2025 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ᠎ᠶᠢᠨ ᠳᠤᠯᠠᠭᠠᠨ᠎ᠢ᠋ ᠬᠠᠳᠠᠭᠠᠯᠠᠬᠤ ᠮᠠᠲ᠋ᠧᠷᠢᠶᠠᠯ᠎ᠤᠨ ᠦᠢᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠨ ᠰᠤᠭᠤᠯᠤᠨ ᠪᠠᠢᠴᠠᠭᠠᠭ᠍ᠰᠠᠨ ᠪᠠᠢᠳᠠᠯ᠎ᠤᠨ ᠲᠤᠬᠠᠶ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠵᠠᠷᠯᠠᠯ
2026-01-12

ᠡᠯ᠎ᠡ ᠠᠢᠮᠠᠭ ᠬᠤᠲᠠ ᠵᠢᠴᠢ ᠮᠠᠨᠵᠤᠤᠷ ᠬᠤᠲᠠ᠂ ᠡᠷᠢᠶᠡᠨ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠄

《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠢᠯᠡᠳᠬᠦᠨ᠎ᠤ ᠶᠠᠰᠤ ᠴᠢᠨᠠᠷ᠎ᠤᠨ ᠬᠠᠤᠯᠢ》 《ᠦᠢᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠨ ᠰᠣᠭᠣᠯᠣᠨ ᠪᠠᠢᠴᠠᠭᠠᠬᠤ ᠬᠠᠮᠢᠶᠠᠷᠤᠯᠲᠠ᠎ᠶ᠋ᠢᠨ ᠲᠦᠷ ᠬᠡᠷᠡᠭ᠌ᠵᠢᠭᠦᠯᠬᠦ᠌ ᠠᠷᠭ᠎ᠠ》 ᠵᠡᠷᠭᠡ ᠬᠠᠤᠯᠢ ᠴᠠᠭᠠᠵᠠ ᠬᠠᠤᠯᠢ ᠲᠣᠭ᠍ᠲᠠᠭᠠᠯ ᠪᠠ ᠳᠦᠷᠢᠮ ᠲᠣᠭ᠍ᠲᠠᠭᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠠᠴᠠ 2025 ᠣᠨ᠎ᠤ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ᠎ᠶᠢᠨ ᠳᠤᠯᠠᠭᠠᠨ᠎ᠢ᠋ ᠬᠠᠳᠠᠭᠠᠯᠠᠬᠤ ᠮᠠᠲ᠋ᠧᠷᠢᠶᠠᠯ᠎ᠤᠨ ᠦᠢᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠨ ᠰᠤᠭᠤᠯᠤᠨ ᠪᠠᠢᠴᠠᠭᠠᠬᠤ ᠠᠵᠢᠯ᠎ᠢ ᠵᠣᠬᠢᠶᠠᠨ ᠪᠠᠢᠭᠤᠯᠤᠨ ᠥᠷᠨᠢᠭᠦᠯᠵᠦ᠍᠂ ᠡᠳᠦᠭᠡ ᠰᠤᠭᠤᠯᠤᠨ ᠪᠠᠢᠴᠠᠭᠠᠭ᠍ᠰᠠᠨ ᠪᠠᠢᠳᠠᠯ᠎ᠢ ᠳᠣᠤᠷᠠᠬᠢ ᠮᠡᠲᠦ ᠵᠠᠷᠯᠠᠶ᠎ᠠ᠄

