3 ᠳ᠋ᠤᠭ᠋ᠠᠷ ᠰᠠᠷ᠎ᠠ ᠵᠢᠨ 31᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ 《 ᠦᠨᠳᠦᠷ ᠪᠦᠲᠦᠮᠵᠢᠲᠠᠢ᠎ᠪᠠᠷ ᠨᠢᠭᠡ ᠠᠵᠢᠯ ᠶᠠᠪᠣᠳᠠᠯ᠎ᠢ ᠬᠦᠢ᠍ᠴᠡᠳᠬᠡᠬᠦ》 ᠰᠢᠰᠲ᠋ᠧᠮ᠎ᠢ ᠰᠦᠯᠵᠢᠶᠡᠨ᠎ᠳᠤ ᠭᠠᠷᠭ᠋ᠠᠭᠰᠠᠨ ᠲᠤᠬᠠᠶ ᠵᠢᠨ ᠡᠳᠦᠷ᠎ᠲᠤ ᠰᠢᠯᠢ ᠵᠢᠨ ᠭᠤᠤᠯ ᠠᠶ᠋ᠢᠮᠠᠭ᠎ᠨᠢ ᠠᠩᠬᠠᠳᠠᠭᠴᠢ ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ 《ᠨᠢᠭᠡ ᠠᠵᠢᠯ ᠶᠠᠪᠤᠳᠠᠯ》᠎ᠤᠨ ᠲᠤᠬᠠᠶ᠋ᠢᠯᠠᠭᠰᠠᠨ ᠠᠵᠢᠯ᠎ᠢ ᠠᠮᠵᠢᠯᠲᠠ᠎ᠲᠠᠢ ᠭᠦᠢ᠍ᠴᠡᠳᠬᠡᠵᠦ᠂ ᠳᠠᠩᠰᠠᠯᠠᠯᠲᠠ ᠵᠢᠨ ᠠᠷᠭ᠎ᠠ ᠮᠠᠶᠢᠭ᠎ᠢ ᠰᠢᠭᠣᠳ ᠬᠣᠪᠢᠷᠠᠭᠣᠯᠬᠣ᠎ᠪᠠᠷ ᠳᠠᠮᠵᠢᠭᠤᠯᠤᠨ ᠭᠦᠢ᠍ᠴᠡᠳᠬᠡᠭᠰᠡᠨ ᠠᠩᠬᠠᠳᠠᠭᠴᠢ 《ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠡᠵᠡᠩᠨᠡᠯᠲᠡ ᠵᠢᠨ ᠦᠨᠡᠮᠯᠡᠯ᠎ᠢ ᠲᠠᠷᠬᠠᠭ᠋ᠠᠵᠤ᠂ ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠳᠡᠰ ᠳᠡᠪᠰᠢᠭᠦᠯᠬᠦ᠎ᠳᠤ 《ᠤᠷᠢᠳ ᠵᠶ᠋ᠠᠷ ᠬᠦᠴᠦᠨ ᠥᠬᠡᠶ ᠪᠣᠯᠭ᠋ᠠᠬᠤ》 ᠴᠠᠭ ᠦᠶ᠎ᠡ᠎ᠠᠴᠠ ᠰᠠᠯᠵᠤ ᠂ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠪᠦᠲᠦᠴᠡ ᠵᠢ ᠰᠢᠯᠢᠳᠡᠭᠵᠢᠭᠦᠯᠬᠦ ᠠᠵᠢᠯ ᠵᠠᠩᠭᠢᠯᠠᠭ᠎ᠠ ᠵᠢᠨ ᠠᠯᠬᠤᠮ᠎ᠢ ᠠᠯᠬᠤᠪᠠ᠃
