ᠣᠷᠢᠳᠴᠢᠯᠠᠨ ᠣᠷᠣᠯᠴᠠᠭᠣᠯᠬᠣ ᠦᠨᠳᠦᠷ ᠪᠦᠲᠦᠮᠵᠢᠲᠠᠢ ᠭᠦᠢ᠍ᠴᠡᠳᠬᠡᠬᠦ ᠬᠥᠬᠡᠬᠤᠲᠠ ᠵᠢᠨ᠎ᠬᠢᠨ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠨ ᠳᠠᠩᠰᠠᠯᠠᠭᠤᠯᠤᠯᠲᠠ᠎ᠳᠤ 《ᠲᠦᠢ᠍ᠯ᠎ᠤᠨ ᠬᠤᠷᠳᠤᠴᠠ ᠵᠢᠨ ᠵᠠᠭᠪᠤᠷ》᠎ᠢ ᠡᠬᠢᠯᠡᠨ ᠬᠡᠷᠡᠭᠵᠢᠭᠦᠯᠪᠡ
2025-03-19

     ᠤᠢ᠌ᠷ᠎ᠠ᠎ᠳᠤ᠂ ᠳ᠋ᠢ ᠰᠾᠢ ᠮᠠᠨ ᠢᠳᠡᠭᠡᠨ᠎ᠤ ᠮᠠᠲ᠋ᠧᠷᠢᠶᠠᠯ ᠨᠠᠢ᠌ᠷᠠᠭᠣᠯᠬᠣ ᠬᠢᠵᠠᠭ᠋ᠠᠷᠲᠤ ᠺᠣᠮᠫᠠᠨᠢ᠎ᠨᠢ ᠥᠪᠥᠷ ᠮᠣᠩᠭᠣᠯ᠎ᠤᠨ ᠵᠠᠬ᠎ᠠ ᠳᠡᠯᠭᠡᠭᠦᠷ᠎ᠲᠤ ᠠᠮᠵᠢᠯᠲᠠ᠎ᠲᠠᠢ ᠲᠣᠭᠲᠠᠨᠢᠨ ᠰᠠᠭᠣᠷᠢᠰᠢᠵᠦ᠂ ᠳ᠋ᠢ ᠰᠾᠢ ᠮᠠᠨ  ᠹᠧᠨ ᠮᠧᠢ ᠢ (ᠬᠥᠬᠡᠬᠣᠲᠠ) ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢ ᠪᠠᠢ᠌ᠭᠣᠯᠪᠠ᠃ ᠳ᠋ᠢ ᠰᠾᠢ ᠮᠠᠨ ᠹᠧᠨ ᠮᠧᠢ ᠢ (ᠬᠥᠬᠡᠬᠤᠲᠠ) ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠢᠵᠠᠭ᠋ᠠᠷᠲᠤ ᠺᠣᠮᠫᠠᠨᠢ᠎ᠨᠢ ᠮᠠᠲ᠋ᠧᠷᠢᠶᠠᠯ᠎ᠤᠨ ᠪᠡᠯᠡᠳᠬᠡᠯ ᠪᠦᠷᠢᠨ ᠭᠦᠢ᠍ᠴᠡᠳ ᠪᠠᠶ᠋ᠢᠬᠤ ᠪᠠᠶ᠋ᠢᠳᠠᠯ ᠳᠣᠣᠷ᠎ᠠ᠂ ᠵᠥᠪᠬᠡᠨ ᠬᠠᠭ᠋ᠠᠰ  ᠠᠵᠢᠯᠯᠠᠬᠤ ᠡᠳᠦᠷ ᠵᠠᠷᠣᠴᠠᠭᠣᠯᠣᠭ᠋ᠠᠳ ᠡᠵᠡᠩᠨᠡᠯᠲᠡ ᠵᠢᠨ ᠦᠨᠡᠮᠯᠡᠯ ᠵᠶ᠋ᠠᠨ ᠠᠪᠤᠪᠠ ᠂ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ᠎ᠠᠴᠠ  