ᠨᠢᠭᠡ᠂ ᠦᠨᠳᠦᠰᠦᠨ ᠪᠠᠢᠳᠠᠯ

ᠲᠣᠰ ᠤᠳᠠᠭᠠᠨ᠎ᠤ ᠪᠠᠷᠢᠯᠭ᠎ᠠ᠎ᠶ᠋ᠢᠨ ᠳᠤᠯᠠᠭᠠᠨ᠎ᠢ ᠬᠠᠮᠠᠭᠠᠯᠠᠬᠤ ᠮᠠᠲ᠋ᠧᠷᠢᠶᠠᠯ᠎ᠤᠨ ᠦᠢᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠨ ᠰᠤᠭᠤᠯᠤᠨ ᠪᠠᠢ᠌ᠴᠠᠭ᠋ᠠᠬᠤ ᠨᠢ ᠢᠯᠴᠢ ᠬᠥᠨᠳᠡᠢᠷᠡᠭᠦᠯᠬᠦ᠌᠎ᠳᠤ ᠬᠡᠷᠡᠭ᠌ᠯᠡᠬᠦ᠌ ᠪᠥᠭᠡᠭᠡᠨᠡᠷᠡᠯ ᠪᠧᠨᠽᠧᠨᠲᠤ ᠡᠲ᠋ᠧᠨ᠎ᠤ ᠬᠥᠭᠡᠰᠦᠷᠬᠡᠭ ᠰᠦᠯᠢᠶᠣᠣ᠂ ᠪᠠᠷᠢᠯᠭ᠎ᠠ᠎ᠳᠤ ᠬᠡᠷᠡᠭ᠌ᠯᠡᠬᠦ᠌ ᠲᠡᠮᠦᠷᠯᠢᠭ ᠭᠠᠳᠠᠷᠭᠤ᠎ᠶ᠋ᠢᠨ ᠢᠯᠴᠢ ᠬᠥᠨᠳᠡᠢᠷᠡᠭᠦᠯᠬᠦ᠌ ᠬᠠᠪᠴᠢᠭᠤᠷ ᠬᠠᠪᠲᠠᠰᠤ᠂ ᠭᠠᠯ ᠰᠡᠷᠭᠡᠢ᠌ᠯᠡᠵᠦ ᠳᠤᠯᠠᠭᠠᠨ᠎ᠢ ᠬᠠᠮᠠᠭᠠᠯᠠᠬᠤ ᠮᠠᠲ᠋ᠧᠷᠢᠶᠠᠯ (ᠴᠢᠯᠠᠭᠤᠯᠢᠭ ᠬᠦᠪᠦᠩ᠂ ᠬᠦᠳᠡᠷ᠎ᠤᠨ ᠱᠢᠭᠠᠷᠤ ᠬᠥᠪᠥᠩ᠂ ᠴᠠᠬᠢᠭᠤᠷ ᠬᠦᠴᠢᠯ᠎ᠤᠨ ᠬᠥᠩᠭᠡᠨ ᠴᠠᠭᠠᠨ ᠬᠥᠪᠥᠩ) ᠵᠡᠷᠭᠡ ᠦᠢᠯᠡᠳᠬᠦᠨ᠃ ᠨᠡᠢᠲᠡ 67 ᠡᠷᠦᠬᠡ ᠦᠢ᠍ᠯᠡᠳᠪᠦᠷᠢᠯᠡᠯ ᠪᠤᠷᠤᠯᠠᠭᠤᠯᠭ᠎ᠠ᠎ᠶᠢᠨ ᠨᠢᠭᠡᠴᠢ᠎ᠶ᠋ᠢᠨ 131 ᠪᠦᠯᠦᠭ ᠤᠳᠠᠭ᠎ᠠ᠎ᠶ᠋ᠢᠨ ᠦᠢᠯᠡᠳᠬᠦᠨ᠎ᠢ ᠰᠣᠭᠣᠯᠣᠨ ᠪᠠᠢᠴᠠᠭᠠᠵᠤ ᠪᠠᠢ᠌ᠴᠠᠭ᠋ᠠᠨ ᠬᠡᠮᠵᠢᠵᠦ᠂ ᠬᠢᠷᠢ ᠲᠡᠩᠴᠡᠬᠦ᠌ ᠦᠭᠡᠢ ᠦᠢᠯᠡᠳᠬᠦᠨ᠎ᠢ 20 ᠪᠦᠯᠦᠭ ᠤᠳᠠᠭ᠎ᠠ ᠢᠯᠡᠷᠡᠭᠦᠯᠵᠦ᠂ ᠡᠭᠦᠨ᠎ᠳᠤ ᠢᠯᠴᠢ ᠬᠥᠨᠳᠡᠢᠷᠡᠭᠦᠯᠬᠦ᠌᠎ᠳᠤ ᠬᠡᠷᠡᠭ᠌ᠯᠡᠬᠦ᠌ ᠪᠥᠭᠡᠭᠡᠨᠡᠷᠡᠯ ᠪᠧᠨᠽᠧᠨᠲᠤ ᠡᠲ᠋ᠧᠨ᠎ᠤ ᠬᠥᠭᠡᠰᠦᠷᠬᠡᠭ ᠰᠦᠯᠢᠶᠣᠣ 9 ᠪᠦᠯᠦᠭ ᠤᠳᠠᠭ᠎ᠠ᠂ ᠪᠠᠷᠢᠯᠭ᠎ᠠ᠎ᠳᠤ ᠬᠡᠷᠡᠭ᠌ᠯᠡᠬᠦ᠌ ᠲᠡᠮᠦᠷᠯᠢᠭ᠎ᠤᠨ ᠢᠯᠴᠢ ᠬᠥᠨᠳᠡᠢᠷᠡᠭᠦᠯᠬᠦ᠌ ᠬᠠᠪᠴᠢᠭᠤᠷ ᠬᠠᠪᠲᠠᠰᠤ 11 ᠪᠦᠯᠦᠭ ᠤᠳᠠᠭ᠎ᠠ᠂ ᠯᠢᠲ᠋ᠢ᠎ᠶ᠋ᠢᠨ ᠭᠠᠯ ᠰᠡᠷᠭᠡᠢ᠌ᠯᠡᠵᠦ ᠳᠤᠯᠠᠭᠠᠨ᠎ᠢ ᠬᠠᠳᠠᠭᠠᠯᠠᠬᠤ ᠮᠠᠲ᠋ᠧᠷᠢᠶᠠᠯ (ᠴᠢᠯᠠᠭᠤᠯᠢᠭ ᠬᠦᠪᠦᠩ᠂ ᠬᠦᠳᠡᠷ᠎ᠤᠨ ᠱᠢᠭᠠᠷᠤ ᠬᠥᠪᠥᠩ᠂ ᠴᠠᠬᠢᠭᠤᠷ ᠬᠦᠴᠢᠯ᠎ᠤᠨ ᠬᠥᠩᠭᠡᠨ ᠴᠠᠭᠠᠨ ᠬᠦᠪᠦᠩ)᠎ᠳᠦ ᠬᠢᠷᠢ ᠲᠡᠩᠴᠡᠬᠦ᠌ ᠦᠭᠡᠢ ᠦᠢᠯᠡᠳᠬᠦᠨ ᠢᠯᠡᠷᠡᠭᠦᠯᠦᠭ᠌ᠰᠡᠨ ᠦᠭᠡᠢ᠃

ᠬᠤᠶᠠᠷ᠂ ᠰᠤᠭᠤᠯᠤᠨ ᠪᠠᠢᠴᠠᠭᠠᠭ᠍ᠰᠠᠨ ᠦᠷ᠎ᠡ ᠳ᠋ᠦᠩ᠎ᠤᠨ ᠵᠠᠳᠠᠯᠤᠯᠲᠠ

ᠪᠠᠷᠢᠯᠭ᠎ᠠ᠎ᠳᠤ ᠬᠡᠷᠡᠭ᠌ᠯᠡᠬᠦ᠌ ᠲᠡᠮᠦᠷᠯᠢᠭ ᠭᠠᠳᠠᠷᠭᠤ᠎ᠶ᠋ᠢᠨ ᠢᠯᠴᠢ ᠬᠥᠨᠳᠡᠢᠷᠡᠭᠦᠯᠬᠦ᠌ ᠬᠠᠪᠴᠢᠭᠤᠷ ᠬᠠᠪᠲᠠᠰᠤ᠄ ᠲᠣᠰ ᠤᠳᠠᠭ᠎ᠠ ᠬᠥᠬᠡᠬᠤᠲᠠ᠂ ᠪᠤᠭᠤᠲᠤ ᠬᠤᠲᠠ᠂ ᠬᠥᠯᠥᠨ ᠪᠤᠢᠷ ᠬᠤᠲᠠ᠂ ᠬᠢᠩᠭᠠᠨ ᠠᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠱᠢᠯᠢ᠎ᠶ᠋ᠢᠨ ᠭᠤᠤᠯ ᠠᠢᠮᠠᠭ᠂ ᠤᠯᠠᠭᠠᠨᠴᠠᠪ ᠬᠤᠲᠠ᠂ ᠪᠠᠶᠠᠨᠨᠠᠭᠤᠷ ᠬᠤᠲᠠ᠂ ᠦᠬᠠᠶ ᠬᠤᠲᠠ᠂ ᠮᠠᠨᠵᠤᠤᠷ ᠬᠤᠲᠠ᠂ ᠡᠷᠢᠶᠡᠨ ᠬᠤᠲᠠ ᠵᠡᠷᠭᠡ 10 ᠠᠢᠮᠠᠭ ᠬᠤᠲᠠ᠂ 2 ᠲᠥᠯᠥᠪᠯᠡᠭᠡ᠎ᠡᠴᠡ ᠠᠰᠳᠠᠭᠠᠨ ᠵᠢᠭ᠍ᠰᠠᠭᠠᠭ᠍ᠰᠠᠨ ᠬᠤᠲᠠ᠎ᠶ᠋ᠢᠨ 28 ᠡᠷᠦᠬᠡ ᠦᠢᠯᠡᠳᠪᠦᠷᠢᠯᠡᠯ᠎ᠤᠨ ᠨᠢᠭᠡᠴᠢ᠎ᠳᠤ ᠰᠤᠭᠤᠯᠤᠨ ᠪᠠᠢᠴᠠᠭᠠᠯᠲᠠ ᠬᠢᠵᠦ᠍᠂ ᠨᠡᠢᠲᠡ 38 ᠪᠦᠯᠦᠭ ᠣᠳᠠᠭ᠎ᠠ᠎ᠶᠢᠨ ᠦᠢᠯᠡᠳᠬᠦᠨ᠎ᠢ ᠰᠤᠭᠤᠯᠤᠨ ᠪᠠᠢᠴᠠᠭᠠᠵᠤ᠂ ᠰᠣᠭᠣᠯᠣᠨ ᠪᠠᠢ᠌ᠴᠠᠭ᠋ᠠᠬᠤ ᠳᠣᠮᠳᠠ 11 ᠪᠦᠯᠦᠭ ᠤᠳᠠᠭ᠎ᠠ᠎ᠶᠢᠨ ᠦᠢ᠍ᠯᠡᠳᠭᠦᠨ᠎ᠦ ᠬᠢᠷᠢ ᠲᠡᠩᠴᠡᠭᠰᠡᠨ ᠦᠭᠡᠢ ᠪᠠᠢ᠌ᠳᠠᠯ ᠢᠯᠡᠷᠡᠭᠦᠯᠵᠦ᠂ ᠨᠢᠭᠡᠨᠲᠡ ᠬᠠᠷᠢᠶ᠎ᠠ ᠭᠠᠵᠠᠷ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠲᠤ ᠲᠤᠱᠢᠶᠠᠨ ᠱᠢᠶ᠋ᠳᠪᠦᠷᠢᠯᠡᠭᠦᠯᠪᠡ᠃ ᠭᠠᠳᠠᠷ ᠳᠦᠷᠰᠦ᠎ᠶ᠋ᠢᠨ ᠶᠠᠰᠤ ᠴᠢᠨᠠᠷ᠂ ᠬᠡᠮᠵᠢᠶ᠎ᠡ᠎ᠶᠢᠨ ᠵᠦᠪᠰᠢᠶᠡᠷᠡᠯ᠎ᠦᠨ ᠵᠥᠷᠢᠶ᠎ᠡ᠂ ᠢᠯᠴᠢ ᠳᠠᠮᠵᠢᠭᠤᠯᠬᠤ ᠢᠯᠡᠳᠭᠡᠮᠵᠢ᠂ ᠨᠠᠭ᠋ᠠᠯᠳᠤᠩᠬᠢ ᠬᠦᠴᠦᠯᠡᠴᠡ᠂ ᠱᠠᠭ᠋ᠠᠷᠠᠬᠤ ᠴᠢᠳᠠᠮᠵᠢ᠂ ᠱᠢᠲᠠᠮᠠᠬᠠᠶ ᠴᠢᠳᠠᠮᠵᠢ᠂ ᠭᠠᠯ ᠳᠠᠭ᠋ᠠᠭ᠋ᠠᠮᠠᠭ᠋ᠠᠢ᠎ᠶᠢᠨ ᠬᠢᠵᠠᠭᠠᠷ ᠵᠡᠷᠭᠡ ᠲᠥᠷᠥᠯ ᠵᠦᠢᠯ᠎ᠳᠦ ᠭᠣᠤᠯᠳᠠᠯᠭ᠎ᠠ᠎ᠲᠠᠶ ᠱᠢᠯᠭᠠᠨ ᠪᠠᠢᠴᠠᠭᠠᠯᠲᠠ ᠬᠢᠵᠦ᠂ ᠬᠢᠷᠢ ᠲᠡᠩᠴᠡᠬᠦ᠌ ᠦᠭᠡᠢ ᠲᠥᠷᠥᠯ ᠵᠦᠢᠯ᠎ᠨᠢ ᠱᠠᠭ᠋ᠠᠷᠠᠬᠤ ᠴᠢᠳᠠᠮᠵᠢ᠂ ᠨᠠᠭ᠋ᠠᠯᠳᠤᠩᠬᠢ ᠬᠦᠴᠦᠯᠡᠴᠡ᠎ᠳᠤ ᠬᠤᠯᠪᠣᠭ᠍ᠳᠠᠨ᠎ᠠ᠃

