ᠣᠷᠣᠨ ᠨᠤᠲᠤᠭ᠎ᠤᠨ ᠪᠠᠷᠢᠮᠵᠢᠶ᠎ᠠ᠎ᠶ᠋ᠢ ᠲᠤᠭᠤᠷᠪᠢᠬᠤ ᠨᠢᠭᠡᠴᠢ ᠪᠠ ᠲᠤᠭᠤᠷᠪᠢᠭᠴᠢ᠎ᠶᠢᠨ ᠨᠡᠷ᠎ᠡ ᠪᠢᠴᠢᠬᠦ ᠠᠵᠢᠯ᠎ᠢ ᠵᠢᠷᠤᠮᠵᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠮᠡᠳᠡᠭ᠌ᠳᠡᠯ
2026-01-20

ᠥᠪᠥᠷ ᠵᠠᠬ᠎ᠠ ᠬᠢᠨᠠᠯᠲᠠ ᠪᠠᠷᠢᠮᠵᠢᠶᠠᠵᠢᠯ ᠦᠰᠦᠭ [2026] 13 ᠳ᠋ᠤᠭ᠋ᠠᠷ ᠲᠣᠭ᠋ᠠᠲᠤ

 

ᠥᠪᠡᠷᠲᠡᠭᠡᠨ ᠵᠠᠰᠠᠬᠤ ᠣᠷᠣᠨ᠎ᠤ ᠲᠤᠰᠭᠠᠶ ᠠᠵᠢᠯ᠎ᠤᠨ ᠪᠠᠷᠢᠮᠵᠢᠶᠠᠵᠢᠯ᠎ᠤᠨ ᠮᠡᠷᠭᠡᠵᠢᠯ᠎ᠦᠨ ᠵᠥᠪᠯᠡᠯ᠂ ᠡᠯ᠎ᠡ ᠬᠣᠯᠪᠣᠭ᠍ᠳᠠᠯ ᠪᠦᠬᠦᠢ ᠨᠢᠭᠡᠴᠢ᠎ᠳᠦ᠄

ᠣᠷᠣᠨ ᠨᠤᠲᠤᠭ᠎ᠤᠨ ᠪᠠᠷᠢᠮᠵᠢᠶ᠎ᠠ᠎ᠶ᠋ᠢᠨ ᠬᠠᠮᠢᠶᠠᠷᠤᠯᠲᠠ᠎ᠶ᠋ᠢᠨ ᠳᠦᠷᠢᠮ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠪᠠᠷᠢᠮᠵᠢᠶ᠎ᠠ᠎ᠶ᠋ᠢ ᠲᠣᠭ᠍ᠲᠠᠭᠠᠬᠤ ᠠᠵᠢᠯ᠎ᠤᠨ ᠵᠢᠷᠤᠮᠵᠢᠭ᠍ᠰᠠᠨ ᠬᠠᠮᠢᠶᠠᠷᠤᠯᠲᠠ᠎ᠶ᠋ᠢ ᠤᠯᠠᠮ ᠨᠢᠭᠡ ᠠᠯᠬᠤᠮ ᠴᠢᠩᠭ᠋ᠠᠷᠠᠭᠤᠯᠵᠦ᠂ ᠣᠷᠣᠨ ᠨᠤᠲᠤᠭ᠎ᠤᠨ ᠪᠠᠷᠢᠮᠵᠢᠶ᠎ᠠ᠎ᠶ᠋ᠢᠨ ᠲᠥᠪ ᠴᠢᠩᠭ᠎ᠠ ᠴᠢᠨᠠᠷ᠂ ᠡᠷᠬᠡ ᠰᠦᠷᠲᠦ ᠴᠢᠨᠠᠷ ᠬᠢᠭᠡᠳ ᠱᠢᠨᠵᠢᠯᠡᠬᠦ᠌ ᠤᠬᠠᠭᠠᠨᠴᠢ ᠴᠢᠨᠠᠷ᠎ᠢ ᠪᠦᠲᠦᠮᠵᠢᠲᠡᠶ ᠪᠠᠲᠤᠯᠠᠵᠤ᠂ ᠪᠠᠷᠢᠮᠵᠢᠶ᠎ᠠ᠎ᠶ᠋ᠢᠨ ᠶᠠᠰᠤ ᠴᠢᠨᠠᠷ᠎ᠤᠨ ᠬᠢᠷᠢ ᠲᠦᠪᠰᠢᠨ᠎ᠢ ᠦᠷᠭᠦᠯᠵᠢᠯᠡᠨ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ 《ᠲᠠᠨᠢᠯᠴᠠᠭᠤᠯᠭ᠎ᠠ᠎ᠶ᠋ᠢᠨ ᠴᠢᠨᠠᠷᠲᠠᠶ ᠤᠯᠤᠰ᠎ᠤᠨ ᠪᠠᠷᠢᠮᠵᠢᠶ᠎ᠠ᠎ᠶ᠋ᠢ ᠲᠤᠭᠤᠷᠪᠢᠬᠤ ᠨᠢᠭᠡᠴᠢ ᠪᠠ ᠲᠤᠭᠤᠷᠪᠢᠭᠴᠢ᠎ᠶᠢᠨ ᠨᠡᠷ᠎ᠡ ᠪᠢᠴᠢᠬᠦ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠤᠯᠤᠰ᠎ᠤᠨ ᠪᠠᠷᠢᠮᠵᠢᠶᠠᠵᠢᠯ᠎ᠤᠨ ᠬᠠᠮᠢᠶᠠᠷᠤᠯᠲᠠ᠎ᠶ᠋ᠢᠨ ᠵᠥᠪᠯᠡᠯ᠎ᠤᠨ ᠮᠡᠳᠡᠭ᠌ᠳᠡᠯ》᠎ᠤᠨ ᠱᠠᠭᠠᠷᠳᠠᠯᠭ᠎ᠠ᠎ᠪᠠᠷ ᠯᠠᠪᠯᠠᠨ ᠦᠨᠳᠦᠰᠦᠯᠡᠵᠦ᠂ ᠡᠳᠦᠭᠡ ᠮᠠᠨ᠎ᠤ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠪᠠᠷᠢᠮᠵᠢᠶ᠎ᠠ᠎ᠶ᠋ᠢ ᠲᠤᠭᠤᠷᠪᠢᠬᠤ ᠨᠢᠭᠡᠴᠢ ᠪᠠ ᠲᠤᠭᠤᠷᠪᠢᠭᠴᠢ᠎ᠶᠢᠨ ᠨᠡᠷ᠎ᠡ ᠪᠢᠴᠢᠬᠦ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠬᠤᠯᠪᠣᠭ᠍ᠳᠠᠯ ᠪᠥᠬᠦᠶ ᠵᠦᠢᠯᠡᠰ᠎ᠢ ᠳᠣᠤᠷᠠᠬᠢ ᠮᠡᠲᠦ ᠮᠡᠳᠡᠭ᠌ᠳᠡᠶ᠎ᠡ᠄