ᠨᠢᠭᠡ᠎ᠳᠤ᠂ ᠠᠵᠢᠯ ᠶᠠᠪᠤᠳᠠᠯ ᠭᠦᠢ᠍ᠴᠡᠳᠭᠡᠬᠦ ᠶᠠᠪᠤᠴᠠ ᠵᠢ ᠨᠠᠩ ᠳᠥᠭᠦᠮᠴᠢᠯᠡᠪᠡ᠃ ᠥᠩᠭᠡᠷᠡᠭᠰᠡᠨ᠎ᠳᠤ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠬᠡᠯᠪᠡᠷᠢ᠎ᠪᠠᠨ ᠬᠤᠪᠢᠷᠠᠭᠤᠯᠤᠨ ᠠᠵᠤ ᠠᠬᠤᠶ᠋ᠢᠯᠠᠯ ᠪᠣᠯᠬᠤ᠎ᠳᠤ 《ᠨᠢᠭᠡ ᠵᠢ ᠬᠦᠴᠣᠨ ᠦᠭᠡᠢ ᠪᠣᠯᠭ᠋ᠠᠵᠦ ᠨᠢᠭᠡ ᠵᠢ ᠪᠠᠶ᠋ᠢᠭᠤᠯᠬᠤ》 ᠠᠷᠭ᠎ᠠ ᠬᠡᠯᠪᠡᠷᠢ ᠵᠢ ᠠᠪᠴᠤ ᠪᠠᠢ᠌ᠭᠰᠠᠨ ᠪᠣᠯᠬᠣᠷ ᠂ ᠤᠤᠯ᠎ᠤᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠡᠵᠡᠩᠨᠡᠯᠲᠡ ᠵᠢᠨ ᠦᠨᠡᠮᠯᠡᠯ᠎ᠢ᠎ᠨᠢ ᠤᠷᠢᠳ ᠵᠶ᠋ᠠᠷ ᠬᠦᠴᠦᠨ ᠦᠭᠡᠢ ᠪᠣᠯᠭ᠋ᠠᠵᠤ᠂ ᠠᠵᠤ ᠠᠬᠤᠶ᠋ᠢᠯᠠᠯ ᠪᠠᠶ᠋ᠢᠭᠤᠯᠬᠤ ᠳᠠᠩᠰᠠᠯᠠᠯᠲᠠ ᠵᠢ ᠲᠠᠬᠢᠵᠤ ᠰᠢᠨ᠎ᠡ᠎ᠪᠠᠷ ᠭᠣᠶᠣᠴᠢᠯᠠᠵᠦ ᠪᠠᠶ᠋ᠢᠪᠠ᠂ ᠡᠨᠡ ᠬᠦ᠌ ᠶᠠᠪᠤᠴᠠ᠎ᠨᠢ ᠤᠤᠯ᠎ᠤᠨ ᠨᠢᠭᠡᠲᠦᠯᠲᠠᠢ ᠨᠡᠶ᠋ᠢᠭᠡᠮ᠎ᠤᠨ ᠢᠲᠡᠭᠡᠮᠵᠢ ᠵᠢᠨ ᠣᠷᠣᠯᠠᠬᠤ ᠨᠣᠮᠧᠷ᠂ ᠪᠠᠢ᠌ᠭᠣᠯᠣᠭᠳᠠᠭᠰᠠᠨ ᠡᠳᠦᠷ ᠬᠤᠭᠤᠴᠠᠭ᠎ᠠ ᠵᠡᠷᠭᠡ ᠵᠠᠩᠭᠢᠯᠠᠭ᠎ᠠ ᠵᠢᠨ ᠮᠡᠳᠡᠭᠡ ᠵᠠᠩᠭᠢ ᠵᠢ ᠦᠷᠭᠦᠯᠵᠢᠯᠡᠭᠦᠯᠬᠦ ᠵᠢᠨ ᠠᠷᠭ᠎ᠠ ᠦᠭᠡᠢ ᠪᠣᠯᠭ᠋ᠠᠵᠤ ᠂ ᠵᠣᠬᠢᠬᠤ ᠬᠡᠮᠵᠢᠶᠡᠨ ᠳᠡᠭᠡᠷ᠎ᠡ ᠤᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠬᠡᠬᠦ᠎ᠳᠤ ᠳᠥᠭᠦᠮ ᠦᠭᠡᠢ ᠪᠠᠢ᠌ᠪᠠ᠃ ᠣᠳᠣᠬᠠᠨ᠎ᠳᠤ᠂ ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ (ᠰᠢᠭᠤᠳ ᠬᠤᠪᠢᠷᠠᠭᠤᠯᠬᠤ) ᠵᠠᠭᠪᠤᠷ᠎ᠪᠠᠷ ᠳᠠᠮᠵᠢᠭᠤᠯᠤᠨ ᠤᠤᠯ᠎ᠤᠨ ᠪᠠᠶ᠋ᠢᠭᠤᠯᠤᠭᠰᠠᠨ ᠡᠳᠦᠷ ᠬᠤᠭᠤᠴᠠᠭ᠎ᠠ ᠵᠢ ᠣᠣᠯ ᠬᠡᠪ ᠵᠶ᠋ᠡᠷ ᠪᠠᠢ᠌ᠯᠭ᠋ᠠᠵᠤ ᠂ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠣᠷᠣᠯᠠᠬᠤ ᠨᠤᠮᠸᠷ᠎ᠢ ᠵᠠᠯᠭ᠋ᠠᠮᠵᠢᠯᠠᠵᠤ᠂ ᠡᠵᠡᠩᠨᠡᠯᠲᠡ ᠵᠢᠨ ᠭᠤᠣᠯ ᠴᠣᠭᠴᠠ ᠵᠢᠨ ᠮᠡᠳᠡᠭᠡ ᠵᠠᠩᠭᠢ ᠵᠢᠨ ᠬᠤᠯᠪᠣᠯᠳᠤᠬᠤ ᠴᠢᠨᠠᠷ᠎ᠢ ᠦᠨᠡᠨ ᠬᠦ᠌ ᠪᠠᠲᠤᠯᠠᠵᠤ᠂ ᠭᠤᠣᠯ ᠴᠣᠭᠴᠠ ᠵᠢᠨ ᠬᠢᠷᠢ ᠬᠡᠮ᠎ᠢ ᠦᠷᠭᠦᠯᠵᠢᠯᠡᠭᠦᠯᠬᠦ ᠵᠢ ᠪᠡᠶᠡᠯᠡᠭᠦᠯᠵᠦ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ᠎ᠳᠤ ᠬᠦᠴᠦᠲᠡᠢ ᠳᠡᠮᠵᠢᠯᠭᠡ ᠬᠠᠩᠭ᠋ᠠᠭᠰᠠᠨ ᠪᠠᠢ᠌ᠨ᠎ᠠ ᠃
ᠬᠤᠶᠠᠷ᠎ᠲᠤ ᠂ ᠲᠤᠭ᠎ᠠ ᠪᠠᠷᠢᠮᠲᠠ ᠵᠢ ᠬᠠᠮᠲᠤ᠎ᠪᠠᠷ ᠬᠦᠷᠲᠡᠬᠦ ᠵᠢ ᠨᠠᠩ ᠳᠥᠭᠦᠮ ᠳᠥᠲᠡ ᠪᠣᠯᠭ᠋ᠠᠪᠠ ᠃ ᠭᠤᠶᠤᠴᠢᠯᠠᠭᠴᠢ᠎ᠨᠢ ᠥᠪᠥᠷ ᠮᠣᠩᠭᠤᠯ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶᠠᠨ᠎ᠤ ᠠᠯᠪᠠᠨ ᠰᠦᠯᠵᠢᠶ᠎ᠡ ᠪᠤᠶᠤ ᠥᠪᠥᠷ ᠮᠣᠩᠭᠤᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ ᠤ ᠰᠦᠯᠵᠢᠶ᠎ᠡ ᠵᠢᠨ 《 ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠣᠳᠠᠯ ᠢ ᠭᠦᠢ᠍ᠴᠡᠳᠬᠡᠬᠦ 》 ᠰᠢᠰᠲ᠋ᠧᠮ ᠵᠶ᠋ᠠᠷ ᠨᠢᠭᠡ ᠯᠡ ᠤᠳᠠᠭ᠎ᠠ ᠳᠤ ᠭᠣᠶᠣᠴᠢᠯᠠᠨ ᠭᠦᠢ᠍ᠴᠡᠳᠬᠡᠪᠡᠯ ᠳᠠᠷᠤᠶ ᠭᠠᠶ᠋ᠢᠯᠢ ᠪᠣᠳᠣᠬᠣ ᠮᠡᠳᠡᠭᠡ ᠵᠠᠩᠭᠢ ᠵᠢ ᠬᠠᠷᠭᠤᠭᠤᠯᠤᠨ ᠰᠢᠯᠭ᠋ᠠᠬᠤ᠂ 《 ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠬᠤᠪᠢᠷᠠᠭᠣᠯᠣᠯᠲᠠ ᠵᠢᠨ ᠳᠡᠩᠰᠡᠯᠡᠯᠲᠡ᠂ ᠠᠵᠤ ᠠᠬᠤᠶ᠋ᠢᠯᠠᠯ᠎ᠤᠨ ᠲᠠᠮᠠᠭ᠎ᠠ ᠵᠢ ᠰᠡᠶ᠋ᠢᠯᠦᠨ ᠦᠢ᠍ᠯᠡᠳᠬᠦ ᠂ ᠦᠨᠳᠦᠰᠦᠨ ᠲᠠᠩᠰᠠᠨ ᠡᠷᠦᠬᠡ ᠨᠡᠭᠡᠭᠡᠬᠦ ᠪᠤᠶᠤ ᠣᠷᠢᠳᠴᠢᠯᠠᠨ ᠪᠣᠯᠵᠣᠬᠤ ᠵᠢ ᠬᠤᠪᠢᠷᠠᠭᠤᠯᠬᠤ᠂ ᠨᠡᠶ᠋ᠢᠭᠡᠮ᠎ᠤᠨ ᠳᠠᠭ᠋ᠠᠳᠬᠠᠯ᠎ᠤᠨ ᠳᠡᠩᠰᠡᠯᠡᠯᠲᠡ ᠪᠤᠶᠤ ᠲᠠᠩᠰᠠᠨ ᠡᠷᠦᠬᠡ ᠵᠢᠨ ᠤᠷᠢᠳᠴᠢᠯᠠᠨ ᠪᠣᠯᠵᠣᠬᠤ ᠵᠢ ᠬᠤᠪᠢᠷᠠᠭᠤᠯᠬᠤ᠂ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠵᠢᠨ ᠠᠵᠤ ᠠᠬᠤᠶ᠋ᠢᠯᠠᠯ᠎ᠤᠨ ᠲᠤᠰᠢᠶᠠᠨ ᠬᠠᠳᠠᠭ᠋ᠠᠯᠠᠭᠤᠯᠬᠤ ᠳᠡᠩᠰᠡᠯᠡᠯᠲᠡ ᠪᠤᠶᠤ ᠮᠡᠳᠡᠭᠡ ᠵᠠᠩᠭᠢ ᠵᠢ ᠬᠤᠪᠢᠷᠠᠭᠤᠯᠬᠤ ᠵᠡᠷᠭᠡ 6 ᠵᠦᠢ᠍ᠯ ᠤᠨ ᠲᠤᠬᠠᠶ᠋ᠢᠯᠠᠭᠰᠠᠨ ᠠᠵᠢᠯ ᠢ ᠪᠡᠶᠡᠯᠡᠭᠦᠯᠵᠦ᠂ 《 ᠵᠢᠷᠭᠤᠭ᠎ᠠ ᠵᠢ ᠨᠢᠭᠡᠳᠬᠡᠵᠦ ᠂ ᠨᠢᠭᠡ ᠯᠡ ᠤᠳᠠᠭ᠎ᠠ ᠳᠤ ᠭᠦᠢ᠍ᠴᠡᠳᠬᠡᠬᠦ》 ᠵᠢ ᠪᠡᠶᠡᠯᠡᠭᠦᠯᠪᠡ ᠃
