡᠴᠢᠯᠡᠯ᠎ᠤᠨ ᠪᠠᠢᠭᠤᠯᠤᠮᠵᠢ᠎ᠨᠢ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠭᠡᠷᠡᠴᠢᠯᠡᠨ ᠵᠥᠪᠱᠢᠶᠡᠷᠡᠬᠦ᠌ ᠳᠦᠷᠢᠮ》᠂ 《ᠭᠡᠷᠡᠴᠢᠯᠡᠯ᠎ᠦᠨ ᠪᠠᠢᠭᠤᠯᠤᠮᠵᠢ᠎ᠶ᠋ᠢᠨ ᠬᠠᠮᠢᠶᠠᠷᠤᠯᠲᠠ᠎ᠶ᠋ᠢᠨ ᠠᠷᠭ᠎ᠠ》 ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭ᠍ᠲᠠᠭᠠᠯ ᠪᠠ ᠭᠡᠷᠡᠴᠢᠯᠡᠯ ᠤᠨ ᠳᠦᠷᠢᠮ᠎ᠤᠨ ᠱᠠᠭᠠᠷᠳᠠᠯᠭ᠎ᠠ ᠶᠣᠰᠣᠭᠠᠷ ᠭᠡᠷᠡᠴᠢᠯᠡᠯ ᠤᠨ ᠠᠵᠢᠯᠯᠠᠭ᠎ᠠ ᠥᠷᠨᠢᠭᠦᠯᠵᠦ᠍᠂ ᠭᠡᠷᠡᠴᠢᠯᠡᠯ᠎ᠤᠨ ᠭᠤᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠤᠬᠠᠮᠰᠠᠷ᠎ᠠᠴᠠ᠎ᠪᠠᠨ ᠭᠦᠢᠴᠡᠳᠭᠡᠵᠦ᠍᠂ ᠭᠡᠷᠡᠴᠢᠯᠡᠯ ᠦᠨ ᠴᠤᠪᠤᠷᠠᠯ ᠢ ᠦᠨᠳᠦᠰᠦᠨ᠎ᠳᠤ᠎ᠪᠠᠨ ᠵᠢᠷᠤᠮᠵᠢᠭᠤᠯᠵᠤ᠂ ᠭᠡᠷᠡᠴᠢᠯᠡᠯ ᠦᠨ ᠲᠠᠩᠰᠠ ᠡᠪᠬᠡᠮᠡᠯ᠎ᠤᠨ ᠬᠠᠮᠢᠶᠠᠷᠤᠯᠲᠠ᠎ᠶ᠋ᠢ ᠨᠡᠯᠢᠶᠡᠳ ᠲᠡᠭᠦᠯᠳᠡᠷᠵᠢᠭᠦᠯᠪᠡ᠃ ᠣᠯᠠᠩᠬᠢ ᠦᠨᠡᠮᠯᠡᠯ ᠣᠯᠤᠭ᠍ᠰᠠᠨ ᠠᠵᠤ ᠠᠬᠤᠢᠯᠠᠯ ᠭᠡᠷᠴᠢᠯᠡᠯᠲᠡᠡᠶᠢᠨ ᠪᠠᠷᠢᠮᠵᠢᠶ᠎ᠠ᠎ᠶᠢ ᠵᠦᠪ ᠣᠢ᠌ᠯᠠᠭ᠋ᠠᠨ ᠬᠡᠷᠡᠭᠯᠡᠵᠦ᠂ ᠶᠠᠰᠤ ᠴᠢᠨᠠᠷ᠎ᠤᠨ ᠬᠠᠮᠢᠶᠠᠷᠤᠯᠲᠠ᠎ᠶ᠋ᠢᠨ ᠲᠣᠭᠲᠠᠯᠴᠠᠭ᠎ᠠ᠂ ᠣᠷᠴᠢᠨ ᠲᠣᠭᠤᠷᠢᠨ᠎ᠤ ᠬᠠᠮᠢᠶᠠᠷᠤᠯᠲᠠ᠎ᠶ᠋ᠢᠨ ᠲᠣᠭᠲᠠᠯᠴᠠᠭ᠎ᠠ ᠵᠡᠷᠭᠡ᠎ᠶ᠋ᠢ ᠪᠠᠢᠭᠤᠯᠤᠭ᠍ᠰᠠᠨ ᠪᠥᠭᠡᠳ ᠭᠡᠷᠡᠴᠢᠯᠡᠬᠦ᠌᠎ᠪᠠᠷ ᠳᠠᠮᠵᠢᠭᠤᠯᠤᠨ ᠲᠣᠰ ᠪᠡᠶ᠎ᠡ᠎ᠶ᠋ᠢᠨ ᠬᠠᠮᠢᠶᠠᠷᠤᠯᠲᠠ᠎ᠶ᠋ᠢᠨ ᠬᠢᠷᠢ ᠲᠦᠪᠰᠢᠨ ᠪᠠ ᠦᠢᠯᠡᠳᠬᠦᠨ᠎ᠤ ᠶᠠᠰᠤ ᠴᠢᠨᠠᠷ᠎ᠢᠶᠠᠨ ᠳᠡᠭᠡᠭ᠌ᠰᠢᠯᠡᠭᠦᠯᠪᠡ; ᠭᠡᠷᠡᠴᠢᠯᠡᠯ᠎ᠤᠨ ᠱᠠᠭᠠᠷᠳᠠᠯᠭ᠎ᠠ ᠶᠣᠰᠣᠭᠠᠷ ᠠᠵᠢᠯᠯᠠᠭᠠᠨ᠎ᠤ ᠬᠠᠮᠢᠶᠠᠷᠤᠯᠲᠠ᠎ᠶ᠋ᠢᠨ ᠲᠣᠭᠲᠠᠯᠴᠠᠭ᠎ᠠ᠎ᠶ᠋ᠢ ᠴᠢᠩᠭ᠎ᠠ ᠵᠢᠷᠤᠮᠯᠠᠨ᠂ ᠲᠣᠭ᠍ᠲᠠᠮᠠᠯ ᠬᠤᠭᠤᠴᠠᠭ᠎ᠠ ᠲᠠᠢ ᠪᠠᠷ ᠳᠣᠲᠣᠭᠠᠳᠤ᠎ᠶ᠋ᠢᠨ ᠬᠢᠨᠠᠨ ᠬᠠᠷᠭᠤᠭᠤᠯᠤᠯᠲᠠ ᠪᠠ ᠬᠠᠮᠢᠶᠠᠷᠤᠯᠲᠠ᠎ᠶ᠋ᠢᠨ ᠬᠢᠨᠠᠨ ᠲᠣᠭ᠍ᠲᠠᠭᠠᠯᠲᠠ᠎ᠶ᠋ᠢ ᠬᠢᠵᠦ᠍᠂ ᠬᠠᠮᠢᠶᠠᠷᠤᠯᠲᠠ᠎ᠶ᠋ᠢᠨ ᠱᠢᠰᠲ᠋ᠧᠮᠵᠢ᠎ᠶ᠋ᠢᠨ ᠪᠦᠳᠦᠮᠵᠢᠳᠤ ᠴᠢᠨᠠᠷ᠎ᠢ ᠦᠷᠭᠦᠯᠵᠢᠯᠡᠨ ᠰᠠᠢᠵᠢᠷᠠᠭᠤᠯᠵᠤ᠂ ᠭᠡᠷᠡᠴᠢᠯᠡᠯ᠎ᠤᠨ ᠦᠨᠡᠮᠯᠡᠯ᠎ᠢ ᠪᠦᠲᠦᠮᠵᠢᠲᠡᠶ ᠪᠠᠲᠤᠯᠠᠪᠠ᠃ ᠭᠡᠪᠡᠴᠦ᠍ ᠵᠠᠷᠢᠮ ᠠᠰᠠᠭᠤᠳᠠᠯ ᠮᠦᠨ ᠣᠷᠣᠱᠢᠵᠤ ᠪᠠᠢᠬᠤ ᠪᠣᠯᠬᠣᠷ ᠵᠢᠷᠤᠮᠵᠢᠭ᠍ᠰᠠᠨ ᠬᠠᠮᠢᠶᠠᠷᠤᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠬᠤ ᠴᠢᠬᠤᠯᠠᠲᠠᠶ᠃
2025 ᠣᠨ᠎ᠳᠤ ᠪᠥᠬᠦ᠌ ᠣᠷᠣᠨ ᠬᠠᠤᠯᠢ ᠬᠡᠷᠡᠭ᠌ᠵᠢᠭᠦᠯᠬᠦ᠌ ᠠᠵᠢᠯᠲᠠᠨ᠎ᠢ ᠨᠡᠢᠲᠡ 503 ᠬᠥᠮᠦᠨ ᠤᠳᠠᠭ᠎ᠠ ᠬᠥᠳᠡᠯᠭᠡᠵᠦ᠍᠂ ᠲᠤᠬᠠᠶ᠎ᠶ᠋ᠢᠨ ᠲᠠᠯᠠᠪᠠᠢ᠎ᠳᠤ 208 ᠡᠷᠦᠬᠡ ᠦᠨᠡᠮᠯᠡᠯ ᠣᠯᠤᠭ᠍ᠰᠠᠨ ᠵᠣᠬᠢᠶᠠᠨ ᠪᠠᠢᠭᠤᠯᠤᠯᠲᠠ᠎ᠶᠢ ᠪᠠᠢ᠌ᠴᠠᠭ᠋ᠠᠪᠠ; 6 ᠡᠷᠦᠬᠡ᠎ᠶᠢᠨ ᠦᠨᠡᠮᠯᠡᠯ ᠨᠢ ᠬᠦᠴᠦᠨ ᠥᠬᠡᠶ ᠪᠣᠯᠣᠭᠰᠠᠨ᠂ 9 ᠡᠷᠦᠬᠡ ᠶᠢᠨ ᠦᠨᠡᠮᠯᠡᠯ ᠤᠨ ᠬᠦᠴᠦᠨ ᠨᠢ ᠲᠦᠷ ᠵᠣᠭᠰᠣᠭ᠋ᠠᠭᠳᠠᠭᠰᠠ᠂ 5 ᠡᠷᠦᠬᠡ ᠨᠢ ᠠᠵᠢᠯ ᠦᠢ᠍ᠯᠡᠳᠪᠦᠷᠢ᠎ᠪᠡᠨ ᠵᠣᠭ᠍ᠰᠣᠭᠠᠭ᠍ᠰᠠᠨ᠂ 