ᠴᠣᠩᠬᠣᠪᠴᠢ ᠵᠢᠨ  ᠠᠵᠢᠯᠲᠠᠨ᠎ᠤ  ᠰᠠᠨᠠᠭ᠋ᠠᠴᠢᠯᠠᠭ᠎ᠠ᠎ᠠᠴᠠ᠎ᠪᠠᠨ  ᠣᠢ᠌ᠷᠠᠲᠣᠨ ᠦᠢ᠍ᠯᠡᠴᠢᠯᠡᠵᠦ᠂ ᠤᠷᠢᠳᠴᠢᠯᠠᠨ ᠣᠷᠣᠯᠴᠠᠭᠣᠯᠬᠣ ᠵᠢ ᠵᠢᠭ᠋ᠠᠨ ᠵᠢᠯᠣᠭᠤᠳᠴᠤ᠂ ᠮᠠᠲ᠋ᠧᠷᠢᠶᠠᠯ᠎ᠤᠨ ᠪᠡᠯᠡᠳᠬᠡᠯ᠂ ᠾᠸᠢᠢ᠍ᠭ᠎ᠤᠨ  ᠭᠡᠷᠡᠴᠢᠯᠡᠯ᠂ ᠬᠠᠤᠯᠢ ᠴᠠᠭ᠋ᠠᠵᠠ ᠵᠢᠨ ᠠᠰᠠᠭᠤᠳᠠᠯ᠎ᠤᠨ ᠵᠢᠯᠤᠭᠤᠳᠤᠯᠭ᠎ᠠ ᠵᠡᠷᠭᠡ ᠲᠠᠯ᠎ᠠ᠎ᠪᠠᠷ ᠨᠠᠷᠢᠨ ᠨᠢᠮᠪᠠᠢ ᠦᠢ᠍ᠯᠡᠴᠢᠯᠡᠭᠡ ᠪᠠ ᠬᠠᠷᠢᠭᠤᠯᠲᠠ  ᠥᠭᠭᠦᠭᠰᠡᠨ᠎ᠳᠤ᠎ᠨᠢ ᠳᠡᠭᠡᠳᠦ ᠬᠡᠮᠵᠢᠶᠡᠨ᠎ᠤ ᠦᠨᠡᠯᠡᠯᠲᠡ ᠪᠠ ᠬᠠᠨᠤᠮᠵᠢᠲᠠᠢ ᠦᠨᠡᠯᠡᠯᠲᠡ ᠥᠭᠴᠡᠢ᠃

     ᠤᠢ᠌ᠷ᠎ᠠ ᠵᠢᠨ ᠵᠢᠯ᠎ᠳᠤ᠂ ᠬᠦᠬᠡᠬᠣᠲᠠ ᠵᠢᠨ ᠵᠠᠬ᠎ᠠ ᠳᠡᠯᠭᠡᠭᠦᠷ᠎ᠤᠨ ᠬᠢᠨᠠᠨ ᠬᠠᠮᠢᠶᠠᠷᠤᠯᠲᠠ ᠵᠢᠨ ᠲᠣᠪᠴᠢᠶᠠᠨ᠎ᠤ  ᠳᠠᠩᠰᠠᠯᠠᠭᠤᠯᠤᠯᠲᠠ ᠵᠢᠨ  ᠴᠣᠩᠬᠣᠪᠴᠢ᠎ᠨᠢ  ᠬᠤᠳᠠᠯᠳᠤᠭ᠎ᠠ ᠡᠷᠬᠢᠯᠡᠬᠦ ᠣᠷᠴᠢᠨ᠎ᠢ ᠶᠡᠬᠡ᠎ᠪᠠᠷ  ᠰᠢᠯᠢᠳᠡᠭᠵᠢᠭᠦᠯᠵᠦ᠂ ᠭᠤᠷᠪᠠᠨ ᠵᠦᠢ᠍ᠯ᠎ᠤᠨ ᠠᠷᠭ᠎ᠠ ᠬᠡᠮᠵᠢᠶ᠎ᠡ᠎ᠪᠠᠷ ᠥᠨᠳᠥᠷ ᠪᠦᠲᠦᠮᠵᠢᠲᠠᠢ ᠭᠠᠳᠠᠭ᠋ᠠᠳᠤ ᠪᠡᠯᠡ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ  ᠪᠣᠢ ᠪᠣᠯᠭ᠋ᠠᠪᠠ᠃

