2025 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠦᠳᠡᠯᠮᠦᠷᠢ᠎ᠶᠢᠨ ᠬᠠᠮᠠᠭ᠋ᠠᠯᠠᠯᠲᠠ᠎ᠶ᠋ᠢᠨ ᠬᠡᠷᠡᠭᠰᠡᠯ᠎ᠦᠨ ᠦᠢᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠨ ᠰᠤᠭᠤᠯᠤᠨ ᠪᠠᠢᠴᠠᠭᠠᠭ᠍ᠰᠠᠨ ᠪᠠᠢᠳᠠᠯ᠎ᠤᠨ ᠲᠤᠬᠠᠶ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠵᠠᠷᠯᠠᠯ
2026-01-15

ᠡᠯ᠎ᠡ ᠠᠢᠮᠠᠭ ᠬᠤᠲᠠ ᠵᠢᠴᠢ ᠮᠠᠨᠵᠤᠤᠷ ᠬᠤᠲᠠ᠂ ᠡᠷᠢᠶᠡᠨ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠄

《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠢᠯᠡᠳᠬᠦᠨ᠎ᠤ ᠶᠠᠰᠤ ᠴᠢᠨᠠᠷ᠎ᠤᠨ ᠬᠠᠤᠯᠢ》 《ᠦᠢᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠨ ᠰᠣᠭᠣᠯᠣᠨ ᠪᠠᠢᠴᠠᠭᠠᠬᠤ ᠬᠠᠮᠢᠶᠠᠷᠤᠯᠲᠠ᠎ᠶ᠋ᠢᠨ ᠲᠦᠷ ᠬᠡᠷᠡᠭ᠌ᠵᠢᠭᠦᠯᠬᠦ᠌ ᠠᠷᠭ᠎ᠠ》 ᠵᠡᠷᠭᠡ ᠬᠠᠤᠯᠢ ᠴᠠᠭᠠᠵᠠ ᠬᠠᠤᠯᠢ ᠲᠣᠭ᠍ᠲᠠᠭᠠᠯ ᠪᠠ ᠳᠦᠷᠢᠮ ᠲᠣᠭ᠍ᠲᠠᠭᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠠᠴᠠ 2025 ᠣᠨ᠎ᠤ ᠥᠪᠡᠷᠲᠡᠭᠡᠨ ᠵᠠᠰᠠᠬᠤ ᠣᠷᠣᠨ᠎ᠤ ᠬᠦᠳᠡᠯᠮᠦᠷᠢ᠎ᠶᠢᠨ ᠬᠠᠮᠠᠭ᠋ᠠᠯᠠᠯᠲᠠ᠎ᠶ᠋ᠢᠨ ᠬᠡᠷᠡᠭᠰᠡᠯ᠎ᠦᠨ ᠦᠢᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠨ ᠰᠤᠭᠤᠯᠤᠨ ᠪᠠᠢᠴᠠᠭᠠᠬᠤ ᠠᠵᠢᠯ᠎ᠢ ᠵᠣᠬᠢᠶᠠᠨ ᠪᠠᠢᠭᠤᠯᠤᠨ ᠥᠷᠨᠢᠭᠦᠯᠵᠦ᠍᠂ ᠡᠳᠦᠭᠡ ᠰᠤᠭᠤᠯᠤᠨ ᠪᠠᠢᠴᠠᠭᠠᠭ᠍ᠰᠠᠨ ᠪᠠᠢᠳᠠᠯ᠎ᠢ ᠳᠣᠤᠷᠠᠬᠢ ᠮᠡᠲᠦ ᠵᠠᠷᠯᠠᠶ᠎ᠠ᠄ 

ᠨᠢᠭᠡ᠂ ᠦᠨᠳᠦᠰᠦᠨ ᠪᠠᠢᠳᠠᠯ

ᠲᠣᠰ ᠤᠳᠠᠭᠠᠨ᠎ᠤ ᠬᠥᠳᠡᠯᠮᠦᠷᠢ᠎ᠶ᠋ᠢᠨ ᠬᠠᠮᠠᠭᠠᠯᠠᠯᠲᠠ᠎ᠶ᠋ᠢᠨ ᠬᠡᠷᠡᠭ᠌ᠰᠡᠯ᠎ᠤᠨ ᠦᠢᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠨ ᠰᠤᠭᠤᠯᠤᠨ ᠪᠠᠢᠴᠠᠭᠠᠬᠤ ᠨᠢ ᠠᠶᠤᠯ ᠦᠭᠡᠢ ᠪᠦᠰᠡ᠂ ᠪᠣᠯᠣᠳ ᠳᠡᠭᠡᠰᠦ᠂ ᠬᠠᠮᠠᠭ᠋ᠠᠯᠠᠭᠴᠢ ᠮᠠᠯᠠᠭᠠᠶ᠂ ᠠᠶᠤᠯ ᠦᠭᠡᠢ ᠲᠣᠤᠷ᠂ ᠲᠠᠢ᠌ᠪᠤᠩ ᠴᠠᠬᠢᠯᠭᠠᠨ᠎ᠢ ᠰᠡᠷᠭᠡᠢᠯᠡᠬᠦ᠌ ᠬᠤᠪᠴᠠᠰᠤ ᠵᠡᠷᠭᠡ ᠦᠢᠯᠡᠳᠬᠦᠨ᠃ ᠨᠡᠢᠲᠡ 94 ᠡᠷᠦᠬᠡ ᠪᠣᠷᠣᠯᠠᠭᠤᠯᠭ᠎ᠠ᠎ᠶᠢᠨ ᠨᠢᠭᠡᠴᠢ᠎ᠶ᠋ᠢᠨ 149 ᠪᠦᠯᠦᠭ ᠤᠳᠠᠭ᠎ᠠ᠎ᠶ᠋ᠢᠨ ᠦᠢᠯᠡᠳᠬᠦᠨ᠎ᠢ ᠰᠤᠭᠤᠯᠤᠨ ᠪᠠᠢᠴᠠᠭᠠᠵᠤ᠂ ᠬᠢᠷᠢ ᠲᠡᠩᠴᠡᠬᠦ᠌ ᠦᠭᠡᠢ ᠦᠢᠯᠡᠳᠬᠦᠨ 17 ᠪᠦᠯᠦᠭ ᠤᠳᠠᠭ᠎ᠠ ᠢᠯᠡᠷᠡᠭᠦᠯᠵᠦ᠂ ᠡᠭᠦᠨ᠎ᠳᠤ ᠠᠶᠤᠯ ᠦᠭᠡᠢ ᠲᠣᠣᠷ 15 ᠪᠦᠯᠦᠭ ᠤᠳᠠᠭ᠎ᠠ᠂ ᠬᠠᠮᠠᠭ᠋ᠠᠯᠠᠭᠴᠢ ᠮᠠᠯᠠᠭᠠᠢ 1 ᠪᠦᠯᠦᠭ ᠤᠳᠠᠭ᠎ᠠ᠂ ᠠᠶᠤᠯ ᠦᠭᠡᠢ ᠪᠦᠰᠡ 1 ᠪᠦᠯᠦᠭ ᠤᠳᠠᠭ᠎ᠠ᠃ ᠪᠣᠯᠣᠳ ᠳᠡᠭᠡᠰᠦ᠂ ᠲᠠᠢᠪᠤᠩ ᠴᠠᠬᠢᠯᠭᠠᠨ᠎ᠢ ᠰᠡᠷᠭᠡᠢᠯᠡᠬᠦ᠌ ᠬᠤᠪᠴᠠᠰᠤ ᠵᠡᠷᠭᠡ᠎ᠳᠦ ᠬᠢᠷᠢ ᠲᠡᠩᠴᠡᠬᠦ᠌ ᠦᠭᠡᠢ ᠦᠢᠯᠡᠳᠬᠦᠨ ᠢᠯᠡᠷᠡᠭᠦᠯᠦᠭᠰᠡᠨ ᠦᠭᠡᠢ᠃

ᠬᠤᠶᠠᠷ᠂ ᠰᠤᠭᠤᠯᠤᠨ ᠪᠠᠢᠴᠠᠭᠠᠭ᠍ᠰᠠᠨ ᠦᠷ᠎ᠡ ᠳ᠋ᠦᠩ᠎ᠤᠨ ᠵᠠᠳᠠᠯᠤᠯᠲᠠ

ᠠᠮᠤᠷ ᠲᠦᠪᠱᠢᠨ᠎ᠤ ᠰᠦᠯᠵᠢᠶ᠎ᠡ᠄ ᠲᠣᠰ ᠤᠳᠠᠭ᠎ᠠ ᠬᠥᠬᠡᠬᠤᠲᠠ᠂ ᠪᠤᠭᠤᠲᠤ ᠬᠤᠲᠠ᠂ ᠬᠥᠯᠥᠨ ᠪᠤᠢᠷ ᠬᠤᠲᠠ᠂ ᠱᠢᠯᠢ᠎ᠶ᠋ᠢᠨ ᠭᠤᠤᠯ ᠠᠢᠮᠠᠭ᠂ ᠪᠠᠶᠠᠨᠨᠠᠭᠤᠷ ᠬᠤᠲᠠ ᠵᠡᠷᠭᠡ 5 ᠠᠢᠮᠠᠭ ᠬᠤᠲᠠ᠎ᠶ᠋ᠢᠨ 13 ᠡᠷᠦᠬᠡ ᠪᠣᠷᠣᠯᠠᠭᠤᠯᠭ᠎ᠠ᠎ᠶᠢᠨ ᠨᠢᠭᠡᠴᠢ᠎ᠳᠤ ᠰᠤᠭᠤᠯᠤᠨ ᠪᠠᠢᠴᠠᠭᠠᠯᠲᠠ ᠬᠢᠵᠦ᠍᠂ ᠨᠡᠢᠲᠡ 24 ᠪᠦᠯᠦᠭ ᠤᠳᠠᠭ᠎ᠠ᠎ᠶ᠋ᠢᠨ ᠦᠢᠯᠡᠳᠬᠦᠨ᠎ᠢ ᠰᠤᠭᠤᠯᠤᠨ ᠪᠠᠢᠴᠠᠭᠠᠵᠤ᠂ ᠰᠣᠭᠣᠯᠣᠨ ᠪᠠᠢ᠌ᠴᠠᠭ᠋ᠠᠬᠤ ᠳᠣᠮᠳᠠ 15 ᠪᠦᠯᠦᠭ ᠤᠳᠠᠭ᠎ᠠ᠎ᠶᠢᠨ ᠦᠢ᠍ᠯᠡᠳᠭᠦᠨ᠎ᠦ ᠬᠢᠷᠢ ᠲᠡᠩᠴᠡᠭᠰᠡᠨ ᠦᠭᠡᠢ ᠪᠠᠢ᠌ᠳᠠᠯ ᠢᠯᠡᠷᠡᠭᠦᠯᠵᠦ᠂ ᠨᠢᠭᠡᠨᠲᠡ ᠬᠠᠷᠢᠶ᠎ᠠ ᠭᠠᠵᠠᠷ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠲᠤ ᠲᠤᠱᠢᠶᠠᠨ ᠱᠢᠶ᠋ᠳᠪᠦᠷᠢᠯᠡᠭᠦᠯᠪᠡ᠃ ᠳᠡᠭᠡᠰᠦ ᠤᠶᠠᠬᠤ ᠵᠠᠢ ᠵᠢᠴᠢ ᠤᠷᠲᠤ᠎ᠶ᠋ᠢᠨ ᠬᠡᠮᠵᠢᠶ᠎ᠡ᠂ ᠱᠢᠷᠪᠥᠰᠥᠨ᠎ᠤ ᠳᠡᠭᠡᠰᠤᠨ᠎ᠤ ᠬᠤᠭᠤᠷᠣᠨᠳᠤᠬᠢ ᠵᠠᠢ᠂ ᠳᠡᠭᠡᠰᠦᠨ᠎ᠤ ᠬᠠᠭᠠᠷᠠᠯ᠎ᠤᠨ ᠬᠦᠴᠦᠡ᠂ ᠳᠠᠭᠠᠷᠢᠯᠲᠠ᠎ᠳᠤ ᠳᠠᠭᠠᠭᠠᠮᠠᠭᠠᠢ ᠴᠢᠳᠠᠮᠵᠢ᠂ ᠰᠢᠲᠠᠯᠲᠠ᠎ᠶ᠋ᠢ ᠬᠤᠷᠢᠭ᠍ᠯᠠᠬᠤ ᠴᠢᠳᠠᠮᠵᠢ᠂ ᠬᠠᠭᠠᠷᠠᠯ᠎ᠤᠨ ᠬᠦᠴᠦᠡ×ᠬᠠᠭᠠᠷᠠᠯ᠎ᠤᠨ ᠰᠤᠨᠤᠯᠲᠠ᠂ ᠱᠠᠲᠤᠯᠢᠭ ᠠᠷᠭ᠎ᠠ᠎ᠪᠠᠷ ᠤᠷᠠᠭᠳᠠᠬᠤ ᠬᠦᠴᠦᠡ᠂ ᠨᠦᠬᠡᠯᠡᠬᠦ ᠴᠠᠭ᠋ᠠᠷᠢᠭ ᠲᠣᠪᠴᠢ᠎ᠶᠢᠨ ᠬᠦᠴᠦᠨ᠂ ᠨᠡᠪᠲᠡᠷᠡᠯᠲᠡ᠎ᠳᠤ ᠳᠠᠭᠠᠭᠠᠮᠠᠭᠠᠢ ᠴᠢᠳᠠᠮᠵᠢ ᠵᠡᠷᠭᠡ ᠲᠥᠷᠥᠯ ᠵᠦᠢᠯ᠎ᠳᠤ ᠭᠤᠣᠯᠳᠠᠯᠭ᠎ᠠ᠎ᠲᠠᠢ᠎ᠪᠠᠷ ᠱᠢᠯᠭᠠᠨ ᠪᠠᠢᠴᠠᠭᠠᠯᠲᠠ ᠬᠢᠵᠦ᠂ ᠬᠢᠷᠢ ᠲᠡᠩᠴᠡᠬᠦ᠌ ᠦᠭᠡᠢ ᠲᠥᠷᠥᠯ ᠵᠦᠢᠯ ᠨᠢ ᠳᠡᠭᠡᠰᠦᠨ᠎ᠤ ᠬᠠᠭᠠᠷᠠᠯ᠎ᠤᠨ ᠬᠦᠴᠦᠡ᠂ ᠬᠠᠭᠠᠷᠠᠯ᠎ᠤᠨ ᠬᠦᠴᠦᠡ×ᠬᠠᠭᠠᠷᠠᠯ᠎ᠤᠨ ᠰᠤᠨᠤᠯᠲᠠ᠂ ᠨᠦᠬᠡᠯᠡᠬᠦ ᠴᠠᠭ᠋ᠠᠷᠢᠭ ᠲᠣᠪᠴᠢ᠎ᠶᠢᠨ ᠬᠦᠴᠦᠨ᠂ ᠳᠠᠭᠠᠷᠢᠯᠲᠠ᠎ᠳ᠋ᠤ ᠳᠠᠭᠠᠭᠠᠮᠠᠭᠠᠢ ᠴᠢᠳᠠᠮᠵᠢ᠎ᠳᠤ ᠬᠤᠯᠪᠤᠭᠳᠠᠨ᠎ᠠ᠃

ᠠᠶᠤᠯ ᠦᠭᠡᠢ ᠪᠦᠰᠡ᠄ ᠲᠣᠰ ᠤᠳᠠᠭ᠎ᠠ ᠬᠥᠬᠡᠬᠤᠲᠠ᠂ ᠬᠥᠯᠥᠨ ᠪᠤᠢᠷ ᠬᠤᠲᠠ᠂ ᠬᠢᠩᠭᠠᠨ ᠠᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠣᠷᠳᠣᠰ ᠬᠤᠲᠠ᠂ ᠦᠬᠠᠶ ᠬᠤᠲᠠ᠂ ᠠᠯᠠᠱᠠ ᠠᠢᠮᠠᠭ ᠵᠡᠷᠭᠡ 8 ᠠᠢᠮᠠᠭ ᠬᠤᠲᠠ᠎ᠶ᠋ᠢᠨ 23 ᠡᠷᠦᠬᠡ ᠪᠣᠷᠣᠯᠠᠭᠤᠯᠭ᠎ᠠ᠎ᠶᠢᠨ ᠨᠢᠭᠡᠴᠢ᠎ᠳᠤ ᠰᠤᠭᠤᠯᠤᠨ ᠪᠠᠢᠴᠠᠭᠠᠯᠲᠠ ᠬᠢᠵᠦ᠍᠂ ᠨᠡᠢᠲᠡ 32 ᠪᠦᠯᠦᠭ ᠤᠳᠠᠭ᠎ᠠ᠎ᠶ᠋ᠢᠨ ᠦᠢᠯᠡᠳᠬᠦᠨ᠎ᠢ ᠰᠤᠭᠤᠯᠤᠨ ᠪᠠᠢᠴᠠᠭᠠᠵᠤ᠂ ᠰᠣᠭᠣᠯᠣᠨ ᠪᠠᠢ᠌ᠴᠠᠭ᠋ᠠᠬᠤ ᠳᠣᠮᠳᠠ 1 ᠪᠦᠯᠦᠭ ᠤᠳᠠᠭ᠎ᠠ᠎ᠶᠢᠨ ᠦᠢ᠍ᠯᠡᠳᠭᠦᠨ᠎ᠦ ᠬᠢᠷᠢ ᠲᠡᠩᠴᠡᠭᠰᠡᠨ ᠦᠭᠡᠢ ᠪᠠᠢ᠌ᠳᠠᠯ ᠢᠯᠡᠷᠡᠭᠦᠯᠵᠦ᠂ ᠨᠢᠭᠡᠨᠲᠡ ᠬᠠᠷᠢᠶ᠎ᠠ ᠭᠠᠵᠠᠷ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠲᠤ ᠲᠤᠱᠢᠶᠠᠨ ᠱᠢᠶ᠋ᠳᠪᠦᠷᠢᠯᠡᠭᠦᠯᠪᠡ᠃ ᠣᠷᠣᠨ ᠪᠦᠰᠡ᠎ᠶ᠋ᠢᠨ ᠠᠶᠣᠯ ᠦᠭᠡᠢ ᠪᠦᠰᠡ᠎ᠶ᠋ᠢᠨ ᠴᠢᠳᠠᠮᠵᠢ᠎ᠶ᠋ᠢᠨ ᠱᠠᠭᠠᠷᠳᠠᠯᠭ᠎ᠠ᠂ ᠪᠦᠰᠡᠯᠢᠭ ᠰᠠᠪᠠᠭ᠎ᠠ᠎ᠪᠠᠷ ᠠᠵᠢᠯᠯᠠᠬᠤ᠎ᠳᠤ ᠠᠶᠤᠯ ᠦᠭᠡᠢ ᠪᠦᠰᠡ᠎ᠶ᠋ᠢᠨ ᠴᠢᠳᠠᠮᠵᠢ᠎ᠶ᠋ᠢᠨ ᠱᠠᠭᠠᠷᠳᠠᠯᠭ᠎ᠠ᠂ ᠤᠨᠠᠵᠤ ᠡᠯᠬᠦᠬᠦ᠌᠎ᠳᠤ ᠠᠶᠤᠯ ᠦᠭᠡᠢ ᠪᠦᠰᠡ᠎ᠶ᠋ᠢᠨ ᠴᠢᠳᠠᠮᠵᠢ᠎ᠶ᠋ᠢᠨ ᠱᠠᠭᠠᠷᠳᠠᠯᠭ᠎ᠠ᠂ ᠠᠶᠤᠯ ᠦᠭᠡᠢ ᠪᠦᠰᠡ᠎ᠶ᠋ᠢᠨ ᠲᠡᠮᠦᠷᠯᠢᠭ ᠰᠡᠯᠪᠢᠭ ᠲᠣᠨᠤᠭ᠎ᠤᠨ ᠢᠳᠡᠭ᠌ᠳᠡᠯ᠎ᠳᠤ ᠳᠠᠭᠠᠭᠠᠮᠠᠭᠠᠢ ᠴᠢᠳᠠᠮᠵᠢ᠂ ᠪᠦᠰᠡᠯᠡᠭᠦᠷ᠎ᠤᠨ ᠲᠣᠭ᠍ᠲᠠᠩᠭᠤᠢ ᠬᠦᠴᠦᠡ᠎ᠦ ᠬᠡᠮᠵᠢᠶ᠎ᠡ ᠵᠡᠷᠭᠡ ᠲᠥᠷᠥᠯ ᠵᠦᠢ᠍ᠯ᠎ᠳᠦ ᠭᠤᠣᠯᠳᠠᠯᠭ᠎ᠠ᠎ᠲᠠᠢ ᠱᠢᠯᠭᠠᠨ ᠪᠠᠢᠴᠠᠭᠠᠯᠲᠠ ᠬᠢᠵᠦ᠂ ᠬᠢᠷᠢ ᠲᠡᠩᠴᠡᠬᠦ᠌ ᠦᠭᠡᠢ ᠲᠥᠷᠥᠯ ᠵᠦᠢᠯ ᠨᠢ ᠠᠶᠤᠯ ᠦᠭᠡᠢ ᠪᠦᠰᠡ᠎ᠶᠢᠨ ᠲᠡᠮᠦᠷᠯᠢᠭ ᠰᠡᠯᠪᠢᠭ ᠲᠣᠨᠣᠭ᠎ᠤ᠋ᠨ ᠢᠳᠡᠭ᠌ᠳᠡᠯ᠎ᠳ᠋ᠦ᠍ ᠳᠠᠭᠠᠭᠠᠮᠠᠭᠠᠢ ᠴᠢᠨᠠᠷ᠎ᠳᠦ ᠬᠤᠯᠪᠤᠭᠳᠠᠨ᠎ᠠ᠃

ᠬᠠᠮᠠᠭ᠋ᠠᠯᠠᠭᠴᠢ ᠮᠠᠯᠠᠭᠠᠶ᠄ ᠲᠣᠰ ᠤᠳᠠᠭ᠎ᠠ ᠬᠥᠬᠡᠬᠤᠲᠠ᠂ ᠪᠤᠭᠤᠲᠤ ᠬᠤᠲᠠ᠂ ᠬᠥᠯᠥᠨ ᠪᠤᠢᠷ ᠬᠤᠲᠠ᠂ ᠬᠢᠩᠭᠠᠨ ᠠᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠱᠢᠯᠢ᠎ᠶ᠋ᠢᠨ ᠭᠤᠤᠯ ᠠᠢᠮᠠᠭ᠂ ᠣᠷᠳᠣᠰ ᠬᠤᠲᠠ᠂ ᠦᠬᠠᠶ ᠬᠤᠲᠠ᠂ ᠠᠯᠠᠱᠠ ᠠᠢᠮᠠᠭ ᠵᠡᠷᠭᠡ 10 ᠠᠢᠮᠠᠭ ᠬᠤᠲᠠ᠎ᠶ᠋ᠢᠨ 26 ᠡᠷᠦᠬᠡ ᠪᠣᠷᠣᠯᠠᠭᠤᠯᠭ᠎ᠠ᠎ᠶᠢᠨ ᠨᠢᠭᠡᠴᠢ᠎ᠳᠤ ᠰᠤᠭᠤᠯᠤᠨ ᠪᠠᠢᠴᠠᠭᠠᠯᠲᠠ ᠬᠢᠵᠦ᠍᠂ ᠨᠡᠢᠲᠡ 34 ᠪᠦᠯᠦᠭ ᠤᠳᠠᠭ᠎ᠠ᠎ᠶ᠋ᠢᠨ ᠦᠢᠯᠡᠳᠬᠦᠨ᠎ᠢ ᠰᠤᠭᠤᠯᠤᠨ ᠪᠠᠢᠴᠠᠭᠠᠵᠤ᠂ ᠰᠣᠭᠣᠯᠣᠨ ᠪᠠᠢ᠌ᠴᠠᠭ᠋ᠠᠬᠤ ᠳᠣᠮᠳᠠ 1 ᠪᠦᠯᠦᠭ ᠤᠳᠠᠭ᠎ᠠ᠎ᠶᠢᠨ ᠦᠢ᠍ᠯᠡᠳᠭᠦᠨ᠎ᠦ ᠬᠢᠷᠢ ᠲᠡᠩᠴᠡᠭᠰᠡᠨ ᠦᠭᠡᠢ ᠪᠠᠢ᠌ᠳᠠᠯ ᠢᠯᠡᠷᠡᠭᠦᠯᠵᠦ᠂ ᠨᠢᠭᠡᠨᠲᠡ ᠬᠠᠷᠢᠶ᠎ᠠ ᠭᠠᠵᠠᠷ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠲᠤ ᠲᠤᠱᠢᠶᠠᠨ ᠱᠢᠶ᠋ᠳᠪᠦᠷᠢᠯᠡᠭᠦᠯᠪᠡ᠃ ᠵᠡᠭᠦᠬᠦ ᠥᠨᠳᠥᠷ᠎ᠦᠨ ᠬᠡᠮᠵᠢᠶ᠎ᠡ᠂ ᠡᠭ᠌ᠴᠡ ᠵᠠᠢ᠂ ᠳᠣᠣᠷ᠎ᠠ ᠡᠷᠡᠦ᠍᠎ᠶ᠋ᠢᠨ ᠪᠦᠰᠡ᠎ᠶᠢᠨ ᠬᠦᠴᠦᠡ᠂ ᠳᠠᠭᠠᠷᠢᠯᠲᠠ᠎ᠶ᠋ᠢᠨ ᠱᠢᠩᠭᠡᠭᠡᠯᠲᠡ᠎ᠶ᠋ᠢᠨ ᠴᠢᠳᠠᠮᠵᠢ᠂ ᠬᠠᠳᠬᠤᠬᠤ᠎ᠳᠦ ᠳᠠᠭᠠᠭᠠᠮᠠᠭᠠᠢ ᠴᠢᠳᠠᠮᠵᠢ ᠵᠡᠷᠭᠡ ᠲᠥᠷᠥᠯ ᠵᠦᠢᠯ᠎ᠳᠦ ᠎ᠭᠤᠣᠯᠳᠠᠯᠭ᠎ᠠ᠎ᠲᠠᠢ ᠪᠠᠢᠴᠠᠭᠠᠯᠲᠠ ᠬᠢᠵᠦ᠂ ᠬᠢᠷᠢ ᠲᠡᠩᠴᠡᠬᠦ᠌ ᠦᠭᠡᠢ ᠲᠥᠷᠥᠯ ᠵᠦᠢᠯ ᠨᠢ ᠳᠠᠭᠠᠷᠢᠯᠲᠠ᠎ᠶᠢᠨ ᠰᠢᠩᠭᠡᠯᠲᠡ᠎ᠶᠢᠨ ᠴᠢᠳᠠᠮᠵᠢ᠂ ᠬᠠᠳᠬᠤᠬᠤ᠎ᠳ᠋ᠦ᠍ ᠳᠠᠭᠠᠭᠠᠮᠠᠭᠠᠢ ᠴᠢᠳᠠᠮᠵᠢ᠎ᠳᠤ ᠬᠣᠯᠪᠣᠭ᠍ᠳᠠᠨ᠎ᠠ᠃

ᠭᠤᠷᠪᠠ᠂ ᠬᠤᠯᠪᠣᠭ᠍ᠳᠠᠯ ᠪᠦᠬᠦᠢ ᠱᠠᠭᠠᠷᠳᠠᠯᠭ᠎ᠠ

ᠲᠣᠰ ᠤᠳᠠᠭᠠᠨ᠎ᠤ ᠦᠢᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠨ ᠰᠤᠭᠤᠯᠤᠨ ᠪᠠᠢ᠌ᠴᠠᠭ᠋ᠠᠯᠲᠠ᠎ᠳᠤ ᠢᠯᠡᠷᠡᠭᠦᠯᠦᠭ᠌ᠰᠡᠨ ᠠᠰᠠᠭᠤᠳᠠᠯ᠎ᠳᠤ ᠴᠢᠭ᠌ᠯᠡᠭᠦᠯᠦᠨ᠂ ᠡᠯ᠎ᠡ ᠬᠤᠯᠪᠣᠭ᠍ᠳᠠᠯ ᠪᠥᠬᠦᠶ ᠠᠢᠮᠠᠭ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠳ ᠳᠣᠤᠷᠠᠬᠢ ᠮᠡᠲᠦ ᠠᠵᠢᠯ᠎ᠢ ᠰᠠᠢᠲᠤᠷ ᠬᠢᠬᠦ᠌ ᠬᠡᠷᠡᠭ᠌ᠲᠡᠶ᠄

