ᠠᠯᠠᠱ᠌ᠠ ᠪᠠᠷᠠᠭᠤᠨ ᠬᠤᠰᠢᠭᠤ᠄ ᠰᠡᠳᠬᠢᠯ᠎ᠢ ᠳᠤᠯᠠᠭ᠋ᠠᠴᠠᠭᠤᠯᠬᠤ ᠦᠢ᠍ᠯᠡᠴᠢᠯᠡᠭᠡ ᠵᠢ ᠲᠠᠬᠢᠨ ᠲᠡᠰ ᠳᠡᠪᠰᠢᠭᠦᠯᠵᠦ᠂ ᠠᠵᠤ ᠠᠬᠤᠶ᠋ᠢᠯᠠᠯ᠎ᠢ ᠲᠤᠰᠠᠯᠠᠨ 《ᠬᠤᠷᠳᠤᠴᠠ ᠵᠢ᠎ᠨᠢ ᠲᠦᠷᠭᠡᠳᠭᠡᠪᠡ》
2025-03-31

     《ᠠᠰᠠᠭᠤᠨ ᠯᠠᠪᠯᠠᠬᠤ᠎ᠠᠴᠠ ᠦᠨᠡᠮᠯᠡᠯ ᠠᠪᠬᠤ  ᠬᠦᠷᠲᠡᠯ᠎ᠡ  ᠵᠥᠪᠬᠡᠨ ᠬᠠᠭ᠋ᠠᠰ ᠡᠳᠦᠷ  ᠬᠡᠷᠡᠭᠰᠡᠵᠦ᠂ ᠡᠢ᠌ᠮᠣᠷᠬᠦᠤ  ᠦᠢ᠍ᠯᠡᠴᠢᠯᠡᠭᠡ᠎ᠨᠢ ᠪᠢᠳᠡᠨ᠎ᠳᠤ ᠭᠡᠷ ᠪᠦᠯᠢ ᠵᠢᠨ ᠬᠠᠶ᠋ᠢᠷ᠎ᠠ ᠬᠠᠯᠠᠮᠵᠢ ᠵᠢ ᠮᠡᠳᠡᠷᠡᠭᠦᠯᠪᠡ!》 3  ᠳ᠋ᠤᠭ᠋ᠠᠷ  ᠰᠠᠷ᠎ᠠ ᠵᠢᠨ 25᠎ᠤ ᠡᠳᠦᠷ᠂ ᠱᠧᠩ ᠳ᠋ᠧ ᠿᠦᠢ  ᠲᠣᠮᠣ ᠵᠤᠤᠬ᠎ᠠ (ᠥᠪᠥᠷ ᠮᠣᠩᠭᠤᠯ) ᠢᠳᠡᠭᠡᠨ ᠤᠮᠳᠠᠭ᠋ᠠᠨ᠎ᠤ ᠬᠠᠮᠢᠶᠠᠷᠤᠯᠲᠠ ᠵᠢᠨ ᠬᠢᠵᠠᠭ᠋ᠠᠷᠲᠤ ᠺᠣᠮᠫᠠᠨᠢ ᠵᠢᠨ ᠬᠠᠷᠢᠭᠤᠴᠠᠯᠭ᠋ᠠᠲᠠᠨ ᠎ᠨᠢ  ᠠᠯᠠᠱ᠌ᠠ ᠪᠠᠷᠠᠭᠤᠨ ᠬᠤᠰᠢᠭᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠲᠤ ᠡᠵᠡᠩᠨᠡᠯᠲᠡ ᠵᠢᠨ ᠦᠨᠡᠮᠯᠡᠯ ᠵᠶ᠋ᠠᠨ ᠲᠤᠰᠴᠤ ᠠᠪᠤᠭ᠋ᠠᠳ ᠰᠡᠳᠬᠢᠯ  ᠳᠣᠭᠳᠣᠯᠵᠤ  