ᠨᠢᠭᠡ᠂ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠲᠣᠳᠣᠷᠬᠠᠢᠯᠠᠵᠤ᠂ ᠨᠡᠷ᠎ᠡ ᠪᠢᠴᠢᠬᠦ ᠵᠠᠷᠴᠢᠮ᠎ᠢ ᠴᠢᠩᠭ᠎ᠠ ᠰᠠᠬᠢᠬᠤ ᠬᠡᠷᠡᠭᠲᠡᠢ

(ᠨᠢᠭᠡ) ᠣᠷᠣᠨ ᠨᠤᠲᠤᠭ᠎ᠤᠨ ᠪᠠᠷᠢᠮᠵᠢᠶ᠎ᠠ᠎ᠶ᠋ᠢ ᠲᠤᠭᠤᠷᠪᠢᠬᠤ ᠨᠢᠭᠡᠴᠢ ᠪᠠ ᠲᠤᠭᠤᠷᠪᠢᠭᠴᠢ᠎ᠶᠢᠨ ᠨᠡᠷ᠎ᠡ ᠪᠢᠴᠢᠬᠦ ᠠᠵᠢᠯ᠎ᠨᠢ ᠦᠨᠡᠨ᠎ᠠᠴᠠ ᠵᠥᠪ᠎ᠢ ᠡᠷᠢᠬᠦ᠂ ᠢᠯᠡ ᠲᠣᠳᠣ ᠪᠠᠢᠯᠭᠠᠬᠤ᠂ ᠡᠷᠬᠡ ᠬᠠᠷᠢᠭᠤᠴᠠᠯᠭ᠎ᠠ᠎ᠶ᠋ᠢ ᠨᠢᠭᠡᠳᠦᠯᠲᠡᠶ ᠪᠠᠢᠯᠭᠠᠬᠤ ᠵᠠᠷᠴᠢᠮ᠎ᠢ ᠪᠠᠷᠢᠮᠲᠠᠯᠠᠵᠦ᠂ ᠪᠠᠷᠢᠮᠵᠢᠶ᠎ᠠ᠎ᠶ᠋ᠢ ᠨᠠᠢᠷᠠᠭᠤᠯᠤᠨ ᠵᠣᠬᠢᠶᠠᠬᠤ ᠠᠵᠢᠯ᠎ᠳᠤ ᠡᠯ᠎ᠡ ᠲᠠᠯ᠎ᠠ᠎ᠶ᠋ᠢᠨ ᠪᠣᠳᠠᠲᠠᠶ ᠬᠤᠪᠢ ᠨᠡᠮᠡᠷᠢ᠎ᠶ᠋ᠢ ᠪᠤᠰᠤᠳᠴᠢ ᠪᠠ ᠣᠨᠣᠪᠴᠢᠲᠠᠶ ᠲᠤᠰᠭᠠᠵᠤ᠂ ᠪᠣᠳᠠᠲᠠᠶ ᠮᠡᠷᠭᠡᠵᠢᠯ᠎ᠤᠨ ᠬᠤᠪᠢ ᠨᠡᠮᠡᠷᠢ ᠦᠵᠡᠭᠦᠯᠦᠭᠰᠡᠨ ᠦᠭᠡᠢ ᠨᠢᠭᠡᠴᠢ ᠪᠠ ᠬᠤᠪᠢ ᠬᠥᠮᠦᠨ᠎ᠳᠤ ᠲᠣᠭ᠍ᠲᠠᠭᠠᠯ᠎ᠢ ᠵᠥᠷᠢᠴᠡᠨ ᠨᠡᠷ᠎ᠡ ᠪᠢᠴᠢᠬᠦ᠂ ᠲᠥᠯᠥᠪᠦᠷᠢ᠎ᠲᠠᠢ᠎ᠪᠠᠷ ᠨᠡᠷ᠎ᠡ ᠵᠡᠭᠦᠬᠦ᠌ ᠪᠤᠶᠤ ᠣᠷᠤᠮᠴᠢᠯᠠᠨ ᠨᠡᠷ᠎ᠡ ᠵᠡᠭᠦᠬᠦ᠎ᠶ᠋ᠢ ᠴᠢᠩᠭ᠎ᠠ ᠴᠠᠭ᠋ᠠᠵᠠᠯᠠᠬᠤ ᠬᠡᠷᠡᠭᠲᠡᠢ᠃

(ᠬᠤᠶᠠᠷ) ᠣᠷᠣᠨ ᠨᠤᠲᠤᠭ᠎ᠤᠨ ᠪᠠᠷᠢᠮᠵᠢᠶ᠎ᠠ᠎ᠶᠢᠨ ᠡᠮᠦᠨ᠎ᠡ ᠦᠭᠡᠨ᠎ᠳᠦ ᠭᠠᠷ᠎ᠤᠨ ᠦᠰᠦᠭ ᠵᠢᠷᠤᠭᠰᠠᠨ ᠲᠤᠭᠤᠷᠪᠢᠬᠤ ᠨᠢᠭᠡᠴᠢ ᠪᠠ ᠲᠣᠭᠤᠷᠪᠢᠭᠴᠢ ᠡᠷᠬᠡᠪᠰᠢ ᠪᠠᠷᠢᠮᠵᠢᠶ᠎ᠠ᠎ᠶ᠋ᠢᠨ ᠬᠠᠷᠠᠭᠠᠯᠵᠠᠭ᠍ᠰᠠᠨ ᠬᠦᠷᠢᠶ᠎ᠡ ᠴᠠᠷᠠᠭ᠎ᠠ᠎ᠶ᠋ᠢᠨ ᠲᠤᠰᠭᠠᠶ ᠮᠡᠷᠭᠡᠵᠢᠯ᠎ᠦᠨ ᠴᠢᠳᠠᠪᠤᠷᠢ᠎ᠶ᠋ᠢ ᠪᠦᠷᠢᠯᠳᠦᠭᠦᠯᠬᠦ᠌᠎ᠶ᠋ᠢᠨ ᠬᠠᠮᠲᠤ᠂ ᠪᠠᠷᠢᠮᠵᠢᠶ᠎ᠠ᠎ᠶ᠋ᠢᠨ ᠪᠠᠢᠴᠠᠭᠠᠨ ᠰᠤᠳᠤᠯᠤᠯᠲᠠ ᠬᠢᠵᠦ᠍ ᠲᠤᠭᠤᠷᠪᠢᠬᠤ᠂ ᠰᠠᠨᠠᠯ ᠬᠤᠷᠢᠶᠠᠬᠤ᠂ ᠮᠡᠷᠭᠡᠵᠢᠯ᠎ᠢ ᠬᠢᠨᠠᠨ ᠪᠠᠢᠴᠠᠭᠠᠬᠤ ᠵᠡᠷᠭᠡ ᠬᠠᠮᠢᠶ᠎ᠠ ᠪᠦᠬᠦᠢ ᠠᠵᠢᠯ᠎ᠳᠤ ᠦᠨᠡᠨ ᠪᠣᠳᠠᠲᠠᠶ᠎ᠪᠠᠷ ᠣᠷᠣᠯᠴᠠᠬᠤ ᠬᠡᠷᠡᠭ᠌ᠲᠡᠶ᠃ ᠲᠤᠭᠤᠷᠪᠢᠬᠤ ᠨᠢᠭᠡᠴᠢ ᠪᠠ ᠲᠣᠭᠤᠷᠪᠢᠭᠴᠢ᠎ᠶᠢᠨ ᠲᠤᠭ᠎ᠠ᠎ᠶ᠋ᠢ ᠪᠠᠷᠢᠮᠵᠢᠶ᠎ᠠ᠎ᠶ᠋ᠢ ᠨᠠᠢᠷᠠᠭᠤᠯᠤᠨ ᠵᠣᠬᠢᠶᠠᠬᠤ ᠪᠣᠳᠠᠲᠠᠶ ᠬᠡᠷᠡᠭ᠌ᠴᠡᠭᠡ ᠱᠠᠭᠠᠷᠳᠠᠯᠭ᠎ᠠ᠎ᠲᠠᠢ ᠤᠶᠠᠯᠳᠤᠭᠤᠯᠤᠨ ᠵᠦᠶ ᠵᠣᠬᠢᠰᠲᠠᠶ ᠲᠣᠭ᠍ᠲᠠᠭᠠᠵᠤ᠂ ᠴᠢᠬᠤᠯᠠ ᠪᠤᠰᠤ ᠨᠡᠷ᠎ᠡ ᠪᠢᠴᠢᠬᠦ᠎ᠶᠢ ᠴᠢᠩᠭ᠎ᠠ ᠬᠢᠵᠠᠭᠠᠷᠯᠠᠬᠤ ᠬᠡᠷᠡᠭ᠌ᠲᠡᠶ᠃

(ᠭᠤᠷᠪᠠ) 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠪᠠᠷᠢᠮᠵᠢᠶ᠎ᠠ᠎ᠶ᠋ᠢᠨ ᠬᠠᠮᠢᠶᠠᠷᠤᠯᠲᠠ᠎ᠶ᠋ᠢᠨ ᠠᠷᠭ᠎ᠠ》᠎ᠶ᠋ᠢᠨ ᠳᠥᠷᠪᠡᠳᠦᠭᠡᠷ ᠵᠤᠷᠪᠣᠰ᠎ᠲᠤ ᠲᠣᠭ᠍ᠲᠠᠭᠠᠭ᠍ᠰᠠᠨ ᠮᠡᠷᠭᠡᠵᠢᠯ᠎ᠤᠨ ᠰᠢᠰᠲ᠋ᠧᠮᠴᠢᠯᠡᠭᠰᠡᠨ ᠨᠢᠭᠡᠴᠢ᠎ᠠᠴᠠ ᠣᠷᠣᠨ ᠨᠤᠲᠤᠭ᠎ᠤᠨ ᠪᠠᠷᠢᠮᠵᠢᠶ᠎ᠠ᠎ᠶ᠋ᠢᠨ ᠨᠡᠷ᠎ᠡ ᠪᠢᠴᠢᠬᠦ ᠠᠵᠢᠯ᠎ᠢ ᠬᠠᠷᠢᠭᠤᠴᠠᠨ ᠬᠠᠮᠢᠶᠠᠷᠤᠨ᠎ᠠ᠃ ᠭᠤᠤᠯᠳᠠᠭᠤ ᠪᠠᠷᠢᠮᠵᠢᠶ᠎ᠠ᠎ᠪᠠᠷ ᠰᠠᠨᠠᠯ ᠬᠤᠷᠢᠶᠠᠬᠤ᠂ ᠬᠦᠷᠭᠡᠨ ᠬᠢᠨᠠᠭᠤᠯᠬᠤ᠂ ᠮᠡᠳᠡᠭᠦᠯᠦᠨ ᠵᠥᠪᠱᠢᠶᠡᠷᠡᠭᠦᠯᠬᠦ᠌ ᠵᠡᠷᠭᠡ ᠡᠯ᠎ᠡ ᠱᠠᠲᠤᠨ᠎ᠤ ᠭᠠᠷ᠎ᠤᠨ ᠦᠰᠦᠭ ᠵᠢᠷᠤᠭᠰᠠᠨ ᠪᠠᠢᠳᠠᠯ᠎ᠳᠤ ᠬᠢᠨᠠᠨ ᠬᠠᠷᠠᠭᠤᠯᠤᠨ ᠬᠠᠷᠢᠭᠤᠴᠠᠵᠦ᠂ ᠭᠠᠷ᠎ᠤᠨ ᠦᠰᠦᠭ ᠵᠢᠷᠣᠬᠤ ᠨᠢ ᠲᠣᠭ᠍ᠲᠠᠭᠠᠯ᠎ᠳᠤ ᠨᠡᠢ᠌ᠴᠡᠭᠰᠡᠨ᠂ ᠦᠨᠡᠨ ᠪᠣᠳᠠᠲᠠᠶ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭᠲᠡᠢ᠃

