ᠡᠵᠡᠩᠨᠡᠯᠲᠡ ᠵᠢᠨ ᠭᠤᠣᠯ ᠴᠣᠭᠴᠠ ᠵᠢᠨ ᠨᠡᠮᠡᠭᠳᠡᠯ ᠪᠣᠯ ᠠᠵᠤ ᠠᠬᠤᠢ ᠵᠢᠨ ᠬᠥᠭᠵᠢᠯᠲᠡ ᠵᠢᠨ ᠪᠠᠶ᠋ᠢᠳᠠᠯ᠎ᠢ ᠲᠤᠰᠬᠠᠬᠤ 《ᠴᠠᠭ ᠠᠭᠤᠷ᠎ᠤᠨ ᠬᠡᠮᠵᠢᠭᠦᠷ》 ᠪᠠ 《ᠰᠠᠯᠬᠢᠨ᠎ᠤ ᠵᠦᠭᠯᠡᠭᠦᠷ》 ᠪᠣᠯᠤᠨ᠎ᠠ᠃ ᠨᠢᠭᠡᠳᠦᠭᠡᠷ ᠤᠯᠠᠷᠢᠯ᠎ᠳᠤ᠂ ᠥᠪᠥᠷ ᠮᠣᠩᠭᠤᠯ ᠡᠵᠡᠩᠨᠡᠯᠲᠡ ᠵᠢᠨ ᠭᠤᠤᠯ ᠴᠣᠭᠴᠠ ᠵᠢ 10.02 ᠲᠦᠮᠡᠨ ᠡᠷᠦᠬᠡ ᠰᠢᠨ᠎ᠡ᠎ᠪᠠᠷ ᠪᠠᠶ᠋ᠢᠭᠤᠯᠵᠤ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠢᠳᠡᠪᠬᠢᠵᠢᠯ ᠤᠯᠠᠮ ᠨᠢᠭᠡ ᠠᠯᠬᠤᠮ ᠳᠡᠭᠡᠭᠰᠢᠯᠡᠵᠦ᠂ ᠡᠵᠡᠯᠡᠬᠦ ᠬᠠᠷᠢᠴᠠᠯ ᠲᠣᠭᠲᠠᠭᠤᠨ ᠵᠶ᠋ᠠᠷ ᠳᠡᠭᠡᠭᠰᠢᠯᠡᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠵᠢᠨ ᠬᠥᠭᠵᠢᠯᠲᠡ ᠵᠢᠨ ᠬᠦᠴᠦᠷᠬᠡᠭ ᠶᠡᠭᠡ ᠠᠮᠢᠵᠢᠷᠠᠯ᠎ᠤᠨ ᠬᠦᠴᠦᠨ ᠪᠠ ᠯᠤᠲᠤ ᠶᠡᠭᠡ ᠳᠠᠯᠳᠠ ᠬᠦᠴᠦᠨ᠎ᠢ ᠢᠯᠡᠷᠡᠭᠦᠯᠪᠡ᠃
ᠵᠠᠩ ᠠᠪᠤᠭ᠋ᠠᠢ ᠦᠬᠠᠶ ᠬᠤᠲᠠ᠎ᠳᠤ ᠵᠠᠷ ᠮᠡᠳᠡᠭᠡ ᠵᠢᠷᠤᠵᠤ ᠲᠥᠯᠥᠪᠯᠡᠬᠦ ᠺᠣᠮᠫᠠᠨᠢ ᠡᠷᠭᠢᠯᠡᠬᠦ᠎ᠪᠠᠷ ᠪᠠᠶ᠋ᠢᠨ᠎ᠠ᠂ 4 ᠳ᠋ᠦ᠍ᠭᠡᠷ ᠰᠠᠷ᠎ᠠ ᠵᠢᠨ 8᠎ᠤ ᠡᠳᠦᠷ᠂ ᠲᠡᠷᠡ ᠲᠤᠬᠠᠶ ᠵᠢᠨ ᠭᠠᠵᠠᠷ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠤᠨ ᠠᠵᠤ ᠠᠬᠤᠶ᠋ᠢᠯᠠᠯ ᠡᠷᠭᠢᠯᠡᠬᠦ ᠲᠤᠰᠬᠠᠶ ᠲᠣᠭᠤᠷᠢᠭ᠎ᠲᠤ ᠬᠦᠷᠴᠦ᠂ ᠳᠠᠩᠰᠠᠯᠠᠭᠤᠯᠤᠭᠰᠠᠨ ᠠᠵᠤ ᠠᠬᠤᠶ᠋ᠢᠯᠠᠯ᠎ᠤᠨ ᠬᠠᠮᠢᠶ᠎ᠠ ᠪᠥᠬᠦᠶ ᠮᠡᠳᠡᠭᠡ ᠵᠠᠩᠭᠢ ᠵᠢ ᠳᠡᠭᠡᠭᠰᠢ ᠳᠠᠮᠵᠢᠭᠤᠯᠤᠭᠰᠠᠨ᠎ᠤ ᠳᠠᠷᠠᠭ᠎ᠠ᠂ ᠮᠠᠰᠢ ᠲᠦᠷᠭᠡᠨ ᠵᠶ᠋ᠠᠷ ᠡᠵᠡᠩᠨᠡᠯᠲᠡ ᠵᠢᠨ ᠦᠨᠡᠮᠯᠡᠯ ᠣᠯᠤᠭᠰᠠᠨ ᠪᠠᠶ᠋ᠢᠨ᠎ᠠ᠃
ᠦᠬᠠᠶ ᠬᠤᠲᠠ ᠵᠢᠨ ᠠᠵᠤ ᠠᠬᠤᠶ᠋ᠢᠯᠠᠯ᠎ᠤᠨ ᠡᠵᠡᠩᠨᠡᠭᠴᠢ ᠵᠠᠩ ᠬᠤᠩ ᠭᠠᠩ ᠨᠠᠳᠠ᠎ᠳᠤ ᠴᠤᠪᠤᠷᠠᠯ ᠵᠢᠴᠢ ᠬᠤᠯᠪᠣᠭᠳᠠᠯ ᠪᠦᠬᠦᠢ ᠮᠠᠲ᠋ᠧᠷᠢᠶᠠᠯ᠎ᠢ ᠨᠠᠷᠢᠨ ᠲᠠᠢ᠌ᠯᠪᠣᠷᠢᠯᠠᠨ ᠦᠭᠴᠦ ᠂ ᠮᠠᠲ᠋ᠧᠷᠢᠶᠠᠯ ᠵᠶ᠋ᠠᠨ ᠪᠦᠷᠢᠨ ᠭᠦᠢ᠍ᠴᠡᠳ ᠠᠪᠴᠤ ᠂ ᠨᠢᠭᠡ ᠴᠠᠭ ᠪᠣᠯᠣᠮᠠᠭᠴᠠ ᠡᠵᠡᠩᠨᠡᠯᠲᠡ ᠵᠢᠨ ᠦᠨᠡᠮᠯᠡᠯ ᠵᠶ᠋ᠡᠨ ᠣᠯᠵᠠᠶ᠃
ᠦᠬᠠᠶ ᠬᠤᠲᠠ ᠵᠢᠨ᠎ᠬᠢᠨ ᠴᠤᠪᠤᠷᠠᠯ᠎ᠤᠨ ᠵᠢᠯᠣᠭᠤᠳᠣᠯᠭ᠎ᠠ᠎ᠪᠠᠨ ᠲᠡᠭᠦᠯᠳᠡᠷᠵᠢᠭᠦᠯᠵᠦ᠂ 《ᠨᠢᠭᠡ ᠰᠦᠯᠵᠢᠶ᠎ᠡ᠎ᠪᠠᠷ ᠭᠤᠶᠤᠴᠢᠯᠠᠬᠤ᠂ ᠨᠢᠭᠡ ᠤᠳᠠᠭ᠎ᠠ᠎ᠳᠤ ᠲᠠᠭᠯᠠᠨ ᠮᠡᠳᠡᠭᠦᠯᠬᠦ᠂ ᠨᠢᠭᠡ ᠰᠦᠯᠵᠢᠶ᠎ᠡ᠎ᠪᠠᠷ ᠪᠦᠬᠦᠨ᠎ᠢ ᠭᠦᠢ᠍ᠴᠡᠳᠬᠡᠬᠦ》 ᠣᠶᠤᠨᠴᠢᠯᠠᠭᠰᠠᠨ ᠬᠢᠨᠠᠨ ᠵᠥᠪᠰᠢᠶᠡᠷᠡᠬᠦ ᠦᠢ᠍ᠯᠡᠴᠢᠯᠡᠭᠡᠨ᠎ᠤ ᠦᠵᠡᠭᠳᠡᠯ ᠪᠠᠶ᠋ᠢᠳᠠᠯ᠎ᠢ ᠪᠣᠶ ᠪᠣᠯᠭ᠋ᠠᠬᠤ ᠵᠢᠨ ᠬᠠᠮᠲᠤ ᠡᠵᠡᠩᠨᠡᠯᠲᠡ ᠵᠢᠨ ᠭᠤᠤᠯ ᠴᠣᠭᠴᠠ ᠵᠢᠨ ᠬᠡᠷᠡᠭᠴᠡᠭᠡ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ 《ᠮᠢᠩᠭ᠋ᠠᠨ ᠠᠵᠤ ᠠᠬᠤᠶ᠋ᠢᠯᠠᠯ ᠲᠦᠮᠡᠨ ᠡᠷᠦᠬᠡ ᠬᠤᠣᠰᠯᠠᠨ ᠬᠠᠪᠰᠤᠷᠤᠨ ᠲᠡᠳᠬᠦᠬᠦ》 ᠠᠵᠢᠯᠯᠠᠭ᠎ᠠ ᠵᠢ ᠥᠷᠨᠢᠭᠦᠯᠵᠦ᠂ ᠠᠵᠤ ᠠᠬᠤᠶ᠋ᠢᠯᠠᠯ ᠬᠢᠭᠡᠳ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠤᠣᠰᠯᠠᠨ ᠬᠥᠭᠵᠢᠬᠦ ᠵᠢ ᠵᠣᠷᠢᠭᠵᠢᠭᠤᠯᠤᠨ᠂ ᠬᠤᠳᠠᠯᠳᠤᠭ᠋ᠠᠴᠢᠨ ᠡᠷᠦᠬᠡ ᠵᠢᠨ ᠪᠠᠯᠠ ᠲᠣᠬᠢᠷᠠᠭᠤᠯᠭ᠎ᠠ ᠵᠢᠨ ᠥᠪᠡᠷ᠎ᠤᠨ ᠥᠷᠲᠡᠭ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠭᠤᠷᠠᠭᠤᠯᠵᠤ᠂ ᠡᠵᠡᠩᠨᠡᠯᠲᠡ ᠵᠢᠨ ᠭᠤᠤᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠪᠡ᠃
ᠦᠬᠠᠶ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠲᠡᠮᠳᠡᠭᠯᠡᠨ ᠳᠠᠩᠰᠠᠯᠠᠬᠤ ᠲᠣᠪᠴᠢᠶ᠎ᠠ ᠴᠢᠦᠶ ᠢ ᠵᠢᠶᠧ ᠡᠨᠡ ᠵᠢᠯ᠎ᠠᠴᠠ ᠨᠠᠭ᠋ᠠᠰᠢ ᠪᠥᠬᠦ ᠬᠤᠲᠠ ᠵᠢᠨ ᠰᠢᠨ᠎ᠡ᠎ᠪᠠᠷ ᠨᠡᠮᠡᠭᠳᠡᠭᠰᠡᠨ ᠡᠵᠡᠩᠨᠡᠯᠲᠡ ᠵᠢᠨ ᠭᠤᠤᠯ ᠴᠣᠭᠴᠠ 1027 ᠪᠣᠯᠵᠣ᠂ ᠠᠵᠤ ᠠᠬᠤᠶ᠋ᠢᠯᠠᠯ ᠡᠷᠭᠢᠯᠡᠬᠦ ᠪᠥᠬᠦ ᠴᠣᠪᠣᠷᠠᠯ᠎ᠤᠨ ᠳᠤᠮᠳᠠᠴᠢ ᠬᠣᠷᠣᠭᠳᠠᠯ᠎ᠤᠨ ᠴᠠᠭ᠎ᠢ 50 ᠮᠢᠨᠦ᠋ᠲ ᠪᠣᠯᠭ᠋ᠠᠨ ᠪᠣᠭᠣᠨᠢᠰᠬᠠᠵᠤ ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠦᠷᠭᠦᠯᠵᠢᠯᠡᠨ ᠰᠢᠯᠢᠳᠡᠭᠵᠢᠪᠡ᠃