ᠢᠯᠴᠢ ᠬᠥᠨᠳᠡᠢᠷᠡᠭᠦᠯᠬᠦ᠌᠎ᠳᠤ ᠬᠡᠷᠡᠭ᠌ᠯᠡᠬᠦ᠌ ᠪᠥᠭᠡᠭᠡᠨᠡᠷᠡᠯ ᠪᠧᠨᠽᠧᠨᠲᠤ ᠡᠲ᠋ᠧᠨ᠎ᠤ ᠬᠥᠭᠡᠰᠦᠷᠬᠡᠭ ᠰᠦᠯᠢᠶᠣᠣ᠄ ᠲᠣᠰ ᠤᠳᠠᠭ᠎ᠠ ᠬᠥᠬᠡᠬᠤᠲᠠ᠂ ᠪᠤᠭᠤᠲᠤ ᠬᠤᠲᠠ᠂ ᠬᠥᠯᠥᠨ ᠪᠤᠢᠷ ᠬᠤᠲᠠ᠂ ᠬᠢᠩᠭᠠᠨ ᠠᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠱᠢᠯᠢ᠎ᠶ᠋ᠢᠨ ᠭᠤᠤᠯ ᠠᠢᠮᠠᠭ᠂ ᠤᠯᠠᠭᠠᠨᠴᠠᠪ ᠬᠤᠲᠠ᠂ ᠪᠠᠶᠠᠨᠨᠠᠭᠤᠷ ᠬᠤᠲᠠ᠂ ᠦᠬᠠᠶ ᠬᠤᠲᠠ᠂ ᠠᠯᠠᠱᠠ ᠠᠢᠮᠠᠭ᠂ ᠮᠠᠨᠵᠤᠤᠷ ᠬᠤᠲᠠ᠂ ᠡᠷᠢᠶᠡᠨ ᠬᠤᠲᠠ ᠵᠡᠷᠭᠡ 11 ᠠᠢᠮᠠᠭ ᠬᠤᠲᠠ᠂ 2 ᠲᠥᠯᠥᠪᠯᠡᠭᠡ᠎ᠡᠴᠡ ᠠᠰᠳᠠᠭᠠᠨ ᠵᠢᠭ᠍ᠰᠠᠭᠠᠭ᠍ᠰᠠᠨ ᠬᠤᠲᠠ᠎ᠶ᠋ᠢᠨ 35 ᠡᠷᠦᠬᠡ ᠦᠢᠯᠡᠳᠪᠦᠷᠢᠯᠡᠯ ᠪᠤᠷᠤᠯᠠᠭᠤᠯᠭ᠎ᠠ᠎ᠶᠢᠨ ᠨᠢᠭᠡᠴᠢ᠎ᠳᠤ ᠰᠤᠭᠤᠯᠤᠨ ᠪᠠᠢᠴᠠᠭᠠᠯᠲᠠ ᠬᠢᠵᠦ᠍᠂ ᠨᠡᠢᠲᠡ 82 ᠪᠦᠯᠦᠭ ᠤᠳᠠᠭ᠎ᠠ᠎ᠶ᠋ᠢᠨ ᠦᠢᠯᠡᠳᠬᠦᠨ᠎ᠢ ᠰᠤᠭᠤᠯᠤᠨ ᠪᠠᠢᠴᠠᠭᠠᠵᠤ᠂ ᠰᠣᠭᠣᠯᠣᠨ ᠪᠠᠢ᠌ᠴᠠᠭ᠋ᠠᠬᠤ ᠳᠣᠮᠳᠠ 9 ᠪᠦᠯᠦᠭ ᠤᠳᠠᠭ᠎ᠠ᠎ᠶᠢᠨ ᠦᠢ᠍ᠯᠡᠳᠭᠦᠨ᠎ᠦ ᠬᠢᠷᠢ ᠲᠡᠩᠴᠡᠭᠰᠡᠨ ᠦᠭᠡᠢ ᠪᠠᠢ᠌ᠳᠠᠯ ᠢᠯᠡᠷᠡᠭᠦᠯᠵᠦ᠂ ᠨᠢᠭᠡᠨᠲᠡ ᠬᠠᠷᠢᠶ᠎ᠠ ᠭᠠᠵᠠᠷ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠲᠤ ᠲᠤᠱᠢᠶᠠᠨ ᠱᠢᠶ᠋ᠳᠪᠦᠷᠢᠯᠡᠭᠦᠯᠪᠡ᠃ ᠭᠠᠳᠠᠷ ᠳᠦᠷᠦᠰᠦ᠎ᠶᠢᠨ ᠱᠠᠭᠠᠷᠳᠠᠯᠭ᠎ᠠ᠂ ᠢᠯᠴᠢ ᠳᠠᠮᠵᠢᠭᠤᠯᠬᠤ ᠢᠯᠡᠳᠭᠡᠮᠵᠢ᠂ ᠥᠩᠭᠡᠨ ᠲᠠᠯ᠎ᠠ᠎ᠶ᠋ᠢᠨ ᠨᠢᠭ᠍ᠲᠠᠴᠠ᠂ ᠠᠪᠴᠢᠯᠲᠠ᠎ᠶ᠋ᠢᠨ ᠬᠡᠮᠵᠢᠶ᠎ᠡ᠂ ᠬᠦᠴᠢᠯᠲᠥ᠋ᠷᠥᠭ᠌ᠴᠢ᠎ᠶ᠋ᠢᠨ ᠵᠢᠭᠠᠯᠲᠠ ᠲᠤᠭ᠎ᠠ᠂ ᠬᠠᠪᠲᠠᠭᠠᠢ᠎ᠶᠢᠨ ᠴᠢᠭ᠌ᠯᠡᠯ᠎ᠢᠶᠡᠷ ᠡᠭᠴᠡᠯᠡᠭᠰᠡᠨ ᠲᠠᠲᠠᠯᠲᠠ᠎ᠶᠢᠨ ᠬᠦᠴᠦᠯᠡᠴᠡ᠂ ᠤᠰᠤ ᠰᠢᠩᠭᠡᠭᠡᠬᠦ ᠬᠡᠮᠵᠢᠶ᠎ᠡ᠂ ᠱᠢᠲᠠᠮᠠᠬᠠᠶ ᠴᠢᠳᠠᠮᠵᠢ᠎ᠶ᠋ᠢᠨ ᠵᠡᠷᠭᠡ ᠳᠡᠰ ᠵᠡᠷᠭᠡ ᠲᠥᠷᠥᠯ ᠵᠦᠢᠯ᠎ᠳᠤ ᠭᠤᠣᠯᠳᠠᠯᠭ᠎ᠠ᠎ᠲᠠᠢ ᠱᠢᠯᠭᠠᠨ ᠪᠠᠢᠴᠠᠭᠠᠯᠲᠠ ᠬᠢᠵᠦ᠂ ᠬᠢᠷᠢ ᠲᠡᠩᠴᠡᠬᠦ᠌ ᠦᠭᠡᠶ ᠲᠥᠷᠥᠯ ᠵᠦᠢᠯ ᠨᠢ ᠭᠠᠳᠠᠷ ᠳᠦᠷᠦᠰᠦ᠎ᠶᠢᠨ ᠱᠠᠭᠠᠷᠳᠠᠯᠭ᠎ᠠ᠂ ᠢᠯᠴᠢ ᠳᠠᠮᠵᠢᠭᠤᠯᠬᠤ ᠢᠯᠡᠳᠭᠡᠮᠵᠢ᠂ ᠠᠪᠴᠢᠯᠲᠠ᠎ᠶ᠋ᠢᠨ ᠬᠡᠮᠵᠢᠶ᠎ᠡ᠂ ᠬᠦᠴᠢᠯᠲᠥ᠋ᠷᠥᠭ᠌ᠴᠢ᠎ᠶ᠋ᠢᠨ ᠵᠢᠭ᠋ᠠᠯᠲᠠ ᠲᠤᠭ᠎ᠠ᠂ ᠱᠢᠲᠠᠮᠠᠬᠠᠶ ᠴᠢᠳᠠᠮᠵᠢ᠎ᠶ᠋ᠢᠨ ᠵᠡᠷᠭᠡ ᠳᠡᠰ᠎ᠲᠦ ᠬᠤᠯᠪᠤᠭᠳᠠᠨ᠎ᠠ ᠃

ᠭᠤᠷᠪᠠ᠂ ᠬᠤᠯᠪᠣᠭ᠍ᠳᠠᠯ ᠪᠦᠬᠦᠢ ᠱᠠᠭᠠᠷᠳᠠᠯᠭ᠎ᠠ

ᠲᠣᠰ ᠤᠳᠠᠭᠠᠨ᠎ᠤ ᠦᠢᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠨ ᠰᠤᠭᠤᠯᠤᠨ ᠪᠠᠢ᠌ᠴᠠᠭ᠋ᠠᠯᠲᠠ᠎ᠳᠤ ᠢᠯᠡᠷᠡᠭᠦᠯᠦᠭ᠌ᠰᠡᠨ ᠠᠰᠠᠭᠤᠳᠠᠯ᠎ᠳᠤ ᠴᠢᠭ᠌ᠯᠡᠭᠦᠯᠦᠨ᠂ ᠡᠯ᠎ᠡ ᠬᠤᠯᠪᠣᠭ᠍ᠳᠠᠯ ᠪᠥᠬᠦᠶ ᠠᠢᠮᠠᠭ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠳ ᠳᠣᠤᠷᠠᠬᠢ ᠮᠡᠲᠦ ᠠᠵᠢᠯ᠎ᠢ ᠰᠠᠢᠲᠤᠷ ᠬᠢᠬᠦ᠌ ᠬᠡᠷᠡᠭ᠌ᠲᠡᠶ᠄

(1) ᠰᠤᠭᠤᠯᠤᠨ ᠪᠠᠢᠴᠠᠭᠠᠭ᠍ᠰᠠᠨ ᠦᠷ᠎ᠡ ᠳ᠋ᠦᠩ᠎ᠤᠨ ᠰᠢᠢ᠍ᠳᠪᠦᠷᠢᠯᠡᠯᠲᠡ᠎ᠶ᠋ᠢ ᠴᠢᠩᠭᠠᠳᠭᠠᠬᠤ ᠬᠡᠷᠡᠭ᠌ᠲᠡᠶ᠃ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠢᠯᠡᠳᠬᠦᠨ᠎ᠤ ᠶᠠᠰᠤ ᠴᠢᠨᠠᠷ᠎ᠤᠨ ᠬᠠᠤᠯᠢ》᠂ 《ᠦᠢᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠨ ᠰᠤᠭᠤᠯᠤᠨ ᠪᠠᠢᠴᠠᠭᠠᠬᠤ ᠬᠠᠮᠢᠶᠠᠷᠤᠯᠲᠠ᠎ᠶ᠋ᠢᠨ ᠲᠦᠷ ᠬᠡᠷᠡᠭ᠌ᠵᠢᠭᠦᠯᠬᠦ᠌ ᠠᠷᠭ᠎ᠠ》 ᠵᠡᠷᠭᠡ ᠬᠤᠯᠪᠣᠭ᠍ᠳᠠᠯ ᠪᠥᠬᠦᠶ ᠱᠠᠭᠠᠷᠳᠠᠯᠭ᠎ᠠ ᠶᠣᠰᠣᠭᠠᠷ᠂ ᠬᠢᠨᠠᠯᠲᠠ ᠲᠠᠯᠪᠢᠨ ᠰᠤᠭᠤᠯᠤᠨ ᠪᠠᠢᠴᠠᠭᠠᠭ᠍ᠰᠠᠨ ᠦᠷ᠎ᠡ ᠳ᠋ᠦᠩ᠎ᠢ ᠱᠢᠢᠳᠪᠦᠷᠢᠯᠡᠬᠦ᠌ ᠠᠵᠢᠯ᠎ᠢ ᠦᠳᠲᠡᠷ ᠲᠦᠷᠭᠡᠨ ᠵᠣᠬᠢᠶᠠᠨ ᠪᠠᠢᠭᠤᠯᠤᠨ ᠰᠠᠢᠲᠤᠷ ᠬᠢᠬᠦ᠌ ᠬᠡᠷᠡᠭ᠌ᠲᠡᠶ᠃ ᠬᠠᠤᠯᠢ ᠶᠣᠰᠣᠭᠠᠷ ᠬᠢᠷᠢ ᠲᠡᠩᠴᠡᠬᠦ᠌ ᠦᠭᠡᠶ ᠦᠢᠯᠡᠳᠬᠦᠨ᠎ᠳᠦ ᠪᠠᠢᠴᠠᠭᠠᠨ ᠪᠢᠲᠡᠭᠦᠮᠵᠢᠯᠡᠬᠦ᠂ ᠪᠠᠷᠢᠴᠠᠭ᠋ᠠᠨ᠎ᠳᠤ ᠦᠯᠡᠳᠡᠭᠡᠬᠦ ᠵᠡᠷᠭᠡ ᠠᠷᠭ᠎ᠠ ᠬᠡᠮᠵᠢᠶ᠎ᠡ ᠠᠪᠴᠤ᠌᠂ ᠦᠢᠯᠡᠳᠪᠦᠷᠢᠯᠡᠵᠦ᠍ ᠪᠣᠷᠣᠯᠠᠭᠤᠯᠬᠤ᠎ᠶ᠋ᠢ ᠴᠢᠩᠭ᠎ᠠ ᠴᠠᠭᠠᠵᠠᠯᠠᠬᠤ ᠬᠡᠷᠡᠭ᠌ᠲᠡᠶ; ᠬᠤᠳᠠᠯ ᠬᠠᠭᠤᠷᠮᠠᠭ᠎ᠢᠶᠠᠷ ᠰᠡᠵᠢᠭ᠌ᠯᠡᠭ᠌ᠳᠡᠭ᠌ᠰᠡᠨ᠎ᠳᠦ ᠲᠤᠬᠠᠶ᠎ᠶ᠋ᠢᠨ ᠲᠠᠯᠠᠪᠠᠢ᠎ᠳᠦ ᠨᠢ ᠪᠠᠢᠴᠠᠭᠠᠬᠤ᠂ ᠪᠠᠢᠳᠠᠯ᠎ᠢ ᠯᠠᠪᠯᠠᠨ ᠠᠰᠠᠭᠤᠬᠤ᠂ ᠭᠡᠷ᠎ᠡ᠎ᠶ᠋ᠢᠨ ᠪᠠᠷᠢᠮᠲᠠ᠎ᠶ᠋ᠢ ᠪᠠᠢᠴᠠᠭᠠᠨ ᠦᠵᠡᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠪᠠᠢᠴᠠᠭᠠᠨ ᠭᠡᠷᠡᠴᠢ ᠠᠪᠴᠤ᠂ ᠬᠠᠤᠯᠢ᠎ᠠᠴᠠ ᠵᠥᠷᠢᠴᠡᠭ᠌ᠰᠡᠨ ᠪᠣᠳᠠᠲᠤ ᠬᠡᠷᠡᠭ᠎ᠢ ᠪᠠᠢᠴᠠᠭᠠᠨ ᠲᠣᠳᠣᠯᠠᠵᠤ᠂ ᠬᠠᠤᠯᠢ ᠶᠣᠰᠣᠭᠠᠷ ᠱᠢᠶ᠋ᠳᠪᠦᠷᠢᠯᠡᠬᠦ᠌ ᠬᠡᠷᠡᠭ᠌ᠲᠡᠶ᠃ ᠬᠢᠷᠢ ᠲᠡᠩᠴᠡᠬᠦ᠌ ᠦᠭᠡᠶ ᠦᠢᠯᠡᠳᠬᠦᠨ᠎ᠢ ᠦᠢ᠍ᠯᠡᠳᠪᠦᠷᠢᠯᠡᠵᠦ ᠪᠤᠷᠤᠯᠠᠭᠤᠯᠵᠦ ᠪᠠᠢ᠌ᠭ᠎ᠠ ᠨᠢᠭᠡᠴᠢ᠎ᠳᠦ ᠴᠡᠭ᠌ᠴᠡᠯᠡᠨ ᠰᠠᠢᠵᠢᠷᠠᠭᠤᠯᠬᠤ ᠱᠠᠭᠠᠷᠳᠠᠯᠭ᠎ᠠ᠎ᠶ᠋ᠢ ᠲᠣᠳᠣᠷᠬᠠᠢᠯᠠᠨ᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ ᠴᠢᠩᠭ᠎ᠠ ᠱᠢᠮᠳᠠᠭᠤᠯᠤᠨ ᠨᠠᠢᠳᠠᠪᠤᠷᠢᠵᠢᠭᠤᠯᠵᠤ᠂ ᠴᠠᠭ ᠲᠤᠬᠠᠶ᠎ᠳᠤ ᠨᠢ ᠵᠣᠬᠢᠶᠠᠨ ᠪᠠᠢᠭᠤᠯᠤᠨ ᠳᠠᠪᠲᠠᠨ ᠪᠠᠢᠴᠠᠭᠠᠬᠤ ᠬᠡᠷᠡᠭ᠌ᠲᠡᠶ; ᠬᠣᠶᠠᠷ ᠤᠳᠠᠭ᠋ᠠᠨ᠎ᠤ ᠰᠤᠭᠤᠯᠤᠨ ᠪᠠᠢ᠌ᠴᠠᠭ᠋ᠠᠯᠲᠠ᠎ᠳᠤ ᠦᠷᠭᠦᠯᠵᠢᠯᠡᠨ ᠬᠢᠷᠢ ᠲᠡᠩᠴᠡᠭᠰᠡᠨ ᠦᠭᠡᠶ ᠪᠤᠷᠤᠯᠠᠭᠤᠯᠭ᠎ᠠ᠎ᠶᠢᠨ ᠨᠢᠭᠡᠴᠢ ᠲᠠᠢ ᠪᠣᠯᠵᠣᠨ ᠶᠠᠷᠢᠯᠴᠠᠬᠤ ᠬᠡᠷᠡᠭ᠌ᠲᠡᠶ᠃ ᠬᠠᠤᠯᠢ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠨᠢ ᠶᠠᠯ᠎ᠠ ᠬᠢᠭ᠌ᠰᠡᠨ ᠰᠡᠵᠢᠭ᠌ᠯᠡᠯᠲᠡᠶ ᠪᠤᠯ᠂ ᠴᠠᠭ ᠲᠤᠬᠠᠶ᠎ᠳᠤ ᠨᠢ ᠬᠠᠤᠯᠢ ᠴᠠᠭᠠᠵᠠ᠎ᠶ᠋ᠢᠨ ᠪᠠᠢᠭᠤᠯᠭ᠎ᠠ᠎ᠳᠤ ᠱᠢᠯᠵᠢᠭᠦᠯᠦᠨ ᠬᠦᠷᠭᠡᠬᠦ᠌ ᠬᠡᠷᠡᠭ᠌ᠲᠡᠶ᠃ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶᠢᠨ ᠮᠥᠷᠳᠡᠨ ᠰᠢᠮᠳᠠᠭᠤᠯᠬᠤ ᠭᠦᠢ᠍ᠴᠡᠳᠭᠡᠯ᠎ᠢᠶᠡᠨ ᠴᠢᠩᠭᠠᠷᠠᠭᠤᠯᠵᠤ᠂ ᠪᠠᠢᠳᠠᠯ᠎ᠢᠶᠠᠨ ᠦᠵᠡᠵᠦ᠍ ᠡᠯ᠎ᠡ ᠭᠠᠵᠠᠷ᠎ᠤᠨ ᠬᠢᠨᠠᠯᠲᠠ ᠲᠠᠯᠪᠢᠨ ᠰᠤᠭᠤᠯᠤᠨ ᠪᠠᠢᠴᠠᠭᠠᠭ᠍ᠰᠠᠨ ᠦᠷ᠎ᠡ ᠳ᠋ᠦᠩ᠎ᠤᠨ ᠱᠢᠢᠳᠪᠦᠷᠢᠯᠡᠭ᠌ᠰᠡᠨ ᠪᠠᠢᠳᠠᠯ᠎ᠢᠶᠠᠨ ᠵᠠᠷᠯᠠᠬᠤ ᠬᠡᠷᠡᠭ᠌ᠲᠡᠢ᠃

(2) ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠱᠠᠭ᠋ᠠᠷᠳᠠᠨ ᠨᠠᠢᠳᠠᠪᠤᠷᠢᠵᠢᠭᠤᠯᠬᠤ ᠬᠡᠷᠡᠭ᠌ᠲᠡᠶ᠃ ᠪᠤᠷᠤᠯᠠᠭᠤᠯᠭ᠎ᠠ᠎ᠶᠢᠨ ᠨᠢᠭᠡᠴᠢ᠎ᠶ᠋ᠢ ᠱᠢᠮᠳᠠᠭᠤᠯᠵᠤ ᠪᠠᠢᠭᠠᠳ ᠶᠠᠰᠤ ᠴᠢᠨᠠᠷ᠎ᠤᠨ ᠠᠮᠤᠷ ᠲᠦᠪᠱᠢᠨ᠎ᠦ ᠭᠣᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠨ᠂ ᠦᠢᠯᠡᠳᠬᠦᠨ᠎ᠤ ᠶᠠᠰᠤ ᠴᠢᠨᠠᠷ᠎ᠤᠨ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠳᠦᠷᠢᠮ᠎ᠤᠨ ᠪᠦᠲᠦᠭᠡᠨ ᠪᠠᠢᠭᠤᠯᠤᠯᠲᠠ᠎ᠶ᠋ᠢᠨ ᠪᠠᠢᠳᠠᠯ᠎ᠳᠤ ᠴᠢᠭ᠌ᠯᠡᠭᠦᠯᠦᠨ᠂ ᠦᠢᠯᠡᠳᠪᠦᠷᠢᠯᠡᠯ᠎ᠤᠨ ᠨᠢᠭᠡᠴᠢ᠎ᠶ᠋ᠢᠨ ᠪᠠᠷᠠᠭ᠎ᠠ ᠣᠷᠣᠭᠤᠯᠬᠤ᠎ᠶ᠋ᠢ ᠪᠠᠢᠴᠠᠭᠠᠨ ᠱᠢᠯᠭᠠᠬᠤ᠂ ᠬᠥᠮᠥᠷᠭᠡ᠎ᠳᠤ ᠣᠷᠣᠭᠣᠯᠬᠣ᠎ᠶᠢ ᠱᠢᠯᠭᠠᠨ ᠠᠪᠬᠤ᠂ ᠦᠢᠯᠡᠳᠪᠦᠷᠢ᠎ᠠᠴᠠ ᠭᠠᠷᠭᠠᠬᠤ᠎ᠶ᠋ᠢ ᠱᠢᠯᠭᠠᠨ ᠪᠠᠢᠴᠠᠭᠠᠬᠤ ᠵᠡᠷᠭᠡ ᠮᠡᠳᠡᠭᠡ ᠵᠠᠩᠭᠢ᠎ᠶᠢᠨ ᠲᠡᠮᠳᠡᠭ᠌ᠯᠡᠭ᠌ᠰᠡᠨ ᠪᠠᠢᠳᠠᠯ᠂ ᠪᠤᠷᠤᠯᠠᠭᠤᠯᠭ᠎ᠠ᠎ᠶᠢᠨ ᠨᠢᠭᠡᠴᠢ᠎ᠶ᠋ᠢᠨ ᠪᠠᠷᠠᠭ᠎ᠠ ᠣᠷᠣᠭᠤᠯᠬᠤ᠎ᠶ᠋ᠢ ᠪᠠᠢᠴᠠᠭᠠᠨ ᠱᠢᠯᠭᠠᠬᠤ᠂ ᠬᠥᠮᠥᠷᠭᠡ᠎ᠳᠤ ᠣᠷᠣᠭᠣᠯᠬᠣ᠎ᠶᠢ ᠱᠢᠯᠭᠠᠨ ᠠᠪᠬᠤ ᠵᠡᠷᠭᠡ ᠮᠡᠳᠡᠭᠡ ᠵᠠᠩᠭᠢ᠎ᠶᠢᠨ ᠲᠡᠮᠳᠡᠭ᠌ᠯᠡᠭ᠌ᠰᠡᠨ ᠪᠠᠢᠳᠠᠯ᠎ᠢ ᠭᠦᠨᠵᠡᠭᠡᠶ ᠵᠢᠭ᠍ᠰᠠᠭᠠᠨ ᠪᠠᠢᠴᠠᠭᠠᠵᠤ᠂ ᠠᠮᠤᠷ ᠲᠦᠪᠱᠢᠨ᠎ᠤ ᠳᠠᠯᠳᠠ ᠭᠡᠮ᠎ᠢ ᠴᠠᠭ ᠲᠤᠬᠠᠶ᠎ᠳᠤ ᠨᠢ ᠴᠡᠭ᠌ᠴᠡᠯᠡᠨ ᠰᠠᠢᠵᠢᠷᠠᠭᠤᠯᠵᠤ᠂ ᠳᠠᠯᠳᠠ ᠠᠶᠤᠯ ᠲᠦᠭ᠌ᠰᠢᠭᠦᠷᠢ᠎ᠶ᠋ᠢ ᠠᠷᠢᠯᠭ᠋ᠠᠨ᠎ᠠ᠃

(3) ᠲᠤᠰᠭᠠᠶ ᠴᠡᠭ᠌ᠴᠡᠯᠡᠨ ᠰᠠᠢ᠌ᠵᠢᠷᠠᠭᠣᠯᠣᠬᠣ ᠠᠵᠢᠯ᠎ᠢ ᠦᠷᠭᠦᠯᠵᠢᠯᠡᠨ ᠥᠷᠨᠢᠭᠦᠯᠬᠦ᠌ ᠬᠡᠷᠡᠭ᠌ᠲᠡᠶ᠃ ᠪᠠᠷᠢᠯᠭ᠎ᠠ᠎ᠶᠢᠨ ᠳᠤᠯᠠᠭᠠᠨ᠎ᠢ᠋ ᠬᠠᠳᠠᠭᠠᠯᠠᠬᠤ ᠮᠠᠲ᠋ᠧᠷᠢᠶᠠᠯ᠎ᠤᠨ ᠦᠢᠯᠡᠳᠬᠦᠨ᠎ᠦ ᠶᠠᠰᠤ ᠴᠢᠨᠠᠷ᠎ᠤᠨ ᠠᠮᠤᠷ ᠲᠦᠪᠱᠢᠨ᠎ᠦ ᠬᠢᠨᠠᠯᠲᠠ ᠬᠠᠮᠢᠶᠠᠷᠤᠯᠲᠠ᠎ᠶ᠋ᠢ ᠭᠦᠨᠵᠡᠭᠡᠶ ᠥᠷᠨᠢᠭᠦᠯᠵᠦ᠍ ᠂ ᠴᠡᠭ᠌ᠴᠡᠯᠡᠨ ᠰᠠᠢ᠌ᠵᠢᠷᠠᠭᠤᠯᠤᠬᠤ ᠡᠬᠡ ᠳᠠᠩᠰᠠ᠎ᠶ᠋ᠢ ᠪᠠᠢᠭᠤᠯᠤᠨ ᠲᠡᠭᠦᠯᠳᠡᠷᠵᠢᠭᠦᠯᠵᠦ᠍᠂ ᠬᠠᠤᠯᠢ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠴᠢᠩᠭ᠎ᠠ ᠱᠢᠶ᠋ᠳᠪᠦᠷᠢᠯᠡᠨ᠂ ᠳᠤᠪᠣᠢ᠌ᠮ᠎ᠠ ᠠᠶᠤᠯ ᠲᠦᠭ᠌ᠰᠢᠭᠦᠷᠢ᠎ᠶ᠋ᠢᠨ ᠳᠠᠯᠳᠠ ᠭᠡᠮ᠎ᠢ ᠠᠷᠢᠯᠭᠠᠵᠤ᠂ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶ᠋ᠢᠨ ᠥᠨᠳᠥᠷ ᠳᠠᠷᠤᠯᠲᠠᠲᠤ ᠪᠠᠢᠳᠠᠯ᠎ᠢ ᠪᠠᠷᠢᠮᠲᠠᠯᠠᠵᠦ᠂ ᠦᠢᠯᠡᠳᠬᠦᠨ᠎ᠦ ᠶᠠᠰᠤ ᠴᠢᠨᠠᠷ᠎ᠤᠨ ᠠᠮᠤᠷ ᠲᠦᠪᠱᠢᠨ᠎ᠦ ᠬᠢᠷᠢ ᠲᠦᠪᠰᠢᠨ᠎ᠢ ᠳᠡᠭᠡᠭ᠌ᠰᠢᠯᠡᠭᠦᠯᠦᠨ᠎ᠡ ᠃

