ᠣᠢᠷ᠎ᠠ᠎ᠳᠤ᠂ ᠦᠬᠠᠨ᠎ᠠᠴᠠ ᠢᠷᠡᠭ᠌ᠰᠡᠨ ᠱᠢᠯᠢᠳᠡᠭ ᠠᠵᠤ ᠠᠬᠤᠢᠯᠠᠯ ᠳᠤᠮᠳᠠᠳᠤ ᠭᠠᠳᠠᠭᠠᠳᠤ᠎ᠶ᠋ᠢᠨ ᠲᠡᠭᠡᠭᠡᠪᠦᠷᠢ᠎ᠶ᠋ᠢᠨ ᠪᠠᠷᠠᠭᠠᠨ᠎ᠤ ᠭᠦᠢᠯᠭᠡᠭᠡᠨ᠎ᠤ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠬᠠᠮᠢᠶᠠᠷᠤᠯᠲᠠ ( ᠥᠪᠥᠷ ᠮᠣᠩᠭᠤᠯ ) ᠶ᠋ᠢᠨ ᠬᠢᠵᠠᠭᠠᠷᠲᠤ ᠺᠣᠮᠫᠠᠨᠢ ( ᠤᠤᠯ᠎ᠤᠨ ᠨᠡᠷᠡᠢᠳᠦᠯ᠄ ᠳᠤᠮᠳᠠᠳᠤ ᠭᠠᠳᠠᠭᠠᠳᠤ᠎ᠶ᠋ᠢᠨ ᠲᠡᠭᠡᠭᠡᠪᠦᠷᠢ᠎ᠶ᠋ᠢᠨ ᠬᠦᠢᠲᠡᠨ ᠬᠡᠯᠬᠢᠶᠡᠲᠦ ᠪᠠᠷᠠᠭᠠᠨ᠎ᠤ ᠭᠦᠢᠯᠭᠡᠭᠡ ( ᠦᠬᠠᠨ )᠎ᠶ᠋ᠢᠨ ᠬᠢᠵᠠᠭᠠᠷᠲᠤ ᠺᠣᠮᠫᠠᠨᠢ ) ᠬᠥᠬᠡᠬᠤᠲᠠ᠎ᠶ᠋ᠢᠨ ᠠᠵᠤ ᠠᠬᠤᠢ ᠮᠡᠷᠭᠡᠵᠢᠯ᠎ᠤᠨ ᠨᠡᠭᠡᠭᠡᠯᠲᠡ᠎ᠶ᠋ᠢᠨ ᠲᠣᠭᠤᠷᠢᠭ᠎ᠲᠤ ᠠᠮᠵᠢᠯᠲᠠ᠎ᠲᠠᠢ ᠲᠡᠮᠳᠡᠭ᠌ᠯᠡᠨ ᠳᠠᠩᠰᠠᠯᠠᠭᠤᠯᠵᠤ᠂ ᠵᠢᠩᠬᠢᠨᠢ᠎ᠪᠠᠷ ᠡᠷᠦᠬᠡ ᠠᠮᠠ ᠣᠷᠣᠪᠠ᠃ ᠲᠣᠰ ᠠᠵᠤ ᠠᠬᠤᠢᠯᠠᠯ᠎ᠢ ᠠᠮᠵᠢᠯᠲᠠ᠎ᠲᠠᠢ᠎ᠪᠠᠷ ᠣᠷᠣᠭᠤᠯᠤᠨ ᠠᠪᠴᠢᠷᠠᠭ᠍ᠰᠠᠨ ᠨᠢ ᠨᠡᠭᠡᠭᠡᠯᠲᠡ᠎ᠶ᠋ᠢᠨ ᠲᠣᠭᠤᠷᠢᠭ᠎ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ᠎ᠤᠨ ᠴᠢᠬᠤᠯᠠ ᠨᠢᠭᠡᠨ ᠦᠷ᠎ᠡ ᠪᠦᠲᠦᠭᠡᠯ ᠮᠥᠨ᠂ 《ᠮᠤᠵᠢ ᠠᠯᠤᠰᠯᠠᠨ ᠣᠷᠣᠭᠤᠯᠬᠤ》᠎ᠠᠴᠠ 《 》 ᠪᠥᠬᠦ᠌ ᠶᠠᠪᠤᠴᠠ ᠮᠥᠨ᠂ ᠨᠠᠩ ᠴᠤ᠌ ᠬᠥᠬᠡᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠠᠵᠤ ᠠᠬᠤᠶ ᠮᠡᠷᠭᠡᠵᠢᠯ᠎ᠤᠨ ᠨᠡᠭᠡᠭᠡᠯᠲᠡ᠎ᠶ᠋ᠢᠨ ᠲᠣᠭᠤᠷᠢᠭ᠎ᠤᠨ ᠬᠤᠪᠢᠶᠠᠷᠢ ᠲᠣᠪᠴᠢᠶ᠎ᠠ ᠥᠨᠳᠥᠷ ᠪᠦᠲᠦᠮᠵᠢᠲᠡᠶ᠂ ᠨᠠᠷᠢᠯᠢᠭ ᠂ ᠰᠡᠳᠭᠢᠯ ᠳᠤᠯᠠᠭᠠᠴᠠᠭᠤᠯᠬᠤ ᠦᠢᠯᠡᠴᠢᠯᠡᠭᠡ ᠬᠠᠩᠭᠠᠵᠤ᠂ ᠬᠤᠳᠠᠯᠳᠤᠭ᠎ᠠ ᠡᠷᠭᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌ ᠠᠮᠢᠳᠤᠯᠢᠭ ᠦᠢᠯᠡᠳᠦᠯᠭᠡ ᠮᠥᠨ᠃
ᠮᠤᠵᠢ ᠠᠯᠤᠰᠯᠠᠨ ᠱᠢᠯᠵᠢᠭᠦᠯᠬᠦ᠌᠎ᠳᠤ 《ᠰᠠᠭᠠᠳ ᠥᠬᠡᠶ》 ᠪᠠᠢᠵᠤ᠂ ᠠᠵᠤ ᠠᠬᠤᠢᠯᠠᠯ᠎ᠤᠨ ᠮᠤᠵᠢ ᠠᠯᠤᠰᠯᠠᠨ ᠨᠡᠭᠦᠯᠭᠡᠬᠦ᠌ ᠪᠦᠬᠦ᠌ ᠶᠠᠪᠤᠴᠠ᠎ᠳᠤ ᠬᠠᠪᠰᠤᠷᠤᠨ ᠭᠦᠶ᠋ᠴᠡᠳᠭᠡᠵᠦ᠍ ᠪᠠᠢᠭᠠᠳ ᠬᠦᠴᠢᠷ ᠠᠰᠠᠭᠤᠳᠠᠯ᠎ᠢ ᠨᠢ ᠂ ᠨᠡᠭᠡᠭᠡᠯᠲᠡ᠎ᠶ᠋ᠢᠨ ᠲᠣᠭᠤᠷᠢᠭ᠎ᠤᠨ ᠬᠤᠪᠢᠶᠠᠷᠢ ᠲᠣᠪᠴᠢᠶ᠎ᠠ ᠰᠠᠨᠠᠭᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠵᠦ᠍᠂ 《ᠪᠥᠬᠦ᠌ ᠶᠠᠪᠤᠴᠠ᠎ᠳᠤ ᠬᠠᠪᠰᠤᠷᠤᠨ ᠭᠦᠶ᠋ᠴᠡᠳᠭᠡᠬᠦ᠌》ᠦᠶ᠋ᠯᠡᠴᠢᠯᠡᠭᠡ ᠬᠠᠩᠭᠠᠵᠤ᠂ ᠰᠠᠨᠠᠭᠠᠴᠢᠯᠠᠭ᠎ᠠ᠎ᠠᠴᠠ᠎ᠪᠠᠨ ᠦᠬᠠᠨ᠎ᠤ ᠳᠠᠩᠰᠠᠯᠠᠬᠤ ᠪᠠᠢᠭᠤᠯᠭ᠎ᠠ᠎ᠲᠠᠢ ᠲᠠᠩᠰᠠ ᠡᠪᠬᠡᠮᠡᠯ᠎ᠤᠨ ᠠᠰᠠᠭᠤᠳᠠᠯ᠎ᠤᠨ ᠲᠤᠬᠠᠶ ᠣᠯᠠᠨ ᠤᠳᠠᠭ᠎ᠠ ᠨᠡᠪᠲᠡᠷᠡᠯᠴᠡᠵᠦ᠍᠂ ᠳᠠᠬᠢᠨ ᠳᠠᠪᠲᠠᠨ ᠵᠠᠩᠭᠢᠯᠠᠭ᠎ᠠ᠎ᠶ᠋ᠢᠨ ᠮᠡᠳᠡᠭᠡ ᠵᠠᠩᠭᠢ᠎ᠶ᠋ᠢ ᠠᠳᠠᠯᠢᠳᠭᠠᠬᠤ᠎ᠪᠠᠷ ᠳᠠᠮᠵᠢᠭᠤᠯᠤᠨ᠂ ᠠᠵᠤ ᠠᠬᠤᠢᠯᠠᠯ᠎ᠤᠨ ᠲᠠᠩᠰᠠ ᠡᠪᠬᠡᠮᠡᠯ᠎ᠤᠨ ᠨᠡᠭᠦᠯᠭᠡᠬᠦ᠌᠎ᠳᠦ ᠪᠦᠷᠢᠨ ᠪᠦᠲᠦᠨ ᠣᠨᠣᠪᠴᠢᠲᠠᠶ ᠪᠠᠢᠬᠤ᠎ᠶ᠋ᠢ ᠪᠠᠲᠤᠯᠠᠵᠤ᠂ ᠲᠠᠷᠠᠭᠠᠴᠢ᠎ᠶ᠋ᠢᠨ ᠬᠠᠷᠰᠢ ᠰᠠᠭᠠᠳ᠎ᠢ ᠠᠷᠢᠯᠭᠠᠪᠠ᠃
ᠨᠡᠷᠡᠢᠳᠦᠯ ᠬᠢᠨᠠᠨ ᠵᠥᠪᠱᠢᠶᠡᠷᠡᠬᠦ᠌ 《ᠣᠯᠠᠨ ᠲᠥᠰᠥᠯ》᠎ᠢ ᠬᠢᠨᠠᠨ ᠵᠥᠪᠱᠢᠶᠡᠷᠡᠵᠦ᠍᠂ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠤᠯᠢ ᠲᠣᠭ᠍ᠲᠠᠭᠠᠯ ᠶᠣᠰᠣᠭᠠᠷ ᠤᠭ᠍ᠲᠤᠨ ᠠᠵᠤ ᠠᠬᠤᠢᠯᠠᠯ᠎ᠤᠨ ᠨᠡᠷᠡᠢᠳᠦᠯ᠎ᠢ ᠬᠢᠨᠠᠨ ᠵᠥᠪᠱᠢᠶᠡᠷᠡᠬᠦ᠌ ᠭᠤᠭ᠍ᠴᠤᠭ᠎ᠠ᠎ᠳᠤ ᠨᠡᠭᠡᠭᠡᠯᠲᠡ᠎ᠶ᠋ᠢᠨ ᠲᠣᠭᠤᠷᠢᠭ᠎ᠤᠨ ᠬᠤᠪᠢᠶᠠᠷᠢ ᠲᠣᠪᠴᠢᠶ᠎ᠠ᠎ᠠᠴᠠ ᠲᠡᠭᠦᠨ᠎ᠤ ᠲᠤᠰᠭᠠᠢ ᠮᠡᠷᠭᠡᠵᠢᠯ᠎ᠤᠨ ᠬᠡᠪ ᠪᠣᠯᠪᠠᠰᠤᠷᠠᠯ ᠪᠠ ᠦᠢᠯᠡᠴᠢᠯᠡᠭᠡᠨ᠎ᠤ ᠳᠤᠯᠠᠭᠠᠨ᠎ᠤ ᠬᠡᠮᠵᠢᠶ᠎ᠡ᠎ᠶ᠋ᠢ ᠭᠦᠢᠴᠡᠳ ᠃ ᠠᠵᠢᠯᠲᠠᠳ ᠬᠠᠤᠯᠢ ᠲᠣᠭ᠍ᠲᠠᠭᠠᠯ ᠶᠣᠰᠣᠭᠠᠷ᠂ ᠠᠵᠤ ᠠᠬᠤᠢᠯᠠᠯ᠎ᠤᠨ ᠮᠤᠵᠢ ᠠᠯᠤᠰᠯᠠᠨ ᠡᠵᠡᠩᠨᠡᠬᠦ᠌ ᠪᠠ ᠨᠠᠷᠠᠲᠤ ᠲᠡᠮᠳᠡᠭ᠌ᠲᠦ᠍᠎ᠶ᠋ᠢᠨ ᠦᠷᠭᠦᠯᠵᠢᠯᠡᠬᠦ᠌ ᠬᠡᠷᠡᠭ᠌ᠴᠡᠭᠡ ᠱᠠᠭᠠᠷᠳᠠᠯᠭ᠎ᠠ᠎ᠲᠠᠢ ᠤᠶᠠᠯᠳᠤᠭᠤᠯᠤᠨ᠂ ᠣᠯᠠᠨ ᠵᠦᠢᠯ᠎ᠤᠨ ᠲᠣᠭ᠍ᠲᠠᠭᠠᠯ᠎ᠳᠤ ᠨᠡᠢᠴᠡᠭ᠌ᠰᠡᠨ ᠬᠡᠷᠡᠭ᠌ᠵᠢᠭᠦᠯᠵᠦ᠍ ᠪᠣᠯᠬᠤᠢᠴᠠ ᠨᠡᠷᠡᠢᠳᠬᠦ᠌ ᠲᠥᠰᠦᠯ᠎ᠢ ᠰᠠᠨᠠᠭᠠᠴᠢᠯᠠᠭ᠎ᠠ᠎ᠠᠴᠠ᠎ᠪᠠᠨ ᠃ 《ᠤᠷᠢᠳᠠᠯ ᠬᠡᠯᠪᠡᠷᠢ》᠎ᠶ᠋ᠢᠨ ᠦᠢᠯᠡᠴᠢᠯᠡᠭᠡᠨᠢ ᠠᠵᠤ ᠠᠬᠤᠢᠯᠠᠯ᠎ᠤᠨ ᠨᠡᠷᠡᠢᠳᠦᠯ᠎ᠤᠨ ᠬᠤᠪᠢᠷᠠᠯᠲᠠ᠎ᠶ᠋ᠢᠨ ᠲᠣᠭ᠍ᠲᠠᠭᠠᠯ᠎ᠳᠤ ᠨᠡᠢᠴᠡᠬᠦ᠌ ᠴᠢᠨᠠᠷ᠎ᠢ ᠪᠠᠲᠤᠯᠠᠭ᠍ᠰᠠᠨ ᠮᠥᠷᠲᠡᠭᠡᠨ ᠪᠠᠰᠠ ᠠᠵᠤ ᠠᠬᠤᠢᠯᠠᠯ᠎ᠤᠨ ᠨᠠᠷᠠᠲᠤ ᠲᠡᠮᠳᠡᠭ᠌ᠲᠦ᠍᠎ᠶ᠋ᠢᠨ ᠬᠦᠰᠡᠯ ᠰᠠᠨᠠᠭ᠎ᠠ᠎ᠶ᠋ᠢ ᠬᠦᠨᠳᠦᠳᠭᠡᠵᠦ᠍᠂ ᠠᠵᠤ ᠠᠬᠤᠢᠯᠠᠯ᠎ᠳᠤ ᠠᠵᠤ ᠠᠬᠤᠢᠯᠠᠯ᠎ᠤᠨ ᠨᠡᠭᠡᠭᠡᠯᠲᠡ᠎ᠶ᠋ᠢᠨ ᠲᠣᠭᠤᠷᠢᠭ᠎ᠤᠨ ᠵᠠᠰᠠᠭ ᠵᠠᠬᠢᠷᠭᠠᠨ᠎ᠤ ᠦᠢᠯᠡᠴᠢᠯᠡᠭᠡᠨ᠎ᠤ ᠲᠤᠰᠭᠠᠶ ᠮᠡᠷᠭᠡᠵᠢᠯ ᠪᠠ ᠳᠣᠲᠣᠨᠣ ᠰᠡᠳᠭᠢᠯᠭᠡ᠎ᠶ᠋ᠢ ᠃
《ᠬᠤᠳᠠᠯᠳᠤᠭᠠᠴᠢᠨ ᠤᠷᠢᠬᠤ ᠲᠠᠲᠠᠬᠤ ᠬᠦᠴᠦᠨ》 《ᠦᠢᠯᠡᠴᠢᠯᠡᠭᠡ᠎ᠶ᠋ᠢᠨ ᠲᠦᠯᠬᠢᠬᠦ᠌ ᠬᠦᠴᠦᠨ》᠎ᠢ ᠵᠡᠷᠭᠡ ᠪᠡᠷ ᠳᠤᠮᠳᠠᠳᠤ ᠭᠠᠳᠠᠭᠠᠳᠤ᠎ᠶ᠋ᠢᠨ ᠲᠡᠭᠡᠭᠡᠪᠦᠷᠢ᠎ᠶ᠋ᠢᠨ ᠪᠠᠷᠠᠭᠠᠨ᠎ᠤ ᠭᠦᠢᠯᠭᠡᠭᠡᠨ᠎ᠤ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠬᠠᠮᠢᠶᠠᠷᠤᠯᠲᠠ ( ᠥᠪᠥᠷ ᠮᠣᠩᠭᠤᠯ )᠎ᠶ᠋ᠢᠨ ᠬᠢᠵᠠᠭᠠᠷᠲᠤ ᠺᠣᠮᠫᠠᠨᠢ᠎ᠶ᠋ᠢᠨ ᠠᠮᠵᠢᠯᠲᠠ᠎ᠲᠠᠢ᠎ᠪᠠᠷ ᠡᠷᠦᠬᠡ ᠠᠮᠠ ᠣᠷᠣᠭᠤᠯᠤᠭ᠍ᠰᠠᠨ᠎ᠨᠢ ᠬᠥᠬᠡᠬᠤᠲᠠ᠎ᠶ᠋ᠢᠨ ᠠᠵᠤ ᠠᠬᠤᠢ ᠮᠡᠷᠭᠡᠵᠢᠯ᠎ᠤᠨ ᠨᠡᠭᠡᠭᠡᠯᠲᠡ᠎ᠶ᠋ᠢᠨ ᠲᠣᠭᠤᠷᠢᠭ᠎ᠤᠨ ᠡᠷᠴᠢᠮᠲᠡᠢ 《ᠬᠤᠳᠠᠯᠳᠤᠭᠠᠴᠢᠨ ᠤᠷᠢᠬᠤ ᠲᠠᠲᠠᠬᠤ ᠬᠦᠴᠦᠨ 》 ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠨ ᠴᠢᠨᠠᠷ ᠰᠠᠢᠲᠠᠢ 《ᠦᠢᠯᠡᠴᠢᠯᠡᠭᠡ᠎ᠶ᠋ᠢᠨ ᠲᠦᠯᠬᠢᠬᠦ᠌ ᠬᠦᠴᠦᠨ》 ᠵᠡᠷᠭᠡ ᠪᠡᠷ ᠬᠥᠭ᠌ᠵᠢᠭ᠌ᠰᠡᠨ ᠦᠯᠢᠭᠡᠷ ᠵᠢᠱ᠌ᠢᠶ᠎ᠡ ᠪᠣᠯᠵᠠᠢ᠃ ᠨᠡᠭᠡᠭᠡᠨ ᠬᠥᠭ᠌ᠵᠢᠭᠦᠯᠬᠦ᠌ ᠣᠷᠣᠨ᠎ᠤ ᠬᠤᠪᠢᠶᠠᠷᠢ ᠲᠣᠪᠴᠢᠶ᠎ᠠ ᠰᠠᠨᠠᠭᠠᠴᠢᠯᠠᠭ᠎ᠠ ᠲᠠᠢ ᠡᠮᠦᠨᠡᠱᠢᠯᠡᠭ᠌ᠰᠡᠨ 《ᠬᠠᠪᠰᠤᠷᠤᠨ ᠭᠦᠢᠴᠡᠳᠭᠡᠬᠦ᠌》 ᠪᠠᠷ ᠰᠠᠨᠠᠭᠠᠴᠢᠯᠠᠭ᠎ᠠ ᠦᠭᠡᠢ ᠬᠦᠯᠢᠶᠡᠬᠦ᠌ 《ᠬᠢᠨᠠᠨ ᠵᠥᠪᠱᠢᠶᠡᠷᠡᠬᠦ᠌》 ᠶ᠋ᠢ ᠣᠷᠣᠯᠠᠭᠤᠯᠵᠤ᠂ 《ᠢᠯᠡᠭᠦᠦ ᠨᠢᠭᠡ ᠠᠯᠬᠤᠮ ᠪᠤᠳᠤᠬᠤ》᠎ᠪᠠᠷ ᠨᠠᠷᠢᠨ ᠨᠢᠮᠪᠠᠢ 《ᠲᠦᠷᠢᠮ ᠶᠣᠰᠣᠭᠠᠷ ᠠᠵᠢᠯ ᠶᠠᠪᠤᠳᠠᠯ ᠭᠦᠢᠴᠡᠳᠭᠡᠬᠦ᠌》᠎ᠶ᠋ᠢ ᠣᠷᠣᠯᠠᠭᠤᠯᠵᠦ᠍᠂ 《ᠬᠠᠤᠯᠢ ᠲᠣᠭ᠍ᠲᠠᠭᠠᠯ ᠶᠣᠰᠣᠭᠠᠷ ᠬᠤᠷᠳᠤᠴᠠ᠎ᠲᠠᠢ᠂ ᠰᠡᠳᠭᠢᠯ᠎ᠢ ᠳᠤᠯᠠᠭᠠᠴᠠᠭᠤᠯᠬᠤ ᠦᠢᠯᠡᠴᠢᠯᠡᠭᠡ ᠬᠠᠯᠠᠭᠤᠨ ᠳᠤᠯᠠᠭᠠᠨ᠎ᠲᠠᠢ》ᠪᠠᠢᠬᠤ᠎ᠶ᠋ᠢ ᠦᠨᠡᠨ ᠬᠦ᠌ ᠪᠡᠶᠡᠯᠡᠭᠦᠯᠪᠡ᠃
ᠠᠵᠤ ᠠᠬᠤᠢᠯᠠᠯ᠎ᠤᠨ ᠲᠠᠯ᠎ᠠ᠎ᠶ᠋ᠢᠨ᠎ᠬᠢᠨ ᠡᠭᠦᠨ ᠳᠡᠭᠡᠳᠦ ᠬᠡᠮᠵᠢᠶ᠎ᠡ᠎ᠪᠠᠷ ᠦᠨᠡᠯᠡᠪᠡ᠄ 《ᠦᠬᠠᠨ᠎ᠠᠴᠠ ᠬᠥᠬᠡᠬᠤᠲᠠ ᠬᠦᠷᠲᠡᠯ᠎ᠡ᠂ ᠮᠤᠵᠢ ᠠᠯᠤᠰᠯᠠᠨ ᠨᠡᠭᠦᠯᠭᠡᠬᠦ᠌᠎ᠨᠢ ᠤᠤᠯ ᠶᠣᠰᠣᠭᠠᠷ ᠵᠢᠱ᠌ᠢᠭ᠌ᠰᠡᠨ ᠶᠠᠪᠤᠴᠠ᠎ᠨᠢ ᠪᠤᠳᠤᠯᠢᠶᠠᠨᠲᠠᠢ᠂ ᠴᠠᠭ ᠨᠡᠯᠢᠶᠡᠳ ᠤᠷᠳᠤ᠂ ᠭᠡᠪᠡᠴᠦ᠍ ᠨᠡᠭᠡᠭᠡᠨ ᠬᠥᠭ᠌ᠵᠢᠭᠦᠯᠬᠦ᠌ ᠣᠷᠣᠨ᠎ᠤ ᠬᠤᠪᠢᠶᠠᠷᠢ ᠲᠤᠪᠴᠢᠶ᠎ᠠ᠎ᠶ᠋ᠢᠨ ᠪᠦᠬᠦ᠌ ᠶᠠᠪᠤᠴᠠ᠎ᠳᠤ ᠥᠨᠳᠥᠷ ᠪᠦᠲᠦᠮᠵᠢᠲᠡᠢ ᠬᠠᠪᠰᠤᠷᠤᠨ ᠭᠦᠢᠴᠡᠳᠭᠡᠵᠦ᠍᠂ ᠣᠨᠣᠪᠴᠢᠲᠠᠢ ᠵᠢᠯᠣᠭᠤᠳᠴᠤ᠌᠂ ᠪᠢᠳᠡᠨ᠎ᠳᠤ ᠲᠡᠷᠢᠭᠦᠨ᠎ᠤ ᠬᠤᠳᠠᠯᠳᠤᠭ᠎ᠠ ᠡᠷᠬᠢᠯᠡᠬᠦ᠌ ᠣᠷᠴᠢᠨ ᠲᠣᠭᠤᠷᠢᠨ ᠰᠡᠳᠭᠢᠯ᠎ᠢ ᠳᠤᠯᠠᠭᠠᠴᠠᠭᠤᠯᠤᠭ᠍ᠰᠠᠨ ᠦᠢᠯᠡᠴᠢᠯᠡᠭᠡ᠎ᠶ᠋ᠢ ᠦᠨᠡᠨ ᠬᠦ᠌ ᠮᠡᠳᠡᠷᠡᠭᠦᠯᠦᠭ᠌ᠰᠡᠨ ᠪᠥᠭᠡᠳ ᠪᠢᠳᠡᠨ᠎ᠤ ᠠᠳᠡ ᠰᠠᠭᠤᠷᠢᠱᠢᠨ ᠬᠥᠭ᠌ᠵᠢᠬᠦ᠌ ᠢᠲᠡᠭᠡᠯ ᠵᠣᠷᠢᠭ᠎ᠢ 》 ᠬᠡᠪᠡ᠃
ᠲᠣᠰ ᠤᠳᠠᠭᠠᠨ᠎ᠤ ᠬᠠᠮᠲᠤᠷᠠᠯᠴᠠᠭ᠎ᠠ᠎ᠨᠢ ᠠᠵᠤ ᠠᠬᠤᠢ᠎ᠶ᠋ᠢᠨ ᠨᠡᠭᠡᠭᠡᠯᠲᠡ᠎ᠶ᠋ᠢᠨ ᠲᠣᠭᠤᠷᠢᠭ᠎ᠤᠨ ᠬᠦᠢᠲᠡᠨ ᠬᠡᠯᠬᠢᠶᠡᠲᠦ ᠪᠠᠷᠠᠭᠠᠨ᠎ᠤ ᠭᠦᠢᠯᠭᠡᠭᠡᠨ᠎ᠤ ᠠᠵᠤ ᠦᠢᠯᠡᠰ᠎ᠲᠤ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠭ᠌ᠰᠡᠨ᠎ᠢᠶᠠᠷ ᠪᠠᠷᠠᠬᠤ ᠦᠭᠡᠢ ᠪᠠᠰᠠ 《ᠲᠡᠷᠢᠭᠦᠨ ᠵᠡᠷᠭᠡ᠎ᠶ᠋ᠢᠨ ᠦᠢᠯᠡᠴᠢᠯᠡᠭᠡ ᠪᠣᠯ ᠳᠠᠷᠤᠢ ᠬᠤᠳᠠᠯᠳᠤᠭᠠᠴᠢᠨ ᠤᠷᠢᠬᠤ ᠬᠠᠮᠤᠭ᠎ᠤᠨ ᠰᠠᠢᠨ ᠨᠡᠷ᠎ᠡ᠎ᠶ᠋ᠢᠨ ᠬᠠᠭᠤᠳᠠᠰᠤ ᠮᠥᠨ》 ᠭᠡᠬᠦ᠌ ᠣᠢᠯᠠᠭᠠᠭ᠍ᠳᠠᠬᠤᠨ᠎ᠢ ᠤᠯᠠᠮ ᠨᠢᠭᠡ ᠠᠯᠬᠤᠮ ᠢᠯᠡᠷᠡᠭᠦᠯᠦᠭ᠌ᠰᠡᠨ ᠪᠠᠢᠨ᠎ᠠ᠃ ᠢᠷᠡᠭᠡᠳᠦᠶ᠎ᠳᠤ᠂ ᠨᠡᠭᠡᠭᠡᠯᠲᠡ᠎ᠶ᠋ᠢᠨ ᠣᠷᠣᠨ᠎ᠤ ᠬᠤᠪᠢᠶᠠᠷᠢ ᠲᠣᠪᠴᠢᠶ᠎ᠠ ᠦᠷᠭᠦᠯᠵᠢᠯᠡᠨ ᠠᠵᠤ ᠠᠬᠤᠢᠯᠠᠯ᠎ᠤᠨ ᠬᠡᠷᠡᠭ᠌ᠴᠡᠭᠡ᠎ᠪᠠᠷ ᠤᠳᠤᠷᠢᠳᠤᠮᠵᠢ ᠪᠣᠯᠭᠠᠵᠤ᠂ ᠠᠵᠤ ᠠᠬᠤᠢᠯᠠᠯᠲᠠᠨ᠎ᠤ ᠪᠠᠯᠠ ᠣᠷᠣᠭᠤᠯᠤᠯᠲᠠ᠎ᠳᠤ ᠰᠠᠨᠠᠭ᠎ᠠ ᠠᠮᠤᠷ᠂ ᠦᠢᠯᠡᠰ ᠪᠤᠰᠭᠠᠬᠤ᠎ᠳᠤ ᠰᠠᠨᠠᠭ᠎ᠠ ᠠᠮᠤᠷ᠂ ᠬᠥᠭ᠌ᠵᠢᠯᠲᠡ᠎ᠳᠤ ᠤᠷᠤᠭ᠍ᠰᠢᠲᠠᠶ ᠴᠢᠨᠠᠷ ᠰᠠᠢᠲᠠᠶ ᠱᠢᠮᠡᠯᠢᠭ ᠬᠥᠷᠥᠰᠥ᠎ᠶ᠋ᠢ ᠪᠠᠢᠭᠤᠯᠬᠤ᠎ᠳᠤ ᠪᠥᠬᠦ᠌ ᠰᠡᠳᠭᠢᠯ ᠪᠥᠬᠦ᠌ ᠵᠣᠷᠢᠭ᠎ᠢᠶᠠᠷ᠎ᠢᠶᠠᠨ ᠬᠦᠴᠦᠨ ᠨᠡᠮᠡᠷᠢᠯᠡᠨ᠎ᠡ᠃