ᠮᠡᠳᠡᠯᠭᠡ᠎ᠶᠢᠨ ᠦᠮᠴᠢᠯᠡᠯ᠎ᠦᠨ ᠡᠷᠬᠡ᠎ᠶ᠋ᠢᠨ ᠣᠯᠠᠨ ᠨᠡᠢᠲᠡ᠎ᠶ᠋ᠢᠨ ᠦᠢ᠍ᠯᠡᠴᠢᠯᠡᠭᠡ ᠨᠢ ᠭᠣᠤᠯᠳᠠᠯᠭ᠎ᠠ᠎ᠲᠠᠶ ᠬᠦᠷᠢᠶ᠎ᠡ ᠴᠠᠷᠠᠭ᠎ᠠ᠎ᠳᠠᠬᠢ ᠵᠠᠩᠭᠢᠯᠠᠭ᠎ᠠ᠎ᠶ᠋ᠢᠨ ᠭᠣᠤᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ᠎ᠳᠦ ᠲᠤᠯᠭᠠᠭᠤᠷᠢᠯᠠᠯ ᠬᠠᠩᠭ᠋ᠠᠬᠤ ᠲᠥᠷᠥᠯ ᠵᠦᠢᠯ᠎ᠤᠨ ᠬᠡᠷᠡᠭ᠌ᠴᠡᠭᠡ ᠱᠠᠭᠠᠷᠳᠠᠯᠭ᠎ᠠ᠎ᠶᠢ ᠡᠯᠰᠡᠨ ᠴᠤᠭ᠍ᠯᠠᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠮᠡᠳᠡᠯᠭᠡ᠎ᠶ᠋ᠢᠨ ᠦᠮᠴᠢᠯᠡᠯ᠎ᠤᠨ ᠡᠷᠬᠡ᠎ᠶ᠋ᠢᠨ ᠲᠣᠪᠴᠢᠶ᠎ᠠ᠎ᠶ᠋ᠢᠨ ᠮᠡᠳᠡᠭ᠌ᠳᠡᠯ
2026-01-22

ᠡᠯ᠎ᠡ ᠠᠢᠮᠠᠭ ᠬᠤᠲᠠ ᠵᠢᠴᠢ ᠮᠠᠨᠵᠤᠤᠷ ᠬᠤᠲᠠ᠂ ᠡᠷᠢᠶᠡᠨ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ (ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠲᠣᠪᠴᠢᠶ᠎ᠠ)᠂ ᠡᠯ᠎ᠡ ᠬᠤᠯᠪᠣᠭ᠍ᠳᠠᠯ ᠪᠦᠬᠦᠢ ᠨᠢᠭᠡᠴᠢ᠎ᠳᠤ᠄

《ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠤᠨ ᠪᠤᠭᠤᠮᠲᠠ ᠰᠢᠪᠲᠤᠯᠤᠯᠲᠠ᠎ᠪᠡᠷ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠣᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠴᠢᠩᠭᠠᠳᠭᠠᠬᠤ ᠲᠤᠬᠠᠶ ᠮᠡᠳᠡᠭ᠌ᠳᠡᠯ》 (ᠤᠯᠤᠰ ᠮᠡᠳᠡᠯᠭᠡ ᠠᠯᠪᠠᠨ ᠵᠠᠬᠢᠳᠠᠯᠦᠢ᠍ᠯᠡᠴᠢᠯᠡᠭᠡ ᠥᠰᠦᠭ [2026]19 ᠳ᠋ᠤᠭᠡᠷ ᠲᠣᠭᠠᠲᠤ)᠎ᠤᠨ ᠱᠠᠭᠠᠷᠳᠠᠯᠭ᠎ᠠ᠎ᠶ᠋ᠢ ᠲᠤᠭᠤᠰᠢᠯᠠᠭᠤᠯᠤᠨ ᠨᠡᠢ᠌ᠳᠡᠪᠦᠷᠢᠵᠢᠭᠤᠯᠬᠤ᠎ᠶᠢᠨ ᠲᠦᠯᠦᠭᠡ᠂ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠣᠯᠠᠨ ᠨᠡᠢᠲᠡ᠎ᠶ᠋ᠢᠨ ᠦᠢᠯᠡᠴᠢᠯᠡᠭᠡ ᠨᠢ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠡᠬᠢ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠤᠨ ᠪᠤᠭᠤᠮᠲᠠ ᠰᠢᠪᠲᠤᠯᠤᠯᠲᠠ᠎ᠳᠤ ᠲᠤᠯᠭᠠᠭᠤᠷᠢᠯᠠᠯ ᠬᠠᠩᠭ᠋ᠠᠬᠤ ᠪᠠ ᠪᠠᠲᠤᠯᠠᠬᠤ ᠦᠢᠯᠡᠳᠦᠯ᠎ᠢ ᠭᠦᠢᠴᠡᠳ ᠪᠠᠳᠠᠷᠠᠭᠤᠯᠵᠦ᠂ ᠲᠤᠬᠠᠢ᠎ᠶᠢᠨ ᠭᠠᠵᠠᠷ᠎ᠲᠤ᠎ᠪᠠᠨ ᠳᠣᠭᠢᠷᠠᠭᠤᠯᠤᠨ ᠥᠨᠳᠥᠷ ᠬᠢᠷᠢ ᠲᠦᠪᠱᠢᠨ ᠪᠥᠬᠦᠶ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠪᠡᠶ᠎ᠡ᠎ᠪᠠᠨ ᠳᠠᠭᠠᠭᠠᠵᠤ ᠥᠪᠡᠷ᠎ᠢ᠎ᠪᠠᠨ ᠬᠦᠴᠦᠷᠬᠡᠭ᠌ᠵᠢᠭᠦᠯᠬᠦ᠌᠎ᠶ᠋ᠢ ᠠᠬᠢᠭᠤᠯᠬᠤ᠎ᠳᠤ ᠬᠦᠴᠦᠨ ᠨᠡᠮᠡᠷᠢᠯᠡᠵᠦ᠍᠂ ᠪᠥᠬᠦ᠌ ᠦᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢ ᠰᠠᠢᠲᠤᠷ ᠡᠬᠢᠯᠡᠭᠦᠯᠬᠦ᠌᠎ᠳᠤ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠲᠤᠯᠭᠠᠭᠤᠷᠢᠯᠠᠯ ᠬᠠᠩᠭᠠᠵᠤ᠂ ᠡᠳᠦᠭᠡ ᠪᠥᠬᠦ᠌ ᠦᠪᠡᠷᠲᠡᠭᠡᠨ ᠵᠠᠰᠠᠬᠤ ᠣᠷᠣᠨ᠎ᠳᠤ ᠬᠠᠨᠳᠤᠭᠤᠯᠤᠨ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠣᠯᠠᠨ ᠨᠡᠢᠲᠡ᠎ᠶ᠋ᠢᠨ ᠦᠢᠯᠡᠴᠢᠯᠡᠭᠡ ᠨᠢ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠠᠬᠢ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠤᠨ ᠪᠤᠭᠤᠮᠲᠠ ᠱᠢᠪᠲᠤᠯᠬᠤ᠎ᠳᠦ ᠲᠤᠯᠭᠠᠭᠤᠷᠢᠯᠠᠯ ᠬᠠᠩᠭ᠋ᠠᠬᠤ ᠲᠥᠷᠥᠯ ᠵᠦᠢᠯ᠎ᠤᠨ ᠬᠡᠷᠡᠭ᠌ᠴᠡᠭᠡ ᠱᠠᠭᠠᠷᠳᠠᠯᠭ᠎ᠠ᠎ᠶᠢ ᠡᠯᠰᠡᠨ ᠴᠤᠭᠯᠠᠭᠤᠯᠵᠤ᠂ ᠬᠤᠯᠪᠣᠭ᠍ᠳᠠᠯ ᠪᠥᠬᠦᠶ ᠵᠦᠢᠯᠡᠰ᠎ᠢ ᠳᠣᠤᠷᠠᠬᠢ ᠮᠡᠲᠦ ᠮᠡᠳᠡᠭ᠌ᠳᠡᠶ᠎ᠡ᠄

ᠨᠢᠭᠡ᠂ ᠠᠵᠢᠯ᠎ᠤᠨ ᠵᠣᠷᠢᠯᠭ᠎ᠠ

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠵᠠᠩᠭᠢᠯᠠᠭ᠎ᠠ᠎ᠶ᠋ᠢᠨ ᠬᠦᠷᠢᠶ᠎ᠡ ᠴᠠᠷᠠᠭ᠎ᠠ ᠪᠠ ᠣᠨᠴᠠᠯᠢᠭ᠍ᠲᠤ ᠳᠠᠪᠠᠭᠤᠯᠢᠭ ᠠᠵᠤ ᠦᠢᠯᠡᠰ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠡᠬᠢ ᠪᠠᠶᠠᠯᠢᠭ᠎ᠢ ᠠᠱᠢᠭ᠍ᠯᠠᠨ᠂ ᠦᠢᠯᠡᠴᠢᠯᠡᠭᠡᠨ᠎ᠤ ᠭᠤᠣᠯ ᠴᠣᠭ᠍ᠴᠠ ᠪᠠ ᠦᠢᠯᠡᠴᠢᠯᠡᠬᠦ᠌ ᠡᠲᠡᠭᠡᠳ᠎ᠤᠨ 《 ᠨᠢᠭᠡᠳ ᠨᠢᠭᠡ》 ᠪᠤᠶᠤ 《ᠣᠯᠠᠨ᠎ᠳᠤ ᠨᠢᠭᠡ》 ᠦᠢᠯᠡᠴᠢᠯᠡᠭᠡᠨ᠎ᠤ ᠵᠠᠭ᠍ᠪᠤᠷ᠎ᠤᠨ ᠪᠦᠲᠦᠭᠡᠨ ᠪᠠᠢ᠌ᠭᠤᠯᠤᠯᠲᠠ᠎ᠶ᠋ᠢ ᠲᠦᠯᠬᠢᠨ ᠠᠬᠢᠭᠤᠯᠵᠤ᠂ ᠵᠠᠩᠭᠢᠯᠠᠭ᠎ᠠ᠎ᠶ᠋ᠢᠨ ᠭᠤᠣᠯᠯᠠᠬᠤ ᠮᠡᠷᠭᠡᠵᠢᠯ᠎ᠤᠨ 《ᠪᠣᠭᠤᠮᠢ》᠎ᠶ᠋ᠢᠨ ᠰᠢᠪᠲᠤᠯᠤᠯᠲᠠ᠎ᠳᠤ ᠬᠦᠴᠦᠨ ᠨᠡᠮᠡᠷᠢᠯᠡᠵᠦ᠍᠂ ᠲᠤᠬᠠᠢ ᠭᠠᠵᠠᠷ᠎ᠲᠤ᠎ᠪᠠᠨ ᠲᠣᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠬᠥᠭ᠌ᠵᠢᠭᠦᠯᠦᠨ᠎ᠡ᠃

