ᠥᠪᠥᠷ ᠮᠣᠩᠭᠤᠯ ᠠᠵᠤ ᠠᠬᠤᠶ᠋ᠢᠯᠠᠯ᠎ᠢ ᠲᠤᠰᠠᠯᠠᠬᠤ ᠦᠢ᠍ᠯᠡᠴᠢᠯᠡᠭᠡᠨ᠎ᠤ ᠪᠣᠳᠠᠲᠠᠢ ᠠᠷᠭ᠎ᠠ ᠠᠪᠴᠢᠯ᠎ᠢ ᠭᠠᠷᠭ᠋ᠠᠪᠠ — 《ᠠᠵᠤ ᠠᠬᠤᠶ᠋ᠢᠯᠠᠯ᠎ᠤᠨ ᠺᠣᠳ᠋》᠎ᠢ ᠪᠦᠬᠦ ᠲᠠᠯ᠎ᠠ᠎ᠪᠠᠷ ᠬᠡᠷᠡᠭᠵᠢᠭᠦᠯᠦᠨ᠎ᠡ
2025-03-26

     Q᠄ 《ᠠᠵᠤ ᠠᠬᠤᠶ᠋ᠢᠯᠠᠯ᠎ᠤᠨ  ᠺᠣᠳ᠋》 ᠎ᠨᠢ  ᠬᠠᠮᠢᠭ᠎ᠠ ᠪᠠᠶ᠋ᠢᠬᠤ ᠪᠤᠢ?

     A᠄ 2024 ᠣᠨ᠎ᠤ 8  ᠳ᠋ᠤᠭ᠋ᠠᠷ  ᠰᠠᠷ᠎ᠠ ᠵᠢᠨ 1᠎ᠤ ᠡᠳᠦᠷ᠎ᠠᠴᠠ ᠰᠡᠭᠦᠯᠡᠷ᠂ ᠥᠪᠥᠷ ᠮᠣᠩᠭᠤᠯ᠎ᠤᠨ ᠬᠡᠪᠴᠢᠶᠡᠨ᠎ᠳᠤ ᠣᠯᠭᠤᠭᠰᠠᠨ  ᠡᠯᠸᠺᠲᠷᠣᠨ  ᠡᠵᠡᠩᠨᠡᠯᠲᠡ ᠵᠢᠨ ᠦᠨᠡᠮᠯᠡᠯ ᠪᠠ ᠴᠠᠭ᠋ᠠᠰᠤᠨ ᠡᠵᠡᠩᠨᠡᠯᠲᠡ ᠵᠢᠨ ᠦᠨᠡᠮᠯᠡᠯ᠎ᠤᠨ ᠪᠠᠷᠠᠭᠤᠨ ᠳᠡᠭᠡᠷ᠎ᠡ ᠥᠨᠴᠥᠭ᠎ᠲᠤ ᠴᠥᠮ 《ᠠᠵᠤ ᠠᠬᠤᠶ᠋ᠢᠯᠠᠯ᠎ᠤᠨ ᠺᠣᠳ᠋》  ᠨᠡᠮᠡᠭᠰᠡᠨ ᠪᠠᠢ᠌ᠳᠠᠭ ᠂  ᠡᠯᠸᠺᠲᠷᠣᠨ  ᠡᠵᠡᠩᠨᠡᠯᠲᠡ ᠵᠢᠨ ᠦᠨᠡᠮᠯᠡᠯ᠎ᠤᠨ ᠸᠢᠴᠠᠲ᠎ᠤᠨ ᠵᠢᠵᠢᠭ ᠫᠷᠤᠭ᠌ᠷᠠᠮ᠎ᠤᠨ 《ᠠᠵᠤ ᠠᠬᠤᠶ᠋ᠢᠯᠠᠯ᠎ᠤᠨ ᠺᠣᠳ᠋》᠎ᠤᠨ ᠲᠡᠮᠳᠡᠭ᠎ᠢ  ᠳᠠᠷᠣᠪᠠᠯ  ᠭᠠᠷ ᠤᠲᠠᠰᠤᠨ ᠳᠡᠭᠡᠷ᠎ᠡ  ᠡᠵᠡᠩᠨᠡᠯᠲᠡ ᠵᠢᠨ ᠭᠣᠣᠯ ᠴᠣᠭᠴᠠ ᠵᠢᠨ ᠨᠡᠷ᠎ᠡ ᠳᠣᠣᠷᠠᠬᠢ 《ᠠᠵᠤ ᠠᠬᠤᠶ᠋ᠢᠯᠠᠯ᠎ᠤᠨ ᠺᠣᠳ᠋》᠎ᠢ ᠭᠠᠷᠭ᠋ᠠᠵᠤ ᠳᠡᠢ᠌ᠯᠣᠨ᠎ᠡ ᠃

 

1.png

 

     Q᠄ ᠶᠠᠭᠤ ᠵᠢ 《ᠠᠵᠤ ᠠᠬᠤᠶ᠋ᠢᠯᠠᠯ᠎ᠤᠨ ᠺᠣᠳ᠋》 ᠭᠡᠬᠦ ᠪᠣᠶ?

     A᠄ 《  ᠠᠵᠤ  ᠠᠬᠤᠶ᠋ᠢᠯᠠᠯ ᠎ᠤᠨ  ᠺᠣᠳ᠋》  ᠪᠣᠯ  ᠡᠵᠡᠩᠨᠡᠯᠲᠡ ᠵᠢᠨ  ᠭᠤᠤᠯ  ᠴᠣᠭᠴᠠ ᠵᠢᠨ  ᠪᠡᠶ᠎ᠡ ᠵᠢᠨ  ᠭᠠᠷᠣᠯ ᠎ᠤᠨ  ᠺᠣᠳ᠋ ᠎ᠤᠨ  ᠲᠣᠪᠴᠢ  ᠨᠡᠷᠡᠢ᠌ᠳᠦᠯ  ᠮᠥᠨ᠂  ᠡᠯᠸᠺᠲᠷᠣᠨ  ᠡᠵᠡᠩᠨᠡᠯᠲᠡ ᠵᠢᠨ  ᠦᠨᠡᠮᠯᠡᠯ ᠵᠶ᠋ᠠᠷ ᠡᠵᠡᠩᠨᠡᠯᠲᠡ᠎ᠪᠠᠷ  ᠭᠤᠤᠯ ᠴᠣᠭᠴᠠ ᠵᠢᠨ ᠪᠡᠶ᠎ᠡ ᠵᠢᠨ ᠭᠠᠷᠤᠯ᠎ᠤᠨ  ᠢᠷᠡᠯᠲᠡ ᠵᠢᠨ ᠴᠡᠭ  ᠪᠣᠯᠭ᠋ᠠᠨ ᠦᠢ᠍ᠯᠡᠳᠴᠦ ᠲᠠᠷᠬᠠᠭ᠋ᠠᠭᠰᠠᠨ ᠬᠤᠶᠠᠷ ᠬᠡᠮᠵᠢᠯᠳᠦ ᠺᠣᠳ᠋ ᠮᠥᠨ᠂ ᠡᠷᠬᠡ  ᠰᠦᠷ᠎ᠲᠠᠢ᠂ ᠴᠣᠷ᠎ᠤᠨ ᠭᠠᠭᠴᠠ  ᠮᠦᠷᠲᠡᠭᠡᠨ  ᠪᠥᠬᠦ ᠤᠯᠤᠰ᠎ᠤᠨ ᠬᠠᠷᠢᠯᠴᠠᠨ ᠨᠡᠪᠲᠡᠷᠡᠯᠴᠡᠵᠦ  ᠬᠠᠷᠢᠯᠴᠠᠨ ᠮᠡᠳᠡᠷᠡᠬᠦ ᠪᠡᠶ᠎ᠡ ᠵᠢᠨ  ᠭᠠᠷᠣᠯ᠎ᠤᠨ ᠢᠯᠡᠷᠬᠡᠢ᠌ᠯᠡᠯ᠎ᠤᠨ ᠺᠣᠳ᠋ ᠮᠥᠨ᠃ 《ᠠᠵᠤ  ᠠᠬᠤᠶ᠋ᠢᠯᠠᠯ᠎ᠤᠨ ᠺᠣᠳ᠋》᠎ᠨᠢ  ᠡᠯᠸᠺᠲᠷᠣᠨ  ᠡᠵᠡᠩᠨᠡᠯᠲᠡ ᠵᠢᠨ ᠦᠨᠡᠮᠯᠡᠯ ᠎ᠤᠨ  ᠰᠢᠰᠲ᠋ᠧᠮ ᠎ᠳᠤ  ᠲᠦᠰᠢᠭᠯᠡᠨ᠂ ᠡᠵᠡᠩᠨᠡᠯᠲᠡ ᠵᠢᠨ ᠭᠤᠤᠯ ᠴᠣᠭᠴᠠ ᠵᠢ ᠪᠠᠢ᠌ᠭᠣᠯᠣᠨ ᠳᠠᠩᠰᠠᠯᠠᠭᠰᠠᠨ᠎ᠤ ᠳᠠᠷᠠᠭ᠎ᠠ  ᠠᠶᠠᠨᠳᠠᠭ᠋ᠠᠨ ᠪᠣᠶ  ᠪᠣᠯᠵᠤ ᠂ ᠡᠵᠡᠩᠨᠡᠯᠲᠡ ᠵᠢᠨ ᠭᠤᠤᠯ ᠴᠣᠭᠴᠠ ᠵᠢᠨ ᠪᠡᠶ᠎ᠡ ᠵᠢᠨ  ᠭᠠᠷᠤᠯ᠎ᠢ ᠢᠯᠡᠷᠬᠡᠢ᠌ᠯᠡᠵᠦ ᠂ ᠴᠠᠭ ᠲᠤᠬᠠᠶ᠎ᠳᠤ᠎ᠨᠢ  ᠬᠤᠯᠪᠣᠭᠳᠠᠬᠤ ᠲᠤᠭ᠎ᠠ ᠪᠠᠷᠢᠮᠲᠠ ᠵᠢ  ᠢᠯᠡᠳᠬᠡᠬᠦ ᠵᠢᠨ ᠬᠠᠮᠲᠤ ᠡᠵᠡᠩᠨᠡᠯᠲᠡ ᠵᠢᠨ ᠭᠤᠤᠯ ᠴᠣᠭᠴᠠ ᠵᠢᠨ ᠪᠥᠬᠦ ᠠᠮᠢ ᠨᠠᠰᠤᠨ᠎ᠤ ᠦᠶᠡᠯᠡᠯ᠎ᠤᠨ  ᠬᠤᠭᠤᠴᠠᠭ᠋ᠠᠨ᠎ᠳᠤ ᠬᠡᠷᠡᠭᠯᠡᠬᠦ ᠵᠢ  ᠳᠡᠮᠵᠢᠨ᠎ᠡ ᠃