ᠪᠠᠶ᠋ᠢᠯ᠎ᠠ᠃ ᠲᠤᠬᠠᠶ ᠵᠢᠨ ᠡᠳᠦᠷ᠎ᠤᠨ ᠦᠳᠡ ᠵᠢᠨ ᠡᠮᠦᠨ᠎ᠡ᠂ ᠡᠨᠡ ᠬᠦ᠌ 300  ᠺᠢᠯᠣᠮᠧᠲᠷ᠎ᠤᠨ ᠭᠠᠳᠠᠨᠠᠬᠢ  ᠲᠠᠩᠰᠣᠭᠪᠣᠯᠠᠭ  ᠰᠤᠮᠤ᠎ᠠᠴᠠ  ᠬᠦᠷᠴᠦ ᠢᠷᠡᠭᠰᠡᠨ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ ᠠᠵᠢᠯ᠎ᠠᠴᠠ᠎ᠪᠠᠨ  ᠪᠠᠭᠣᠭ᠋ᠠᠳ  ᠰᠠᠶᠢ  ᠴᠣᠩᠬᠣᠪᠴᠢ᠎ᠳᠤ ᠬᠦᠷᠴᠦ᠂ ᠠᠵᠢᠯᠲᠠᠳ ᠰᠠᠨᠠᠭ᠋ᠠᠴᠢᠯᠠᠭ᠎ᠠ᠎ᠠᠴᠠ᠎ᠪᠠᠨ 《ᠴᠠᠭ  ᠤᠷᠲᠤᠳᠬᠠᠨ  ᠦᠢ᠍ᠯᠡᠴᠢᠯᠡᠵᠦ 》 ᠂ ᠲᠡᠭᠦᠨ᠎ᠢ  ᠵᠢᠯᠣᠭᠤᠳᠤᠨ ᠬᠠᠪᠰᠤᠷᠴᠤ ᠪᠠᠶ᠋ᠢᠭ᠋ᠠᠳ ᠰᠦᠯᠵᠢᠶᠡᠨ ᠳᠡᠭᠡᠷ᠎ᠡ ᠭᠤᠶᠤᠴᠢᠯᠠᠯ᠎ᠤᠨ ᠮᠠᠲ᠋ᠧᠷᠢᠶᠠᠯ ᠲᠤᠰᠢᠶᠠᠬᠤ᠂  ᠬᠦᠮᠣᠨ᠎ᠤ  ᠨᠢᠭᠤᠷ᠎ᠤᠨ  ᠦᠨᠡᠨ ᠨᠡᠷ᠎ᠡ᠎ᠪᠠᠷ  ᠭᠡᠷᠡᠴᠢᠯᠡᠭᠡ ᠬᠢᠬᠦ  ᠵᠡᠷᠭᠡ ᠶᠠᠪᠤᠴᠠ ᠵᠢ ᠪᠡᠶᠡᠯᠡᠭᠦᠯᠵᠦ᠂ 1 ᠴᠠᠭ ᠪᠣᠯᠤᠯ ᠥᠬᠡᠶ᠎ᠪᠠᠷ ᠡᠵᠡᠩᠨᠡᠯᠲᠡ ᠵᠢᠨ ᠦᠨᠡᠮᠯᠡᠯ ᠵᠶ᠋ᠠᠨ ᠤᠷᠤᠭᠰᠢᠲᠠᠶ ᠣᠯᠵᠤ᠂ ᠳᠣᠲᠣᠨᠣ  ᠦᠢ᠍ᠯᠡᠴᠢᠯᠡᠭᠡ᠎ᠪᠠᠷ ᠠᠵᠤ ᠠᠬᠤᠶ᠋ᠢᠯᠠᠯ᠎ᠤᠨ 《ᠴᠠᠭ ᠪᠠᠴᠢᠮ᠂ ᠵᠠᠮ ᠬᠤᠯᠠ ᠪᠠᠶ᠋ᠢᠬᠤ》 ᠬᠦᠴᠢᠷ ᠠᠰᠠᠭᠤᠳᠠᠯ᠎ᠢ  ᠰᠢᠢ᠍ᠳᠪᠦᠷᠢᠯᠡᠪᠡ ᠃