ᠬᠤᠶᠠᠷ᠂ ᠡᠯᠰᠡᠬᠦ᠌ ᠡᠲᠡᠭᠡᠳ

(ᠨᠢᠭᠡ) ᠥᠪᠡᠷᠲᠡᠭᠡᠨ ᠵᠠᠰᠠᠬᠤ ᠣᠷᠣᠨ ᠳᠤᠲᠤᠷᠬᠢ ᠠᠷᠪᠠᠨ ᠶᠡᠭᠡ ᠠᠵᠤ ᠦᠢᠯᠡᠰ᠎ᠤᠨ ᠪᠥᠭᠡᠮᠨᠡᠷᠡᠯ ᠪᠠ 21 ᠵᠤᠷᠪᠤᠰ ᠭᠤᠣᠯᠳᠠᠯᠭ᠎ᠠ᠎ᠲᠠᠢ ᠠᠵᠤ ᠦᠢᠯᠡᠰ᠎ᠤᠨ ᠬᠡᠯᠬᠢᠶ᠎ᠡ ᠳᠡᠭᠡᠷ᠎ᠡ ᠵᠠᠩᠭᠢᠯᠠᠭ᠎ᠠ᠎ᠶ᠋ᠢᠨ ᠭᠤᠣᠯᠯᠠᠬᠤ ᠮᠡᠷᠭᠡᠵᠢᠯ᠎ᠢ ᠰᠤᠳᠤᠯᠤᠨ ᠨᠡᠭᠡᠭᠡᠬᠦ᠌ ᠬᠡᠯᠬᠢᠶ᠎ᠡ᠎ᠶ᠋ᠢᠨ ᠭᠤᠣᠯ ᠠᠵᠤ ᠠᠬᠤᠢᠯᠠᠯ᠂ ᠲᠦᠷᠦᠭᠦᠯᠡᠭᠴᠢ ᠠᠵᠤ ᠠᠬᠤᠢᠯᠠᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭᠠᠭᠤᠯᠤᠭ᠍ᠴᠢ ᠠᠵᠤ ᠠᠬᠤᠢᠯᠠᠯ;

(ᠬᠤᠶᠠᠷ) ᠤᠯᠤᠰ᠎ᠤᠨ ᠭᠤᠤᠯᠳᠠᠯᠭ᠎ᠠ᠎ᠲᠠᠢ ᠲᠤᠷᠱᠢᠯᠲᠠ᠎ᠶ᠋ᠢᠨ ᠲᠠᠰᠤᠭ᠂ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠢ ᠲᠤᠷᠱᠢᠯᠲᠠ᠎ᠶ᠋ᠢᠨ ᠲᠠᠰᠤᠭ;

(ᠭᠤᠷᠪᠠ) ᠳᠡᠭᠡᠳᠦ ᠰᠤᠷᠭᠠᠭᠤᠯᠢ᠂ ᠡᠷᠳᠡᠮ ᠰᠢᠨᠵᠢᠯᠡᠭᠡᠨ᠎ᠦ ᠰᠤᠳᠤᠯᠭᠠᠨ᠎ᠤ ᠪᠠᠢᠭᠤᠯᠤᠮᠵᠢ ᠵᠡᠷᠭᠡ ᠡᠷᠳᠡᠮ ᠰᠢᠨᠵᠢᠯᠡᠭᠡᠨ᠎ᠦ ᠰᠤᠳᠤᠯᠭᠠᠨ᠎ᠤ ᠱᠢᠨ᠎ᠡ᠎ᠶ᠋ᠢ ᠡᠭᠦᠳᠬᠦ᠌ ᠭᠤᠣᠯ ᠴᠣᠭ᠍ᠴᠠ;

ᠭᠤᠷᠪᠠ᠂ ᠡᠯᠰᠡᠬᠦ᠌ ᠨᠥᠬᠦᠴᠡᠯ

(ᠨᠢᠭᠡ) ᠵᠠᠩᠭᠢᠯᠠᠭ᠎ᠠ᠎ᠶ᠋ᠢᠨ ᠭᠤᠣᠯᠯᠠᠬᠤ ᠮᠡᠷᠭᠡᠵᠢᠯ᠎ᠤᠨ ᠪᠤᠭᠤᠮᠲᠠ ᠰᠢᠪᠲᠤᠯᠠᠬᠣ ᠬᠠᠷᠠᠯᠲᠠ᠂ ᠠᠵᠢᠯ᠎ᠤᠨ ᠲᠥᠯᠥᠪᠯᠡᠭᠡ ᠪᠠ ᠠᠵᠤ ᠦᠢᠯᠡᠰᠵᠢᠯᠲᠡ᠎ᠶ᠋ᠢᠨ ᠬᠡᠷᠡᠭ᠌ᠯᠡᠭᠡᠨ᠎ᠤ ᠢᠷᠡᠭᠡᠳᠦᠶ ᠲᠣᠳᠣᠷᠬᠠᠶ ᠪᠠᠢᠬᠤ ᠬᠡᠷᠡᠭ᠌ᠲᠡᠶ;

(ᠬᠤᠶᠠᠷ) ᠨᠢᠭᠡᠨᠲᠡ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠬᠠᠮᠢᠶᠠᠷᠤᠯᠲᠠ᠎ᠶ᠋ᠢᠨ ᠳᠦᠷᠢᠮ᠎ᠢ ᠪᠠᠢ᠌ᠭᠤᠯᠵᠦ᠂ ᠨᠡᠯᠢᠶᠡᠳ ᠪᠣᠯᠪᠠᠰᠤᠷᠠᠩᠭᠤᠶ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠠᠵᠢᠯ᠎ᠤᠨ ᠲᠤᠭᠲᠠᠯᠴᠠᠭ᠎ᠠ᠎ᠲᠠᠢ᠂ ᠵᠣᠬᠢᠬᠤ ᠬᠡᠮᠵᠢᠶᠠᠨ᠎ᠤ ᠭᠤᠣᠯᠯᠠᠬᠤ ᠲᠤᠰᠭᠠᠢ ᠠᠱᠢᠭ ᠪᠤᠶᠤ ᠮᠡᠷᠭᠡᠵᠢᠯ᠎ᠤᠨ ᠨᠥᠭᠡᠴᠡ᠎ᠲᠠᠢ ᠪᠠᠢᠬᠤ ᠬᠡᠷᠡᠭ᠌ᠲᠡᠢ;

(ᠭᠤᠷᠪᠠ) ᠣᠢᠷ᠎ᠠ᠎ᠶ᠋ᠢᠨ ᠭᠤᠷᠪᠠᠨ ᠵᠢᠯ᠎ᠳᠦ ᠬᠦᠨᠳᠦ ᠶᠡᠬᠡ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠵᠢᠭᠤᠷᠠᠯᠳᠤᠭᠠᠨ ᠪᠤᠶᠤ ᠬᠦᠨᠳᠦ ᠨᠣᠴᠢᠲᠠᠶ ᠢᠲᠡᠭᠡᠯ ᠠᠯᠳᠠᠭ᠍ᠰᠠᠨ ᠠᠵᠢᠯᠯᠠᠭ᠎ᠠ ᠪᠠᠢᠬᠤ ᠦᠭᠡᠶ ᠵᠡᠷᠭᠡ᠃