ᠡᠨᠡ ᠵᠢᠯ᠂ ᠥᠪᠡᠷᠲᠡᠭᠡᠨ ᠵᠠᠰᠠᠬᠤ ᠣᠷᠣᠨ ᠠᠵᠤ ᠠᠬᠤᠶ᠋ᠢᠯᠠᠯ᠎ᠢ ᠲᠤᠰᠠᠯᠠᠬᠤ ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠠᠵᠤ ᠠᠬᠤᠶ᠋ᠢᠯᠠᠯ᠎ᠤᠨ ᠮᠡᠳᠡᠭᠡ ᠵᠠᠩᠭᠢ ᠵᠢ ᠬᠤᠪᠢᠷᠠᠭᠤᠯᠬᠤ᠂ ᠨᠡᠭᠦᠯᠭᠡᠨ ᠳᠠᠩᠰᠠᠯᠠᠬᠤ᠂ 《ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠵᠡᠷᠭᠡ ᠣᠯᠠᠨ ᠵᠦᠢ᠍ᠯ᠎ᠤᠨ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠣᠳᠠᠯ᠎ᠢ ᠭᠦᠢ᠍ᠴᠡᠳᠬᠡᠬᠦ 》 ᠥᠭᠡᠷᠡᠴᠢᠯᠡᠯᠲᠡ ᠵᠢ ᠡᠩ ᠲᠡᠷᠢᠭᠦᠨ᠎ᠳᠤ ᠪᠡᠶᠡᠯᠡᠭᠦᠯᠵᠦ᠂ ᠠᠵᠤ ᠠᠬᠤᠶ᠋ᠢᠯᠠᠯ᠎ᠤᠨ ᠠᠵᠢᠯ ᠶᠠᠪᠤᠳᠠᠯ ᠭᠦᠢ᠍ᠴᠡᠳᠬᠡᠬᠦ ᠵᠢ 《ᠲᠦᠷᠭᠡᠨ ᠵᠠᠮ》᠎ᠳᠤ ᠣᠷᠣᠭᠤᠯᠪᠠ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠬᠦᠷᠢᠶᠡᠯᠡᠩ ᠲᠣᠭᠤᠷᠢᠭ᠎ᠲᠤ ᠣᠷᠣᠭᠤᠯᠬᠤ ᠦᠢ᠍ᠯᠡᠴᠢᠯᠡᠭᠡ ᠵᠢ ᠬᠡᠷᠡᠭᠵᠢᠭᠦᠯᠵᠦ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠲᠤ 84 ᠶᠠᠰᠤ ᠴᠢᠨᠠᠷ᠎ᠤᠨ ᠨᠢᠭᠡ ᠥᠷᠲᠡᠭᠡ ᠮᠠᠶᠢᠭ᠎ᠤᠨ ᠦᠢ᠍ᠯᠡᠴᠢᠯᠡᠭᠡᠨ᠎ᠤ ᠴᠣᠩᠬᠣᠪᠴᠢ ᠵᠢ ᠭᠠᠷᠭ᠋ᠠᠵᠤ᠂ ᠲᠤᠬᠠᠶ ᠵᠢᠨ ᠲᠠᠯᠠᠪᠤᠷ᠎ᠲᠤ ᠠᠵᠤ ᠠᠬᠤᠶ᠋ᠢᠯᠠᠯ᠎ᠤᠨ ᠬᠦᠴᠢᠷ ᠠᠰᠠᠭᠤᠳᠠᠯ᠎ᠢ ᠰᠢᠢ᠍ᠳᠪᠦᠷᠢᠯᠡᠨ ᠥᠭᠴᠦ ᠪᠣᠳᠠᠲᠤ ᠶᠠᠪᠤᠳᠠᠯ ᠬᠢᠵᠦ ᠦᠭᠪᠡ᠂ ᠰᠢᠯᠭ᠋ᠠᠨ ᠪᠠᠢ᠌ᠴᠠᠭ᠋ᠠᠵᠤ ᠪᠠᠢ᠌ᠴᠠᠭ᠋ᠠᠨ ᠬᠡᠮᠵᠢᠬᠦ ᠵᠠᠷᠤᠳᠠᠯ᠎ᠢ ᠬᠠᠰᠤᠵᠤ ᠬᠡᠯᠲᠦᠷᠢᠭᠦᠯᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ 《ᠵᠢᠷᠭᠤᠭ᠋ᠠᠨ ᠭᠠᠶ᠋ᠢᠯᠢ ᠬᠤᠶᠠᠷ ᠵᠠᠷᠤᠳᠠᠯ》 ᠵᠶ᠋ᠠᠷ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢᠨ ᠰᠠᠭᠤᠷᠢᠨ ᠳᠡᠭᠡᠷ᠎ᠡ ᠂ ᠥᠪᠡᠷ᠎ᠤᠨ ᠥᠷᠲᠡᠭ᠎ᠢ ᠪᠠᠭᠤᠷᠠᠭᠤᠯᠤᠨ ᠳᠠᠷᠤᠭ᠋ᠠᠰᠤ ᠵᠢ ᠬᠥᠩᠭᠡᠷᠡᠭᠦᠯᠬᠦ ᠵᠢ ᠦᠷᠭᠦᠯᠵᠢᠯᠡᠨ ᠠᠬᠢᠭᠤᠯᠪᠠ ᠃ 3 ᠳ᠋ᠤᠭ᠋ᠠᠷ ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠲᠠᠢ ᠬᠠᠮᠲᠤᠷᠠᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠨᠠᠷᠢᠨ ᠲᠠᠩᠰᠠ ᠦᠯᠤ ᠦᠭᠬᠦ ᠵᠢᠯᠣᠭᠤᠳᠬᠤ ᠰᠠᠨᠠᠯ᠎ᠢ ᠨᠡᠶ᠋ᠢᠲᠡᠯᠡᠵᠦ᠂ ᠢᠳᠡᠭᠡᠨ᠎ᠤ ᠵᠦᠢ᠍ᠯ᠎ᠤᠨ ᠬᠢᠨᠠᠯᠲᠠ ᠬᠠᠮᠢᠶᠠᠷᠤᠯᠲᠠ᠂ ᠰᠦᠯᠵᠢᠶᠡᠨ᠎ᠤ ᠠᠷᠠᠯᠵᠢᠶ᠎ᠠ ᠵᠢᠨ ᠬᠢᠨᠠᠯᠲᠠ ᠬᠠᠮᠢᠶᠠᠷᠤᠯᠲᠠ ᠵᠡᠷᠭᠡ 12 ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠰᠢᠢ᠍ᠳᠭᠡᠯ ᠥᠯᠥ ᠥᠭᠬᠦ 70 ᠲᠦᠷᠦᠯ ᠵᠦᠢ᠍ᠯ ᠵᠢᠨ ᠶᠠᠪᠣᠳᠠᠯ᠎ᠤᠨ ᠬᠡᠷᠡᠭᠯᠡᠯᠲᠡ ᠵᠢᠨ ᠨᠦᠬᠦᠴᠡᠯ᠎ᠳᠤ ᠪᠣᠲᠠᠲᠠᠢ᠌ᠵᠢᠭᠣᠯᠣᠯᠲᠠ ᠂ ᠨᠠᠷᠢᠨ ᠲᠠᠩᠰᠠᠴᠢᠯᠡᠭᠰᠡᠨ ᠲᠣᠭᠲᠠᠭ᠋ᠠᠯ ᠭᠠᠷᠭ᠋ᠠᠵᠤ᠂ ᠠᠵᠤ ᠠᠬᠤᠶ᠋ᠢᠯᠠᠯ᠎ᠤᠨ ᠵᠣᠷᠢᠭᠲᠠᠶ᠎ᠪᠠᠷ ᠬᠢᠵᠦ ᠵᠤᠷᠢᠭᠲᠠᠢ᠎ᠪᠠᠷ ᠪᠡᠯᠡ ᠣᠷᠣᠭᠣᠯᠣᠨ ᠵᠤᠷᠢᠭᠲᠠᠢ᠎ᠪᠠᠷ ᠠᠵᠢᠯᠯᠠᠬᠤ ᠢᠳᠡᠪᠬᠢᠵᠢᠯ᠎ᠢ ᠬᠥᠭᠵᠢᠭᠡᠪᠡ᠃ ᠨᠢᠭᠡᠳᠦᠭᠡᠷ ᠤᠯᠠᠷᠢᠯ᠎ᠳᠤ ᠥᠪᠥᠷ ᠮᠣᠩᠭᠣᠯ᠎ᠳᠤ ᠰᠢᠨ᠎ᠡ᠎ᠪᠠᠷ ᠪᠠᠢ᠌ᠭᠣᠯᠣᠭᠰᠠᠨ ᠠᠵᠤ ᠠᠬᠤᠢ᠍ᠯᠠᠯ 2.66 ᠲᠦᠮᠡᠨ ᠡᠷᠦᠬᠡ ᠪᠠᠢ᠌ᠵᠦ ᠂ ᠠᠳᠠᠯᠢ ᠬᠤᠭᠤᠴᠠᠭ᠋ᠠᠨ᠎ᠤ᠎ᠬᠢ᠎ᠠᠴᠠ 12.65%᠎ᠪᠠᠷ ᠨᠡᠮᠡᠭᠳᠡᠵᠡᠢ᠃ ᠡᠨᠡ ᠵᠢᠯ᠎ᠤᠨ 3 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ᠂ ᠥᠪᠥᠷ ᠮᠣᠩᠭᠤᠯ᠎ᠤᠨ ᠡᠵᠡᠩᠨᠡᠯᠲᠡ ᠵᠢᠨ ᠭᠤᠤᠯ ᠴᠣᠭᠴᠠ ᠬᠥᠭᠵᠢᠭᠡᠳ 293.24 ᠲᠦᠮᠡᠨ ᠡᠷᠦᠬᠡ ᠪᠣᠯᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 5.41%᠎ᠪᠠᠷ ᠨᠡᠮᠡᠭᠳᠡᠪᠡ᠃ ᠡᠭᠦᠨ᠎ᠳᠤ᠂ ᠠᠵᠤ ᠠᠬᠤᠶ᠋ᠢᠯᠠᠯ 72.2 ᠲᠦᠮᠡᠨ ᠡᠷᠦᠬᠡ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ 214.11 ᠲᠦᠮᠡᠨ ᠡᠷᠦᠬᠡ᠂ ᠲᠠᠷᠢᠶᠠᠴᠢᠨ᠎ᠤ ᠲᠤᠰᠬᠠᠢ ᠬᠣᠷᠰᠢᠶᠠᠵᠢᠯ 6.92 ᠲᠦᠮᠡᠨ ᠡᠷᠦᠬᠡ ᠪᠠᠶ᠋ᠢᠨ᠎ᠠ᠃ ᠡᠭᠦᠨ᠎ᠳᠤ᠂ ᠠᠷᠠᠳ᠎ᠠᠴᠠ ᠡᠵᠡᠩᠨᠡᠭᠰᠡᠨ ᠠᠵᠤ ᠠᠬᠤᠶ ᠵᠢᠨ ᠰᠠᠭᠤᠷᠢ ᠤᠯᠠᠮ ᠨᠢᠭᠡ ᠠᠯᠬᠤᠮ ᠪᠠᠬᠢᠵᠢᠵᠦ᠂ ᠪᠥᠬᠦ ᠣᠷᠣᠨ᠎ᠤ ᠠᠷᠠᠳ᠎ᠠᠴᠠ ᠡᠵᠡᠩᠨᠡᠭᠰᠡᠨ ᠠᠵᠤ ᠠᠬᠤᠶ ᠵᠢᠨ ᠭᠤᠤᠯ ᠴᠣᠭᠴᠠ ᠵᠢᠨ ᠶᠡᠷᠦᠩᠬᠡᠶ ᠬᠡᠮᠵᠢᠶ᠎ᠡ 278.38 ᠲᠦᠮᠡᠨ ᠡᠷᠦᠬᠡ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 5.6%᠎ᠪᠠᠷ ᠨᠡᠮᠡᠭᠳᠡᠨ᠂ ᠪᠥᠬᠦ ᠡᠵᠡᠩᠨᠡᠯᠲᠡ ᠵᠢᠨ ᠭᠤᠤᠯ ᠴᠣᠭᠴᠠ ᠵᠢᠨ 94.93% ᠵᠢ ᠡᠵᠡᠯᠡᠪᠡ᠃
ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠲᠡᠮᠳᠡᠭᠯᠡᠨ ᠳᠠᠩᠰᠠᠯᠠᠬᠤ ᠲᠣᠪᠴᠢᠶ᠎ᠠ ᠮᠠ ᠢᠦᠶ ᠨᠢᠭᠡᠳᠦᠭᠡᠷ ᠤᠯᠠᠷᠢᠯ᠎ᠤᠨ ᠡᠵᠡᠩᠨᠡᠯᠲᠡ ᠵᠢᠨ ᠭᠤᠤᠯ ᠴᠣᠭᠴᠠ ᠵᠢᠨ ᠲᠣᠭᠲᠠᠭᠤᠨ ᠨᠡᠮᠡᠭᠳᠡᠯ᠎ᠨᠢ ᠮᠠᠨ᠎ᠤ ᠣᠷᠣᠨ᠎ᠤ ᠠᠵᠤ ᠠᠬᠤᠶ ᠵᠢᠨ ᠬᠥᠭᠵᠢᠯᠲᠡ ᠶᠡᠷᠦᠩᠬᠡᠶ᠎ᠳᠤ᠎ᠪᠠᠨ ᠰᠠᠶ᠋ᠢᠵᠢᠷᠠᠵᠤ᠂ ᠢᠯᠠᠩᠭᠤᠶ᠎ᠠ ᠠᠵᠤ ᠠᠬᠤᠶ᠋ᠢᠯᠠᠯ᠎ᠤᠨ ᠬᠥᠭᠵᠢᠯᠲᠡ 《ᠰᠠᠶ᠋ᠢᠨ ᠡᠬᠢᠯᠡᠯᠲᠡ》 ᠵᠢ ᠪᠡᠶᠡᠯᠡᠭᠦᠯᠣᠭ᠌ᠰᠡᠨᠢ ᠬᠠᠷᠠᠭᠣᠯᠵᠦ ᠪᠠᠢ᠌ᠨ᠎ᠠ᠂ ᠡᠨᠡ᠎ᠨᠢ ᠮᠠᠨ᠎ᠤ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ᠎ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠵᠠᠬ᠎ᠠ ᠳᠡᠯᠭᠡᠭᠦᠷ᠎ᠤᠨ ᠲᠦᠰᠦᠪ ᠰᠠᠢ᠌ᠵᠢᠷᠠᠵᠦ ᠂ ᠪᠠᠯᠠ ᠣᠷᠣᠭᠤᠯᠤᠯᠲᠠ ᠵᠢᠨ ᠲᠠᠲᠠᠬᠤ ᠬᠦᠴᠦᠨ ᠴᠢᠩᠭ᠋ᠠᠷᠠᠵᠦ ᠂ ᠲᠥᠷᠥ ᠵᠢᠨ ᠪᠣᠳᠣᠯᠭ᠎ᠠ ᠵᠢᠨ ᠴᠡᠪᠡᠷ ᠠᠰᠢᠭ᠎ᠤᠨ ᠢᠯᠭ᠋ᠠᠷᠠᠭᠣᠯᠣᠯᠲᠠ ᠵᠢᠨ ᠦᠷ᠎ᠡ ᠪᠦᠲᠦᠮᠵᠢ ᠣᠯᠠᠮ ᠵᠶ᠋ᠠᠷ ᠢᠯᠡᠷᠡᠵᠦ ᠪᠠᠢ᠌ᠬᠤ ᠵᠢ ᠬᠠᠷᠠᠭᠤᠯᠵᠤ ᠪᠠᠶ᠋ᠢᠨ᠎ᠠ᠃