 

2.png

 

     Q᠄ ᠬᠡᠷᠬᠢᠨ 《ᠠᠵᠤ ᠠᠬᠤᠶ᠋ᠢᠯᠠᠯ᠎ᠤᠨ ᠺᠣᠳ᠋》 ᠣᠯᠬᠤ ᠪᠤᠢ?

     A᠄ ᠡᠵᠡᠩᠨᠡᠯᠲᠡ ᠵᠢᠨ ᠭᠤᠤᠯ ᠴᠣᠭᠴᠠ᠎ᠨᠢ ᠸᠢᠴᠠᠲ ᠪᠤᠶᠤ  ᠲᠣᠭ᠋ᠠᠴᠠᠭ᠎ᠠ ᠬᠢᠬᠦ ᠡᠷᠳᠡᠨᠢ ᠵᠢᠨ ᠡᠯᠸᠺᠲᠷᠣᠨ  ᠡᠵᠡᠩᠨᠡᠯᠲᠡ ᠵᠢᠨ ᠦᠨᠡᠮᠯᠡᠯ᠎ᠤᠨ ᠵᠢᠵᠢᠭ ᠫᠷᠤᠭ᠌ᠷᠠᠮ ᠵᠶ᠋ᠠᠷ ᠳᠠᠮᠵᠢᠭᠤᠯᠤᠨ  ᠡᠯᠸᠺᠲᠷᠣᠨ ᠡᠵᠡᠩᠨᠡᠯᠲᠡ ᠵᠢᠨ ᠦᠨᠡᠮᠯᠡᠯ᠎ᠢ ᠪᠠᠭᠤᠯᠭ᠋ᠠᠬᠤ ᠪᠤᠶᠤ ᠴᠠᠭ᠋ᠠᠰᠤᠨ ᠡᠵᠡᠩᠨᠡᠯᠲᠡ ᠵᠢᠨ ᠦᠨᠡᠮᠯᠡᠯ᠎ᠢ  ᠠᠪᠤᠭᠰᠠᠨ᠎ᠤ ᠳᠠᠷᠠᠭ᠎ᠠ  ᠳᠠᠷᠤᠶ 《ᠠᠵᠤ ᠠᠬᠤᠶ᠋ᠢᠯᠠᠯ᠎ᠤᠨ  ᠺᠣᠳ᠋》᠎ᠢ  ᠣᠯᠣᠭ᠋ᠠᠳ ᠬᠡᠷᠡᠭᠯᠡᠵᠦ ᠪᠣᠯᠣᠨ᠎ᠠ᠃

 

3.png

 

     Q᠄ 《ᠠᠵᠤ ᠠᠬᠤᠶ᠋ᠢᠯᠠᠯ᠎ᠤᠨ ᠺᠣᠳ᠋》 ᠶᠠᠮᠠᠷ ᠶᠠᠮᠠᠷ ᠴᠢᠳᠠᠮᠵᠢ᠎ᠲᠠᠢ ᠪᠣᠶ?

     A᠄ ᠢᠯᠡ ᠦᠨᠡᠮᠯᠡᠯ (ᠦᠨᠡᠮᠯᠡᠯ)᠎ᠤᠨ ᠡᠵᠡᠩᠨᠡᠯᠲᠡ᠂ ᠺᠣᠳ᠋ ᠠᠪᠴᠤ  ᠠᠵᠢᠯ ᠶᠠᠪᠣᠳᠠᠯ ᠬᠦᠢ᠍ᠴᠡᠳᠬᠡᠬᠦ ᠂ ᠠᠵᠤ ᠠᠬᠤᠶ᠋ᠢᠯᠠᠯ᠎ᠤᠨ ᠤᠬᠠᠭᠤᠯᠭ᠎ᠠ᠂ ᠦᠢ᠍ᠯᠡᠳᠬᠦᠨ᠎ᠤ ᠢᠷᠡᠯᠲᠡ ᠵᠢ  ᠡᠷᠢᠬᠦ ᠵᠡᠷᠭᠡ 4 ᠵᠦᠢ᠍ᠯ᠎ᠤᠨ ᠴᠢᠳᠠᠮᠵᠢ᠎ᠲᠠᠢ  ᠪᠠᠢ᠌ᠳᠠᠭ ᠃

     ᠢᠯᠡ ᠦᠨᠡᠮᠯᠡᠯ (ᠦᠨᠡᠮᠯᠡᠯ)᠎ᠤᠨ ᠡᠵᠡᠩᠨᠡᠯᠲᠡ᠄ ᠡᠵᠡᠩᠨᠡᠯᠲᠡ ᠵᠢᠨ ᠭᠤᠤᠯ ᠴᠣᠭᠴᠠ᠎ᠨᠢ 《ᠠᠵᠤ ᠠᠬᠤᠶ᠋ᠢᠯᠠᠯ᠎ᠤᠨ ᠺᠣᠳ᠋》᠎ᠢ ᠡᠵᠡᠩᠨᠡᠯᠲᠡ ᠵᠢᠨ ᠲᠠᠯᠠᠪᠤᠷ᠎ᠲᠤ  ᠳᠠᠷᠣᠮᠠᠯᠯᠠᠨ  ᠨᠠᠭ᠋ᠠᠵᠦ  ᠢᠯᠡ ᠦᠨᠡᠮᠯᠡᠯ ᠲᠡᠮᠳᠡᠭ ᠵᠶ᠋ᠡᠨ ᠦᠵᠡᠭᠦᠯᠵᠦ  ᠪᠣᠯᠤᠨ᠎ᠠ᠂ ᠪᠠᠰᠠ  ᠡᠯᠸᠺᠲᠷᠣᠨ  ᠡᠵᠡᠩᠨᠡᠯᠲᠡ ᠵᠢᠨ ᠦᠨᠡᠮᠯᠡᠯ᠎ᠤᠨ ᠵᠢᠵᠢᠭ ᠫᠷᠤᠭ᠌ᠷᠠᠮ ᠵᠶ᠋ᠠᠷ ᠳᠠᠮᠵᠢᠭᠤᠯᠤᠨ 《ᠠᠵᠤ ᠠᠬᠤᠶ᠋ᠢᠯᠠᠯ᠎ᠤᠨ  ᠺᠣᠳ᠋》᠎ᠤᠨ ᠢᠯᠡ ᠦᠨᠡᠮᠯᠡᠯ᠎ᠢ ᠬᠡᠵᠢᠶ᠎ᠡ ᠬᠠᠮᠢᠭ᠎ᠠ ᠴᠤ᠌ ᠭᠡᠰᠡᠨ ᠭᠠᠷᠭ᠋ᠠᠨ ᠦᠵᠡᠭᠦᠯᠵᠦ ᠪᠣᠯᠣᠨ᠎ᠠ ᠂ ᠨᠡᠶ᠋ᠢᠭᠡᠮ ᠨᠡᠶ᠋ᠢᠲᠡ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ  ᠠᠵᠢᠯᠲᠠᠳ 《  ᠰᠢᠷᠪᠢᠬᠦ 》 ᠴᠢᠳᠠᠮᠵᠢ᠎ᠪᠠᠷ ᠳᠠᠮᠵᠢᠭᠤᠯᠤᠨ ᠡᠵᠡᠩᠨᠡᠯᠲᠡ ᠵᠢᠨ ᠭᠤᠤᠯ ᠴᠣᠭᠴᠠ ᠵᠢᠨ  ᠦᠨᠡᠮᠯᠡᠯ᠎ᠤᠨ ᠬᠠᠮᠢᠶ᠎ᠠ ᠪᠥᠬᠦᠶ ᠮᠡᠳᠡᠭᠡ ᠵᠠᠩᠭᠢ ᠵᠢ ᠪᠠᠶ᠋ᠢᠴᠠᠭ᠋ᠠᠨ ᠣᠶ᠋ᠢᠯᠠᠭ᠋ᠠᠵᠤ ᠪᠣᠯᠤᠨ᠎ᠠ᠃  ᠣᠳᠣᠬᠠᠨ᠎ᠳᠤ᠂ 《ᠠᠵᠤ ᠠᠬᠤᠶ᠋ᠢᠯᠠᠯ᠎ᠤᠨ ᠺᠣᠳ᠋》᠎ᠨᠢ ᠢᠳᠡᠭᠡᠨ ᠦᠢ᠍ᠯᠡᠳᠪᠦᠷᠢᠯᠡᠬᠦ ᠵᠥᠪᠰᠢᠶᠡᠷᠡᠯ᠎ᠤᠨ ᠦᠨᠡᠮᠯᠡᠯ ᠵᠡᠷᠭᠡ 21 ᠲᠥᠷᠥᠯ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶᠡᠨ᠎ᠳᠠᠬᠢ  ᠡᠯᠸᠺᠲᠷᠣᠨ  ᠵᠥᠪᠰᠢᠶᠡᠷᠡᠯ᠎ᠤᠨ ᠦᠨᠡᠮᠯᠡᠯ  ᠪᠠ  《  ᠨᠢᠭᠡ  ᠦᠨᠡᠮᠯᠡᠯ ᠎ᠳᠤ  ᠣᠯᠠᠨ  ᠬᠠᠶᠢᠭ》᠎ᠤᠨ  ᠮᠡᠳᠡᠭᠡ ᠵᠠᠩᠭᠢ᠂ ᠠᠵᠤ ᠠᠬᠤᠶ᠋ᠢᠯᠠᠯ᠎ᠤᠨ ᠢᠯᠡ ᠨᠡᠶ᠋ᠢᠲᠡᠯᠡᠬᠦ ᠮᠡᠳᠡᠭᠡ ᠵᠠᠩᠭᠢ᠎ᠲᠠᠢ  ᠬᠣᠯᠪᠣᠭᠳᠠᠵᠤ ᠪᠠᠢ᠌ᠨ᠎ᠠ ᠃