ᠳᠥᠷᠪᠡ᠂ ᠦᠶ᠋ᠯᠡᠴᠢᠯᠡᠭᠡᠨ᠎ᠤ ᠠᠭᠤᠯᠭ᠎ᠠ

(ᠨᠢᠭᠡ) ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠮᠡᠳᠡᠭᠡ ᠵᠠᠩᠭᠢ᠎ᠶ᠋ᠢᠨ ᠦᠢᠯᠡᠴᠢᠯᠡᠭᠡ᠄ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠤᠨ ᠪᠦᠬᠦ᠌ ᠪᠥᠮᠪᠥᠷᠴᠡᠭ᠎ᠤᠨ ᠱᠢᠨ᠎ᠡ᠎ᠶ᠋ᠢ ᠡᠭᠦᠳᠦᠭ᠌ᠰᠡᠨ ᠪᠠᠢᠳᠠᠯ᠎ᠢ ᠬᠢᠨᠠᠨ ᠬᠡᠮᠵᠢᠬᠦ᠂ ᠬᠠᠮᠤᠭ᠎ᠤᠨ ᠱᠢᠨ᠎ᠡ ᠰᠤᠳᠤᠯᠤᠨ ᠨᠡᠭᠡᠭᠡᠬᠦ᠌ ᠲᠥᠪᠯᠡᠷᠡᠯ᠎ᠤᠨ ᠴᠡᠭ᠎ᠢ ᠮᠥᠷᠳᠡᠬᠦ᠂ ᠴᠢᠬᠤᠯᠠ ᠭᠤᠤᠯᠯᠠᠬᠤ ᠲᠤᠰᠭᠠᠶ ᠠᠱᠢᠭ᠎ᠤᠨ ᠮᠡᠷᠭᠡᠵᠢᠯ᠎ᠢ ᠵᠠᠳᠠᠯᠤᠨ ᠰᠢᠨᠵᠢᠯᠡᠬᠦ᠂ ᠰᠤᠳᠤᠯᠤᠨ ᠨᠡᠭᠡᠭᠡᠬᠦ᠌ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠴᠢᠨᠠᠷ᠎ᠢ ᠦᠨᠡᠯᠡᠨ ᠵᠢᠱ᠌ᠢᠬᠦ᠂ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠳᠠᠯᠳᠠ ᠠᠰᠠᠭᠤᠳᠠᠯ᠎ᠢ ᠵᠠᠳᠠᠯᠬᠤ ᠪᠠ ᠱᠢᠢᠳᠪᠦᠷᠢᠯᠡᠬᠦ᠂ ᠥᠨᠳᠥᠷ ᠥᠷᠲᠡᠭ᠌ᠲᠦ ᠲᠤᠰᠭᠠᠶ ᠠᠱᠢᠭ᠎ᠢ ᠢᠯᠡᠷᠡᠭᠦᠯᠦᠨ ᠬᠡᠷᠡᠭᠯᠡᠬᠦ᠂ ᠪᠠᠢᠯᠳᠤᠬᠤ ᠪᠣᠳᠣᠯᠭ᠎ᠠ᠎ᠶ᠋ᠢᠨ ᠬᠠᠮᠲᠤᠷᠠᠯᠴᠠᠭᠠᠨ᠎ᠤ ᠡᠲᠡᠭᠡᠳ᠎ᠢ ᠵᠠᠳᠠᠯᠬᠤ᠂ ᠲᠤᠰᠭᠠᠶ ᠠᠱᠢᠭ᠎ᠤᠨ ᠡᠷᠬᠡ᠎ᠶ᠋ᠢᠨ ᠲᠣᠭ᠍ᠲᠠᠪᠤᠷᠢᠲᠤ ᠴᠢᠨᠠᠷ ᠵᠢᠴᠢ ᠡᠷᠬᠡ᠎ᠳᠤ ᠬᠠᠯᠳᠠᠭ᠍ᠰᠠᠨ ᠲᠦᠭ᠌ᠰᠢᠭᠦᠷᠢ᠎ᠶ᠋ᠢ ᠦᠨᠡᠯᠡᠨ ᠵᠢᠱ᠌ᠢᠬᠦ᠌ ᠵᠡᠷᠭᠡ ᠪᠠᠭ᠍ᠲᠠᠨ᠎ᠠ;

(ᠬᠤᠶᠠᠷ) ᠪᠤᠰᠤᠳ ᠲᠥᠷᠥᠯ ᠵᠦᠢᠯ᠎ᠳᠤ ᠬᠡᠷᠡᠭ᠌ᠰᠡᠬᠦ᠌ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠦᠢ᠍ᠯᠡᠴᠢᠯᠡᠭᠡ᠂ ᠵᠢᠱ᠌ᠢᠶᠡᠯᠡᠪᠡᠯ᠂ ᠪᠠᠷᠢᠮᠵᠢᠶ᠎ᠠ᠎ᠶᠢᠨ ᠴᠢᠬᠤᠯᠠ ᠪᠦᠬᠦᠢ ᠲᠤᠰᠭᠠᠢ ᠠᠱᠢᠭ᠎ᠤᠨ ᠪᠠᠢᠷᠢᠱᠢᠯ᠎ᠤᠨ ᠲᠦᠯᠦᠪᠵᠢᠭᠦᠯᠭᠡ᠂ ᠠᠵᠤ ᠦᠢᠯᠡᠰ᠎ᠤᠨ ᠲᠤᠰᠭᠠᠢ ᠠᠱᠢᠭ᠎ᠤᠨ ᠴᠦᠭᠦᠷᠤᠮ᠎ᠤᠨ ᠪᠦᠲᠦᠭᠡᠨ ᠪᠠᠢᠭᠤᠯᠤᠯᠲᠠ᠂ ᠥᠨᠳᠥᠷ ᠥᠷᠲᠡᠭ᠌ᠲᠦ ᠲᠤᠰᠭᠠᠢ ᠠᠱᠢᠭ᠎ᠤᠨ ᠪᠠᠢᠷᠢᠱᠢᠭᠤᠯᠤᠯᠲᠠ᠂ ᠲᠤᠰᠭᠠᠢ ᠠᠱᠢᠭ᠎ᠤᠨ ᠥᠷᠲᠡᠭ᠎ᠤᠨ ᠦᠨᠡᠯᠡᠯᠲᠡ᠂ ᠠᠵᠤ ᠦᠢᠯᠡᠰᠵᠢᠭᠦᠯᠦᠨ ᠱᠢᠭ᠌ᠰᠢᠨ ᠰᠣᠩᠭᠤᠬᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠣᠳᠣᠯᠭ᠎ᠠ ᠵᠡᠷᠭᠡ᠃