     ᠪᠦᠬᠦ ᠶᠠᠪᠤᠴᠠ ᠵᠢ  ᠬᠠᠪᠰᠤᠷᠤᠨ  ᠭᠦᠢ᠍ᠴᠡᠳᠬᠡᠵᠦ   ᠠᠵᠤ ᠠᠬᠤᠶ᠋ᠢᠯᠠᠯ᠎ᠢ ᠲᠤᠰᠠᠯᠠᠬᠤ᠎ᠳᠤ ᠳᠤᠯᠠᠭ᠋ᠠᠴᠠ᠎ᠲᠠᠢ

     ᠠᠯᠠᠱ᠌ᠠ ᠪᠠᠷᠠᠭᠤᠨ ᠬᠤᠰᠢᠭᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠎ᠨᠢ  ᠠᠵᠤ ᠠᠬᠤᠶ᠋ᠢᠯᠠᠯ᠎ᠤᠨ ᠬᠡᠷᠡᠭᠴᠡᠭᠡ ᠱᠠᠭ᠋ᠠᠷᠳᠠᠯᠭ᠎ᠠ ᠵᠢ  ᠢᠮᠠᠭᠲᠠ ᠲᠡᠷᠢᠭᠦᠨ ᠪᠠᠶ᠋ᠢᠷᠢᠨ᠎ᠳᠤ ᠲᠠᠯᠪᠢᠵᠤ᠂ 《ᠨᠢᠭᠡ᠎ᠳᠤ ᠨᠢᠭᠡ》 ᠵᠢᠨ ᠪᠥᠬᠦ ᠶᠠᠪᠤᠴᠠ᠎ᠳᠤ  ᠬᠠᠪᠰᠤᠷᠤᠨ ᠭᠦᠢ᠍ᠴᠡᠳᠬᠡᠬᠦ ᠵᠠᠭᠪᠤᠷ᠎ᠢ ᠰᠢᠨ᠎ᠡ᠎ᠪᠠᠷ ᠡᠭᠦᠳᠦᠨ ᠬᠡᠷᠡᠭᠵᠢᠭᠦᠯᠵᠦ᠂ ᠠᠵᠤ ᠠᠬᠤᠶ᠋ᠢᠯᠠᠯ᠎ᠳᠤ ᠠᠰᠠᠭᠤᠨ ᠯᠠᠪᠯᠠᠬᠤ᠎ᠠᠴᠠ ᠰᠢᠢ᠍ᠳᠪᠦᠷᠢᠯᠡᠵᠦ ᠳᠠᠭᠤᠰᠬᠠᠬᠤ ᠬᠦᠷᠲᠡᠯᠡᠬᠢ 《ᠬᠠᠨᠢ ᠪᠣᠯᠬᠤ  ᠬᠡᠯᠪᠡᠷᠢ 》 ᠵᠢᠨ  ᠦᠢ᠍ᠯᠡᠴᠢᠯᠡᠭᠡ ᠬᠠᠩᠭ᠋ᠠᠪᠠ᠃ ᠪᠤᠶ᠋ᠢᠳᠠ ᠪᠥᠭᠯᠡᠭᠦᠤ ᠭᠠᠵᠠᠷ ᠣᠷᠣᠨ᠎ᠤ ᠠᠵᠤ ᠠᠬᠤᠶ᠋ᠢᠯᠠᠯ᠎ᠳᠤ ᠴᠢᠭᠯᠡᠭᠦᠯᠦᠨ᠂ ᠠᠵᠢᠯᠲᠠᠳ ᠠᠵᠢᠯᠯᠠᠬᠤ ᠴᠠᠭ ᠵᠶ᠋ᠠᠨ ᠰᠠᠨᠠᠭ᠋ᠠᠴᠢᠯᠠᠭ᠎ᠠ᠎ᠠᠴᠠ᠎ᠪᠠᠨ ᠤᠷᠲᠤᠳᠬᠠᠵᠤ᠂ 《ᠤᠷᠢᠳᠴᠢᠯᠠᠨ ᠪᠣᠯᠵᠣᠵᠤ ᠭᠦᠢ᠍ᠴᠡᠳᠬᠡᠬᠦ》᠂ 《ᠪᠠᠴᠢᠮ ᠭᠦᠢ᠍ᠴᠡᠳᠬᠡᠬᠦ》᠂ 《  ᠬᠣᠢ᠌ᠰᠢᠯᠠᠭᠣᠯᠣᠨ  ᠭᠦᠢ᠍ᠴᠡᠳᠬᠡᠬᠦ》᠎ᠪᠠᠷ ᠳᠠᠮᠵᠢᠭᠤᠯᠤᠨ ᠂  ᠲᠤᠬᠠᠶ᠋ᠢᠯᠠᠭᠰᠠᠨ ᠠᠵᠢᠯ᠎ᠢ 《ᠰᠥᠨᠢ  ᠦᠨᠵᠢᠬᠦ ᠦᠭᠡᠢ 》 ᠵᠢ ᠦᠨᠡᠨ ᠬᠦ᠌ ᠪᠠᠲᠤᠯᠠᠪᠠ ;  ᠠᠩᠬ᠎ᠠ ᠡᠭᠦᠰᠬᠡᠨ ᠪᠠᠢ᠌ᠭᠤᠯᠤᠭᠰᠠᠨ  ᠠᠵᠤ ᠠᠬᠤᠶ᠋ᠢᠯᠠᠯ᠎ᠳᠤ ᠴᠢᠭᠯᠡᠭᠦᠯᠦᠨ᠂ ᠲᠠᠮᠠᠭ᠎ᠠ ᠪᠠ ᠭᠠᠶ᠋ᠢᠯᠢ ᠵᠢᠨ ᠶᠠᠪᠤᠳᠠᠯ᠎ᠤᠨ  ᠡᠯᠸᠺᠲᠷᠣᠨ  ᠪᠠᠷᠢᠮᠲᠠ ᠵᠢ ᠰᠦᠢ᠍ᠳᠬᠡᠯ ᠬᠤᠷᠢᠶᠠᠬᠤ ᠦᠭᠡᠢ᠎ᠪᠠᠷ ᠲᠠᠷᠬᠠᠭ᠋ᠠᠵᠤ᠂ ᠠᠵᠤ ᠠᠬᠤᠶ᠋ᠢᠯᠠᠯ ᠨᠡᠭᠡᠭᠡᠨ ᠡᠷᠭᠢᠯᠡᠬᠦ᠎ᠳᠤ 《ᠥᠪᠡᠷ᠎ᠤᠨ ᠥᠷᠲᠡᠭ ᠦᠭᠡᠢ》 ᠪᠠᠶ᠋ᠢᠬᠤ ᠵᠢ ᠪᠡᠶᠡᠯᠡᠭᠦᠯᠪᠡ᠃ ᠡᠨᠡ ᠵᠢᠯ᠎ᠠᠴᠠ  ᠨᠠᠭ᠋ᠠᠰᠢ ᠂ ᠨᠢᠭᠡᠨᠲᠡ 300 ᠭᠠᠷᠤᠶ ᠠᠵᠤ ᠠᠬᠤᠶ᠋ᠢᠯᠠᠯ᠎ᠳᠤ ᠬᠠᠪᠰᠤᠷᠤᠨ ᠡᠷᠬᠢᠯᠡᠬᠦ ᠦᠢ᠍ᠯᠡᠴᠢᠯᠡᠭᠡ ᠬᠠᠩᠭ᠋ᠠᠵᠤ᠂ ᠠᠵᠤ ᠠᠬᠤᠶ᠋ᠢᠯᠠᠯ ᠪᠠ ᠣᠯᠠᠨ ᠲᠦᠮᠡᠨ᠎ᠢ ᠦᠨᠡᠨ ᠬᠦ᠌  ᠬᠠᠪᠰᠣᠷᠴᠦ ᠪᠠᠢ᠌ᠭ᠋ᠠᠳ 《  ᠲᠣᠷᠴᠤ ᠲᠡᠭᠡᠭᠡᠭᠯᠡᠬᠦ 》 《ᠳᠠᠬᠢᠨ ᠠᠵᠢᠯᠯᠠᠬᠤ》 ᠬᠦᠴᠢᠷ ᠠᠰᠠᠭᠤᠳᠠᠯ᠎ᠢ᠎ᠨᠢ ᠰᠢᠢ᠍ᠳᠪᠦᠷᠢᠯᠡᠵᠦ ᠥᠭᠪᠡ᠃