 

ᠳᠠᠭᠠᠯᠳᠤᠭᠤᠯᠤᠯ᠄ 2025 ᠣᠨ᠎ᠤ ᠪᠠᠷᠢᠯᠭ᠎ᠠ᠎ᠶᠢᠨ ᠳᠤᠯᠠᠭᠠᠨ᠎ᠢ᠋ ᠬᠠᠳᠠᠭᠠᠯᠠᠬᠤ ᠮᠠᠲ᠋ᠧᠷᠢᠶᠠᠯ᠎ᠤᠨ ᠦᠢᠯᠡᠳᠬᠦᠨ᠎ᠤ ᠶᠠᠰᠤ ᠴᠢᠨᠠᠷ᠎ᠤᠨ ᠥᠪᠡᠷᠲᠡᠭᠡᠨ ᠵᠠᠰᠠᠬᠤ ᠣᠷᠣᠨ᠎ᠤ ᠬᠢᠨᠠᠯᠲᠠ ᠲᠠᠯᠪᠢᠨ ᠰᠣᠭᠣᠯᠣᠨ ᠪᠠᠢ᠌ᠴᠠᠭ᠋ᠠᠯᠲᠠ᠎ᠳᠤ ᠬᠢᠷᠢ ᠲᠡᠩᠴᠡᠭ᠌ᠰᠡᠨ ᠥᠬᠡᠶ ᠦᠢᠯᠡᠳᠬᠦᠨ ᠵᠢᠴᠢ ᠦᠢ᠍ᠯᠡᠳᠪᠦᠷᠢᠯᠡᠯ ᠪᠤᠷᠤᠯᠠᠭᠤᠯᠭ᠎ᠠ᠎ᠶᠢᠨ ᠨᠢᠭᠡᠴᠢ᠎ᠶ᠋ᠢᠨ ᠨᠡᠷᠡᠰ᠎ᠤᠨ ᠵᠢᠭᠰᠠᠭ᠋ᠠᠯᠲᠠ

 

ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠤᠪᠴᠢᠶ᠎ᠠ

2025 ᠣᠨ᠎ᠤ 12 ᠳ᠋ᠤᠭ᠋ᠠᠷ ᠰᠠᠷ᠎ᠠ᠎ᠶ᠋ᠢᠨ 30᠎ᠤ ᠡᠳᠦᠷ

 

ᠳᠠᠭᠠᠯᠳᠤᠭᠤᠯᠤᠯ᠎ᠢ ᠪᠠᠭᠤᠯᠭᠠᠬᠤ1᠄ ᠳᠠᠭᠠᠯᠳᠤᠭᠤᠯᠤᠯ᠄ 2025 ᠣᠨ᠎ᠤ ᠪᠠᠷᠢᠯᠭ᠎ᠠ᠎ᠶᠢᠨ ᠳᠤᠯᠠᠭᠠᠨ᠎ᠢ᠋ ᠬᠠᠳᠠᠭᠠᠯᠠᠬᠤ ᠮᠠᠲ᠋ᠧᠷᠢᠶᠠᠯ᠎ᠤᠨ ᠦᠢᠯᠡᠳᠬᠦᠨ᠎ᠤ ᠶᠠᠰᠤ ᠴᠢᠨᠠᠷ᠎ᠤᠨ ᠥᠪᠡᠷᠲᠡᠭᠡᠨ ᠵᠠᠰᠠᠬᠤ ᠣᠷᠣᠨ᠎ᠤ ᠬᠢᠨᠠᠯᠲᠠ ᠲᠠᠯᠪᠢᠨ ᠰᠤᠭᠤᠯᠤᠨ ᠪᠠᠢ᠌ᠴᠠᠭ᠋ᠠᠯᠲᠠ᠎ᠳᠤ ᠬᠢᠷᠢ ᠲᠡᠩᠴᠡᠭ᠌ᠰᠡᠨ ᠥᠬᠡᠶ ᠦᠢᠯᠡᠳᠬᠦᠨ ᠵᠢᠴᠢ ᠦᠢ᠍ᠯᠡᠳᠪᠦᠷᠢᠯᠡᠯ ᠪᠤᠷᠤᠯᠠᠭᠤᠯᠭ᠎ᠠ᠎ᠶᠢᠨ ᠨᠢᠭᠡᠴᠢ᠎ᠶ᠋ᠢᠨ ᠨᠡᠷᠡᠰ᠎ᠤᠨ ᠵᠢᠭᠰᠠᠭ᠋ᠠᠯᠲᠠ.xlsx

 

ᠢᠷᠡᠯᠲᠡ᠄ ᠶᠠᠰᠦ ᠴᠢᠨᠠᠷ᠎ᠤᠨ ᠬᠢᠨᠠᠯᠲᠠ ᠬᠠᠮᠢᠶᠠᠷᠣᠯᠲᠠ᠎ᠶᠢᠨ ᠭᠠᠵᠠᠷ