ᠲᠠᠪᠤ᠂ ᠠᠵᠢᠯ᠎ᠤᠨ ᠱᠠᠭᠠᠷᠳᠠᠯᠭ᠎ᠠ

(ᠨᠢᠭᠡ)᠂ ᠡᠯ᠎ᠡ ᠠᠢᠮᠠᠭ ᠬᠤᠲᠠ᠎ᠶ᠋ᠢᠨ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠳ ᠱᠢᠨᠵᠢᠯᠡᠬᠦ᠌ ᠤᠬᠠᠭᠠᠨ ᠮᠡᠷᠭᠡᠵᠢᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠵᠡᠷᠭᠡ ᠰᠠᠯᠠᠭ᠎ᠠ ᠮᠥᠴᠢᠷ᠎ᠯᠦᠭᠡ᠎ᠶ᠋ᠢᠨ ᠬᠠᠷᠢᠯᠴᠠᠭ᠎ᠠ᠎ᠪᠠᠨ ᠴᠢᠩᠭ᠋ᠠᠳᠬᠠᠬᠤ᠎ᠶᠢ ᠳᠡᠭᠡᠳᠦ ᠬᠡᠮᠵᠢᠶ᠎ᠠ᠎ᠪᠠᠷ ᠴᠢᠬᠤᠯᠠᠴᠢᠯᠠᠵᠤ᠂ ᠤᠯᠤᠰ᠎ᠤᠨ (ᠥᠪᠡᠷᠲᠡᠭᠡᠨ ᠵᠠᠰᠠᠬᠤ ᠣᠷᠣᠨ) ᠲᠤᠷᠱᠢᠯᠲᠠ᠎ᠶ᠋ᠢᠨ ᠲᠠᠰᠤᠭ᠂ ᠡᠷᠳᠡᠮ ᠰᠢᠨᠵᠢᠯᠡᠭᠡᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠳᠠᠭᠠᠭᠤᠯᠤᠭ᠍ᠴᠢ ᠠᠵᠤ ᠠᠬᠤᠢᠯᠠᠯ ᠵᠡᠷᠭᠡ᠎ᠲᠠᠢ ᠰᠠᠨᠠᠭᠠᠴᠢᠯᠠᠭ᠎ᠠ᠎ᠠᠴᠠ᠎ᠪᠠᠨ ᠵᠣᠯᠭ᠋ᠠᠯᠳᠤᠵᠤ᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠯᠲᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠳᠤ ᠰᠠᠭᠤᠷᠢᠯᠠᠵᠤ᠂ ᠣᠷᠣᠨ ᠪᠦᠰᠡ᠎ᠶ᠋ᠢᠨ ᠳᠣᠲᠣᠷ᠎ᠠ 1 — 3 ᠡᠷᠦᠬᠡ ᠨᠥᠬᠦᠴᠡᠯ᠎ᠳᠤ ᠨᠡᠢᠴᠡᠬᠦ᠌ ᠭᠤᠤᠯ ᠴᠣᠭ᠍ᠴᠠ᠎ᠶᠢ ᠲᠠᠨᠢᠯᠴᠠᠭᠤᠯᠵᠦ (ᠭᠤᠤᠯᠳᠠᠯᠭ᠎ᠠ᠎ᠲᠠᠢ ᠠᠵᠤ ᠦᠢᠯᠡᠰ᠎ᠤᠨ ᠬᠡᠯᠬᠢᠶ᠎ᠡ᠂ ᠲᠦᠷᠦᠭᠦᠯᠡᠭᠴᠢ ᠠᠵᠤ ᠠᠬᠤᠢᠯᠠᠯ ᠲᠥᠪᠯᠡᠷᠡᠩᠭᠦᠶ ᠪᠠᠢᠭ᠎ᠠ ᠭᠠᠵᠠᠷ᠎ᠲᠤ 5 ᠡᠷᠦᠬᠡ᠎ᠠᠴᠠ ᠬᠡᠲᠦᠷᠡᠭᠦᠯᠵᠦ᠍ ᠪᠣᠯᠬᠤ ᠥᠬᠡᠶ)᠂ ᠥᠪᠡᠷᠲᠡᠭᠡᠨ ᠵᠠᠰᠠᠬᠤ ᠣᠷᠣᠨ᠎ᠤ ᠮᠡᠳᠡᠯᠭᠡ᠎ᠶᠢᠨ ᠦᠮᠴᠢᠯᠡᠯ᠎ᠦᠨ ᠡᠷᠬᠡ᠎ᠶᠢᠨ ᠲᠣᠪᠴᠢᠶ᠎ᠠ ᠣᠲᠣ᠎ᠶ᠋ᠢᠨ ᠪᠠᠢᠭ᠎ᠠ ᠦᠢ᠍ᠯᠡᠴᠢᠯᠡᠭᠡ᠎ᠶᠢᠨ ᠲᠥᠷᠥᠯ ᠵᠦᠢᠯ᠎ᠤᠨ ᠡᠬᠢ ᠪᠠᠶᠠᠯᠢᠭ᠎ᠢ ᠲᠦᠱᠢᠭ᠌ᠯᠡᠨ᠂ ᠦᠢ᠍ᠯᠡᠴᠢᠯᠡᠭᠡ᠎ᠶᠢᠨ ᠲᠥᠷᠥᠯ ᠵᠦᠢᠯ᠎ᠢ ᠬᠠᠨᠳᠤᠯᠭᠠᠲᠤ ᠴᠢᠨᠠᠷᠲᠠᠶ᠎ᠪᠠᠷ ᠰᠣᠩᠭᠤᠬᠤ᠎ᠶ᠋ᠢᠨ ᠬᠠᠮᠲᠤ ᠲᠥᠷᠥᠯ ᠵᠦᠢᠯ᠎ᠤᠨ ᠬᠥᠮᠥᠷᠭᠡ ᠪᠠᠢᠭᠤᠯᠵᠤ᠂ ᠨᠠᠷᠢᠯᠢᠭ ᠣᠨᠤᠪᠴᠢᠲᠠᠢ᠎ᠪᠠᠷ ᠦᠢᠯᠡᠴᠢᠯᠡᠭᠡ ᠥᠷᠨᠢᠭᠦᠯᠦᠨ᠎ᠡ;