     ᠺᠣᠳ᠋ ᠠᠪᠴᠤ  ᠠᠵᠢᠯ ᠶᠠᠪᠣᠳᠠᠯ ᠭᠦᠢ᠍ᠴᠡᠳᠬᠡᠬᠦ ᠄ ᠡᠵᠡᠩᠨᠡᠯᠲᠡ ᠵᠢᠨ ᠭᠤᠣᠯ ᠴᠣᠭᠴᠠ᠎ᠨᠢ 《ᠠᠵᠤ ᠠᠬᠤᠶ᠋ᠢᠯᠠᠯ᠎ᠤᠨ ᠺᠣᠳ᠋》 ᠵᠶ᠋ᠠᠨ ᠠᠪᠴᠤ  ᠠᠵᠢᠯ ᠶᠠᠪᠣᠳᠠᠯ ᠭᠦᠢ᠍ᠴᠡᠳᠬᠡᠵᠦ  ᠪᠣᠯᠤᠨ᠎ᠠ᠂ ᠬᠤᠯᠪᠣᠭᠳᠠᠯ ᠪᠦᠬᠦᠢ  ᠠᠵᠢᠯ ᠶᠠᠪᠣᠳᠠᠯ ᠬᠦᠢ᠍ᠴᠡᠳᠬᠡᠬᠦ  ᠰᠢᠰᠲ᠋ᠧᠮ᠎ᠨᠢ ᠺᠣᠳ᠋ ᠰᠢᠷᠪᠢᠵᠦ ᠠᠵᠤ ᠠᠬᠤᠶ᠋ᠢᠯᠠᠯ᠎ᠤᠨ ᠮᠡᠳᠡᠭᠡ ᠵᠠᠩᠭᠢ ᠵᠢ ᠣᠯᠵᠤ ᠪᠣᠯᠤᠨ᠎ᠠ᠂ ᠦᠨᠳᠦᠰᠦᠨ ᠮᠡᠳᠡᠭᠡ ᠵᠠᠩᠭᠢ  ᠲᠠᠭᠯᠠᠬᠤ ᠪᠠ  ᠴᠠᠭ᠋ᠠᠰᠤᠨ ᠡᠵᠡᠩᠨᠡᠯᠲᠡ ᠵᠢᠨ ᠦᠨᠡᠮᠯᠡᠯ ᠲᠤᠰᠢᠶᠠᠬᠤ᠎ᠠᠴᠠ ᠬᠡᠯᠲᠦᠷᠢᠭᠦᠯᠣᠨ᠎ᠡ ᠃