     ᠥᠨᠳᠥᠷ ᠪᠦᠲᠦᠮᠵᠢᠲᠡᠢ᠎ᠪᠠᠷ ᠬᠠᠮᠵᠢᠯᠴᠠᠨ   ᠠᠵᠢᠯ ᠶᠠᠪᠤᠳᠠᠯ ᠭᠦᠢ᠍ᠴᠡᠳᠭᠡᠬᠦ᠎ᠳᠤ  ᠬᠤᠷᠳᠤᠴᠠ᠎ᠲᠠᠢ

     《ᠥᠪᠥᠷ ᠮᠣᠩᠭᠤᠯ᠎ᠤᠨ ᠤᠶᠤᠨᠲᠤ ᠠᠵᠤ ᠠᠬᠤᠶ᠋ᠢᠯᠠᠯ᠎ᠳᠤ ᠳᠠᠩᠰᠠᠯᠠᠬᠤ》 APP ᠪᠠ ᠪᠥᠬᠦ ᠶᠠᠪᠤᠴᠠ᠎ᠳᠤ  ᠡᠯᠸᠺᠲᠷᠦᠨᠴᠢᠯᠡᠭᠰᠡᠨ  ᠳᠡᠩᠰᠡᠯᠡᠯᠲᠡ ᠵᠢᠨ ᠰᠢᠰᠲ᠋ᠧᠮ᠎ᠳᠤ ᠲᠦᠰᠢᠭᠯᠡᠨ᠂ ᠠᠵᠤ ᠠᠬᠤᠶ᠋ᠢᠯᠠᠯ ᠡᠷᠭᠢᠯᠡᠬᠦ᠎ᠳᠤ 《ᠨᠢᠭᠡ ᠰᠦᠯᠵᠢᠶ᠎ᠡ᠎ᠪᠠᠷ ᠨᠡᠶ᠋ᠢᠳᠡᠮ  ᠭᠦᠢ᠍ᠴᠡᠳᠬᠡᠬᠦ 》᠎ᠳᠤ ᠬᠠᠮᠤᠭ ᠣᠯᠠᠨ᠎ᠳᠤ᠎ᠪᠠᠨ  ᠨᠢᠭᠡ ᠯᠡ ᠤᠳᠠᠭ᠎ᠠ ᠭᠦᠶᠦᠬᠦ ᠵᠢ ᠪᠡᠶᠡᠯᠡᠭᠦᠯᠦᠨ᠎ᠡ᠃ ᠠᠯᠪᠠᠨ ᠲᠠᠮᠠᠭ᠎ᠠ ᠰᠡᠶ᠋ᠢᠯᠦᠨ ᠵᠣᠬᠢᠶᠠᠬᠤ᠂ ᠨᠡᠶ᠋ᠢᠭᠡᠮ᠎ᠤᠨ ᠳᠠᠭ᠋ᠠᠳᠬᠠᠯ᠎ᠤᠨ ᠳᠠᠩᠰᠠᠯᠠᠯᠲᠠ ᠵᠡᠷᠭᠡ 6 ᠵᠦᠢ᠍ᠯ᠎ᠤᠨ ᠲᠤᠬᠠᠶ᠋ᠢᠯᠠᠭᠰᠠᠨ ᠠᠵᠢᠯ᠎ᠢ ᠨᠡᠶ᠋ᠢᠯᠡᠭᠦᠯᠦᠨ ᠬᠢᠨᠠᠨ ᠵᠥᠪᠰᠢᠶᠡᠷᠡᠵᠦ᠂ ᠳ᠋ᠠᠢ᠌ᠲ᠋ᠠ ᠵᠢ 《  ᠵᠠᠭᠣᠴᠢ 》  ᠪᠣᠯᠭ᠋ᠠᠨ  ᠣᠯᠠᠨ ᠲᠦᠮᠡᠨ᠎ᠢ  ᠣᠷᠣᠯᠠᠵᠤ ᠭᠦᠢ᠍ᠴᠡᠳᠬᠡᠬᠦ᠂  ᠰᠦᠢ᠍ᠳᠬᠡᠯ ᠬᠤᠷᠢᠶᠠᠬᠤ ᠦᠭᠡᠢ᠎ᠪᠠᠷ  ᠰᠢᠣᠳᠠᠨ ᠵᠶ᠋ᠠᠷ ᠢᠯᠡᠭᠡᠬᠦ  ᠦᠢ᠍ᠯᠡᠴᠢᠯᠡᠭᠡ ᠎ᠨᠢ  ᠡᠵᠡᠩᠨᠡᠯᠲᠡ ᠵᠢᠨ ᠦᠨᠡᠮᠯᠡᠯ᠎ᠢ 《ᠬᠡᠷ᠎ᠲᠤ᠎ᠨᠢ  ᠬᠦᠷᠭᠡᠵᠦ》᠂ ᠠᠵᠤ ᠠᠬᠤᠶ᠋ᠢᠯᠠᠯ ᠎ᠨᠢ  ᠬᠡᠷ᠎ᠠᠴᠠ᠎ᠪᠠᠨ ᠭᠠᠷᠬᠤ ᠦᠭᠡᠢ᠎ᠪᠠᠷ ᠪᠦᠬᠦ ᠶᠠᠪᠤᠴᠠ ᠵᠢ ᠪᠡᠶᠡᠯᠡᠭᠦᠯᠵᠦ ᠪᠣᠯᠤᠨ᠎ᠠ᠃ 2024 ᠣᠨ᠎ᠤ  ᠪᠥᠬᠦ ᠵᠢᠯ᠎ᠳᠤ ᠰᠢᠨ᠎ᠡ᠎ᠪᠠᠷ 80 ᠠᠵᠤ ᠠᠬᠤᠶ᠋ᠢᠯᠠᠯ᠎ᠢ ᠡᠷᠭᠢᠯᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 3.75%᠎ᠪᠠᠷ ᠨᠡᠮᠡᠭᠳᠡᠨ᠂ ᠬᠠᠭ᠋ᠠᠰ ᠠᠵᠢᠯᠯᠠᠬᠤ  ᠡᠳᠦᠷ᠎ᠤᠨ ᠥᠨᠳᠥᠷ ᠪᠦᠲᠦᠮᠵᠢᠲᠡᠶ ᠦᠢ᠍ᠯᠡᠴᠢᠯᠡᠭᠡ ᠎ᠨᠢ  ᠠᠵᠤ ᠠᠬᠤᠶ᠋ᠢᠯᠠᠯ᠎ᠢ ᠲᠠᠲᠠᠵᠤ ᠪᠣᠳᠠᠲᠠᠶ᠎ᠳᠤ ᠨᠠᠶ᠋ᠢᠳᠠᠪᠤᠷᠢᠵᠢᠭᠤᠯᠬᠤ᠎ᠳᠤ 《ᠠᠯᠲᠠᠨ ᠦᠰᠦᠭᠲᠦ ᠫᠠᠶ᠋ᠢᠰᠠ》  ᠪᠣᠯᠪᠠ ᠃

     ᠦᠢ᠍ᠯᠡᠴᠢᠯᠡᠭᠡ ᠬᠢᠵᠠᠭ᠋ᠠᠷ ᠦᠭᠡᠢ  ᠪᠠᠢ᠌ᠵᠦ   ᠢᠷᠡᠭᠡᠳᠦᠢ ᠎ᠨᠢ  ᠨᠡᠩ  ᠬᠦᠰᠡᠯ ᠡᠷᠡᠮᠡᠯᠵᠡᠯ᠎ᠲᠠᠢ