(ᠬᠤᠶᠠᠷ)᠂ ᠲᠠᠭ᠍ᠯᠠᠨ ᠮᠡᠳᠡᠭᠦᠯᠬᠦ᠌ ᠨᠢᠭᠡᠴᠢ᠎ᠶᠢᠨ ᠲᠤᠱᠢᠶᠠᠭ᠍ᠰᠠᠨ ᠬᠡᠷᠡᠭ᠌ᠴᠡᠭᠡ ᠱᠠᠭᠠᠷᠳᠠᠯᠭ᠎ᠠ᠎ᠶ᠋ᠢᠨ ᠮᠡᠳᠡᠭᠡ ᠵᠠᠩᠭᠢ᠎ᠶ᠋ᠢᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠪᠠ ᠪᠦᠷᠢᠨ ᠪᠦᠲᠦᠨ ᠴᠢᠨᠠᠷ᠎ᠲᠦ ᠬᠠᠷᠢᠭᠤᠴᠠᠵᠤ᠂ ᠬᠤᠳᠠᠯ ᠬᠡᠯᠡᠵᠦ᠍ ᠬᠠᠭᠤᠷᠮᠠᠭ᠎ᠢᠶᠠᠷ ᠵᠣᠬᠢᠶᠠᠬᠤ᠎ᠶ᠋ᠢ ᠴᠢᠩᠭ᠎ᠠ ᠴᠠᠭᠠᠵᠠᠯᠠᠬᠤ ᠬᠡᠷᠡᠭ᠌ᠲᠡᠶ; ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ᠎ᠢ ᠬᠠᠷᠢᠶ᠎ᠠ ᠭᠠᠵᠠᠷ᠎ᠤᠨ ᠠᠢᠮᠠᠭ ᠬᠤᠲᠠ᠎ᠶ᠋ᠢᠨ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠠᠴᠠ ᠬᠤᠷᠢᠶᠠᠩᠭᠤᠢᠯᠠᠭ᠍ᠰᠠᠨ᠎ᠤ ᠳᠠᠷᠠᠭ᠎ᠠ ᠨᠢᠭᠡᠳᠦᠯᠲᠡᠶ ᠮᠡᠳᠡᠭᠦᠯᠦᠨ ᠬᠦᠷᠭᠡᠵᠦ᠍᠂ 2026 ᠣᠨ᠎ᠤ 2 ᠳ᠋ᠤᠭᠠᠷ ᠰᠠᠷ᠎ᠠ᠎ᠶ᠋ᠢᠨ 2᠎ᠤᠨ ᠡᠳᠦᠷ᠎ᠠᠴᠠ ᠡᠮᠦᠨ᠎ᠡ ᠲᠠᠭ᠍ᠯᠠᠨ ᠮᠡᠳᠡᠭᠦᠯᠬᠦ᠌ ᠨᠢᠭᠡᠴᠢ᠎ᠶ᠋ᠢᠨ ᠠᠯᠪᠠᠨ ᠲᠠᠮᠠᠭ᠎ᠠ᠎ᠶ᠋ᠢ ᠳᠠᠷᠤᠭ᠍ᠰᠠᠨ 《ᠲᠥᠷᠥᠯ ᠵᠦᠢᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠴᠤᠭ᠍ᠯᠠᠭᠤᠯᠬᠤ ᠬᠦᠰᠦᠨᠦᠭ᠌ᠲᠦ》 PDF ᠪᠠ Word ᠬᠡᠪᠯᠡᠯ᠎ᠶᠢ (ᠳᠠᠭᠠᠯᠳᠤᠭᠤᠯᠤᠯ᠎ᠳᠤ ᠦᠵᠡᠭᠡᠷᠡᠢ) ᠲᠣᠭ᠍ᠲᠠᠭ᠍ᠰᠠᠨ ᠱᠢᠤᠳᠠᠨ ᠬᠠᠢᠷᠴᠠᠭ᠎ᠲᠤ ᠮᠡᠳᠡᠭᠦᠯᠦᠨ ᠬᠦᠷᠭᠡᠨ᠎ᠡ ᠃