3 ᠡᠷᠦᠬᠡ᠎ᠶᠢᠨ ᠵᠠᠰᠠᠭ ᠵᠠᠬᠢᠷᠭᠠᠨ᠎ᠤ ᠬᠤᠪᠢᠶᠠᠷᠢᠯᠠᠯᠲᠠ᠎ᠨᠢ ᠪᠤᠷᠤᠭᠤ᠎ᠲᠠᠢ ᠵᠡᠷᠭᠡ ᠱᠢᠯᠲᠠᠭᠠᠨ᠎ᠠᠴᠠ ᠪᠣᠯᠵᠣ᠂ ᠬᠢᠨᠠᠨ ᠬᠠᠮᠢᠶᠠᠷᠤᠭᠴᠢ ᠡᠴᠡ ᠦᠨᠡᠮᠯᠡᠯ ᠣᠯᠤᠭ᠍ᠰᠠᠨ ᠵᠣᠬᠢᠶᠠᠨ ᠪᠠᠢᠭᠤᠯᠤᠯᠲᠠ᠎ᠳᠦ ᠲᠤᠬᠠᠶ᠎ᠶ᠋ᠢᠨ ᠲᠠᠯᠠᠪᠠᠢ᠎ᠶᠢᠨ ᠪᠠᠢ᠌ᠴᠠᠭ᠋ᠠᠨ ᠰᠢᠯᠭ᠋ᠠᠯᠲᠠ ᠬᠢᠵᠦ ᠳᠡᠢ᠌ᠯᠦᠭᠰᠡᠨ ᠦᠭᠡᠢ᠃ (ᠳᠠᠭᠠᠯᠳᠤᠭᠤᠯᠤᠯ᠎ᠳᠤ ᠦᠵᠡᠭᠡᠷᠡᠢ)᠃
ᠭᠤᠷᠪᠠ᠂ ᠣᠷᠣᠱᠢᠵᠤ ᠪᠠᠢᠭ᠎ᠠ ᠠᠰᠠᠭᠤᠳᠠᠯ
(ᠨᠢᠭᠡ) ᠬᠡᠰᠡᠭ ᠦᠨᠡᠮᠯᠡᠯ ᠣᠯᠣᠭᠰᠠᠨ ᠵᠤᠬᠢᠶᠠᠨ ᠪᠠᠢᠭ᠍ᠤᠯᠤᠯᠲᠠ ᠶᠢᠨ ᠴᠢᠳᠠᠪᠤᠷᠢ᠎ᠶᠢᠨ ᠪᠠᠷᠢᠮᠲᠠᠯᠠᠯᠲᠠ ᠨᠢ ᠬᠦᠷᠦᠯᠴᠡᠬᠦ᠌ ᠦᠭᠡᠢ᠃ ᠠᠵᠤ ᠠᠬᠤᠢᠯᠠᠯ᠎ᠤᠨ ᠬᠠᠷᠢᠭᠤᠴᠠᠯᠭᠠᠲᠠᠨ ᠠᠵᠤ ᠠᠬᠤᠢᠯᠠᠯ᠎ᠤᠨ ᠬᠠᠮᠢᠶᠠᠷᠤᠯᠲᠠ᠎ᠶ᠋ᠢᠨ ᠲᠣᠭᠲᠠᠯᠴᠠᠭ᠎ᠠ᠎ᠶᠢᠨ ᠬᠠᠮᠢᠶ᠎ᠠ ᠪᠥᠬᠦᠶ ᠱᠠᠭᠠᠷᠳᠠᠯᠭ᠎ᠠ᠎ᠶᠢᠨ ᠣᠢ᠌ᠯᠠᠭ᠋ᠠᠯᠲᠠ ᠭᠦᠨᠵᠡᠭᠡᠢ ᠥᠬᠡᠶ; ᠲᠡᠮᠳᠡᠭ᠌ᠯᠡᠯ᠂ ᠪᠢᠴᠢᠭ ᠮᠠᠲ᠋ᠧᠷᠢᠶᠠᠯ᠎ᠤᠨ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠷᠤᠮᠵᠢᠯ ᠥᠬᠡᠶ; ᠳᠣᠲᠣᠭᠠᠳᠤ ᠬᠢᠨᠠᠯᠲᠠ ᠪᠠ ᠬᠠᠮᠢᠶᠠᠷᠤᠯᠲᠠ᠎ᠶ᠋ᠢᠨ ᠬᠢᠨᠠᠨ ᠲᠣᠭ᠍ᠲᠠᠭᠠᠯᠲᠠ ᠲᠡᠭᠦᠯᠳᠡᠷ ᠪᠤᠰᠤ᠂ ᠣᠨᠴᠠ ᠵᠠᠷᠢᠮ ᠦᠨᠡᠮᠯᠡᠯ ᠣᠯᠤᠭ᠍ᠰᠠᠨ ᠵᠣᠬᠢᠶᠠᠨ ᠪᠠᠢᠭᠤᠯᠤᠯᠲᠠ᠎ᠶ᠋ᠢᠨ ᠳᠣᠲᠣᠭᠠᠳᠤ᠎ᠶ᠋ᠢᠨ ᠬᠢᠨᠠᠯᠲᠠ᠎ᠶ᠋ᠢᠨ ᠮᠡᠳᠡᠭᠦᠯᠦᠯᠲᠡ᠂ ᠬᠠᠮᠢᠶᠠᠷᠤᠯᠲᠠ᠎ᠶ᠋ᠢᠨ ᠬᠢᠨᠠᠨ ᠲᠣᠭ᠍ᠲᠠᠭᠠᠯᠲᠠ᠎ᠶ᠋ᠢᠨ ᠮᠡᠳᠡᠭᠦᠯᠦᠯᠲᠡ ᠵᠡᠷᠭᠡ᠎ᠳᠤ ᠭᠠᠷᠤᠨ ᠥᠰᠥᠭ ᠵᠢᠷᠤᠬᠤ᠎ᠨᠢ ᠴᠥᠮ ᠮᠠᠱᠢᠨ᠎ᠢᠶᠠᠷ ᠵᠢᠷᠤᠭᠰᠠᠨ ᠭᠠᠷᠤᠨ ᠥᠰᠥᠭ ᠪᠠᠢ᠌ᠵᠤ᠂ ᠭᠠᠷᠤᠨ ᠥᠰᠥᠭ ᠵᠢᠷᠤᠵᠤ ᠨᠤᠲᠠᠯᠠᠭ᠍ᠰᠠᠨ ᠥᠬᠡᠶ ᠵᠡᠷᠭᠡ ᠃
(ᠬᠤᠶᠠᠷ) ᠭᠡᠷᠡᠴᠢᠯᠡᠯ᠎ᠤᠨ ᠪᠠᠢᠭᠤᠯᠤᠮᠵᠢ᠎ᠶ᠋ᠢᠨ ᠪᠡᠶᠡᠴᠢ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢᠨ ᠦᠵᠡᠯ ᠤᠬᠠᠮᠰᠠᠷ᠎ᠢ ᠤᠯᠠᠮ ᠨᠢᠭᠡ ᠠᠯᠬᠤᠮ ᠴᠢᠩᠭᠠᠳᠭᠠᠬᠤ ᠴᠢᠬᠤᠯᠠᠲᠠᠶ ᠃ ᠣᠨᠴᠠ ᠵᠠᠷᠢᠮ ᠭᠡᠷᠡᠴᠢᠯᠡᠯ᠎ᠤᠨ ᠪᠠᠢᠭᠤᠯᠤᠮᠵᠢ ᠦᠨᠡᠮᠯᠡᠯ ᠣᠯᠭᠤᠭ᠍ᠰᠠᠨᠤ ᠳᠠᠷᠠᠭ᠎ᠠ᠎ᠶᠢᠨ ᠮᠥᠷᠳᠡᠨ ᠬᠢᠨᠠᠯᠲᠠ ᠪᠠᠢ᠌ᠴᠠᠭ᠋ᠠᠯᠲᠠ ᠨᠢ ᠨᠠᠷᠢᠯᠢᠭ ᠪᠤᠰᠤ᠂ ᠦᠨᠡᠮᠯᠡᠯ ᠣᠯᠤᠭ᠍ᠰᠠᠨ ᠵᠣᠬᠢᠶᠠᠨ ᠪᠠᠢᠭᠤᠯᠤᠯᠲᠠ᠎ᠶ᠋ᠢᠨ ᠦᠷᠭᠦᠯᠵᠢᠯᠡᠨ ᠲᠣᠭ᠍ᠲᠠᠭᠠᠯ᠎ᠳᠤ ᠨᠡᠢᠴᠡᠭ᠌ᠰᠡᠨ ᠬᠢᠨᠠᠯᠲᠠ ᠬᠠᠮᠢᠶᠠᠷᠤᠯᠲᠠ᠎ᠶ᠋ᠢᠨ ᠱᠠᠭᠠᠷᠳᠠᠯᠭ᠎ᠠ᠎ᠶ᠋ᠢ ᠪᠦᠲᠦᠮᠵᠢᠲᠡᠶ ᠨᠠᠢᠳᠠᠪᠤᠷᠢᠵᠢᠭᠤᠯᠤᠭ᠍ᠰᠠᠨ ᠥᠬᠡᠶ᠃
ᠳᠥᠷᠪᠡ᠂ ᠱᠢᠢᠳᠪᠦᠷᠢᠯᠡᠬᠦ᠌ ᠠᠷᠭ᠎ᠠ ᠬᠡᠮᠵᠢᠶ᠎ᠡ
(ᠨᠢᠭᠡ) ᠬᠥᠩᠭᠡᠪᠲᠦᠷ ᠠᠰᠠᠭᠤᠳᠠᠯ ᠣᠷᠣᠱᠢᠵᠤ ᠪᠠᠢ᠌ᠭ᠎ᠠ᠎ᠳᠤ ᠨᠢ᠂ ᠦᠨᠡᠮᠯᠡᠯ ᠣᠯᠣᠭᠰᠠᠨ ᠵᠣᠬᠢᠶᠠᠨ ᠪᠠᠢᠭᠤᠯᠤᠯᠲᠠ᠎ᠶ᠋ᠢ ᠪᠠᠷᠢᠨ ᠬᠡᠷᠡᠭᠵᠢᠭᠦᠯᠦᠨ ᠪᠠᠷᠢᠨ ᠥᠭᠡᠷᠡᠴᠢᠯᠡᠬᠦ᠌᠎ᠶ᠋ᠢ ᠱᠠᠭᠠᠷᠳᠠᠨ᠎ᠠ᠃