     ᠠᠵᠤ ᠠᠬᠤᠶ᠋ᠢᠯᠠᠯ᠎ᠤᠨ ᠤᠬᠠᠭᠤᠯᠭ᠎ᠠ᠄ ᠡᠵᠡᠩᠨᠡᠯᠲᠡ ᠵᠢᠨ ᠭᠤᠤᠯ ᠴᠣᠭᠴᠠ᠎ᠨᠢ 《ᠠᠵᠤ ᠠᠬᠤᠶ᠋ᠢᠯᠠᠯ᠎ᠤᠨ  ᠺᠣᠳ᠋》᠎ᠢ ᠤᠬᠠᠭᠤᠯᠭ᠎ᠠ ᠵᠢᠨ ᠮᠠᠲ᠋ᠧᠷᠢᠶᠠᠯ ᠳᠡᠭᠡᠷ᠎ᠡ ᠳᠠᠷᠤᠮᠠᠯᠯᠠᠵᠤ ᠪᠣᠯᠤᠨ᠎ᠠ᠂ ᠨᠡᠶ᠋ᠢᠭᠡᠮ ᠨᠡᠶ᠋ᠢᠲᠡ᠎ᠪᠠᠷ ᠵᠶ᠋ᠠᠨ  ᠺᠣᠳ᠋  ᠰᠢᠷᠪᠢᠵᠦ ᠬᠠᠮᠢᠶ᠎ᠠ ᠪᠥᠬᠦᠶ ᠮᠡᠳᠡᠭᠡ ᠵᠠᠩᠭᠢ ᠵᠢ ᠪᠠᠶ᠋ᠢᠴᠠᠭ᠋ᠠᠨ ᠯᠠᠪᠯᠠᠵᠤ᠂ ᠡᠵᠡᠩᠨᠡᠯᠲᠡ ᠵᠢᠨ ᠭᠤᠤᠯ ᠴᠣᠭᠴᠠ ᠵᠢᠨ ᠬᠠᠮᠢᠶ᠎ᠠ ᠪᠥᠬᠦᠶ ᠪᠠᠶ᠋ᠢᠳᠠᠯ᠎ᠢ ᠲᠦᠷᠭᠡᠨ ᠣᠶ᠋ᠢᠯᠠᠭ᠋ᠠᠵᠤ ᠪᠣᠯᠤᠨ᠎ᠠ᠃

     ᠦᠢ᠍ᠯᠡᠳᠬᠦᠨ᠎ᠤ ᠢᠷᠡᠯᠲᠡ ᠵᠢ ᠡᠷᠢᠬᠦ ᠄ ᠡᠵᠡᠩᠨᠡᠯᠲᠡ ᠵᠢᠨ ᠭᠤᠤᠯ ᠴᠣᠭᠴᠠ᠎ᠨᠢ 《ᠠᠵᠤ ᠠᠬᠤᠶ᠋ᠢᠯᠠᠯ᠎ᠤᠨ  ᠺᠣᠳ᠋》᠎ᠢ ᠦᠢ᠍ᠯᠡᠳᠭᠦᠨ ᠳᠡᠭᠡᠷ᠎ᠡ ᠳᠠᠷᠤᠮᠠᠯᠯᠠᠵᠤ ᠪᠣᠯᠤᠨ᠎ᠠ᠂ ᠬᠡᠷᠡᠭᠯᠡᠭᠴᠢᠳ ᠺᠣᠳ᠋  ᠰᠢᠷᠪᠢᠵᠦ ᠦᠢ᠍ᠯᠡᠳᠪᠦᠷᠢᠯᠡᠯ᠎ᠤᠨ ᠬᠤᠳᠠᠯᠳᠤᠭ᠋ᠠᠴᠢᠨ᠎ᠤ ᠡᠵᠡᠩᠨᠡᠯᠲᠡ ᠵᠢᠨ ᠦᠨᠡᠮᠯᠡᠯ᠎ᠤᠨ ᠮᠡᠳᠡᠭᠡ ᠵᠠᠩᠭᠢ ᠵᠢᠴᠢ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶᠡᠨ᠎ᠳᠠᠬᠢ ᠬᠠᠮᠢᠶ᠎ᠠ ᠪᠥᠬᠦᠶ ᠵᠥᠪᠰᠢᠶᠡᠷᠡᠯ᠎ᠤᠨ ᠦᠨᠡᠮᠯᠡᠯ ᠣᠯᠤᠭᠰᠠᠨ ᠪᠠᠶ᠋ᠢᠳᠠᠯ᠎ᠢ ᠪᠠᠶ᠋ᠢᠴᠠᠭ᠋ᠠᠨ ᠦᠵᠡᠵᠦ ᠪᠣᠯᠤᠨ᠎ᠠ᠃

 

 

 

ᠢᠷᠡᠯᠲᠡ᠄ ᠲᠡᠮᠳᠡᠭᠯᠡᠨ ᠳᠠᠩᠰᠠᠯᠠᠬᠤ ᠲᠣᠪᠴᠢᠶ᠎ᠠ