ᠱᠢᠯᠢ ᠎ᠶ᠋ᠢᠨ ᠬᠣᠲᠠ ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ 《ᠪᠢ ᠣᠯᠠᠨ ᠲᠦᠮᠡᠨ᠎ᠳᠤ ᠪᠠᠷ᠎ᠠ ᠪᠣᠯᠵᠣ ᠶᠠᠪᠤᠴᠠ᠎ᠶ᠋ᠢ ᠶᠠᠪᠤᠬᠤ》 ᠲᠤᠬᠠᠢᠯᠠᠭ᠍ᠰᠠᠨ ᠠᠵᠢᠯ᠎ᠢ ᠪᠡᠶ᠎ᠡ ᠎ᠪᠡᠷ ᠎ᠢᠶᠡᠨ ᠣᠢᠯᠠᠭᠠᠬᠤ ᠠᠵᠢᠯᠯᠠᠭ᠎ᠠ ᠥᠷᠨᠢᠭᠦᠯᠪᠡ
2025-10-21

9 ᠳ᠋ᠤᠭᠡᠷ ᠰᠠᠷ᠎ᠠ᠎ᠶ᠋ᠢᠨ 23 ᠎ᠤ ᠡᠳᠦᠷ᠂ ᠱᠢᠯᠢ ᠎ᠶ᠋ᠢᠨ ᠬᠣᠲᠠ ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠥᠪ᠎ᠲᠤ ᠬᠦᠷᠴᠦ᠍᠂ ᠳᠦᠷᠢ᠎ᠪᠠᠨ ᠰᠣᠯᠢᠵᠤ᠂ ᠡᠩ᠎ᠤᠨ ᠠᠵᠢᠯᠲᠠᠨ᠎ᠤ ᠪᠡᠶ᠎ᠡ ᠭᠠᠷᠤᠯ᠎ᠢᠶᠠᠷ ᠳᠤᠷ᠎ᠠ ᠎ᠶ᠋ᠢᠨ ᠨᠢᠭᠡ ᠠᠵᠢᠯ ᠶᠠᠪᠤᠳᠠᠯ ᠭᠦᠢᠴᠡᠳᠭᠡᠬᠦ᠌ ᠣᠯᠠᠨ ᠲᠦᠮᠡᠨ᠎ᠢ ᠡᠷᠢᠵᠤ᠂ ᠲᠡᠳᠡᠨ᠎ᠤ ᠪᠣᠳᠠᠲᠠᠶ ᠭᠦᠢᠴᠡᠳᠭᠡᠬᠦ᠌ ᠴᠢᠬᠤᠯᠠᠲᠠᠶ ᠲᠤᠬᠠᠢᠯᠠᠭ᠍ᠰᠠᠨ ᠠᠵᠢᠯ᠎ᠤᠨ ᠪᠠᠢᠳᠠᠯ᠎ᠢ ᠣᠢᠯᠠᠭᠠᠭ᠍ᠰᠠᠨ᠎ᠤ ᠳᠠᠷᠠᠭ᠎ᠠ᠂ ᠳᠠᠷᠤᠶ ᠲᠦᠷᠭᠡᠨ ᠠᠵᠢᠯ᠎ᠤᠨ ᠳᠦᠷᠢ ᠎ᠳᠤ᠎ᠪᠠᠨ ᠣᠷᠣᠵᠤ᠂ 《ᠬᠠᠪᠰᠤᠷᠤᠨ ᠭᠦᠢᠴᠡᠳᠭᠡᠭ᠌ᠴᠢ》᠎ᠶ᠋ᠢᠨ ᠡᠭᠦᠷᠭᠡ᠎ᠶ᠋ᠢ ᠡᠭᠦᠷᠭᠡᠯᠡᠨ᠂ ᠣᠯᠠᠨ ᠲᠦᠮᠡᠨ᠎ᠳᠤ ᠪᠠᠷ᠎ᠠ ᠪᠣᠯᠵᠣ ᠲᠤᠬᠠᠢᠯᠠᠭ᠍ᠰᠠᠨ ᠠᠵᠢᠯ᠎ᠢ ᠭᠦᠢᠴᠡᠳᠭᠡᠪᠠ᠃ ᠪᠠᠷ᠎ᠠ ᠪᠣᠯᠵᠤ ᠭᠦᠢᠴᠡᠳᠭᠡᠬᠦ᠌ ᠶᠠᠪᠤᠴᠠ᠎ᠳᠤ᠂ ᠱᠢᠯᠢᠩᠬᠣᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠮᠡᠳᠡᠭᠡ ᠵᠠᠩᠭᠢ ᠲᠠᠭ᠍ᠯᠠᠬᠤ᠂ ᠮᠠᠲ᠋ᠧᠷᠢᠶᠠᠯ᠎ᠢ ᠳᠡᠭᠡᠭ᠌ᠰᠢ ᠳᠠᠮᠵᠢᠭᠤᠯᠤᠨ ᠬᠠᠮᠤᠭ ᠡᠴᠦᠰ᠎ᠲᠤ ᠬᠢᠨᠠᠨ ᠬᠠᠷᠭᠤᠭᠤᠯᠬᠤ᠂ ᠬᠢᠨᠠᠨ ᠵᠥᠪᠱᠢᠶᠡᠷᠡᠵᠦ᠍ ᠦᠨᠡᠮᠯᠡᠯ ᠭᠠᠷᠭᠠᠬᠤ᠎ᠳᠤ ᠪᠥᠬᠦ᠌ ᠶᠠᠪᠤᠴᠠ᠎ᠶ᠋ᠢᠨ ᠵᠢᠯᠣᠭᠤᠳᠣᠯᠭ᠎ᠠ ᠬᠢᠬᠦ᠌᠎ᠶ᠋ᠢᠨ ᠬᠠᠮᠲᠤ᠌᠂ ᠠᠵᠢᠯ ᠶᠠᠪᠤᠳᠠᠯ ᠭᠦᠢᠴᠡᠳᠭᠡᠬᠦ᠌ ᠣᠯᠠᠨ ᠲᠦᠮᠡᠨ᠎ᠤ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠪᠦᠷᠢᠳᠭᠡᠨ ᠳᠠᠩᠰᠠᠯᠠᠬᠤ ᠬᠠᠮᠢᠶ᠎ᠠ ᠪᠥᠬᠦᠶ ᠠᠵᠢᠯ᠎ᠤᠨ ᠲᠤᠬᠠᠶ ᠰᠠᠨᠠᠯ ᠰᠠᠨᠠᠭᠤᠯᠭ᠎ᠠ᠎ᠶ᠋ᠢ ᠰᠣᠨᠣᠰᠪᠠ᠃ ᠭᠦᠢᠴᠡᠳᠭᠡᠬᠦ᠌ ᠠᠵᠢᠯ ᠳᠠᠭᠤᠰᠤᠭ᠍ᠰᠠᠨ᠎ᠤ ᠳᠠᠷᠠᠭ᠎ᠠ᠂ ᠪᠠᠰᠠ ᠬᠤᠯᠪᠣᠭ᠍ᠳᠠᠯ ᠪᠦᠬᠦᠢ ᠠᠵᠢᠯᠲᠠᠨ᠎ᠲᠠᠢ ᠲᠤᠬᠠᠢᠯᠠᠭ᠍ᠰᠠᠨ ᠠᠵᠢᠯ᠎ᠤᠨ ᠭᠦᠢᠴᠡᠳᠭᠡᠬᠦ᠌ ᠠᠵᠢᠯ᠎ᠢ ᠬᠡᠷᠬᠢᠨ ᠤᠯᠠᠮ ᠨᠢᠭᠡ ᠠᠯᠬᠤᠮ ᠱᠢᠯᠢᠳᠡᠭ᠌ᠵᠢᠭᠦᠯᠬᠦ᠌ ᠲᠤᠬᠠᠶ ᠭᠦᠨᠵᠡᠭᠡᠶ ᠰᠤᠳᠤᠯᠤᠨ ᠶᠠᠷᠢᠯᠴᠠᠭ᠍ᠰᠠᠨ ᠪᠥᠭᠡᠳ ᠲᠤᠬᠠᠢᠯᠠᠭ᠍ᠰᠠᠨ ᠠᠵᠢᠯ᠎ᠤᠨ ᠦᠢᠯᠡᠴᠢᠯᠡᠭᠡᠨ᠎ᠤ ᠬᠢᠷᠢ ᠲᠦᠪᠱᠢᠨ᠎ᠢ ᠳᠡᠭᠡᠭ᠌ᠰᠢᠯᠡᠭᠦᠯᠬᠦ᠌ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠤᠭ᠍ᠰᠠᠨ ᠪᠠᠢᠨ᠎ᠠ᠃

《ᠥᠩᠭᠡᠷᠡᠭ᠌ᠰᠡᠨ᠎ᠳᠤ ᠶᠡᠷᠦ᠍᠎ᠨᠢ ᠡᠵᠡᠩᠨᠡᠯᠲᠡ᠎ᠶ᠋ᠢᠨ ᠦᠨᠡᠮᠯᠡᠯ ᠭᠦᠶ᠋ᠴᠡᠳᠭᠡᠬᠦ᠌ ᠶᠠᠪᠤᠴᠠ᠎ᠨᠢ ᠪᠤᠳᠤᠯᠢᠶᠠᠨᠲᠠᠶ ᠪᠠᠢᠭ᠍ᠰᠠᠨ᠂ ᠥᠨᠥᠳᠦᠷ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠨᠥᠬᠥᠷ᠎ᠢ ᠳᠠᠭᠠᠵᠤ ᠪᠠᠢᠭᠠᠳ ᠨᠢᠭᠡ ᠴᠠᠭ᠎ᠤᠨ ᠳᠣᠲᠣᠷ᠎ᠠ ᠭᠦᠢᠴᠡᠳᠭᠡᠭ᠌ᠰᠡᠨ᠎ᠢᠶᠡᠷ ᠪᠠᠷᠠᠬᠤ ᠥᠬᠡᠶ᠂ ᠪᠠᠰᠠ ᠨᠡᠯᠢᠶᠡᠳ ᠣᠯᠠᠨ ᠪᠦᠷᠢᠳᠭᠡᠨ ᠳᠠᠩᠰᠠᠯᠠᠬᠤ ᠮᠡᠳᠡᠯᠭᠡ᠎ᠶ᠋ᠢ ᠰᠤᠷᠤᠭ᠍ᠰᠠᠨ ᠪᠠᠢᠨ᠎ᠠ᠂ ᠦᠨᠡᠬᠡᠷ ᠳᠥᠭᠥᠮ ᠪᠣᠯᠵᠤ ᠰᠡᠳᠭᠢᠯ ᠠᠮᠤᠷ ᠪᠣᠯᠪᠠ !》 ᠭᠡᠵᠦ᠍ ᠠᠮᠵᠢᠯᠲᠠ᠎ᠲᠠᠢ ᠭᠦᠢᠴᠡᠳᠭᠡᠭ᠌ᠰᠡᠨ ᠱᠢᠯᠢ ᠎ᠶ᠋ᠢᠨ ᠬᠣᠲᠠ᠎ᠶ᠋ᠢᠨ ᠨᠢᠭᠡᠨ ᠠᠷᠠᠯᠵᠢᠶ᠎ᠠ ᠬᠤᠳᠠᠯᠳᠤᠭᠠᠨ᠎ᠤ ᠬᠢᠵᠠᠭᠠᠷᠲᠤ ᠺᠣᠮᠫᠠᠨᠢ᠎ᠶ᠋ᠢᠨ ᠠᠵᠢᠯᠲᠠᠨ ᠪᠦᠷᠢᠳᠭᠡᠨ ᠳᠠᠩᠰᠠᠯᠠᠬᠤ ᠠᠵᠢᠯᠲᠠᠳ᠎ᠤᠨ ᠦᠢᠯᠡᠴᠢᠯᠡᠬᠦ᠌ ᠣᠪᠣᠷ ᠬᠠᠩᠭᠠᠮᠵᠢᠲᠠᠢ᠂ ᠯᠠᠪᠳᠠᠭᠤᠨ ᠪᠠᠲᠤᠲᠠᠶ ᠲᠤᠬᠠᠢᠯᠠᠭ᠍ᠰᠠᠨ ᠠᠵᠢᠯ᠎ᠤᠨ ᠴᠢᠳᠠᠪᠤᠷᠢ᠎ᠶ᠋ᠢ ᠮᠠᠭ᠍ᠲᠠᠨ ᠰᠠᠢᠱᠢᠶᠠᠵᠤ ᠪᠠᠢᠬᠤ᠎ᠪᠠᠨ ᠢᠯᠡᠳᠭᠡᠪᠡ᠃