ᠭᠤᠷᠪᠠ᠎ᠳᠤ᠂ ᠥᠨᠳᠥᠷ ᠪᠦᠲᠦᠮᠵᠢᠲᠡᠶ ᠦᠢ᠍ᠯᠡᠴᠢᠯᠡᠭᠡ ᠵᠢ ᠨᠠᠩ ᠳᠣᠲᠣᠨᠣ ᠪᠣᠯᠭ᠋ᠠᠪᠠ ᠃ ᠮᠠᠨ᠎ᠤ ᠠᠶ᠋ᠢᠮᠠᠭ 《ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠰᠠᠭ᠋ᠠᠳ ᠥᠬᠡᠶ ᠨᠡᠪᠲᠡᠷᠡᠬᠦ ᠵᠠᠮ᠎ᠤᠨ ᠰᠢᠨ᠎ᠡ᠎ᠪᠠᠷ ᠡᠭᠦᠳᠦᠨ ᠪᠠᠶ᠋ᠢᠭᠤᠯᠵᠤ᠂ ᠲᠤᠰᠬᠠᠶ ᠬᠥᠮᠦᠨ ᠵᠶ᠋ᠠᠷ ᠵᠢᠯᠣᠭᠤᠳᠤᠭᠤᠯᠤᠨ ᠬᠠᠩᠭ᠋ᠠᠵᠤ᠂ ᠰᠦᠯᠵᠢᠶᠡᠨ ᠳᠡᠭᠡᠷ᠎ᠡ ᠭᠤᠶᠤᠴᠢᠯᠠᠬᠤ᠂ ᠴᠠᠭ ᠲᠤᠬᠠᠶ᠎ᠳᠤᠨᠢ ᠬᠢᠨᠠᠨ ᠵᠥᠪᠰᠢᠶᠡᠷᠡᠬᠦ᠂ ᠦᠨᠡᠮᠯᠡᠯ᠎ᠢ ᠳᠣᠣᠷ᠎ᠠ᠎ᠨᠢ ᠠᠪᠴᠤ᠂ ᠦᠢ᠍ᠯᠡᠴᠢᠯᠡᠭᠡᠨ᠎ᠤ ᠶᠠᠰᠤ ᠴᠢᠨᠠᠷ᠎ᠤᠨ ᠦᠷ᠎ᠡ ᠪᠦᠲᠦᠮᠵᠢ ᠵᠢ ᠦᠨᠡᠨ ᠬᠦ᠌ ᠪᠠᠲᠤᠯᠠᠪᠠ᠃ ᠲᠣᠰ ᠤᠳᠠᠭ᠋ᠠᠨ᠎ᠤ ᠭᠦᠢ᠍ᠴᠡᠳᠬᠡᠭᠰᠡᠨ ᠰᠥᠨᠢᠳ ᠵᠡᠭᠦᠨ ᠬᠤᠰᠢᠭᠤᠨ᠎ᠤ ᠳᠡᠭᠡᠳᠦ ᠲᠠᠰ᠎ᠤᠨ ᠭᠠᠷ ᠣᠲᠠᠰᠣᠨᠤ ᠪᠣᠷᠣᠯᠠᠭᠣᠯᠭ᠎ᠠ ᠵᠢᠨ ᠳᠡᠯᠭᠡᠭᠦᠷ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠵᠦ ᠂ ᠰᠥᠨᠢᠳ ᠵᠡᠭᠦᠨ ᠬᠤᠰᠢᠭᠤᠨ᠎ᠤ ᠳᠡᠭᠡᠳᠦ ᠲᠠᠰ᠎ᠤᠨ ᠭᠠᠷ ᠣᠲᠠᠰᠣᠨᠤ ᠪᠣᠷᠣᠯᠠᠭᠣᠯᠭ᠎ᠠ ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠪᠣᠯᠵᠣ᠂ ᠠᠵᠢᠯᠲᠠᠳ᠎ᠠᠴᠠ ᠪᠥᠬᠦ ᠶᠠᠪᠤᠴᠠ ᠵᠢᠨ ᠬᠠᠪᠰᠤᠷᠤᠨ ᠭᠦᠢ᠍ᠴᠡᠳᠭᠡᠬᠦ ᠣᠷᠣᠯᠠᠨ ᠭᠦᠢ᠍ᠴᠡᠳᠭᠡᠬᠦ ᠦᠢ᠍ᠯᠡᠴᠢᠯᠡᠭᠡ ᠬᠠᠩᠭ᠋ᠠᠵᠤ᠂ ᠵᠥᠪᠬᠡᠨ 1 ᠴᠠᠭ᠎ᠤᠨ ᠳᠣᠲᠣᠷ᠎ᠠ ᠭᠤᠤᠯ ᠴᠣᠭᠴᠠ ᠵᠢᠨ 《ᠲᠣᠮᠣ ᠬᠤᠪᠢᠷᠠᠯᠲᠠ 》 ᠵᠢ ᠪᠡᠶᠡᠯᠡᠭᠦᠯᠪᠡ᠃