ᠬᠠᠷᠢᠯᠴᠠᠬᠤ ᠬᠥᠮᠦᠨ ᠵᠢᠴᠢ ᠤᠲᠠᠰᠤ᠄ ᠯᠦᠸᠧ ᠵᠢᠩ   0471-6385195

ᠢᠮᠧᠯ᠄ nmgluojing@163.com

 

ᠳᠠᠭᠠᠯᠳᠤᠭᠤᠯᠤᠯ᠄ ᠮᠡᠳᠡᠯᠭᠡ᠎ᠶᠢᠨ ᠦᠮᠴᠢᠯᠡᠯ᠎ᠦᠨ ᠡᠷᠬᠡ᠎ᠶ᠋ᠢᠨ ᠣᠯᠠᠨ ᠨᠡᠢᠲᠡ᠎ᠶ᠋ᠢᠨ ᠦᠢ᠍ᠯᠡᠴᠢᠯᠡᠭᠡ ᠨᠢ ᠭᠣᠤᠯᠳᠠᠯᠭ᠎ᠠ᠎ᠲᠠᠶ ᠬᠦᠷᠢᠶ᠎ᠡ ᠴᠠᠷᠠᠭ᠎ᠠ᠎ᠳᠠᠬᠢ ᠵᠠᠩᠭᠢᠯᠠᠭ᠎ᠠ᠎ᠶ᠋ᠢᠨ ᠭᠣᠤᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ᠎ᠳᠤ ᠲᠤᠯᠭᠠᠭᠤᠷᠢᠯᠠᠯ ᠬᠠᠩᠭ᠋ᠠᠬᠤ ᠲᠥᠷᠥᠯ ᠵᠦᠢᠯ᠎ᠢ ᠡᠯᠰᠡᠨ ᠴᠤᠭ᠍ᠯᠠᠭᠤᠯᠬᠤ ᠬᠦᠰᠦᠨᠦᠭ᠌ᠲᠦ

 

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠲᠣᠪᠴᠢᠶ᠎ᠠ

2026 ᠣᠨ᠎ᠤ 1 ᠳ᠋ᠦ᠍ᠭᠡᠷ ᠰᠠᠷ᠎ᠠ᠎ᠶ᠋ᠢᠨ 15᠎ᠤ ᠡᠳᠦᠷ

 

ᠳᠠᠭᠠᠯᠳᠤᠭᠤᠯᠤᠯ᠎ᠢ ᠪᠠᠭᠤᠯᠭ᠋ᠠᠬᠤ1᠄ ᠳᠠᠭᠠᠯᠳᠤᠭᠤᠯᠤᠯ  ᠮᠡᠳᠡᠯᠭᠡ᠎ᠶᠢᠨ ᠦᠮᠴᠢᠯᠡᠯ᠎ᠦᠨ ᠡᠷᠬᠡ᠎ᠶ᠋ᠢᠨ ᠣᠯᠠᠨ ᠨᠡᠢᠲᠡ᠎ᠶ᠋ᠢᠨ ᠦᠢ᠍ᠯᠡᠴᠢᠯᠡᠭᠡ ᠨᠢ ᠭᠣᠤᠯᠳᠠᠯᠭ᠎ᠠ᠎ᠲᠠᠶ ᠬᠦᠷᠢᠶ᠎ᠡ ᠴᠠᠷᠠᠭ᠎ᠠ᠎ᠳᠠᠬᠢ ᠵᠠᠩᠭᠢᠯᠠᠭ᠎ᠠ᠎ᠶ᠋ᠢᠨ ᠭᠣᠤᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ᠎ᠳᠤ ᠲᠤᠯᠭᠠᠭᠤᠷᠢᠯᠠᠯ ᠬᠠᠩᠭ᠋ᠠᠬᠤ ᠲᠥᠷᠥᠯ ᠵᠦᠢᠯ᠎ᠢ ᠡᠯᠰᠡᠨ ᠴᠤᠭ᠍ᠯᠠᠭᠤᠯᠬᠤ ᠬᠦᠰᠦᠨᠦᠭ᠌ᠲᠦ.docx 

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠲᠣᠪᠴᠢᠶ᠎ᠠ᠎ᠶᠢᠨ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠬᠡᠷᠡᠭ᠌ᠵᠢᠭᠦᠯᠦᠯᠳᠡ᠎ᠶ᠋ᠢ ᠠᠬᠢᠭᠤᠯᠬᠤ ᠭᠠᠵᠠᠷ