     ᠨᠢᠭᠡ᠎ᠳᠤ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶᠠᠨ᠎ᠤ  ᠡᠵᠡᠩᠨᠡᠯᠲᠡ ᠵᠢᠨ ᠭᠤᠤᠯ ᠴᠣᠭᠴᠠ ᠵᠢᠨ ᠳᠠᠩᠰᠠᠯᠠᠭᠣᠯᠣᠭᠰᠠᠨ ᠵᠢᠩᠬᠢᠨᠢ ᠨᠡᠷ᠎ᠡ᠎ᠪᠠᠷ ᠭᠡᠷᠡᠴᠢᠯᠡᠬᠦ ᠠᠵᠢᠯ᠎ᠤᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠪᠠ ᠃ ᠲᠣᠪᠴᠢᠶᠠᠨ᠎ᠤ ᠠᠵᠢᠯᠲᠠᠳ ᠎ᠨᠢ ᠬᠢᠯᠢ᠎ᠪᠠᠷ ᠣᠷᠣᠵᠤ ᠭᠠᠷᠬᠤ ᠰᠠᠯᠠᠭ᠎ᠠ ᠮᠥᠴᠢᠷ᠎ᠲᠠᠢ ᠨᠢᠭᠲᠠ ᠬᠠᠮᠵᠢᠯᠴᠠᠨ᠂ ᠪᠥᠬᠦ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶᠠᠨ᠎ᠤ  ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ ᠳᠡᠭᠡᠷ᠎ᠡ ᠭᠠᠳᠠᠭ᠋ᠠᠳᠤ ᠵᠢᠨ ᠬᠥᠮᠦᠨ᠎ᠤ ᠡᠭᠦᠷᠢᠲᠡ ᠣᠷᠣᠰᠢᠨ ᠰᠠᠭᠤᠬᠤ ᠪᠡᠶ᠎ᠡ ᠵᠢᠨ ᠦᠨᠡᠮᠯᠡᠯ᠎ᠤᠨ ᠰᠦᠯᠵᠢᠶᠡᠨ ᠳᠡᠭᠡᠷᠡᠬᠢ ᠪᠡᠶ᠎ᠡ ᠵᠢᠨ ᠭᠠᠷᠤᠯ᠎ᠢ ᠬᠢᠨᠠᠨ ᠰᠢᠯᠭ᠋ᠠᠬᠤ ᠴᠢᠳᠠᠮᠵᠢ ᠵᠢ ᠬᠤᠷᠠᠮᠳᠤᠭᠤᠯᠬᠤ᠎ᠪᠠᠷ ᠬᠦᠴᠦᠯᠡᠪᠡ ᠃ ᠬᠤᠶᠠᠷ ᠲᠠᠯ᠎ᠠ ᠵᠢᠨ ᠠᠵᠢᠯᠲᠠᠳ᠎ᠨᠢ ᠮᠡᠷᠭᠡᠵᠢᠯ᠎ᠤᠨ ᠳᠡᠮᠵᠢᠯᠭᠡ᠎ᠲᠠᠢ  ᠬᠠᠮᠲᠤ᠎ᠪᠠᠷ ᠴᠢᠷᠮᠠᠶ᠋ᠢᠵᠤ᠂ ᠳ᠋ᠠᠢ᠌ᠲ᠋ᠠ ᠵᠢᠨ  ᠵᠠᠯᠭ᠋ᠠᠳᠠᠰᠤ ᠵᠢ ᠵᠠᠪᠰᠠᠷ ᠥᠬᠡᠶ ᠵᠣᠯᠭ᠋ᠠᠭᠤᠯᠬᠤ ᠵᠢ ᠦᠨᠡᠨ ᠬᠦ᠌ ᠪᠠᠲᠤᠯᠠᠵᠤ᠂ ᠥᠨᠳᠥᠷ ᠪᠦᠲᠦᠮᠵᠢᠲᠡᠶ᠂ ᠣᠨᠣᠪᠴᠢᠲᠠᠶ ᠰᠦᠯᠵᠢᠶᠡᠨ ᠳᠡᠭᠡᠷ᠎ᠡ ᠬᠠᠷᠭᠤᠭᠤᠯᠤᠨ ᠪᠠᠶ᠋ᠢᠴᠠᠭ᠋ᠠᠬᠤ ᠴᠤᠪᠤᠷᠠᠯ᠎ᠢ ᠪᠡᠶᠡᠯᠡᠭᠦᠯᠪᠡ ᠃ ᠡᠨᠡ ᠬᠦ᠌ ᠰᠢᠨ᠎ᠡ ᠵᠢ ᠡᠭᠦᠳᠦᠭᠰᠡᠨ  