(1) ᠰᠤᠭᠤᠯᠤᠨ ᠪᠠᠢᠴᠠᠭᠠᠭ᠍ᠰᠠᠨ ᠦᠷ᠎ᠡ ᠳ᠋ᠦᠩ᠎ᠤᠨ ᠰᠢᠢ᠍ᠳᠪᠦᠷᠢᠯᠡᠯᠲᠡ᠎ᠶ᠋ᠢ ᠴᠢᠩᠭᠠᠳᠭᠠᠬᠤ ᠬᠡᠷᠡᠭ᠌ᠲᠡᠶ᠃ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠢᠯᠡᠳᠬᠦᠨ᠎ᠤ ᠶᠠᠰᠤ ᠴᠢᠨᠠᠷ᠎ᠤᠨ ᠬᠠᠤᠯᠢ》᠂ 《ᠦᠢᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠨ ᠰᠤᠭᠤᠯᠤᠨ ᠪᠠᠢᠴᠠᠭᠠᠬᠤ ᠬᠠᠮᠢᠶᠠᠷᠤᠯᠲᠠ᠎ᠶ᠋ᠢᠨ ᠲᠦᠷ ᠬᠡᠷᠡᠭ᠌ᠵᠢᠭᠦᠯᠬᠦ᠌ ᠠᠷᠭ᠎ᠠ》 ᠵᠡᠷᠭᠡ ᠬᠤᠯᠪᠣᠭ᠍ᠳᠠᠯ ᠪᠥᠬᠦᠶ ᠱᠠᠭᠠᠷᠳᠠᠯᠭ᠎ᠠ ᠶᠣᠰᠣᠭᠠᠷ᠂ ᠬᠢᠨᠠᠯᠲᠠ ᠲᠠᠯᠪᠢᠨ ᠰᠤᠭᠤᠯᠤᠨ ᠪᠠᠢᠴᠠᠭᠠᠭ᠍ᠰᠠᠨ ᠦᠷ᠎ᠡ ᠳ᠋ᠦᠩ᠎ᠢ ᠱᠢᠢᠳᠪᠦᠷᠢᠯᠡᠬᠦ᠌ ᠠᠵᠢᠯ᠎ᠢ ᠦᠳᠲᠡᠷ ᠲᠦᠷᠭᠡᠨ ᠵᠣᠬᠢᠶᠠᠨ ᠪᠠᠢᠭᠤᠯᠤᠨ ᠰᠠᠢᠲᠤᠷ ᠬᠢᠬᠦ᠌ ᠬᠡᠷᠡᠭ᠌ᠲᠡᠶ᠃ ᠬᠠᠤᠯᠢ ᠶᠣᠰᠣᠭᠠᠷ ᠬᠢᠷᠢ ᠲᠡᠩᠴᠡᠬᠦ᠌ ᠦᠭᠡᠶ ᠦᠢᠯᠡᠳᠬᠦᠨ᠎ᠳᠦ ᠪᠠᠢᠴᠠᠭᠠᠨ ᠪᠢᠲᠡᠭᠦᠮᠵᠢᠯᠡᠬᠦ᠂ ᠪᠠᠷᠢᠴᠠᠭ᠋ᠠᠨ᠎ᠳᠤ ᠦᠯᠡᠳᠡᠭᠡᠬᠦ ᠵᠡᠷᠭᠡ ᠠᠷᠭ᠎ᠠ ᠬᠡᠮᠵᠢᠶ᠎ᠡ ᠠᠪᠴᠤ᠌᠂ ᠦᠢᠯᠡᠳᠪᠦᠷᠢᠯᠡᠵᠦ᠍ ᠪᠣᠷᠣᠯᠠᠭᠤᠯᠬᠤ᠎ᠶ᠋ᠢ ᠴᠢᠩᠭ᠎ᠠ ᠴᠠᠭᠠᠵᠠᠯᠠᠬᠤ ᠬᠡᠷᠡᠭ᠌ᠲᠡᠶ; ᠬᠤᠳᠠᠯ ᠬᠠᠭᠤᠷᠮᠠᠭ᠎ᠢᠶᠠᠷ ᠰᠡᠵᠢᠭ᠌ᠯᠡᠭ᠌ᠳᠡᠭ᠌ᠰᠡᠨ᠎ᠳᠦ ᠲᠤᠬᠠᠶ᠎ᠶ᠋ᠢᠨ ᠲᠠᠯᠠᠪᠠᠢ᠎ᠲᠤ ᠨᠢ ᠪᠠᠢᠴᠠᠭᠠᠬᠤ᠂ ᠪᠠᠢᠳᠠᠯ᠎ᠢ ᠯᠠᠪᠯᠠᠨ ᠠᠰᠠᠭᠤᠬᠤ᠂ ᠭᠡᠷ᠎ᠡ᠎ᠶ᠋ᠢᠨ ᠪᠠᠷᠢᠮᠲᠠ᠎ᠶ᠋ᠢ ᠪᠠᠢᠴᠠᠭᠠᠨ ᠦᠵᠡᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠪᠠᠢᠴᠠᠭᠠᠨ ᠭᠡᠷᠡᠴᠢ ᠠᠪᠴᠤ᠂ ᠬᠠᠤᠯᠢ᠎ᠠᠴᠠ ᠵᠥᠷᠢᠴᠡᠭ᠌ᠰᠡᠨ ᠪᠣᠳᠠᠲᠤ ᠬᠡᠷᠡᠭ᠎ᠢ ᠪᠠᠢᠴᠠᠭᠠᠨ ᠲᠣᠳᠣᠯᠠᠵᠤ᠂ ᠬᠠᠤᠯᠢ ᠶᠣᠰᠣᠭᠠᠷ ᠱᠢᠶ᠋ᠳᠪᠦᠷᠢᠯᠡᠬᠦ᠌ ᠬᠡᠷᠡᠭ᠌ᠲᠡᠶ᠃ ᠬᠢᠷᠢ ᠲᠡᠩᠴᠡᠬᠦ᠌ ᠦᠭᠡᠶ ᠦᠢᠯᠡᠳᠬᠦᠨ᠎ᠢ ᠦᠢ᠍ᠯᠡᠳᠪᠦᠷᠢᠯᠡᠵᠦ ᠪᠤᠷᠤᠯᠠᠭᠤᠯᠵᠦ ᠪᠠᠢ᠌ᠭ᠎ᠠ ᠨᠢᠭᠡᠴᠢ᠎ᠳᠦ ᠴᠡᠭ᠌ᠴᠡᠯᠡᠨ ᠰᠠᠢᠵᠢᠷᠠᠭᠤᠯᠬᠤ ᠱᠠᠭᠠᠷᠳᠠᠯᠭ᠎ᠠ᠎ᠶ᠋ᠢ ᠲᠣᠳᠣᠷᠬᠠᠢᠯᠠᠨ᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ ᠴᠢᠩᠭ᠎ᠠ ᠱᠢᠮᠳᠠᠭᠤᠯᠤᠨ ᠨᠠᠢᠳᠠᠪᠤᠷᠢᠵᠢᠭᠤᠯᠵᠤ ᠂ ᠴᠠᠭ ᠲᠤᠬᠠᠶ᠎ᠳᠤ ᠨᠢ ᠵᠣᠬᠢᠶᠠᠨ ᠪᠠᠢᠭᠤᠯᠤᠨ ᠳᠠᠪᠲᠠᠨ ᠪᠠᠢᠴᠠᠭᠠᠬᠤ ᠬᠡᠷᠡᠭ᠌ᠲᠡᠶ; ᠬᠣᠶᠠᠷ ᠤᠳᠠᠭ᠋ᠠᠨ᠎ᠤ ᠰᠤᠭᠤᠯᠤᠨ ᠪᠠᠢ᠌ᠴᠠᠭ᠋ᠠᠯᠲᠠ᠎ᠳᠤ ᠦᠷᠭᠦᠯᠵᠢᠯᠡᠨ ᠬᠢᠷᠢ ᠲᠡᠩᠴᠡᠭᠰᠡᠨ ᠦᠭᠡᠶ ᠪᠤᠷᠤᠯᠠᠭᠤᠯᠭ᠎ᠠ᠎ᠶᠢᠨ ᠨᠢᠭᠡᠴᠢ ᠲᠠᠢ ᠪᠣᠯᠵᠣᠨ ᠶᠠᠷᠢᠯᠴᠠᠬᠤ ᠬᠡᠷᠡᠭ᠌ᠲᠡᠶ᠃ ᠬᠠᠤᠯᠢ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠨᠢ ᠶᠠᠯ᠎ᠠ ᠬᠢᠭ᠌ᠰᠡᠨ ᠰᠡᠵᠢᠭ᠌ᠯᠡᠯᠲᠡᠶ ᠪᠤᠯ᠂ ᠴᠠᠭ ᠲᠤᠬᠠᠶ᠎ᠳᠤ ᠨᠢ ᠬᠠᠤᠯᠢ ᠴᠠᠭᠠᠵᠠ᠎ᠶ᠋ᠢᠨ ᠪᠠᠢᠭᠤᠯᠭ᠎ᠠ᠎ᠳᠤ ᠱᠢᠯᠵᠢᠭᠦᠯᠦᠨ ᠬᠦᠷᠭᠡᠬᠦ᠌ ᠬᠡᠷᠡᠭ᠌ᠲᠡᠶ᠃ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶᠢᠨ ᠮᠥᠷᠳᠡᠨ ᠰᠢᠮᠳᠠᠭᠤᠯᠬᠤ ᠭᠦᠢ᠍ᠴᠡᠳᠭᠡᠯ᠎ᠢᠶᠡᠨ ᠴᠢᠩᠭᠠᠷᠠᠭᠤᠯᠵᠤ᠂ ᠪᠠᠢᠳᠠᠯ᠎ᠢᠶᠠᠨ ᠦᠵᠡᠵᠦ᠍ ᠡᠯ᠎ᠡ ᠭᠠᠵᠠᠷ᠎ᠤᠨ ᠬᠢᠨᠠᠯᠲᠠ ᠲᠠᠯᠪᠢᠨ ᠰᠤᠭᠤᠯᠤᠨ ᠪᠠᠢᠴᠠᠭᠠᠭ᠍ᠰᠠᠨ ᠦᠷ᠎ᠡ ᠳ᠋ᠦᠩ᠎ᠤᠨ ᠱᠢᠢᠳᠪᠦᠷᠢᠯᠡᠭ᠌ᠰᠡᠨ ᠪᠠᠢᠳᠠᠯ᠎ᠢᠶᠠᠨ ᠵᠠᠷᠯᠠᠬᠤ ᠬᠡᠷᠡᠭ᠌ᠲᠡᠢ᠃