     《ᠠᠵᠤ ᠠᠬᠤᠶ᠋ᠢᠯᠠᠯ᠎ᠤᠨ ᠬᠡᠷᠡᠭᠴᠡᠭᠡ ᠱᠠᠭ᠋ᠠᠷᠳᠠᠯᠭ᠎ᠠ ᠬᠠᠮᠢᠭ᠎ᠠ ᠪᠠᠶ᠋ᠢᠪᠠᠯ ᠦᠢ᠍ᠯᠡᠴᠢᠯᠡᠭᠡ ᠲᠡᠨᠳᠡ ᠳᠠᠭ᠋ᠠᠵᠤ ᠣᠷᠣᠨ᠎ᠠ!》 ᠠᠯᠠᠱ᠌ᠠ ᠪᠠᠷᠠᠭᠤᠨ ᠬᠤᠰᠢᠭᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶᠠᠨ᠎ᠤ  ᠬᠠᠷᠢᠭᠤᠴᠠᠯᠭ᠋ᠠᠲᠠᠨ ᠢᠯᠡᠷᠬᠡᠶ᠋ᠢᠯᠡᠬᠦ᠎ᠳᠤ᠎ᠪᠠᠨ ᠂ ᠲᠠᠷᠠᠭ᠋ᠠᠴᠢ ᠵᠢᠨ ᠠᠯᠬᠤᠮ᠎ᠳᠤ 《ᠪᠥᠬᠦ ᠶᠠᠪᠤᠴᠠ᠎ᠳᠤ  ᠬᠠᠪᠰᠤᠷᠤᠨ ᠭᠦᠢ᠍ᠴᠡᠳᠬᠡᠬᠦ +  ᠣᠶᠣᠨᠲᠤ  ᠵᠠᠰᠠᠭ᠎ᠤᠨ ᠶᠠᠪᠤᠳᠠᠯ》᠎ᠤᠨ  ᠵᠠᠭᠪᠤᠷ᠎ᠢ ᠭᠦᠨᠵᠡᠭᠡᠶ᠋ᠢᠷᠡᠭᠦᠯᠵᠦ᠂ 《ᠠᠵᠤ ᠠᠬᠤᠶ᠋ᠢᠯᠠᠯ᠎ᠤᠨ ᠦᠢ᠍ᠯᠡᠴᠢᠯᠡᠭᠡᠨ᠎ᠤ ᠲᠤᠰᠬᠠᠶ ᠲᠤᠰᠢᠶᠠᠯᠲᠠᠨ》᠎ᠤ ᠲᠦᠷᠢᠮ᠎ᠢ ᠨᠡᠶ᠋ᠢᠲᠡᠯᠡᠨ ᠬᠡᠷᠡᠭᠵᠢᠭᠦᠯᠵᠦ᠂ ᠭᠤᠭᠴᠤᠭ᠎ᠠ ᠨᠢᠭᠡᠪᠦᠷᠢ ᠎ᠳᠤ 《  ᠠᠯᠳᠠᠭ᠎ᠠ  ᠪᠤᠷᠤᠭᠤ  ᠦᠭᠡᠢ》᠂   ᠬᠦᠰᠡᠯ  ᠱᠠᠭ᠋ᠠᠷᠳᠠᠯᠭ᠎ᠠ  ᠨᠢᠭᠡᠪᠦᠷᠢ᠎ᠳᠤ 《ᠴᠤᠤᠷᠢᠶᠠᠲᠤᠨ  ᠳᠠᠭ᠋ᠠᠬᠤ》 ᠵᠢ ᠦᠨᠡᠨ ᠬᠦ᠌ ᠪᠠᠲᠤᠯᠠᠵᠤ᠂ ᠨᠠᠩ ᠳᠤᠯᠠᠭ᠋ᠠᠨ ᠦᠢ᠍ᠯᠡᠴᠢᠯᠡᠭᠡ᠎ᠪᠠᠷ ᠠᠵᠤ ᠠᠬᠤᠶ᠋ᠢᠯᠠᠯ᠎ᠤᠨ ᠦᠰᠦᠨ ᠪᠤᠶ᠋ᠢᠵᠢᠯᠲᠠ ᠵᠢ ᠬᠠᠮᠠᠭ᠋ᠠᠯᠠᠵᠤ᠂ ᠨᠠᠩ ᠥᠨᠳᠥᠷ ᠪᠦᠲᠦᠮᠵᠢᠲᠡᠶ ᠵᠠᠰᠠᠭ᠎ᠤᠨ ᠶᠠᠪᠤᠳᠠᠯ᠎ᠤᠨ ᠠᠮᠢ ᠠᠬᠤᠶ᠎ᠪᠠᠷ ᠬᠥᠭᠵᠢᠯᠲᠡ ᠵᠢᠨ ᠬᠥᠳᠡᠯᠭᠡᠬᠦ ᠬᠦᠴᠦᠨ᠎ᠢ ᠬᠥᠭᠵᠢᠭᠡᠨ᠎ᠡ ᠭᠡᠵᠡᠶ᠃

     《  ᠬᠠᠮᠤᠭ  ᠡᠴᠦᠰ᠎ᠤᠨ ᠨᠢᠭᠡ ᠮᠢᠨᠦ᠋ᠲ》᠎ᠤᠨ ᠳᠤᠯᠠᠭ᠋ᠠᠨ ᠪᠠᠲᠤ ᠰᠠᠬᠢᠬᠤ᠎ᠠᠴᠠ 《  ᠵᠠᠭᠣᠴᠢ  ᠥᠬᠡᠶ》 ᠣᠶᠤᠨ ᠤᠬᠠᠭ᠋ᠠᠨ ᠵᠶ᠋ᠠᠷ ᠬᠦᠴᠤᠨ ᠨᠡᠮᠡᠷᠢᠯᠡᠬᠦ  ᠬᠦᠷᠲᠡᠯ᠎ᠡ᠂ ᠠᠯᠠᠱ᠌ᠠ ᠪᠠᠷᠠᠭᠤᠨ  ᠬᠣᠰᠢᠭᠣᠨ᠎ᠤ᠎ᠬᠢᠨ 《ᠵᠠᠰᠠᠭ᠎ᠤᠨ ᠣᠷᠳᠣᠨ᠎ᠤ  ᠬᠠᠯᠠᠭᠣᠨ ᠲᠣᠳᠣᠨᠣ  ᠰᠡᠳᠬᠢᠯ》 ᠵᠶ᠋ᠠᠷ 《ᠠᠵᠤ ᠠᠬᠤᠶ᠋ᠢᠯᠠᠯ᠎ᠤᠨ  ᠰᠠᠨᠠᠭ᠎ᠠ᠎ᠢ ᠠᠮᠠᠷᠠᠭᠤᠯᠵᠤ》᠂ 《  ᠦᠢ᠍ᠯᠡᠴᠢᠯᠡᠭᠡᠨ᠎ᠤ ᠬᠣᠷᠳᠣᠴᠠ ᠵᠢ ᠲᠦᠷᠭᠡᠳᠬᠡᠬᠦ 》᠎ᠪᠠᠷ ᠠᠵᠤ ᠠᠬᠤᠶ᠋ᠢᠯᠠᠯ᠎ᠢ  ᠲᠣᠰᠠᠯᠠᠨ  ᠬᠦᠴᠢᠷᠳᠡᠯ᠎ᠢ᠎ᠨᠢ ᠰᠢᠢ᠍ᠳᠪᠦᠷᠢᠯᠡᠬᠦ  ᠬᠠᠯᠠᠭᠣᠨ ᠳᠣᠯᠠᠭ᠋ᠠᠨ  ᠬᠠᠷᠢᠭᠤᠯᠲᠠ ᠵᠢᠨ ᠬᠠᠭᠤᠳᠠᠰᠤ ᠵᠢ ᠪᠢᠴᠢᠭᠯᠡᠪᠡ᠃


ᠢᠷᠡᠯᠲᠡ᠄ ᠠᠯᠠᠱ᠌ᠠ ᠠᠶ᠋ᠢᠮᠠᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