ᠲᠣᠰ ᠤᠳᠠᠭᠠᠨ᠎ᠤ 《ᠪᠢ ᠣᠯᠠᠨ ᠲᠦᠮᠡᠨ᠎ᠳᠤ ᠪᠠᠷ᠎ᠠ ᠪᠣᠯᠵᠣ ᠶᠠᠪᠤᠴᠠ ᠎ᠶ᠋ᠢ ᠶᠠᠪᠤᠬᠤ》ᠠᠵᠢᠯᠯᠠᠭ᠎ᠠ᠎ᠨᠢ ᠣᠯᠠᠨ ᠲᠦᠮᠡᠨ᠎ᠤ ᠬᠠᠷᠠᠭᠠᠰᠤ᠎ᠠᠴᠠ ᠠᠵᠢᠯ ᠶᠠᠪᠤᠳᠠᠯ ᠭᠦᠶ᠋ᠴᠡᠳᠭᠡᠬᠦ᠌ ᠶᠠᠪᠤᠴᠠ᠂ ᠠᠵᠢᠯ᠎ᠤᠨ ᠦᠷ᠎ᠡ ᠪᠦᠲᠦᠮᠵᠢ᠂ ᠦᠶ᠋ᠯᠡᠴᠢᠯᠡᠭᠡᠨ᠎ᠤ ᠣᠪᠣᠷ᠎ᠢ ᠮᠡᠳᠡᠷᠡᠬᠦ᠌᠎ᠶ᠋ᠢᠨ ᠬᠠᠮᠲᠤ᠌ ᠱᠢᠢᠳᠪᠦᠷᠢᠯᠡᠭ᠌ᠰᠡᠨ ᠦᠷ᠎ᠡ ᠳ᠋ᠦᠩ᠎ᠤᠨ ᠬᠠᠨᠤᠮᠵᠢ᠎ᠶ᠋ᠢᠨ ᠬᠡᠮᠵᠢᠶ᠎ᠡ ᠪᠠ ᠭᠦᠢᠴᠡᠳᠭᠡᠬᠦ᠌ ᠶᠠᠪᠤᠴᠠ ᠎ᠶ᠋ᠢᠨ ᠰᠠᠨᠠᠭᠤᠯᠭ᠎ᠠ ᠎ᠶ᠋ᠢᠨ ᠲᠤᠬᠠᠢ ᠣᠯᠠᠨ ᠲᠦᠮᠡᠨ᠎ᠲᠠᠢ ᠨᠡᠪᠲᠡᠷᠡᠯᠴᠡᠨ ᠰᠣᠯᠢᠯᠴᠠᠵᠤ᠂ ᠣᠯᠠᠨ ᠲᠦᠮᠡᠨ᠎ᠤ ᠬᠠᠷᠢᠭᠤ ᠲᠤᠰᠭᠠᠯ ᠪᠠ ᠰᠠᠨᠠᠭᠤᠯᠭ᠎ᠠ᠎ᠶ᠋ᠢ ᠨᠠᠷᠢᠨ ᠬᠢᠨᠠᠮᠠᠭᠠᠶ ᠰᠣᠨᠣᠰᠴᠤ᠌᠂ ᠠᠵᠢᠯ ᠶᠠᠪᠤᠳᠠᠯ ᠭᠦᠶ᠋ᠴᠡᠳᠭᠡᠬᠦ᠌ ᠬᠦᠴᠢᠷ ᠠᠰᠠᠭᠤᠳᠠᠯ᠎ᠢ ᠭᠦᠨᠵᠡᠭᠡᠶ ᠡᠷᠢᠵᠦ᠍᠂ ᠪᠣᠳᠠᠲᠠᠶ ᠠᠰᠠᠭᠤᠳᠠᠯ᠎ᠢ ᠬᠦᠴᠦᠯᠡᠨ ᠱᠢᠶ᠋ᠳᠪᠦᠷᠢᠯᠡᠬᠦ᠌᠎ᠶ᠋ᠢᠨ ᠲᠥᠯᠥᠭᠡ ᠶᠤᠮ᠃

ᠢᠷᠡᠯᠲᠡ᠄ ᠱᠢᠯᠢ᠎ᠶ᠋ᠢᠨ ᠭᠤᠤᠯ ᠠᠢᠮᠠᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