ᠬᠤᠶᠠᠷ᠂ ᠪᠥᠬᠦ᠌ ᠶᠠᠪᠤᠴᠠ᠎ᠶ᠋ᠢᠨ ᠬᠠᠮᠢᠶᠠᠷᠤᠯᠲᠠ ᠡᠵᠡᠮᠳᠡᠯ᠎ᠢ ᠴᠢᠩᠭ᠋ᠠᠷᠠᠭᠤᠯᠵᠦ᠂ ᠠᠵᠢᠯ᠎ᠤᠨ ᠴᠤᠪᠤᠷᠠᠯ᠎ᠢ ᠵᠢᠷᠤᠮᠵᠢᠭᠤᠯᠬᠤ ᠬᠡᠷᠡᠭ᠌ᠲᠡᠶ

(ᠨᠢᠭᠡ) ᠣᠷᠣᠨ ᠨᠤᠲᠤᠭ᠎ᠤᠨ ᠪᠠᠷᠢᠮᠵᠢᠶ᠎ᠠ᠎ᠶ᠋ᠢ ᠲᠣᠭ᠍ᠲᠠᠭᠠᠵᠤ ᠵᠠᠰᠠᠪᠤᠷᠢ ᠣᠷᠣᠭᠤᠯᠬᠤ ᠲᠥᠯᠥᠪᠯᠡᠭᠡ᠎ᠶ᠋ᠢ ᠳᠤᠷᠤᠭᠰᠢ ᠪᠠᠭᠤᠯᠭᠠᠭ᠍ᠰᠠᠨ᠎ᠤ ᠳᠠᠷᠠᠭ᠎ᠠ᠂ ᠲᠦᠷᠦᠭᠦᠯᠡᠨ ᠲᠤᠭᠤᠷᠪᠢᠬᠤ ᠨᠢᠭᠡᠴᠢ᠎ᠡᠴᠡ ᠣᠷᠣᠯᠴᠠᠬᠤ ᠨᠢᠭᠡᠴᠢ᠂ ᠲᠣᠭᠤᠷᠪᠢᠭᠴᠢ ᠵᠢᠴᠢ ᠪᠣᠳᠠᠲᠠᠶ ᠠᠵᠢᠯ᠎ᠤᠨ ᠬᠤᠪᠢᠶᠠᠷᠢᠯᠠᠯ᠎ᠢᠶᠠᠨ ᠴᠠᠭ ᠲᠤᠬᠠᠶ᠎ᠳᠤ ᠨᠢ ᠲᠣᠭ᠍ᠲᠠᠭᠠᠵᠤ᠂ ᠪᠢᠴᠢᠭ᠎ᠦᠨ ᠠᠵᠢᠯ᠎ᠤᠨ ᠬᠤᠪᠢᠶᠠᠷᠢᠯᠠᠯ᠎ᠤᠨ ᠲᠥᠰᠦᠯ᠎ᠢ ᠪᠦᠷᠢᠯᠳᠦᠭᠦᠯᠬᠦ ᠬᠡᠷᠡᠭ᠌ᠲᠡᠶ᠃ ᠬᠠᠮᠢᠶ᠎ᠠ ᠪᠦᠬᠦᠢ ᠲᠣᠭᠣᠷᠪᠢᠬᠤ ᠠᠵᠢᠯ᠎ᠤᠨ ᠬᠤᠷᠠᠯ᠎ᠨᠢ ᠡᠷᠬᠡᠪᠰᠢ ᠠᠯᠪᠠᠨ ᠶᠣᠰᠣᠨ᠎ᠤ ᠬᠤᠷᠠᠯ᠎ᠤᠨ ᠲᠣᠪᠴᠢ ᠲᠡᠮᠳᠡᠭ᠌ᠯᠡᠯ᠎ᠢ ᠪᠦᠷᠢᠯᠳᠦᠭᠦᠯᠵᠦ᠍᠂ ᠬᠤᠷᠠᠯ᠎ᠢᠶᠠᠷ ᠵᠥᠪᠯᠡᠨ ᠲᠣᠭ᠍ᠲᠠᠭᠠᠭ᠍ᠰᠠᠨ ᠵᠦᠢᠯᠡᠰ᠎ᠢ ᠲᠣᠳᠣᠷᠬᠠᠢᠯᠠᠬᠤ᠎ᠶ᠋ᠢᠨ ᠬᠠᠮᠲᠤ ᠬᠤᠷᠠᠯ᠎ᠳᠤ ᠣᠷᠣᠯᠴᠠᠭ᠍ᠰᠠᠨ ᠨᠢᠭᠡᠴᠢ ᠵᠢᠴᠢ ᠠᠵᠢᠯᠲᠠᠨ᠎ᠤ ᠨᠡᠷᠡᠰ᠎ᠢ ᠳᠠᠭᠠᠯᠳᠤᠭᠤᠯᠤᠨ ᠲᠠᠩᠰᠠ ᠡᠪᠬᠡᠮᠡᠯ᠎ᠳᠤ ᠣᠷᠣᠭᠤᠯᠵᠤ ᠪᠠᠢᠴᠠᠭᠠᠬᠤ᠎ᠳᠤ ᠪᠡᠯᠡᠳᠭᠡᠬᠦ᠌ ᠬᠡᠷᠡᠭ᠌ᠲᠡᠶ᠃

