ᠣᠶ᠋ᠢᠷ᠎ᠠ᠎ᠳᠤ᠂ ᠬᠥᠬᠡᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠨᠢ ᠬᠡᠮᠵᠢᠯᠲᠡ ᠵᠢᠨ ᠬᠦᠷᠢᠶᠡᠨ᠎ᠤ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠥᠪᠥᠷ ᠮᠣᠩᠭᠤᠯ᠎ᠤᠨ ᠰᠠᠨ ᠯᠢᠶᠠᠨ ᠬᠢᠮᠢ ᠵᠢᠨ ᠠᠵᠤ ᠦᠢ᠍ᠯᠡᠳᠪᠦᠷᠢ ᠵᠢᠨ ᠪᠦᠯᠦᠭᠯᠡᠯ᠎ᠳᠤ ᠭᠦᠨᠵᠡᠭᠡᠶ᠋ᠢᠷᠡᠨ ᠠᠵᠤ ᠠᠬᠤᠶ᠋ᠢᠯᠠᠯ᠎ᠢ ᠬᠠᠪᠰᠤᠷᠤᠨ ᠲᠡᠳᠬᠦᠬᠦ ᠠᠵᠢᠯ᠎ᠢ ᠥᠷᠨᠢᠭᠦᠯᠵᠦ᠂ ᠬᠡᠮᠵᠢᠯᠲᠡ ᠵᠢᠨ ᠪᠠᠶ᠋ᠢᠴᠠᠭ᠋ᠠᠨ ᠲᠣᠭᠲᠠᠭ᠋ᠠᠬᠤ ᠬᠠᠷᠭᠤᠭᠤᠯᠬᠤ ᠠᠵᠢᠯ᠎ᠢ ᠰᠢᠯᠢᠳᠡᠭᠵᠢᠭᠦᠯᠬᠦ ᠲᠣᠭᠤᠷᠢᠨ᠎ᠳᠤ ᠠᠵᠤ ᠠᠬᠤᠶ᠋ᠢᠯᠠᠯ᠎ᠢ ᠲᠤᠰᠠᠯᠠᠬᠤ ᠲᠤᠰᠬᠠᠶ ᠦᠢ᠍ᠯᠡᠴᠢᠯᠡᠭᠡ ᠦᠷᠨᠢᠭᠦᠯᠪᠡ ᠃
ᠠᠵᠢᠯᠯᠠᠭ᠎ᠠ ᠵᠢᠨ ᠬᠤᠭᠤᠴᠠᠭ᠋ᠠᠨ᠎ᠳᠤ᠂ ᠬᠥᠬᠡᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶᠠᠨ᠎ᠤ ᠬᠤᠯᠪᠣᠭᠳᠠᠯ ᠪᠥᠬᠦᠶ ᠬᠠᠷᠢᠭᠤᠴᠠᠯᠭ᠋ᠠᠲᠠᠨ ᠵᠢᠴᠢ ᠲᠤᠰᠬᠠᠶ ᠮᠡᠷᠭᠡᠵᠢᠯᠲᠡᠨ᠎ᠤ ᠪᠦᠯᠬᠦᠮ ᠲᠤᠷᠰᠢᠯᠲᠠ ᠵᠢᠨ ᠲᠠᠰᠤᠭ᠎ᠲᠤ ᠬᠦᠷᠴᠦ᠂ ᠠᠵᠤ ᠠᠬᠤᠶ᠋ᠢᠯᠠᠯ᠎ᠤᠨ ᠬᠡᠮᠵᠢᠯᠲᠡ ᠵᠢᠨ ᠪᠠᠭ᠋ᠠᠵᠢ ᠬᠡᠷᠡᠭᠰᠡᠯ᠎ᠢ ᠲᠤᠬᠢᠷᠠᠭᠣᠯᠣᠯᠲᠠ᠂ ᠬᠡᠷᠡᠭᠯᠡᠯᠲᠡ ᠪᠠ ᠬᠠᠮᠢᠶᠠᠷᠣᠯᠲᠠ ᠵᠢᠨ ᠪᠠᠶ᠋ᠢᠳᠠᠯ᠎ᠢ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠪᠡ᠂ ᠳᠠᠩᠰᠠᠯᠠᠭᠣᠯᠣᠯᠲᠠ ᠵᠢᠨ ᠬᠡᠮᠵᠢᠭᠴᠢ᠂ ᠬᠡᠮᠵᠢᠯᠲᠡ ᠵᠢᠨ ᠪᠠᠶ᠋ᠢᠴᠠᠭ᠋ᠠᠨ ᠲᠣᠭᠲᠠᠭ᠋ᠠᠭᠴᠢ ᠵᠢᠨ ᠶᠠᠷᠢᠯᠴᠠᠬᠤ ᠬᠤᠷᠠᠯ᠎ᠢ ᠵᠣᠬᠢᠶᠠᠨ ᠪᠠᠶ᠋ᠢᠭᠤᠯᠵᠤ᠂ ᠠᠵᠤ ᠠᠬᠤᠶ᠋ᠢᠯᠠᠯ᠎ᠤᠨ ᠬᠡᠮᠵᠢᠯᠲᠡ ᠵᠢᠨ ᠪᠠᠶ᠋ᠢᠴᠠᠭ᠋ᠠᠨ ᠲᠣᠭᠲᠠᠭ᠋ᠠᠬᠤ ᠠᠵᠢᠯ ᠥᠷᠨᠢᠭᠦᠯᠬᠦ ᠵᠢᠨ ᠵᠥᠷᠢᠴᠡᠯ ᠬᠦᠴᠢᠷᠳᠡᠯ᠎ᠢ ᠣᠶ᠋ᠢᠯᠠᠭ᠋ᠠᠪᠠ᠃
ᠶᠠᠷᠢᠯᠴᠠᠬᠤ ᠬᠤᠷᠠᠯ ᠳᠡᠭᠡᠷ᠎ᠡ᠂ ᠲᠤᠰᠬᠠᠶ ᠮᠡᠷᠭᠡᠵᠢᠯᠲᠡᠨ ᠡᠯᠪᠡᠭ ᠪᠠᠶᠠᠯᠢᠭ ᠲᠤᠰᠬᠠᠶ ᠮᠡᠷᠭᠡᠵᠢᠯ᠎ᠤᠨ ᠮᠡᠳᠡᠯᠭᠡ ᠪᠠ ᠦᠢ᠍ᠯᠡᠳᠦᠯᠭᠡ ᠵᠢᠨ ᠲᠤᠷᠰᠢᠯᠭ᠎ᠠ᠎ᠪᠠᠷ ᠵᠶ᠋ᠡᠨ ᠂ ᠠᠵᠤ ᠠᠬᠤᠶ᠋ᠢᠯᠠᠯ᠎ᠳᠤ ᠬᠡᠮᠵᠢᠯᠲᠡ ᠵᠢᠨ ᠪᠠᠶ᠋ᠢᠴᠠᠭ᠋ᠠᠨ ᠲᠣᠭᠲᠠᠭ᠋ᠠᠵᠤ ᠬᠠᠷᠭᠤᠭᠤᠯᠬᠤ ᠬᠠᠮᠤᠭ᠎ᠤᠨ ᠰᠢᠨ᠎ᠡ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠂ ᠮᠡᠷᠭᠡᠵᠢᠯ᠎ᠤᠨ ᠵᠢᠷᠤᠮᠵᠢᠯ᠎ᠤᠨ ᠱᠠᠭ᠋ᠠᠷᠳᠠᠯᠭ᠎ᠠ ᠵᠢ ᠨᠠᠷᠢᠨ ᠲᠠᠶ᠋ᠢᠯᠪᠤᠷᠢᠯᠠᠵᠤ ᠥᠭᠭᠦᠭᠰᠡᠨ ᠪᠥᠭᠡᠳ ᠠᠵᠤ ᠠᠬᠤᠶ᠋ᠢᠯᠠᠯ᠎ᠤᠨ ᠬᠡᠮᠵᠢᠯᠲᠡ ᠵᠢᠨ ᠪᠠᠶ᠋ᠢᠴᠠᠭ᠋ᠠᠨ ᠲᠣᠭᠲᠠᠭ᠋ᠠᠵᠤ ᠬᠠᠷᠭᠤᠭᠤᠯᠬᠤ ᠠᠵᠢᠯ᠎ᠤᠨ ᠳᠤᠮᠳᠠ ᠲᠤᠬᠢᠶᠠᠯᠳᠤᠭᠰᠠᠨ ᠪᠣᠳᠠᠲᠠᠶ ᠠᠰᠠᠭᠤᠳᠠᠯ᠎ᠳᠤ ᠴᠢᠭᠯᠡᠭᠦᠯᠦᠨ ᠨᠢᠭᠡᠳ ᠨᠢᠭᠡ᠎ᠪᠠᠷ ᠵᠠᠳᠠᠯᠤᠯᠲᠠ ᠬᠢᠵᠦ ᠬᠠᠷᠢᠭᠤᠯᠲᠠ ᠥᠭᠪᠡ᠃ ᠲᠤᠰ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ᠎ᠠᠴᠠ ᠬᠡᠮᠵᠢᠭᠦᠷᠯᠢᠭ ᠲᠥᠬᠦᠭᠡᠷᠦᠮᠵᠢ ᠵᠢᠨ ᠬᠡᠮᠵᠢᠯᠲᠡ ᠵᠢ ᠰᠢᠯᠭ᠋ᠠᠬᠤ ᠦᠶᠡᠯᠡᠯ᠎ᠤᠨ ᠬᠤᠭᠤᠴᠠᠭ᠎ᠠ ᠵᠢ ᠲᠣᠭᠲᠠᠭ᠋ᠠᠬᠤ ᠲᠠᠯ᠎ᠠ᠎ᠪᠠᠷ ᠲᠥᠭᠡᠷᠢᠭᠳᠡᠯ᠎ᠲᠠᠢ ᠪᠠᠢ᠌ᠨ᠎ᠠ ᠭᠡᠵᠦ ᠳᠣᠷᠠᠳᠪᠠ ᠂ ᠲᠤᠰᠬᠠᠢ ᠮᠡᠷᠭᠡᠵᠢᠯᠲᠡᠨ᠎ᠠᠴᠠ ᠲᠤᠰ ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ᠎ᠤᠨ ᠤᠷ᠎ᠠ ᠮᠡᠷᠭᠡᠰᠢᠯ᠂ ᠲᠥᠬᠦᠭᠡᠷᠦᠮᠵᠢ ᠵᠢᠨ ᠲᠣᠭᠲᠠᠪᠤᠷᠢᠲᠤ ᠴᠢᠨᠠᠷ ᠵᠢᠴᠢ ᠬᠡᠮᠵᠢᠯᠲᠡ ᠵᠢᠨ ᠣᠨᠣᠪᠴᠢᠲᠤ ᠴᠢᠨᠠᠷ᠎ᠤᠨ ᠱᠠᠭ᠋ᠠᠷᠳᠠᠯᠭ᠎ᠠ ᠵᠡᠷᠭᠡ ᠤᠯᠠᠨ ᠲᠠᠯ᠎ᠠ ᠵᠢᠨ ᠶᠡᠷᠦᠩᠬᠡᠶ᠋ᠢᠯᠡᠭᠰᠡᠨ ᠦᠨᠡᠯᠡᠯᠲᠡ᠎ᠪᠠᠷ ᠳᠠᠮᠵᠢᠭᠤᠯᠵᠤ᠂ ᠠᠵᠤ ᠠᠬᠤᠶ᠋ᠢᠯᠠᠯ᠎ᠳᠤ ᠰᠢᠨᠵᠢᠯᠡᠬᠦ ᠤᠬᠠᠭ᠋ᠠᠨᠴᠢ ᠵᠦᠢ ᠵᠣᠬᠢᠰᠲᠠᠢ ᠰᠢᠯᠭ᠋ᠠᠬᠤ ᠦᠶᠡᠯᠡᠯ᠎ᠤᠨ ᠬᠤᠭᠤᠴᠠᠭ᠋ᠠᠨ᠎ᠤ ᠰᠠᠨᠠᠭᠤᠯᠭ᠎ᠠ ᠬᠠᠩᠭ᠋ᠠᠵᠠᠢ᠃ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ ᠲᠦᠢ᠍ᠯ ᠵᠶ᠋ᠠᠷ ᠲᠠᠯᠠᠷᠬᠠᠵᠤ ᠪᠠᠶ᠋ᠢᠬᠤ᠎ᠪᠠᠨ ᠢᠯᠡᠳᠬᠡᠵᠦ᠂ ᠠᠵᠤ ᠠᠬᠤᠶ᠋ᠢᠯᠠᠯ᠎ᠤᠨ ᠬᠥᠭᠵᠢᠯᠲᠡ ᠵᠢ ᠬᠠᠷᠰᠢᠯᠠᠵᠤ ᠪᠠᠶ᠋ᠢᠭ᠎ᠠ ᠬᠦᠴᠢᠷ ᠠᠰᠠᠭᠤᠳᠠᠯ᠎ᠢ᠎ᠨᠢ ᠰᠢᠢ᠍ᠳᠪᠦᠷᠢᠯᠡᠪᠡ᠃
ᠶᠠᠷᠢᠯᠴᠠᠬᠤ ᠬᠤᠷᠠᠯ᠎ᠤᠨ ᠳᠠᠷᠠᠭ᠎ᠠ᠂ ᠲᠤᠰᠬᠠᠶ ᠮᠡᠷᠭᠡᠵᠢᠯᠲᠡᠨ᠎ᠤ ᠪᠦᠯᠬᠦᠮ ᠬᠤᠯᠪᠤᠭᠳᠠᠯ ᠪᠥᠬᠦᠶ ᠬᠢᠨᠠᠨ ᠲᠣᠭᠲᠠᠭ᠋ᠠᠬᠤ ᠪᠠᠷᠢᠮᠵᠢᠶ᠎ᠠ ᠶᠣᠰᠣᠭ᠋ᠠᠷ᠂ ᠠᠵᠤ ᠠᠬᠤᠶ᠋ᠢᠯᠠᠯ᠎ᠤᠨ ᠬᠡᠮᠵᠢᠯᠲᠡ ᠵᠢᠨ ᠪᠠᠷᠢᠮᠵᠢᠶᠠᠲᠤ ᠪᠠᠭ᠋ᠠᠵᠢ ᠬᠡᠷᠡᠭᠰᠡᠯ᠎ᠳᠤ ᠬᠠᠮᠢᠶᠠᠷᠤᠯᠲᠠ ᠵᠢᠨ ᠲᠦᠷᠢᠮ᠂ ᠲᠥᠬᠦᠭᠡᠷᠦᠮᠵᠢ ᠵᠢᠨ ᠲᠠᠩᠰᠠ ᠡᠪᠬᠡᠮᠡᠯ᠂ ᠲᠤᠭ᠎ᠠ ᠬᠡᠮᠵᠢᠭᠳᠡᠯ᠎ᠤᠨ ᠡᠬᠢ ᠰᠣᠷᠪᠣᠯᠵᠢ ᠵᠢ ᠡᠷᠢᠬᠦ᠂ ᠪᠠᠶ᠋ᠢᠴᠠᠭ᠋ᠠᠨ ᠲᠣᠭᠲᠠᠭ᠋ᠠᠵᠤ ᠰᠢᠯᠭ᠋ᠠᠬᠤ ᠠᠵᠢᠯᠯᠠᠭ᠋ᠠᠨ᠎ᠤ ᠶᠠᠪᠤᠴᠠ ᠵᠡᠷᠭᠡ ᠲᠠᠯ᠎ᠠ᠎ᠪᠠᠷ ᠪᠥᠬᠦ ᠲᠠᠯ᠎ᠠ᠎ᠪᠠᠷ ᠨᠠᠷᠢᠨ ᠨᠢᠮᠪᠠᠶ ᠪᠠᠢ᠌ᠴᠠᠭ᠋ᠠᠯᠲᠠ ᠪᠠ ᠦᠨᠡᠯᠡᠯᠲᠡ ᠬᠢᠭᠰᠡᠨ ᠪᠠᠢ᠌ᠨ᠎ᠠ ᠃ ᠬᠢᠨᠠᠨ ᠲᠣᠭᠲᠠᠭ᠋ᠠᠬᠤ ᠶᠠᠪᠤᠴᠠ᠎ᠳᠤ᠂ ᠲᠡᠭᠦᠨ᠎ᠤ ᠬᠡᠮᠵᠢᠯᠲᠡ ᠵᠢᠨ ᠪᠠᠷᠢᠮᠵᠢᠶᠠᠲᠤ ᠪᠠᠭ᠋ᠠᠵᠢ ᠬᠡᠷᠡᠭᠰᠡᠯ᠎ᠤᠨ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠲᠠᠯ᠎ᠠ᠎ᠪᠠᠷ ᠬᠢ ᠬᠡᠰᠡᠭ ᠮᠡᠳᠡᠭᠡ ᠵᠠᠩᠭᠢ ᠵᠢᠨ ᠲᠡᠭᠦᠯᠳᠡᠷ ᠪᠤᠰᠤ ᠪᠠᠶ᠋ᠢᠳᠠᠯ ᠣᠷᠣᠰᠢᠵᠤ ᠪᠠᠶ᠋ᠢᠬᠤ ᠵᠢ ᠣᠯᠵᠤ ᠮᠡᠳᠡᠭᠡᠳ ᠂ ᠲᠤᠰᠬᠠᠶ ᠮᠡᠷᠭᠡᠵᠢᠯᠲᠡᠨ᠎ᠠᠴᠠ ᠲᠤᠬᠠᠶ ᠵᠢᠨ ᠲᠠᠯᠠᠪᠣᠷ᠎ᠲᠤ ᠠᠵᠤ ᠠᠬᠤᠶ᠋ᠢᠯᠠᠯ᠎ᠢ ᠵᠢᠯᠣᠭᠤᠳᠤᠨ ᠲᠠᠩᠰᠠ ᠡᠪᠬᠡᠮᠡᠯ᠎ᠢ ᠡᠮᠬᠢᠯᠡᠵᠦ᠂ ᠲᠣᠭᠲᠠᠭᠰᠠᠨ ᠮᠠᠲ᠋ᠧᠷᠢᠶᠠᠯ᠎ᠢ ᠨᠥᠬᠦᠪᠥᠷᠢᠯᠡᠬᠦ ᠵᠢᠨ ᠬᠠᠮᠲᠤ ᠪᠦᠷᠢᠨ ᠪᠦᠲᠦᠨ ᠣᠨᠣᠪᠴᠢᠲᠠᠶ ᠲᠠᠩᠰᠠ ᠡᠪᠬᠡᠮᠡᠯ᠎ᠨᠢ ᠬᠡᠮᠵᠢᠯᠲᠡ ᠵᠢᠨ ᠪᠠᠷᠢᠮᠵᠢᠶᠠᠲᠤ ᠪᠠᠭ᠋ᠠᠵᠢ ᠬᠡᠷᠡᠭᠰᠡᠯ᠎ᠢ ᠬᠢᠨᠠᠨ ᠵᠥᠪᠰᠢᠶᠡᠷᠡᠵᠦ ᠬᠢᠨᠠᠨ ᠲᠣᠭᠲᠠᠭ᠋ᠠᠬᠤ᠎ᠳᠤ ᠦᠵᠡᠭᠦᠯᠬᠦ ᠴᠢᠬᠤᠯᠠ ᠴᠢᠨᠠᠷ᠎ᠢ ᠨᠠᠷᠢᠨ ᠲᠣᠳᠣᠷᠬᠠᠶ᠋ᠢᠯᠠᠵᠠᠶ᠃ ᠪᠡᠶ᠎ᠡ᠎ᠪᠠᠷ ᠵᠶ᠋ᠡᠨ ᠵᠢᠭ᠋ᠠᠨ ᠵᠢᠯᠣᠭᠤᠳᠬᠤ᠎ᠪᠠᠷ ᠳᠠᠮᠵᠢᠭᠤᠯᠤᠨ᠂ ᠠᠵᠤ ᠠᠬᠤᠶ᠋ᠢᠯᠠᠯ᠎ᠳᠤ ᠲᠣᠰ ᠪᠡᠶ᠎ᠡ ᠵᠢᠨ ᠬᠢᠨᠢ ᠬᠦᠷᠦᠯᠴᠡᠬᠦ ᠥᠬᠡᠶ ᠲᠠᠯ᠎ᠠ ᠵᠢ ᠨᠠᠩ ᠲᠣᠳᠣᠷᠬᠠᠶ ᠲᠠᠨᠢᠭᠤᠯᠵᠤ᠂ ᠦᠭᠡᠷᠡᠴᠢᠯᠡᠨ ᠰᠠᠶ᠋ᠢᠵᠢᠷᠠᠭᠤᠯᠬᠤ ᠴᠢᠭᠯᠡᠯ᠎ᠢ ᠲᠣᠳᠣᠷᠬᠠᠶ ᠪᠣᠯᠭ᠋ᠠᠭᠰᠠᠨ ᠪᠠᠶ᠋ᠢᠨ᠎ᠠ᠃