ᠠᠷᠭ᠎ᠠ ᠬᠡᠮᠵᠢᠶ᠎ᠡ᠎ᠨᠢ ᠭᠠᠳᠠᠭ᠋ᠠᠳᠤ ᠵᠢᠨ ᠬᠥᠮᠦᠨ᠎ᠤ ᠡᠭᠦᠷᠢᠳᠡ ᠣᠷᠣᠰᠢᠨ ᠰᠠᠭᠤᠬᠤ ᠦᠨᠡᠮᠯᠡᠯ᠎ᠤᠨ ᠠᠵᠢᠯ ᠶᠠᠪᠤᠳᠠᠯ ᠭᠦᠢ᠍ᠴᠡᠳᠬᠡᠬᠦ ᠴᠣᠪᠣᠷᠠᠯ᠎ᠢ ᠲᠦᠢ᠍ᠯ᠎ᠤᠨ ᠶᠡᠭᠡ᠎ᠪᠠᠷ ᠳᠦᠭᠦᠮᠴᠢᠯᠡᠨ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢᠨ ᠬᠠᠮᠲᠤ ᠪᠠᠰᠠ ᠪᠡᠶ᠎ᠡ ᠵᠢᠨ ᠰᠢᠯᠭ᠋ᠠᠯᠲᠠ ᠵᠢᠨ ᠠᠶᠤᠯᠭᠦᠢ  ᠴᠢᠨᠠᠷ ᠪᠠ ᠳᠥᠭᠦᠮ ᠳᠥᠲᠡ ᠴᠢᠨᠠᠷ᠎ᠢ ᠴᠢᠩᠭ᠋ᠠᠳᠬᠠᠪᠠ᠃ ᠣᠳᠣᠬᠠᠨ᠎ᠳᠤ ᠲᠣᠰ ᠴᠢᠳᠠᠮᠵᠢ ᠵᠢ ᠨᠢᠭᠡᠨᠲᠡ ᠪᠡᠶᠡᠯᠡᠭᠦᠯᠵᠦ᠂ ᠣᠷᠣᠨ᠎ᠤ ᠳᠣᠲᠣᠷ᠎ᠠ ᠪᠠᠶ᠋ᠢᠭ᠎ᠠ ᠭᠠᠳᠠᠭ᠋ᠠᠳᠤ ᠵᠢᠨ ᠬᠠᠷᠢᠶᠠᠲᠤ ᠬᠥᠮᠦᠰ᠎ᠲᠤ ᠨᠠᠩ ᠳᠥᠭᠦᠮ ᠳᠥᠲᠡ᠂ ᠥᠨᠳᠥᠷ ᠪᠦᠲᠦᠮᠵᠢᠲᠡᠶ  ᠵᠠᠰᠠᠭ ᠎ᠤᠨ  ᠶᠠᠪᠤᠳᠠᠯ ᠎ᠤᠨ  ᠦᠢ᠍ᠯᠡᠴᠢᠯᠡᠭᠡᠨ᠎ᠤ  ᠪᠡᠶᠡᠴᠢ  ᠣᠶ᠋ᠢᠯᠠᠭ᠋ᠠᠯᠲᠠ ᠵᠢ  ᠬᠠᠩᠭ᠋ᠠᠪᠠ᠃

     ᠬᠤᠶᠠᠷ᠎ᠲᠤ ᠰᠢᠯᠵᠢᠯᠲᠡ ᠵᠢᠨ ᠬᠤᠭᠤᠴᠠᠭ᠋ᠠᠨ᠎ᠳᠠᠬᠢ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ᠎ᠤᠨ  ᠪᠦᠷᠢᠳᠬᠡᠨ ᠳᠠᠩᠰᠠᠯᠠᠬᠤ ᠠᠵᠢᠯ᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠪᠠ ᠃ ᠬᠥᠬᠡᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠨᠢ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠠᠯᠠ ᠣᠷᠣᠭᠤᠯᠤᠭᠰᠠᠨ ᠠᠵᠤ ᠠᠬᠤᠶ᠋ᠢᠯᠠᠯ᠎ᠤᠨ ᠰᠢᠯᠵᠢᠯᠲᠡ ᠵᠢᠨ ᠬᠤᠭᠤᠴᠠᠭ᠋ᠠᠨ᠎ᠤ ᠥᠷᠢᠰᠥᠯᠳᠦᠭᠡᠨ᠎ᠢ ᠢᠳᠡᠪᠬᠢᠲᠡᠶ ᠠᠷᠭ᠋ᠠᠴᠠᠵᠤ᠂ ᠰᠦᠯᠵᠢᠶᠡᠨ ᠳᠡᠭᠡᠷᠡᠬᠢ ᠣᠯᠠᠨ ᠨᠡᠶ᠋ᠢᠲᠡ ᠵᠢᠨ ᠲᠠᠪᠴᠠᠩ ᠵᠶ᠋ᠠᠷ  ᠨᠠᠷᠢᠨ ᠲᠣᠳᠣᠷᠬᠠᠶ ᠣᠳᠣᠷᠢᠳᠬᠣ ᠭᠠᠷ ᠳᠡᠪᠲᠡᠷ᠎ᠢ ᠨᠡᠶ᠋ᠢᠲᠡᠯᠡᠵᠦ᠂ ᠠᠯᠪᠠᠨ ᠪᠢᠴᠢᠭ᠎ᠢ ᠲᠦᠷᠭᠡᠨ ᠬᠦᠷᠭᠡᠯᠲᠡ᠎ᠪᠠᠷ ᠬᠦᠷᠭᠡᠬᠦ ᠦᠢ᠍ᠯᠡᠴᠢᠯᠡᠭᠡ ᠵᠢ ᠬᠡᠷᠡᠭᠯᠡᠨ᠂ ᠵᠣᠬᠢᠶᠠᠨ ᠪᠠᠶ᠋ᠢᠭᠤᠯᠤᠯᠲᠠ ᠵᠢᠨ ᠬᠡᠯᠪᠡᠷᠢ᠎ᠪᠠᠨ  ᠬᠤᠪᠢᠷᠠᠭᠤᠯᠬᠤ ᠵᠢᠴᠢ ᠬᠠᠮᠤᠭ᠎ᠤᠨ ᠳᠡᠭᠡᠳᠦ ᠡᠷᠬᠡᠲᠦ ᠪᠠᠶ᠋ᠢᠭᠤᠯᠤᠮᠵᠢ ᠵᠢᠨ ᠲᠣᠬᠢᠷᠠᠭᠤᠯᠤᠯᠲᠠ ᠵᠢᠨ ᠲᠥᠷᠥ ᠵᠢᠨ ᠪᠣᠳᠣᠯᠭ᠎ᠠ ᠬᠢᠭᠡᠳ ᠳᠡᠩᠰᠡᠯᠡᠯᠲᠡ ᠵᠢᠨ ᠴᠣᠪᠣᠷᠠᠯ᠎ᠢ ᠲᠣᠳᠣᠷᠬᠠᠶ ᠲᠠᠶ᠋ᠢᠯᠪᠤᠷᠢᠯᠠᠪᠠ᠃  ᠠᠵᠤ  ᠠᠬᠤᠶ᠋ᠢᠯᠠᠯ ᠎ᠤᠨ  ᠲᠣᠭᠲᠠᠭ᠋ᠠᠯ᠎ᠳᠤ  ᠨᠡᠶ᠋ᠢᠴᠡᠭᠦᠯᠦᠨ  ᠡᠵᠡᠩᠨᠡᠬᠦ ᠵᠢ  ᠪᠠᠲᠤᠯᠠᠵᠤ᠂ ᠨᠡᠩ ᠵᠢᠷᠤᠮᠵᠢᠭᠤᠨ᠂ ᠥᠨᠳᠥᠷ ᠪᠦᠲᠦᠮᠵᠢᠲᠡᠢ ᠬᠥᠭᠵᠢᠯᠲᠡ ᠵᠢᠨ ᠵᠠᠮ᠎ᠳᠤ ᠬᠦᠴᠦᠨ ᠨᠡᠮᠡᠷᠢᠯᠡᠪᠡ᠃

     ᠭᠤᠷᠪᠠ᠎ᠳᠤ᠂ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠢ ᠳᠠᠩᠰᠠᠯᠠᠨ ᠪᠠᠢ᠌ᠭᠣᠯᠬᠣ ᠴᠠᠭ᠎ᠢ 1 ᠠᠵᠢᠯᠯᠠᠬᠤ ᠡᠳᠦᠷ ᠪᠠᠶ᠋ᠢᠭᠰᠠᠨ᠎ᠠᠴᠠ 3 ᠴᠠᠭ᠎ᠤᠨ ᠳᠣᠲᠣᠷ᠎ᠠ ᠪᠣᠯᠭ᠋ᠠᠨ ᠪᠣᠭᠤᠨᠢᠰᠬᠠᠵᠤ᠂ ᠠᠵᠤ ᠠᠬᠤᠶ᠋ᠢᠯᠠᠯ᠎ᠤᠨ ᠳᠠᠩᠰᠠᠯᠠᠭᠤᠯᠬᠤ ᠦᠷ᠎ᠡ ᠪᠦᠲᠦᠮᠵᠢ ᠵᠢ ᠲᠦᠢ᠍ᠯ᠎ᠤᠨ ᠶᠡᠭᠡ᠎ᠪᠠᠷ ᠳᠡᠭᠡᠭᠰᠢᠯᠡᠭᠦᠯᠪᠡ᠃ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠤᠨ  ᠪᠠᠢ᠌ᠭᠤᠯᠤᠭᠰᠠᠨ  ᠴᠣᠪᠣᠷᠠᠯ᠎ᠨᠢ ᠴᠢᠬᠤᠯᠠ ᠶᠡᠬᠡ ᠬᠤᠪᠢᠰᠤᠯᠲᠠ ᠵᠢ ᠤᠭᠲᠤᠨ ᠠᠪᠴᠢᠷᠠᠯ᠎ᠠ᠃ ᠰᠦᠯᠵᠢᠶᠡᠨ ᠳᠡᠭᠡᠷᠡᠬᠢ ᠲᠠᠪᠴᠠᠩ ᠨᠢᠭᠡᠨᠲᠡ ᠪᠥᠬᠦ ᠲᠠᠯ᠎ᠠ᠎ᠪᠠᠷ ᠲᠠᠰ ᠳᠡᠪᠰᠢᠵᠦ᠂ ᠺᠣᠮᠫᠠᠨᠢ ᠵᠢᠨ ᠰᠢᠨ᠎ᠡ ᠬᠠᠤᠯᠢ ᠵᠢᠨ ᠠᠬᠤᠶ ᠪᠠᠶ᠋ᠢᠳᠠᠯ ᠳᠣᠤᠷ᠎ᠠ ᠺᠣᠮᠫᠠᠨᠢ ᠪᠠᠶ᠋ᠢᠭᠤᠯᠬᠤ᠎ᠳᠤ ᠴᠢᠬᠤᠯᠠ ᠪᠥᠬᠦᠶ ᠮᠠᠲ᠋ᠧᠷᠢᠶᠠᠯ᠎ᠤᠨ ᠬᠡᠪ ᠵᠠᠭᠪᠤᠷ᠎ᠢ ᠬᠠᠩᠭ᠋ᠠᠵᠤ᠂ ᠠᠵᠤ ᠠᠬᠤᠶ᠋ᠢᠯᠠᠯ ᠵᠥᠪᠬᠡᠨ ᠲᠠᠪᠴᠠᠩ᠎ᠳᠤ ᠳᠠᠩᠰᠠᠯᠠᠭᠣᠯᠵᠦ᠂ ᠬᠡᠪ ᠵᠠᠭᠪᠤᠷ᠎ᠢ ᠪᠠᠭᠤᠯᠭ᠋ᠠᠨ ᠠᠪᠬᠤ ᠵᠢᠨ ᠬᠠᠮᠲᠤ ᠭᠠᠷ᠎ᠤᠨ ᠥᠰᠥᠭ ᠵᠢᠷᠤᠪᠠᠯ᠂ ᠳᠠᠷᠤᠶ ᠳᠠᠩᠰᠠᠯᠠᠭᠤᠯᠤᠯᠲᠠ ᠵᠢᠨ  ᠪᠠᠶ᠋ᠢᠭᠤᠯᠭ᠎ᠠ᠎ᠳᠤ ᠲᠦᠷᠭᠡᠨ ᠲᠤᠰᠢᠶᠠᠵᠤ ᠤᠷᠢᠳᠴᠢᠯᠠᠨ ᠬᠢᠨᠠᠭᠤᠯᠵᠤ ᠪᠣᠯᠤᠨ᠎ᠠ᠃ ᠡᠨᠡ ᠬᠦ᠌ ᠠᠷᠭ᠎ᠠ ᠬᠡᠮᠵᠢᠶ᠎ᠡ᠎ᠨᠢ ᠠᠵᠢᠯ ᠶᠠᠪᠤᠳᠠᠯ ᠭᠦᠢ᠍ᠴᠡᠳᠬᠡᠬᠦ ᠴᠣᠪᠣᠷᠠᠯ᠎ᠢ ᠳᠥᠭᠦᠮᠴᠢᠯᠡᠭᠰᠡᠨ ᠵᠶ᠋ᠠᠷ ᠪᠠᠷᠠᠬᠤ ᠥᠬᠡᠶ᠂ ᠪᠠᠰᠠ ᠲᠣᠭ᠋ᠠᠴᠢᠯᠠᠭᠰᠠᠨ ᠠᠷᠭ᠎ᠠ ᠪᠠᠷᠢᠯ ᠵᠶ᠋ᠠᠷ ᠳᠠᠮᠵᠢᠭᠤᠯᠤᠨ ᠠᠵᠤ ᠠᠬᠤᠶ᠋ᠢᠯᠠᠯ᠎ᠤᠨ ᠨᠡᠭᠡᠭᠡᠨ ᠡᠷᠭᠢᠯᠡᠬᠦ ᠬᠤᠷᠳᠤᠴᠠ ᠵᠢ ᠲᠦᠷᠭᠡᠳᠬᠡᠵᠦ᠂ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠨ ᠬᠥᠬᠡᠬᠤᠲᠠ᠎ᠳᠤ ᠬᠥᠭᠵᠢᠬᠦ᠎ᠳᠤ ᠨᠠᠩ ᠳᠥᠭᠦᠮ ᠳᠥᠲᠡ᠂ ᠥᠨᠳᠥᠷ ᠪᠦᠲᠦᠮᠵᠢᠲᠡᠶ ᠦᠢ᠍ᠯᠡᠴᠢᠯᠡᠭᠡᠨ᠎ᠤ ᠣᠷᠴᠢᠨ ᠨᠥᠬᠦᠴᠡᠯ᠎ᠢ ᠬᠠᠩᠭ᠋ᠠᠭᠰᠠᠨ ᠪᠠᠶ᠋ᠢᠨ᠎ᠠ᠃

     ᠣᠳᠣᠬᠠᠨ᠎ᠳᠤ ᠬᠥᠬᠡᠬᠤᠲᠠ᠎ᠳᠤ ᠦᠷᠭᠦᠯᠵᠢᠯᠡᠨ ᠣᠷᠣᠰᠢᠨ ᠲᠣᠭᠲᠠᠨᠢᠵᠤ ᠪᠠᠢ᠌ᠭ᠎ᠠ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ 782 ᠡᠷᠦᠬᠡ ᠪᠠᠢ᠌ᠵᠤ᠂ ᠰᠢᠨ᠎ᠡ ᠺᠣᠮᠫᠠᠨᠢ ᠵᠢᠨ ᠬᠠᠤᠯᠢ ᠵᠢ ᠬᠡᠷᠡᠭᠵᠢᠭᠦᠯᠦᠭᠰᠡᠨ᠎ᠠᠴᠠ ᠨᠠᠭ᠋ᠠᠰᠢ ᠂ ᠬᠥᠬᠡᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠨᠢ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠨ ᠨᠡᠢ᠌ᠲᠡ 577 ᠬᠤᠪᠢ ᠵᠢ ᠳᠠᠩᠰᠠᠯᠠᠭᠣᠯᠬᠣ ᠵᠢ ᠭᠦᠢ᠍ᠴᠡᠳᠬᠡᠵᠦ᠂ ᠴᠥᠮ ᠬᠠᠤᠯᠢ᠎ᠪᠠᠷ ᠲᠣᠭᠲᠠᠭ᠋ᠠᠭᠰᠠᠨ ᠭᠦᠢ᠍ᠴᠡᠳᠬᠡᠵᠦ ᠳᠠᠭᠤᠰᠬᠠᠬᠤ ᠬᠤᠭᠤᠴᠠᠭ᠋ᠠᠨ ᠳᠣᠲᠣᠷ᠎ᠠ ᠪᠡᠶᠡᠯᠡᠭᠦᠯᠪᠡ᠃

 

ᠢᠷᠡᠯᠲᠡ᠄ ᠬᠥᠬᠡᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