(2) ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠱᠠᠭ᠋ᠠᠷᠳᠠᠨ ᠨᠠᠢᠳᠠᠪᠤᠷᠢᠵᠢᠭᠤᠯᠬᠤ ᠬᠡᠷᠡᠭ᠌ᠲᠡᠶ᠃ ᠪᠤᠷᠤᠯᠠᠭᠤᠯᠭ᠎ᠠ᠎ᠶᠢᠨ ᠨᠢᠭᠡᠴᠢ᠎ᠶ᠋ᠢ ᠱᠢᠮᠳᠠᠭᠤᠯᠵᠤ ᠪᠠᠢᠭᠠᠳ ᠶᠠᠰᠤ ᠴᠢᠨᠠᠷ᠎ᠤᠨ ᠠᠮᠤᠷ ᠲᠦᠪᠱᠢᠨ᠎ᠦ ᠭᠣᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠨ᠂ ᠱᠠᠭᠠᠷᠳᠠᠯᠭ᠎ᠠ ᠶᠣᠰᠣᠭᠠᠷ ᠶᠠᠰᠤ ᠴᠢᠨᠠᠷ᠎ᠤᠨ ᠠᠮᠤᠷ ᠲᠦᠪᠱᠢᠨ᠎ᠦ ᠶᠡᠷᠦᠩᠬᠡᠶ ᠬᠢᠨᠠᠭ᠍ᠴᠢ ᠪᠠ ᠶᠠᠰᠤ ᠴᠢᠨᠠᠷ᠎ᠤᠨ ᠠᠮᠤᠷ ᠲᠦᠪᠱᠢᠨ᠎ᠦ ᠠᠵᠢᠯᠲᠠᠨ ᠎ᠢ ᠲᠤᠬᠢᠷᠠᠭᠤᠯᠤᠨ᠎ᠠ᠃ ᠦᠢᠯᠡᠳᠬᠦᠨ᠎ᠤ ᠶᠠᠰᠤ ᠴᠢᠨᠠᠷ᠎ᠤᠨ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠳᠦᠷᠢᠮ᠎ᠤᠨ ᠪᠦᠲᠦᠭᠡᠨ ᠪᠠᠢᠭᠤᠯᠤᠯᠲᠠ᠎ᠶ᠋ᠢᠨ ᠪᠠᠢᠳᠠᠯ᠎ᠳᠤ ᠴᠢᠭ᠌ᠯᠡᠭᠦᠯᠦᠨ᠂ ᠦᠢᠯᠡᠳᠪᠦᠷᠢᠯᠡᠯ᠎ᠤᠨ ᠨᠢᠭᠡᠴᠢ᠎ᠶ᠋ᠢᠨ ᠪᠠᠷᠠᠭ᠎ᠠ ᠣᠷᠣᠭᠤᠯᠬᠤ᠎ᠶ᠋ᠢ ᠪᠠᠢᠴᠠᠭᠠᠨ ᠱᠢᠯᠭᠠᠬᠤ᠂ ᠬᠥᠮᠥᠷᠭᠡ᠎ᠳᠤ ᠣᠷᠣᠭᠣᠯᠬᠣ᠎ᠶᠢ ᠱᠢᠯᠭᠠᠨ ᠠᠪᠬᠤ᠂ ᠦᠢᠯᠡᠳᠪᠦᠷᠢ᠎ᠠᠴᠠ ᠭᠠᠷᠭᠠᠬᠤ᠎ᠶ᠋ᠢ ᠱᠢᠯᠭᠠᠨ ᠪᠠᠢᠴᠠᠭᠠᠬᠤ ᠵᠡᠷᠭᠡ ᠮᠡᠳᠡᠭᠡ ᠵᠠᠩᠭᠢ᠎ᠶᠢᠨ ᠲᠡᠮᠳᠡᠭ᠌ᠯᠡᠭ᠌ᠰᠡᠨ ᠪᠠᠢᠳᠠᠯ᠂ ᠪᠤᠷᠤᠯᠠᠭᠤᠯᠭ᠎ᠠ᠎ᠶᠢᠨ ᠨᠢᠭᠡᠴᠢ᠎ᠶ᠋ᠢᠨ ᠪᠠᠷᠠᠭ᠎ᠠ ᠣᠷᠣᠭᠤᠯᠬᠤ᠎ᠶ᠋ᠢ ᠪᠠᠢᠴᠠᠭᠠᠨ ᠱᠢᠯᠭᠠᠬᠤ᠂ ᠬᠥᠮᠥᠷᠭᠡ᠎ᠳᠤ ᠣᠷᠣᠭᠣᠯᠬᠣ᠎ᠶᠢ ᠱᠢᠯᠭᠠᠨ ᠠᠪᠬᠤ ᠵᠡᠷᠭᠡ ᠮᠡᠳᠡᠭᠡ ᠵᠠᠩᠭᠢ᠎ᠶᠢᠨ ᠲᠡᠮᠳᠡᠭ᠌ᠯᠡᠭ᠌ᠰᠡᠨ ᠪᠠᠢᠳᠠᠯ᠎ᠢ ᠭᠦᠨᠵᠡᠭᠡᠶ ᠵᠢᠭ᠍ᠰᠠᠭᠠᠨ ᠪᠠᠢᠴᠠᠭᠠᠵᠤ᠂ ᠠᠮᠤᠷ ᠲᠦᠪᠱᠢᠨ᠎ᠤ ᠳᠠᠯᠳᠠ ᠭᠡᠮ᠎ᠢ ᠴᠠᠭ ᠲᠤᠬᠠᠶ᠎ᠳᠤ ᠨᠢ ᠴᠡᠭ᠌ᠴᠡᠯᠡᠨ ᠰᠠᠢᠵᠢᠷᠠᠭᠤᠯᠵᠤ᠂ ᠳᠠᠯᠳᠠ ᠠᠶᠤᠯ ᠲᠦᠭ᠌ᠰᠢᠭᠦᠷᠢ᠎ᠶ᠋ᠢ ᠠᠷᠢᠯᠭ᠋ᠠᠨ᠎ᠠ᠃