(ᠬᠤᠶᠠᠷ) ᠲᠤᠭᠤᠷᠪᠢᠬᠤ ᠨᠢᠭᠡᠴᠢ᠎ᠨᠢ ᠣᠷᠣᠨ ᠨᠤᠲᠤᠭ᠎ᠤᠨ ᠪᠠᠷᠢᠮᠵᠢᠶ᠎ᠠ᠎ᠶ᠋ᠢᠨ ᠰᠠᠨᠠᠯ ᠬᠤᠷᠢᠶᠠᠬᠤ ᠨᠣᠤᠷᠠᠭ᠂ ᠬᠦᠷᠭᠡᠨ ᠬᠢᠨᠠᠭᠤᠯᠬᠤ ᠨᠣᠤᠷᠠᠭ᠂ ᠮᠡᠳᠡᠭᠦᠯᠦᠨ ᠵᠥᠪᠱᠢᠶᠡᠷᠡᠭᠦᠯᠬᠦ᠌ ᠨᠣᠤᠷᠠᠭ᠎ᠢ ᠲᠤᠱᠢᠶᠠᠬᠤ᠎ᠳᠤ᠂ ᠡᠮᠦᠨᠡᠬᠢ ᠦᠭᠡᠨ᠎ᠳᠦ ᠲᠤᠭᠤᠷᠪᠢᠬᠤ ᠨᠢᠭᠡᠴᠢ ᠪᠠ ᠲᠤᠭᠤᠷᠪᠢᠭᠴᠢ᠎ᠶᠢ ᠪᠦᠷᠢᠨ ᠪᠦᠲᠦᠨ ᠵᠢᠭᠰᠠᠭ᠋ᠠᠨ ᠲᠣᠲᠣᠷᠬᠠᠢ᠌ᠯᠠᠬᠤ ᠬᠡᠷᠡᠭ᠌ᠲᠡᠢ; ᠡᠭᠦᠨ᠎ᠤ ᠬᠠᠮᠲᠤ᠌᠂ ᠡᠯ᠎ᠡ ᠱᠠᠲᠤᠨ᠎ᠤ ᠨᠠᠢᠷᠠᠭᠤᠯᠤᠨ ᠵᠣᠬᠢᠶᠠᠭ᠍ᠰᠠᠨ ᠲᠣᠳᠣᠷᠬᠠᠢᠯᠠᠯᠲᠠ᠎ᠳᠦ ᠡᠷᠬᠡᠪᠰᠢ ᠲᠤᠭᠤᠷᠪᠢᠬᠤ ᠨᠢᠭᠡᠴᠢ᠂ ᠲᠤᠭᠤᠷᠪᠢᠬ᠍ᠴᠢ᠎ᠶ᠋ᠢᠨ ᠦᠨᠳᠦᠰᠦᠨ ᠮᠡᠳᠡᠭᠡ ᠵᠠᠩᠭᠢ ᠵᠢᠴᠢ ᠪᠠᠷᠢᠮᠵᠢᠶ᠎ᠠ᠎ᠶ᠋ᠢ ᠨᠠᠢᠷᠠᠭᠤᠯᠤᠨ ᠵᠣᠬᠢᠶᠠᠬᠤ᠎ᠳᠠᠬᠢ ᠪᠣᠳᠠᠲᠠᠶ ᠠᠵᠢᠯ᠎ᠤᠨ ᠠᠭᠤᠯᠭ᠎ᠠ᠎ᠶ᠋ᠢ ᠨᠠᠷᠢᠨ ᠲᠣᠳᠣᠷᠬᠠᠶ ᠪᠢᠴᠢᠬᠦ᠌ ᠬᠡᠷᠡᠭ᠌ᠲᠡᠶ᠃

(ᠭᠤᠷᠪᠠ) ᠣᠷᠣᠨ ᠨᠤᠲᠤᠭ᠎ᠤᠨ ᠪᠠᠷᠢᠮᠵᠢᠶ᠎ᠠ ᠮᠡᠷᠭᠡᠵᠢᠯ᠎ᠦᠨ ᠠᠭᠤᠯᠭ᠎ᠠ᠎ᠳᠤ ᠴᠢᠬᠤᠯᠠ ᠶᠡᠬᠡ ᠬᠤᠪᠢᠷᠠᠯᠲᠠ ᠭᠠᠷᠤᠭ᠍ᠰᠠᠨ ᠦᠭᠡᠶ ᠪᠠᠢ᠌ᠪᠡᠯ᠂ ᠰᠠᠨᠠᠯ ᠬᠤᠷᠢᠶᠠᠬᠤ ᠱᠠᠲᠤᠨ᠎ᠳᠦ ᠲᠣᠭ᠍ᠲᠠᠭᠠᠭ᠍ᠰᠠᠨ ᠲᠤᠭᠤᠷᠪᠢᠬᠤ ᠨᠢᠭᠡᠴᠢ ᠪᠣᠯᠤᠨ ᠲᠤᠭᠤᠷᠪᠢᠭᠴᠢ ᠵᠠᠷᠴᠢᠮ ᠳᠡᠭᠡᠷ᠎ᠡ᠎ᠪᠡᠨ ᠲᠣᠬᠢᠷᠠᠭᠤᠯᠤᠯᠲᠠ ᠬᠢᠵᠦ᠍ ᠪᠣᠯᠬᠤ ᠦᠭᠡᠶ᠃ ᠦᠨᠡᠨ ᠬᠦ᠌ ᠠᠵᠢᠯ᠎ᠳᠤ ᠲᠣᠬᠢᠷᠠᠭᠤᠯᠤᠯᠲᠠ ᠬᠢᠬᠦ᠌ ᠴᠢᠬᠤᠯᠠᠲᠠᠢ ᠪᠠᠢᠪᠠᠯ᠂ ᠲᠦᠷᠦᠭᠦᠯᠡᠨ ᠲᠤᠭᠤᠷᠪᠢᠬᠤ ᠨᠢᠭᠡᠴᠢ᠎ᠡᠴᠡ ᠬᠤᠷᠠᠯ᠎ᠳᠤ ᠣᠷᠣᠯᠴᠠᠭ᠍ᠰᠠᠨ ᠪᠣᠢ ᠪᠦᠬᠦᠢ ᠲᠤᠭᠤᠷᠪᠢᠬᠤ ᠨᠢᠭᠡᠴᠢ᠂ ᠲᠤᠭᠤᠷᠪᠢᠭᠴᠢ᠎ᠲᠠᠢ ᠭᠦᠢᠴᠡᠳ ᠵᠥᠪᠳᠡᠯᠴᠡᠬᠦ᠌᠎ᠶ᠋ᠢᠨ ᠬᠠᠮᠲᠤ ᠰᠠᠨᠠᠯ ᠨᠢᠭᠡᠳᠬᠦ᠌ ᠪᠢᠴᠢᠭ ᠣᠯᠬᠣ᠎ᠶᠢᠨ ᠬᠠᠮᠲᠤ ᠤᠴᠢᠷ ᠱᠢᠯᠲᠠᠭᠠᠨ᠎ᠢ ᠲᠣᠬᠢᠷᠠᠭᠤᠯᠬᠤ᠂ ᠵᠥᠪᠳᠡᠯᠴᠡᠭ᠌ᠰᠡᠨ ᠪᠠᠢᠳᠠᠯ ᠵᠡᠷᠭᠡ ᠲᠤᠰᠭᠠᠢ ᠲᠣᠳᠤᠷᠬᠠᠢᠯᠠᠯᠲᠠ᠎ᠶᠢ ᠪᠦᠷᠢᠯᠳᠦᠭᠦᠯᠵᠦ᠂ ᠮᠡᠷᠭᠡᠵᠢᠯ᠎ᠤᠨ ᠰᠢᠰᠲ᠋ᠧᠮᠴᠢᠯᠡᠭᠰᠡᠨ ᠨᠢᠭᠡᠴᠢ᠎ᠳᠤ ᠮᠡᠳᠡᠭᠦᠯᠦᠨ ᠬᠦᠷᠭᠡᠵᠦ᠍ ᠬᠢᠨᠠᠭᠤᠯᠤᠨ᠎ᠠ᠃