(ᠬᠤᠶᠠᠷ)ᠡᠩ᠎ᠤᠨ ᠠᠰᠠᠭᠤᠳᠠᠯ ᠣᠷᠣᠱᠢᠵᠤ ᠪᠠᠢ᠌ᠭ᠎ᠠ᠎ᠳᠤ ᠨᠢ᠂ ᠪᠠᠢᠴᠠᠭᠠᠬᠤ ᠠᠵᠢᠯᠲᠠᠨ ᠲᠡᠷᠡ ᠳᠠᠷᠤᠶ ᠳᠤ ᠨᠢ ᠴᠡᠭ᠌ᠴᠡᠯᠡᠨ ᠰᠠᠢᠵᠢᠷᠠᠭᠤᠯᠬᠤ ᠰᠠᠨᠠᠯ ᠳᠣᠷᠠᠳᠨᠠ᠃ ᠭᠡᠷᠡᠴᠢᠯᠡᠯ᠎ᠤᠨ ᠪᠠᠢᠭᠤᠯᠤᠮᠵᠢ᠎ᠶ᠋ᠢ ᠬᠤᠭᠤᠴᠠᠭ᠎ᠠ ᠬᠢᠵᠠᠭᠠᠷᠯᠠᠨ ᠴᠡᠭ᠌ᠴᠡᠯᠡᠨ ᠰᠠᠢᠵᠢᠷᠠᠭᠤᠯᠬᠤ᠎ᠶ᠋ᠢ ᠱᠠᠭᠠᠷᠳᠠᠵᠤ᠂ ᠲᠤᠬᠠᠶ᠎ᠶ᠋ᠢᠨ ᠭᠠᠵᠠᠷ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠤᠪᠴᠢᠶᠠᠨ ᠠᠴᠠ ᠴᠡᠭ᠌ᠴᠡᠯᠡᠨ ᠰᠠᠢᠵᠢᠷᠠᠭᠤᠯᠤᠭ᠍ᠰᠠᠨ ᠪᠠᠢᠳᠠᠯ᠎ᠢ ᠮᠥᠷᠳᠡᠨ ᠳᠠᠬᠢᠨ ᠪᠠᠢᠴᠠᠭᠠᠵᠤ᠂ ᠠᠰᠠᠭᠤᠳᠠᠯ᠎ᠤᠨ ᠪᠦᠲᠦᠮᠵᠢᠲᠡᠶ ᠰᠢᠢ᠍ᠳᠪᠦᠷᠢᠯᠡᠭᠳᠡᠭᠰᠡᠨᠢ ᠦᠨᠡᠨ ᠬᠦ᠌ ᠪᠠᠲᠤᠯᠠᠬᠤ ᠬᠡᠷᠡᠭ᠌ᠲᠡᠶ᠃
(ᠭᠤᠷᠪᠠ) ᠭᠡᠷᠡᠴᠢᠯᠡᠯ᠎ᠤᠨ ᠱᠠᠭᠠᠷᠳᠠᠯᠭ᠎ᠠ᠎ᠳᠤ ᠦᠷᠭᠦᠯᠵᠢᠯᠡᠨ ᠨᠡᠢᠴᠡᠭᠦᠯᠵᠦ᠍ ᠳᠡᠢᠯᠬᠦ᠌ ᠦᠭᠡᠢ ᠳᠦ᠂ ᠲᠡᠭᠦᠨ᠎ᠢ ᠱᠢᠮᠳᠠᠭᠤᠯᠵᠤ ᠪᠠᠢ᠌ᠭ᠋ᠠᠳ ᠭᠡᠷᠡᠴᠢᠯᠡᠯ᠎ᠤᠨ ᠦᠨᠡᠮᠯᠡᠯ᠎ᠢ ᠨᠢ ᠴᠠᠭ ᠲᠤᠬᠠᠢᠳᠤᠨᠢ ᠲᠦᠷ ᠵᠣᠭ᠍ᠰᠣᠭᠠᠬᠤ ᠪᠤᠶᠤ ᠬᠦᠴᠦᠨ ᠦᠭᠡᠢ ᠪᠣᠯᠭᠠᠬᠤ᠎ᠶ᠋ᠢᠨ ᠬᠠᠮᠲᠤ ᠨᠡᠢᠲᠡᠯᠡᠨ᠎ᠡ᠃
ᠲᠠᠪᠤ᠂ ᠲᠠᠷᠠᠭᠠᠴᠢ᠎ᠶ᠋ᠢᠨ ᠠᠯᠬᠤᠮ᠎ᠤᠨ ᠠᠵᠢᠯ᠎ᠤᠨ ᠱᠠᠭᠠᠷᠳᠠᠯᠭ᠎ᠠ
ᠬᠢᠨᠠᠨ ᠬᠠᠮᠢᠶᠠᠷᠬᠤ ᠡᠷᠴᠢᠮ᠎ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠭᠡᠷᠡᠴᠢᠯᠡᠯ᠎ᠤᠨ ᠵᠠᠬ᠎ᠠ ᠳᠡᠯᠭᠡᠭᠦᠷ᠎ᠤᠨ ᠡᠮᠬᠢ ᠳᠢᠭ᠌ᠯᠢᠮ᠎ᠢ ᠬᠠᠮᠠᠭᠠᠯᠠᠨ᠎ᠠ᠃ ᠡᠯ᠎ᠡ ᠠᠢᠮᠠᠭ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠳ ᠭᠡᠷᠡᠴᠢᠯᠡᠯ᠎ᠤᠨ ᠬᠢᠨᠠᠯᠲᠠ ᠬᠠᠮᠢᠶᠠᠷᠤᠯᠲᠠ᠎ᠶ᠋ᠢᠨ ᠡᠭᠦᠷᠭᠡ ᠴᠢᠳᠠᠪᠤᠷᠢ᠎ᠪᠠᠨ ᠴᠢᠩᠭ᠎ᠠ ᠭᠦᠢᠴᠡᠳᠭᠡᠵᠦ᠍᠂ 《ᠬᠣᠶᠠᠷ ᠲᠠᠰᠢᠷᠠᠮ᠂ ᠨᠢᠭᠡ ᠢᠯᠡ 》᠎ᠶᠢᠨ ᠬᠢᠨᠠᠯᠲᠠ ᠪᠠᠢᠴᠠᠭᠠᠯᠲᠠ᠎ᠶ᠋ᠢᠨ ᠪᠠᠢᠳᠠᠯ᠎ᠲᠠᠢ ᠤᠶᠠᠯᠳᠤᠭᠤᠯᠤᠨ᠂ ᠪᠠᠢᠴᠠᠭᠠᠵᠤ ᠢᠯᠡᠷᠡᠭᠦᠯᠦᠭ᠌ᠰᠡᠨ ᠠᠰᠠᠭᠤᠳᠠᠯ᠎ᠢ ᠪᠥᠬᠦ᠌ ᠲᠠᠯ᠎ᠠ ᠪᠠᠷ ᠬᠠᠷᠭᠤᠭᠤᠯᠤᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠵᠤ᠂ ᠭᠡᠷᠡᠴᠢᠯᠡᠯ᠎ᠤᠨ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠬᠦ ᠬᠡᠷᠡᠭ᠌ᠲᠡᠢ᠃ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠢ ᠦᠷᠭᠦᠯᠵᠢᠯᠡᠨ ᠴᠢᠩᠭᠠᠳᠭᠠᠵᠤ᠂ ᠢᠲᠡᠭᠡᠮᠵᠢ᠎ᠶ᠋ᠢᠨ ᠵᠠᠯᠬᠠᠭᠠᠨ ᠴᠡᠭᠡᠷᠯᠡᠭᠦᠯᠬᠦ᠌᠎ᠶ᠋ᠢ ᠴᠢᠩᠭᠠᠳᠭᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ᠎ᠯᠦᠭᠡ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠵᠦ᠂ ᠬᠢᠨᠠᠯᠲᠠ ᠬᠠᠮᠢᠶᠠᠷᠤᠯᠲᠠ᠎ᠶ᠋ᠢᠨ ᠨᠡᠢᠯᠡᠮᠡᠯ ᠬᠦᠴᠦᠨ᠎ᠢ ᠪᠣᠶ ᠪᠤᠯᠠᠭ᠋ᠠᠨ᠂ ᠭᠡᠷᠡᠴᠢᠯᠡᠯ᠎ᠦᠨ ᠵᠠᠬ᠎ᠠ ᠳᠡᠯᠭᠡᠭᠦᠷ᠎ᠤᠨ ᠡᠮᠬᠢ ᠳᠢᠭ᠌ᠯᠢᠮ᠎ᠢ ᠬᠠᠮᠲᠤ ᠪᠡᠷ ᠬᠠᠮᠠᠭ᠋ᠠᠯᠠᠵᠦ᠂ ᠭᠡᠷᠡᠴᠢᠯᠡᠯ᠎ᠦᠨ ᠠᠵᠢᠯ ᠲᠦᠷᠦᠯ᠎ᠦᠨ ᠡᠷᠭᠦᠯ᠎ᠢᠶᠡᠷ ᠬᠦᠭᠵᠢᠬᠦ ᠶᠢ ᠠᠬᠢᠭᠤᠯᠬᠤ ᠬᠡᠷᠡᠭᠲᠡᠢ᠃
ᠦᠨᠡᠮᠯᠡᠯ ᠤᠯᠣᠭᠰᠠᠨ ᠵᠣᠬᠢᠶᠠᠨ ᠪᠠᠢᠭᠤᠯᠤᠯᠲᠠ ᠨᠢ ᠦᠨᠡᠮᠯᠡᠯ᠎ᠦᠨ ᠠᠴᠢ ᠬᠣᠯᠪᠣᠭ᠍ᠳᠠᠯ ᠪᠠ ᠦᠢᠯᠡᠳᠦᠯ᠎ᠢ᠋ ᠵᠥᠪ ᠢᠶᠠᠷ ᠲᠠᠨᠢᠬᠤ ᠬᠡᠷᠡᠭ᠌ᠲᠡᠢ᠃ ᠭᠤᠣᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠭᠡᠵᠦ᠍᠂ ᠭᠡᠷᠡᠴᠢᠯᠡᠯ᠎ᠤᠨ ᠲᠦᠷᠢᠮ ᠪᠠ ᠭᠡᠷᠡᠴᠢᠯᠡᠯ᠎ᠤᠨ ᠦᠨᠳᠦᠰᠦᠨ ᠵᠢᠷᠤᠮᠵᠢᠯ᠎ᠢ ᠤᠬᠠᠮᠰᠠᠷ᠎ᠠᠴᠠ᠎ᠪᠠᠨ ᠵᠢᠷᠤᠮᠯᠠᠨ᠂ ᠭᠡᠷᠡᠴᠢᠯᠡᠯ᠎ᠤᠨ ᠪᠠᠷᠢᠮᠵᠢᠶ᠎ᠠ᠎ᠶ᠋ᠢᠨ ᠱᠠᠭᠠᠷᠳᠠᠯᠭ᠎ᠠ᠎ᠶ᠋ᠢ ᠴᠢᠩᠭ᠎ᠠ ᠵᠢᠷᠤᠮᠯᠠᠨ ᠠᠵᠢᠯᠯᠠᠭᠠᠨ᠎ᠤ ᠬᠠᠮᠢᠶᠠᠷᠤᠯᠲᠠ᠎ᠶ᠋ᠢᠨ ᠲᠣᠭᠲᠠᠯᠴᠠᠭ᠎ᠠ᠎ᠶᠢ ᠪᠠᠢᠭᠤᠯᠵᠤ᠂ ᠦᠢᠯᠡᠳᠪᠦᠷᠢᠯᠡᠯ ᠡᠵᠡᠩᠨᠡᠯᠲᠡ᠎ᠶ᠋ᠢᠨ ᠶᠠᠪᠤᠴᠠ᠎ᠶ᠋ᠢᠨ ᠬᠠᠮᠢᠶᠠᠷᠤᠯᠲᠠ ᠪᠠ ᠡᠵᠡᠮᠳᠡᠯ᠎ᠢ ᠴᠢᠩᠭᠠᠳᠭᠠᠨ᠂ ᠦᠢᠯᠡᠳᠬᠦᠨ᠎ᠤ ᠶᠠᠰᠤ ᠴᠢᠨᠠᠷ ᠪᠠ ᠣᠷᠴᠢᠨ ᠠᠬᠤᠶ᠎ᠶ᠋ᠢᠨ ᠬᠠᠮᠢᠶᠠᠷᠤᠯᠲᠠ᠎ᠶ᠋ᠢᠨ ᠬᠢᠷᠢ ᠲᠦᠪᠰᠢᠨ ᠢ ᠦᠷᠭᠦᠯᠵᠢᠯᠡᠨ ᠳᠡᠭᠡᠭ᠌ᠰᠢᠯᠡᠭᠦᠯᠬᠦ᠌ ᠬᠡᠷᠡᠭ᠌ᠲᠡᠶ᠃
ᠭᠡᠷᠡᠴᠢᠯᠡᠯ᠎ᠤᠨ ᠠᠵᠢᠯᠯᠠᠭ᠎ᠠ᠎ᠶ᠋ᠢ ᠵᠢᠷᠤᠮᠵᠢᠭᠤᠯᠤᠨ᠂ ᠭᠡᠷᠡᠴᠢᠯᠡᠯ᠎ᠤᠨ ᠣᠯᠠᠨ ᠨᠡᠢᠲᠡ᠎ᠶᠢᠨ ᠢᠲᠡᠭᠡᠭᠦᠯᠬᠦ᠌ ᠬᠦᠴᠦᠨ᠎ᠢ ᠳᠡᠭᠡᠭᠰᠢᠯᠡᠭᠦᠯᠦᠨ᠎ᠡ᠃ 《ᠶᠠᠰᠤ ᠴᠢᠨᠠᠷ᠎ᠤᠨ ᠭᠡᠷᠡᠴᠢᠯᠡᠯ᠎ᠦᠨ ᠠᠵᠢᠯ ᠲᠥᠷᠥᠯ᠎ᠤᠨ ᠨᠡᠢᠲᠡ ᠶᠢᠨ ᠢᠲᠡᠭᠡᠭᠦᠯᠬᠦ᠌ ᠬᠦᠴᠦᠨ᠎ᠢ ᠪᠠᠢ᠌ᠭᠤᠯᠬᠤ ᠠᠵᠢᠯᠯᠠᠭᠠᠨ᠎ᠤ ᠲᠥᠰᠥᠯ》 ᠤᠨ ᠱᠠᠭᠠᠷᠳᠠᠯᠭ᠎ᠠ᠎ᠶ᠋ᠢ ᠴᠢᠩᠭ᠎ᠠ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠭᠡᠷᠡᠴᠢᠯᠡᠯ᠎ᠦᠨ ᠪᠠᠢᠭᠤᠯᠤᠮᠵᠢ᠎ᠶ᠋ᠢᠨ ᠭᠤᠣᠯ ᠴᠣᠭ᠍ᠴᠠ᠎ᠶ᠋ᠢᠨ ᠬᠠᠷᠢᠭᠤᠴᠠᠯᠭ᠎ᠠ ᠬᠢᠭᠡᠳ ᠲᠤᠰᠭᠠᠢ ᠮᠡᠷᠭᠡᠵᠢᠯ᠎ᠤᠨ ᠴᠢᠳᠠᠪᠤᠷᠢ᠎ᠶᠢᠨ ᠳᠡᠭᠡᠭᠰᠢᠯᠡᠯᠲᠡ᠎ᠶᠢ ᠪᠣᠲᠠᠲᠠᠢ᠌ᠵᠢᠭᠤᠯᠤᠨ᠂ ᠨᠡᠢᠭᠡᠮ᠎ᠤᠨ ᠬᠠᠷᠢᠭᠤᠴᠠᠯᠭ᠎ᠠ᠎ᠶ᠋ᠢᠨ ᠦᠵᠡᠯ ᠤᠬᠠᠮᠰᠠᠷ᠎ᠢ ᠴᠢᠩᠭᠠᠷᠠᠭᠤᠯᠵᠤ᠂ ᠬᠠᠤᠯᠢ ᠴᠠᠭᠠᠵᠠ ᠬᠠᠤᠯᠢ ᠲᠣᠭ᠍ᠲᠠᠭᠠᠯ᠂ ᠪᠠᠷᠢᠮᠵᠢᠶ᠎ᠠ ᠵᠢᠴᠢ ᠳᠦᠷᠢᠮ᠎ᠤᠨ ᠱᠠᠭᠠᠷᠳᠠᠯᠭ᠎ᠠ᠎ᠶ᠋ᠢ ᠴᠢᠩᠭ᠎ᠠ ᠵᠢᠷᠤᠮᠯᠠᠨ᠂ ᠪᠤᠰᠤᠳᠴᠢ᠎ᠪᠠᠷ ᠪᠡᠶ᠎ᠡ᠎ᠪᠠᠨ ᠳᠠᠭᠠᠭᠠᠭ᠍ᠰᠠᠨ ᠪᠠ ᠢᠯᠡ ᠲᠣᠳᠣ ᠲᠥᠪ ᠭᠤᠣᠯᠴᠢ ᠪᠠᠢᠯᠭᠠᠬᠤ ᠵᠠᠷᠴᠢᠮ᠎ᠢ ᠪᠠᠷᠢᠮᠲᠠᠯᠠᠨ ᠭᠡᠷᠡᠴᠢᠯᠡᠯ ᠢ ᠦᠷᠨᠢᠭᠦᠯᠵᠦ᠂ ᠭᠡᠷᠡᠴᠢᠯᠡᠬᠦ ᠠᠵᠢᠯᠯᠠᠭ᠎ᠠ᠎ᠶ᠋ᠢᠨ ᠬᠠᠤᠯᠢ ᠶᠣᠰᠣᠭᠠᠷ ᠲᠣᠭ᠍ᠲᠠᠭᠠᠯ᠎ᠳᠤ ᠨᠡᠢᠴᠡᠭᠦᠯᠦᠨ ᠶᠠᠪᠤᠭᠳᠠᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃
ᠡᠭᠦᠨ᠎ᠦ ᠲᠤᠯᠠ ᠣᠨᠴᠠᠭᠠᠢᠯᠠᠨ ᠮᠡᠳᠡᠭ᠌ᠳᠡᠪᠡ᠃
ᠳᠠᠭᠠᠯᠳᠤᠭᠤᠯᠤᠯ᠄ 2025 ᠣᠨ᠎ᠤ ᠪᠥᠬᠦ᠌ ᠣᠷᠣᠨ᠎ᠤ ᠭᠡᠷᠡᠴᠢᠯᠡᠯ᠎ᠤᠨ ᠠᠵᠢᠯ ᠡᠷᠭᠢᠯᠡᠬᠦ᠌ ᠪᠠᠢᠭᠤᠯᠤᠮᠵᠢ᠎ᠶ᠋ᠢᠨ 《ᠬᠣᠶᠠᠷ ᠲᠠᠰᠢᠷᠠᠮ᠂ ᠨᠢᠭᠡ ᠢᠯᠡ》 ᠪᠠᠢᠴᠠᠭᠠᠯᠲᠠ᠎ᠶ᠋ᠢᠨ ᠪᠠᠢᠳᠠᠯ᠎ᠤᠨ ᠪᠦᠷᠢᠳᠭᠡᠯ᠎ᠤᠨ ᠬᠦᠰᠦᠨᠦᠭ᠌ᠲᠦ
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠤᠪᠴᠢᠶ᠎ᠠ
2025 ᠣᠨ᠎ᠤ 11 ᠳ᠋ᠦ᠍ᠭᠡᠷ ᠰᠠᠷ᠎ᠠ᠎ᠶ᠋ᠢᠨ 28 ᠤ ᠡᠳᠦᠷ
ᠳᠠᠭᠠᠯᠳᠤᠭᠤᠯᠤᠯ᠎ᠢ ᠪᠠᠭᠤᠯᠭᠠᠬᠤ᠄