(3) ᠲᠤᠰᠭᠠᠶ ᠴᠡᠭ᠌ᠴᠡᠯᠡᠨ ᠰᠠᠢ᠌ᠵᠢᠷᠠᠭᠣᠯᠣᠬᠣ ᠠᠵᠢᠯ᠎ᠢ ᠦᠷᠭᠦᠯᠵᠢᠯᠡᠨ ᠥᠷᠨᠢᠭᠦᠯᠬᠦ᠌ ᠬᠡᠷᠡᠭ᠌ᠲᠡᠶ᠃ ᠬᠦᠳᠡᠯᠮᠦᠷᠢ᠎ᠶᠢᠨ ᠬᠠᠮᠠᠭ᠋ᠠᠯᠠᠯᠲᠠ᠎ᠶ᠋ᠢᠨ ᠬᠡᠷᠡᠭᠰᠡᠯ᠎ᠦᠨ ᠦᠢᠯᠡᠳᠬᠦᠨ᠎ᠦ ᠶᠠᠰᠤ ᠴᠢᠨᠠᠷ᠎ᠤᠨ ᠠᠮᠤᠷ ᠲᠦᠪᠱᠢᠨ᠎ᠦ ᠬᠢᠨᠠᠯᠲᠠ ᠬᠠᠮᠢᠶᠠᠷᠤᠯᠲᠠ᠎ᠶ᠋ᠢ ᠭᠦᠨᠵᠡᠭᠡᠶ ᠥᠷᠨᠢᠭᠦᠯᠵᠦ᠍᠂ ᠴᠡᠭ᠌ᠴᠡᠯᠡᠨ ᠰᠠᠢ᠌ᠵᠢᠷᠠᠭᠤᠯᠤᠬᠤ ᠡᠬᠡ ᠳᠠᠩᠰᠠ᠎ᠶ᠋ᠢ ᠪᠠᠢᠭᠤᠯᠤᠨ ᠲᠡᠭᠦᠯᠳᠡᠷᠵᠢᠭᠦᠯᠵᠦ᠍᠂ ᠬᠠᠤᠯᠢ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠴᠢᠩᠭ᠎ᠠ ᠱᠢᠶ᠋ᠳᠪᠦᠷᠢᠯᠡᠨ᠂ ᠳᠤᠪᠣᠢ᠌ᠮ᠎ᠠ ᠠᠶᠤᠯ ᠲᠦᠭ᠌ᠰᠢᠭᠦᠷᠢ᠎ᠶ᠋ᠢᠨ ᠳᠠᠯᠳᠠ ᠭᠡᠮ ᠎ᠢ ᠠᠷᠢᠯᠭᠠᠵᠤ ᠂ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶ᠋ᠢᠨ ᠥᠨᠳᠥᠷ ᠳᠠᠷᠤᠯᠲᠠᠲᠤ ᠪᠠᠢᠳᠠᠯ᠎ᠢ ᠪᠠᠷᠢᠮᠲᠠᠯᠠᠵᠦ᠂ ᠦᠢᠯᠡᠳᠬᠦᠨ᠎ᠦ ᠶᠠᠰᠤ ᠴᠢᠨᠠᠷ᠎ᠤᠨ ᠠᠮᠤᠷ ᠲᠦᠪᠱᠢᠨ᠎ᠦ ᠬᠢᠷᠢ ᠲᠦᠪᠰᠢᠨ᠎ᠢ ᠳᠡᠭᠡᠭ᠌ᠰᠢᠯᠡᠭᠦᠯᠦᠨ᠎ᠡ ᠃

 

ᠳᠠᠭᠠᠯᠳᠤᠭᠤᠯᠤᠯ᠄ 2025 ᠣᠨ᠎ᠤ ᠬᠦᠳᠡᠯᠮᠦᠷᠢ᠎ᠶᠢᠨ ᠬᠠᠮᠠᠭ᠋ᠠᠯᠠᠯᠲᠠ᠎ᠶ᠋ᠢᠨ ᠬᠡᠷᠡᠭᠰᠡᠯ᠎ᠦᠨ ᠦᠢᠯᠡᠳᠬᠦᠨ᠎ᠤ ᠶᠠᠰᠤ ᠴᠢᠨᠠᠷ᠎ᠤᠨ ᠥᠪᠡᠷᠲᠡᠭᠡᠨ ᠵᠠᠰᠠᠬᠤ ᠣᠷᠣᠨ᠎ᠤ ᠬᠢᠨᠠᠯᠲᠠ ᠲᠠᠯᠪᠢᠨ ᠰᠣᠭᠣᠯᠣᠨ ᠪᠠᠢ᠌ᠴᠠᠭ᠋ᠠᠯᠲᠠ᠎ᠳᠤ ᠬᠢᠷᠢ ᠲᠡᠩᠴᠡᠭ᠌ᠰᠡᠨ ᠥᠬᠡᠶ ᠦᠢᠯᠡᠳᠬᠦᠨ ᠵᠢᠴᠢ ᠦᠢ᠍ᠯᠡᠳᠪᠦᠷᠢᠯᠡᠯ ᠪᠤᠷᠤᠯᠠᠭᠤᠯᠭ᠎ᠠ᠎ᠶᠢᠨ ᠨᠢᠭᠡᠴᠢ᠎ᠶ᠋ᠢᠨ ᠨᠡᠷᠡᠰ᠎ᠤᠨ ᠵᠢᠭᠰᠠᠭ᠋ᠠᠯᠲᠠ

 

ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠤᠪᠴᠢᠶ᠎ᠠ

2025 ᠣᠨ᠎ᠤ 12 ᠳ᠋ᠤᠭ᠋ᠠᠷ ᠰᠠᠷ᠎ᠠ᠎ᠶ᠋ᠢᠨ 30᠎ᠤ ᠡᠳᠦᠷ

 

ᠳᠠᠭᠠᠯᠳᠤᠭᠤᠯᠤᠯ᠎ᠢ ᠪᠠᠭᠤᠯᠭᠠᠬᠤ 1᠄ ᠳᠠᠭᠠᠯᠳᠤᠭᠤᠯᠤᠯ᠄ 2025 ᠣᠨ᠎ᠤ ᠬᠦᠳᠡᠯᠮᠦᠷᠢ᠎ᠶᠢᠨ ᠬᠠᠮᠠᠭ᠋ᠠᠯᠠᠯᠲᠠ᠎ᠶ᠋ᠢᠨ ᠬᠡᠷᠡᠭᠰᠡᠯ᠎ᠦᠨ ᠦᠢᠯᠡᠳᠬᠦᠨ᠎ᠤ ᠶᠠᠰᠤ ᠴᠢᠨᠠᠷ᠎ᠤᠨ ᠥᠪᠡᠷᠲᠡᠭᠡᠨ ᠵᠠᠰᠠᠬᠤ ᠣᠷᠣᠨ᠎ᠤ ᠬᠢᠨᠠᠯᠲᠠ ᠲᠠᠯᠪᠢᠨ ᠰᠤᠭᠤᠯᠤᠨ ᠪᠠᠢ᠌ᠴᠠᠭ᠋ᠠᠯᠲᠠ᠎ᠳᠤ ᠬᠢᠷᠢ ᠲᠡᠩᠴᠡᠭ᠌ᠰᠡᠨ ᠥᠬᠡᠶ ᠦᠢᠯᠡᠳᠬᠦᠨ ᠵᠢᠴᠢ ᠦᠢ᠍ᠯᠡᠳᠪᠦᠷᠢᠯᠡᠯ ᠪᠤᠷᠤᠯᠠᠭᠤᠯᠭ᠎ᠠ᠎ᠶᠢᠨ ᠨᠢᠭᠡᠴᠢ᠎ᠶ᠋ᠢᠨ ᠨᠡᠷᠡᠰ᠎ᠤᠨ ᠵᠢᠭᠰᠠᠭ᠋ᠠᠯᠲᠠ.xlsx

 

ᠢᠷᠡᠯᠲᠡ᠄ ᠶᠠᠰᠤ ᠴᠢᠨᠠᠷ᠎ᠤᠨ ᠬᠢᠨᠠᠯᠲᠠ ᠬᠠᠮᠢᠶᠠᠷᠣᠯᠲᠠ᠎ᠶᠢᠨ ᠭᠠᠵᠠᠷ