《ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠵᠢ ᠰᠢᠭᠤᠳ ᠬᠤᠪᠢᠷᠠᠭᠤᠯᠵᠤ ᠬᠤᠳᠠᠯᠳᠤᠭ᠋ᠠᠨ᠎ᠤ ᠡᠷᠦᠬᠡ ᠵᠢᠨ 《ᠬᠡᠬᠡᠨᠴᠢᠷ ᠵᠶ᠋ᠡᠷ ᠬᠡᠯᠪᠡᠷᠢ᠎ᠪᠠᠨ ᠬᠤᠪᠢᠷᠠᠭᠤᠯᠬᠤ》᠎ᠳᠤ ᠬᠦᠴᠣᠨ ᠨᠡᠮᠡᠷᠢᠯᠡᠪᠡ
2025-04-16

     4  ᠳ᠋ᠦ᠍ᠭᠡᠷ  ᠰᠠᠷ᠎ᠠ ᠵᠢᠨ 9᠎ᠤ ᠡᠳᠦᠷ᠂ ᠤᠯᠠᠭ᠋ᠠᠨᠴᠠᠪ ᠬᠤᠲᠠ ᠠᠩᠬᠠᠳᠠᠭᠴᠢ ᠰᠢᠭᠤᠳ ᠬᠤᠪᠢᠷᠠᠭᠤᠯᠬᠤ ᠠᠷᠭ᠎ᠠ ᠮᠠᠶᠢᠭ ᠵᠶ᠋ᠠᠷ ᠳᠠᠮᠵᠢᠭᠤᠯᠤᠨ 《  ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠵᠢ  ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠡᠵᠡᠩᠨᠡᠯᠲᠡ ᠵᠢᠨ ᠭᠤᠤᠯ ᠴᠣᠭᠴᠠ ᠵᠢᠩᠬᠢᠨᠢ᠎ᠪᠠᠷ ᠮᠡᠨᠳᠦᠯᠡᠪᠡ᠃ ᠤᠤᠯ᠎ᠤᠨ 《ᠴᠠᠬᠠᠷ ᠪᠠᠷᠠᠭᠤᠨ ᠭᠠᠷᠤᠨ ᠬᠤᠶ᠋ᠢᠲᠤ ᠬᠤᠰᠢᠭᠤᠨ᠎ᠤ ᠪᠥᠭᠡᠭᠡᠨᠡᠷᠡᠯ᠎ᠤᠨ ᠪᠠᠷᠢᠯᠭ᠎ᠠ ᠵᠢᠨ ᠮᠠᠲ᠋ᠧᠷᠢᠶᠠᠯ᠎ᠤᠨ ᠡᠵᠡᠩᠨᠡᠯᠲᠡ ᠵᠢᠨ ᠭᠠᠵᠠᠷ (ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ)》 ᠵᠢ ᠠᠮᠵᠢᠯᠲᠠ᠎ᠲᠠᠢ᠎ᠪᠠᠷ ᠳᠡᠰ ᠳᠡᠪᠰᠢᠭᠦᠯᠵᠦ 《ᠴᠠᠬᠠᠷ ᠪᠠᠷᠠᠭᠤᠨ ᠭᠠᠷᠤᠨ ᠬᠤᠶ᠋ᠢᠲᠤ ᠬᠤᠰᠢᠭᠤᠨ᠎ᠤ  ᠪᠥᠭᠡᠭᠡᠨᠡᠷᠡᠯ  ᠪᠠᠷᠢᠯᠭ᠎ᠠ ᠵᠢᠨ ᠮᠠᠲ᠋ᠧᠷᠢᠶᠠᠯ᠎ᠤᠨ ᠬᠢᠵᠠᠭ᠋ᠠᠷᠲᠤ ᠺᠣᠮᠫᠠᠨᠢ》  ᠪᠣᠯᠭ᠋ᠠᠭᠰᠠᠨ  ᠪᠥᠭᠡᠳ ᠲᠤᠬᠠᠶ ᠵᠢᠨ ᠲᠠᠯᠠᠪᠠᠶ᠎ᠳᠤ ᠡᠵᠡᠩᠨᠡᠯᠲᠡ ᠵᠢᠨ ᠦᠨᠡᠮᠯᠡᠯ ᠵᠶ᠋ᠡᠨ ᠠᠪᠤᠭᠰᠠᠨ ᠪᠠᠶ᠋ᠢᠨ᠎ᠠ᠃ ᠲᠣᠰ ᠤᠳᠠᠭ᠋ᠠᠨ᠎ᠤ 《ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠵᠢ  ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠥᠭᠡᠷᠡᠴᠢᠯᠡᠯᠲᠡ᠎ᠳᠤ  ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ  ᠳᠠᠩᠰᠠᠯᠠᠯᠲᠠ᠎ᠪᠠᠨ  ᠰᠢᠭᠤᠳ ᠬᠤᠪᠢᠷᠠᠭᠤᠯᠬᠤ᠎ᠪᠠᠷ ᠳᠠᠮᠵᠢᠭᠤᠯᠤᠨ ᠠᠵᠤ ᠠᠬᠤᠶ᠋ᠢᠯᠠᠯ  ᠪᠣᠯᠭ᠋ᠠᠨ ᠬᠤᠪᠢᠷᠠᠭᠣᠯᠬᠣ ᠵᠢ  ᠰᠢᠨ᠎ᠡ ᠵᠢ ᠡᠭᠦᠳᠬᠦ ᠴᠢᠨᠠᠷᠲᠠᠢ᠎ᠪᠠᠷ  ᠵᠥᠪᠰᠢᠶᠡᠷᠡᠵᠦ᠂ ᠤᠤᠯ᠎ᠤᠨ  ᠨᠢᠭᠡᠳᠦᠯᠲᠡᠶ ᠨᠡᠶ᠋ᠢᠭᠡᠮ᠎ᠤᠨ ᠢᠲᠡᠭᠡᠮᠵᠢ ᠵᠢᠨ ᠣᠷᠣᠯᠠᠬᠤ ᠨᠣᠮᠧᠷ᠂  ᠪᠠᠢ᠌ᠭᠣᠯᠣᠭᠳᠠᠭᠰᠠᠨ  ᠡᠳᠦᠷ ᠬᠤᠭᠤᠴᠠᠭ᠎ᠠ ᠵᠡᠷᠭᠡ ᠵᠠᠩᠭᠢᠯᠠᠭ᠎ᠠ ᠵᠢᠨ ᠮᠡᠳᠡᠭᠡ ᠵᠠᠩᠭᠢ ᠵᠢ ᠪᠦᠲᠦᠮᠵᠢᠲᠡᠶ᠎ᠪᠠᠷ ᠦᠯᠡᠳᠡᠭᠡᠵᠦ᠂ ᠥᠩᠭᠡᠷᠡᠭᠰᠡᠨ᠎ᠤ 《ᠨᠢᠭᠡ ᠵᠢ ᠬᠦᠴᠣᠨ ᠦᠭᠡᠢ ᠪᠣᠯᠭ᠋ᠠᠵᠤ  ᠨᠢᠭᠡ ᠵᠢ  ᠪᠠᠢ᠌ᠭᠣᠯᠬᠣ 》 ᠠᠷᠭ᠎ᠠ ᠮᠠᠶᠢᠭ᠎ᠤᠨ ᠳᠣᠣᠷ᠎ᠠ ᠪᠠᠢ᠌ᠭᠣᠯᠣᠭᠳᠠᠭᠰᠠᠨ  ᠡᠳᠦᠷ ᠬᠤᠭᠤᠴᠠᠭ᠎ᠠ ᠪᠠ  ᠨᠢᠭᠡᠳᠦᠯᠲᠡᠶ ᠨᠡᠶ᠋ᠢᠭᠡᠮ᠎ᠤᠨ ᠢᠲᠡᠭᠡᠮᠵᠢ ᠵᠢᠨ ᠣᠷᠣᠯᠠᠬᠤ ᠨᠣᠮᠧᠷ᠎ᠢ ᠦᠷᠭᠦᠯᠵᠢᠯᠡᠭᠦᠯᠬᠦ ᠠᠷᠭ᠎ᠠ ᠥᠬᠡᠶ ᠪᠠᠶ᠋ᠢᠭᠰᠠᠨ ᠬᠦᠴᠢᠷ ᠠᠰᠠᠭᠤᠳᠠᠯ᠎ᠢ ᠪᠦᠲᠦᠮᠵᠢᠲᠡᠶ ᠰᠢᠢ᠍ᠳᠪᠦᠷᠢᠯᠡᠵᠦ᠂ ᠴᠤᠪᠤᠷᠠᠯ᠎ᠢ ᠶᠡᠭᠡ᠎ᠪᠠᠷ ᠳᠥᠭᠦᠮᠴᠢᠯᠡᠵᠦ᠂ ᠠᠷᠠᠯᠵᠢᠶᠠᠨ᠎ᠤ ᠥᠪᠡᠷ᠎ᠤᠨ ᠥᠷᠲᠡᠭ᠎ᠢ ᠢᠯᠡᠳᠲᠡ ᠪᠠᠭᠤᠷᠠᠭᠤᠯᠵᠤ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ᠎ᠳᠤ 《ᠲᠦᠷᠭᠡᠨ ᠵᠠᠮ》᠎ᠢ ᠳᠡᠪᠢᠰᠴᠦ ᠦᠭᠪᠡ ᠃

 

ᠢᠷᠡᠯᠲᠡ᠄ ᠤᠯᠠᠭ᠋ᠠᠨᠴᠠᠪ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