(ᠲᠦᠷᠪᠡ) ᠲᠦᠷᠦᠭᠦᠯᠡᠨ ᠲᠤᠭᠤᠷᠪᠢᠬᠤ ᠨᠢᠭᠡᠴᠢ᠎ᠨᠢ ᠡᠷᠬᠡᠪᠰᠢ ᠪᠠᠷᠢᠮᠵᠢᠶ᠎ᠠ᠎ᠶᠢ ᠨᠠᠢᠷᠠᠭᠤᠯᠤᠨ ᠵᠣᠬᠢᠶᠠᠬᠤ ᠪᠥᠬᠦ᠌ ᠴᠤᠪᠤᠷᠡᠯ᠎ᠤᠨ ᠲᠠᠩᠰᠠ ᠡᠪᠬᠡᠮᠡᠯ᠎ᠤᠨ ᠬᠠᠮᠢᠶᠠᠷᠤᠯᠲᠠ᠎ᠶ᠋ᠢᠨ ᠲᠦᠷᠢᠮ᠎ᠢ ᠪᠠᠢᠭᠤᠯᠵᠤ᠂ ᠡᠯ᠎ᠡ ᠱᠠᠲᠣᠨ᠎ᠤ ᠬᠤᠷᠠᠯ᠎ᠤᠨ ᠲᠣᠪᠴᠢ ᠲᠡᠮᠳᠡᠭ᠌ᠯᠡᠯ᠂ ᠬᠤᠷᠠᠯ᠎ᠳᠤ ᠣᠷᠣᠯᠴᠠᠭ᠍ᠰᠠᠳ᠎ᠤᠨ ᠨᠡᠷᠡᠰ᠂ ᠲᠤᠭᠤᠷᠪᠢᠬᠤ ᠨᠢᠭᠡᠴᠢ ᠵᠢᠴᠢ ᠲᠤᠭᠤᠷᠪᠢᠭᠴᠢ᠎ᠶᠢᠨ ᠨᠡᠷᠡᠰ᠂ ᠲᠣᠬᠢᠷᠠᠭᠤᠯᠤᠯᠲᠠ᠎ᠶᠢᠨ ᠲᠡᠮᠳᠡᠭ᠌ᠯᠡᠯ ᠵᠡᠷᠭᠡ ᠮᠠᠲ᠋ᠧᠷᠢᠶᠠᠯ᠎ᠢ ᠰᠠᠢ᠌ᠲᠦᠷ ᠦᠯᠡᠳᠡᠭᠡᠨ ᠬᠠᠳᠠᠭᠠᠯᠠᠵᠤ᠂ ᠨᠡᠷ᠎ᠡ ᠪᠢᠴᠢᠬᠦ ᠠᠵᠢᠯ᠎ᠤᠨ ᠮᠥᠷᠳᠡᠵᠦ᠍ ᠪᠣᠯᠬᠤ᠂ ᠬᠢᠨᠠᠨ ᠪᠠᠢᠴᠠᠭᠠᠵᠤ ᠪᠣᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃

(ᠲᠠᠪᠤ) ᠣᠷᠣᠨ ᠨᠤᠲᠤᠭ᠎ᠤᠨ ᠪᠠᠷᠢᠮᠵᠢᠶ᠎ᠠ᠎ᠶ᠋ᠢ ᠲᠣᠭ᠍ᠲᠠᠭᠠᠬᠤ᠎ᠳᠤ ᠣᠷᠣᠯᠴᠠᠭ᠍ᠰᠠᠨ ᠨᠢᠭᠡᠴᠢ ᠪᠤᠶᠤ ᠬᠤᠪᠢ ᠬᠥᠮᠦᠨ᠎ᠠᠴᠠ ᠭᠠᠷ᠎ᠤᠨ ᠦᠰᠦᠭ ᠵᠢᠷᠤᠭᠰᠠᠨ ᠪᠠᠢᠳᠠᠯ᠎ᠳᠤ ᠣᠨᠳᠣᠤ ᠰᠠᠨᠠᠯ᠎ᠲᠠᠶ ᠪᠠᠢᠪᠠᠯ᠂ ᠲᠦᠷᠦᠭᠦᠯᠡᠨ ᠲᠤᠭᠤᠷᠪᠢᠬᠤ ᠨᠢᠭᠡᠴᠢ᠎ᠡᠴᠡ ᠵᠣᠬᠢᠶᠠᠨ ᠪᠠᠢᠭᠤᠯᠤᠨ ᠵᠥᠪᠳᠡᠯᠴᠡᠨ᠎ᠡ; ᠵᠥᠪᠳᠡᠯᠴᠡᠭᠡᠳ ᠰᠠᠨᠠᠯ ᠨᠢᠭᠡᠳᠬᠦ ᠦᠭᠡᠶ ᠪᠠᠢ᠌ᠪᠠᠯ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠪᠠᠷᠢᠮᠵᠢᠶ᠎ᠠ᠎ᠶ᠋ᠢᠨ ᠬᠠᠮᠢᠶᠠᠷᠤᠯᠲᠠ᠎ᠶ᠋ᠢᠨ ᠠᠷᠭ᠎ᠠ》᠎ᠶ᠋ᠢᠨ ᠭᠤᠴᠢ ᠶᠢᠰᠦᠳᠦᠭᠡᠷ ᠵᠤᠷᠪᠤᠰ᠎ᠦᠨ ᠲᠣᠭ᠍ᠲᠠᠭᠠᠯ ᠶᠣᠰᠣᠭᠠᠷ᠂ ᠥᠪᠡᠷᠲᠡᠭᠡᠨ ᠵᠠᠰᠠᠬᠤ ᠣᠷᠣᠨ᠎ᠤ ᠪᠠᠷᠢᠮᠵᠢᠢ᠍ᠶᠠᠵᠢᠯ᠎ᠤᠨ ᠵᠠᠰᠠᠭ ᠵᠠᠬᠢᠷᠭᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠡᠴᠡ ᠵᠣᠬᠢᠶᠠᠨ ᠪᠠᠢᠭᠤᠯᠤᠨ ᠵᠣᠬᠢᠴᠠᠭᠤᠯᠵᠤ ᠱᠢᠶ᠋ᠳᠪᠦᠷᠢᠯᠡᠨ᠎ᠡ ᠃

ᠭᠤᠷᠪᠠ᠂ ᠱᠠᠭᠠᠷᠳᠠᠯᠭ᠎ᠠ᠎ᠶ᠋ᠢ ᠴᠢᠩᠭ᠎ᠠ ᠬᠡᠷᠡᠭ᠌ᠵᠢᠭᠦᠯᠵᠦ᠍᠂ ᠵᠣᠯᠭᠠᠯᠴᠠᠭ᠎ᠠ ᠰᠢᠯᠵᠢᠯᠲᠡ᠎ᠶᠢ ᠰᠠᠢᠲᠤᠷ ᠬᠢᠬᠦ᠌ ᠬᠡᠷᠡᠭ᠌ᠲᠡᠶ

(ᠨᠢᠭᠡ) ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠥᠪᠡᠷᠲᠡᠭᠡᠨ ᠵᠠᠰᠠᠬᠤ ᠣᠷᠣᠨ᠎ᠤ ᠪᠠᠷᠢᠮᠵᠢᠶᠠᠵᠢᠯ᠎ᠤᠨ ᠵᠠᠰᠠᠭ ᠵᠠᠬᠢᠷᠭᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠣᠷᠣᠨ ᠨᠤᠲᠤᠭ᠎ᠤᠨ ᠪᠠᠷᠢᠮᠵᠢᠶ᠎ᠠ᠎ᠶ᠋ᠢᠨ ᠨᠡᠷ᠎ᠡ ᠪᠢᠴᠢᠬᠦ ᠠᠵᠢᠯ᠎ᠳᠡᠬᠢ ᠬᠤᠳᠠᠯ ᠬᠡᠯᠡᠵᠦ᠍ ᠬᠠᠭᠤᠷᠮᠠᠭ᠍ᠯᠠᠨ ᠵᠣᠬᠢᠶᠠᠬᠤ᠂ ᠡᠷᠬᠡ᠎ᠪᠠᠨ ᠠᠱᠢᠭ᠍ᠯᠠᠨ ᠠᠮᠢ᠎ᠪᠠᠨ ᠪᠣᠷᠳᠣᠬᠤ᠂ ᠪᠤᠰᠤᠳ᠎ᠤᠨ ᠮᠡᠷᠭᠡᠵᠢᠯ᠎ᠤᠨ ᠬᠤᠪᠢ ᠨᠡᠮᠡᠷᠢ᠎ᠶ᠋ᠢ ᠡᠵᠡᠯᠡᠬᠦ᠌ ᠪᠤᠶᠤ ᠪᠤᠰᠤᠳ ᠲᠥᠪ ᠪᠤᠰᠤ ᠦᠢᠯᠡ ᠠᠵᠢᠯᠯᠠᠭ᠎ᠠ᠎ᠣᠷᠣᠱᠢᠵᠤ ᠪᠠᠢᠭ᠎ᠠ᠎ᠶᠢ ᠲᠤᠰᠭᠠᠬᠤ ᠡᠷᠬᠡ᠎ᠲᠠᠢ᠃ ᠬᠢᠨᠠᠨ ᠪᠠᠢ᠌ᠴᠠᠭ᠋ᠠᠯᠲᠠ᠎ᠪᠠᠷ ᠳᠠᠮᠵᠢᠭᠤᠯᠤᠨ ᠦᠨᠡᠨ ᠪᠣᠳᠠᠲᠠᠶ ᠪᠠᠢᠬᠤ ᠪᠠᠢᠳᠠᠯ᠎ᠳᠤ᠂ ᠥᠪᠡᠷᠲᠡᠭᠡᠨ ᠵᠠᠰᠠᠬᠤ ᠣᠷᠣᠨ᠎ᠤ ᠪᠠᠷᠢᠮᠵᠢᠶᠠᠵᠢᠯ᠎ᠤᠨ ᠵᠠᠰᠠᠭ ᠵᠠᠬᠢᠷᠭᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠤᠯᠪᠣᠭ᠍ᠳᠠᠯ ᠪᠥᠬᠦᠶ ᠠᠵᠢᠯ ᠲᠥᠷᠥᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠬᠠᠤᠯᠢ ᠲᠣᠭ᠍ᠲᠠᠭᠠᠯ ᠶᠣᠰᠣᠭᠠᠷ ᠰᠢᠢ᠍ᠳᠪᠦᠷᠢ ᠭᠠᠷᠭ᠋ᠠᠨ᠎ᠠ᠃

(ᠬᠤᠶᠠᠷ) ᠲᠣᠰ ᠮᠡᠳᠡᠭ᠌ᠳᠡᠯ᠎ᠢ ᠨᠡᠢᠲᠡᠯᠡᠭ᠌ᠰᠡᠨ ᠡᠳᠦᠷ᠎ᠠᠴᠠ ᠡᠬᠢᠯᠡᠨ᠂ ᠱᠢᠨ᠎ᠡ᠎ᠪᠠᠷ ᠲᠣᠭ᠍ᠲᠠᠭᠠᠭ᠍ᠰᠠᠨ ᠣᠷᠣᠨ ᠨᠤᠲᠤᠭ᠎ᠤᠨ ᠪᠠᠷᠢᠮᠵᠢᠶ᠎ᠠ᠎ᠶ᠋ᠢ ᠲᠣᠭ᠍ᠲᠠᠭᠠᠵᠤ ᠵᠠᠰᠠᠪᠤᠷᠢ ᠣᠷᠣᠭᠤᠯᠬᠤ ᠲᠥᠷᠥᠯ ᠵᠦᠢᠯ ᠵᠢᠴᠢ ᠨᠢᠭᠡᠨᠲᠡ ᠲᠣᠭ᠍ᠲᠠᠭᠠᠭ᠍ᠰᠠᠨ ᠪᠣᠯᠪᠠᠴᠤ᠌ ᠰᠠᠨᠠᠯ ᠬᠤᠷᠢᠶᠠᠬᠤ ᠠᠵᠢᠯ᠎ᠢ ᠡᠬᠢᠯᠡᠭᠦᠯᠦᠭᠡᠳᠦᠶ ᠲᠥᠷᠥᠯ ᠵᠦᠢᠯ᠎ᠢ ᠡᠷᠬᠡᠪᠰᠢ ᠲᠣᠰ ᠮᠡᠳᠡᠭ᠌ᠳᠡᠯ᠎ᠤᠨ ᠱᠠᠭᠠᠷᠳᠠᠯᠭ᠎ᠠ ᠶᠣᠰᠣᠭᠠᠷ ᠬᠡᠷᠡᠭ᠌ᠵᠢᠭᠦᠯᠬᠦ᠌ ᠬᠡᠷᠡᠭ᠌ᠲᠡᠶ᠃ ᠨᠢᠭᠡᠨᠲᠡ ᠰᠠᠨᠠᠯ ᠬᠤᠷᠢᠶᠠᠬᠤ᠂ ᠬᠦᠷᠭᠡᠨ ᠬᠢᠨᠠᠭᠤᠯᠬᠤ ᠪᠤᠶᠤ ᠮᠡᠳᠡᠭᠦᠯᠦᠨ ᠵᠥᠪᠱᠢᠶᠡᠷᠡᠭᠦᠯᠬᠦ᠌ ᠱᠠᠲᠤᠨ᠎ᠳᠤ ᠤᠷᠤᠭ᠍ᠰᠠᠨ ᠲᠥᠷᠥᠯ ᠵᠦᠢᠯ᠎ᠢ ᠮᠡᠷᠭᠡᠵᠢᠯ᠎ᠦᠨ ᠰᠢᠰᠲ᠋ᠧᠮᠴᠢᠯᠡᠭᠰᠡᠨ ᠨᠢᠭᠡᠴᠢ᠎ᠡᠴᠡ ᠲᠤᠰ ᠮᠡᠳᠡᠭ᠌ᠳᠡᠯ᠎ᠦᠨ ᠱᠠᠭᠠᠷᠳᠠᠯᠭ᠎ᠠ᠎ᠲᠠᠶ ᠬᠠᠷᠢᠴᠠᠭᠤᠯᠵᠤ᠂ ᠭᠠᠷ᠎ᠤᠨ ᠦᠰᠦᠭ ᠵᠢᠷᠤᠭᠰᠠᠨ ᠪᠠᠢᠳᠠᠯ᠎ᠢ ᠳᠠᠬᠢᠨ ᠬᠢᠨᠠᠬᠤ ᠪᠠ ᠵᠢᠷᠤᠮᠵᠢᠭᠤᠯᠬᠤ ᠠᠵᠢᠯ᠎ᠢ ᠰᠠᠢᠲᠤᠷ ᠬᠢᠬᠦ᠌ ᠬᠡᠷᠡᠭ᠌ᠲᠡᠶ᠃

 

ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠤᠪᠴᠢᠶ᠎ᠠ

2026 ᠣᠨ᠎ᠤ 1 ᠳ᠋ᠦ᠍ᠭᠡᠷ ᠰᠠᠷ᠎ᠠ᠎ᠶ᠋ᠢᠨ 13᠎ᠤ ᠡᠳᠦᠷ

 

(ᠲᠤᠰ ᠪᠢᠴᠢᠭ ᠮᠠᠲ᠋ᠧᠷᠢᠶᠠᠯ᠎ᠢ ᠰᠠᠨᠠᠭᠠᠴᠢᠯᠠᠭ᠎ᠠ᠎ᠠᠴᠠ᠎ᠪᠠᠨ ᠢᠯᠡ ᠨᠡᠢ᠌ᠲᠡᠯᠡᠨ᠎ᠡ)

 

ᠢᠷᠡᠯᠲᠡ᠄ ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠲᠠᠷᠤᠯᠲᠠ᠎ᠶᠢᠨ ᠲᠣᠪᠴᠢᠶ᠎ᠠ