ᠪᠦᠬᠦ ᠤᠯᠤᠰ᠎ᠤᠨ ᠪᠦᠷᠢᠳᠬᠡᠯ᠎ᠳᠤ ᠳᠠᠩᠰᠠᠯᠠᠭᠤᠯᠤᠬᠰᠠᠨ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠨᠢ 5700 ᠲᠦᠮᠡᠨ ᠡᠷᠦᠬᠡ ᠵᠢ ᠳᠠᠪᠠᠪᠠ
2025-04-24

     ᠵᠠᠬ᠎ᠠ ᠲᠠᠯᠭᠡᠭᠦᠷ᠎ᠤᠨ ᠬᠢᠨᠠᠯᠲᠠ ᠬᠠᠮᠢᠶᠠᠷᠣᠯᠲᠠ ᠵᠢᠨ ᠶᠠᠷᠣᠩᠭᠡᠢ ᠳᠣᠪᠴᠢᠶ᠎ᠡ ᠵᠢᠨ 4  ᠳ᠋ᠦ᠍ᠭᠡᠷ  ᠰᠠᠷ᠎ᠠ ᠵᠢᠨ 21᠎ᠤ ᠡᠳᠦᠷ᠎ᠤᠨ  ᠨᠠᠢ᠍ᠢ᠍ᠲᠠᠯᠠᠭᠰᠠᠨ ᠳᠣᠭ᠎ᠠ ᠪᠠᠷᠢᠮᠲᠠ᠎ᠳᠤ ᠢᠯᠡᠷᠡᠭᠦᠯᠣᠭ᠌ᠰᠡᠨ ᠵᠶ᠋ᠠᠷ᠄

     3 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ᠂ ᠪᠥᠬᠦ ᠤᠯᠤᠰ᠎ᠤᠨ ᠪᠦᠷᠢᠳᠬᠡᠯ᠎ᠳᠤ  ᠳᠠᠩᠰᠠᠯᠠᠭᠤᠯᠤᠭᠰᠠᠨ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠎ᠨᠢ 5700  ᠲᠦᠮᠡᠨ ᠡᠷᠦᠬᠡ ᠵᠢ ᠳᠠᠪᠠᠵᠤ᠂ ᠠᠵᠤ ᠠᠬᠤᠶ᠋ᠢᠯᠠᠯ᠎ᠤᠨ ᠶᠡᠷᠦᠩᠬᠡᠶ ᠬᠡᠮᠵᠢᠶ᠎ᠡ ᠵᠢᠨ 92.3% ᠵᠢ  ᠡᠵᠡᠯᠡᠪᠡ᠃

     ᠨᠢᠭᠡᠳᠦᠭᠡᠷ ᠤᠯᠠᠷᠢᠯ᠎ᠳᠤ᠂ ᠪᠦᠬᠦ ᠤᠯᠤᠰ᠎ᠤᠨ ᠰᠢᠨ᠎ᠡ᠎ᠪᠠᠷ ᠪᠠᠢ᠌ᠭᠣᠯᠣᠭᠰᠠᠨ  ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠨᠢ 197.9 ᠲᠦᠮᠡᠨ ᠡᠷᠦᠬᠡ  ᠪᠠᠢ᠌ᠵᠦ ᠂ ᠠᠳᠠᠯᠢ ᠬᠤᠭᠤᠴᠠᠭ᠋ᠠᠨ᠎ᠤ᠎ᠬᠢ᠎ᠠᠴᠠ 7.1%᠎ᠪᠠᠷ ᠨᠡᠮᠡᠭᠳᠡᠵᠦ᠂ ᠥᠩᠭᠡᠷᠡᠭᠰᠡᠨ ᠭᠤᠷᠪᠠᠨ ᠵᠢᠯ᠎ᠤᠨ ᠳᠤᠮᠳᠠᠴᠢ ᠨᠡᠮᠡᠭᠳᠡᠯ᠎ᠤᠨ ᠬᠤᠷᠳᠤᠴᠠ᠎ᠠᠴᠠ ᠳᠠᠪᠠᠵᠠᠢ᠃

     ᠨᠢᠭᠡᠳᠦᠭᠡᠷ ᠤᠯᠠᠷᠢᠯ᠎ᠳᠤ᠂ ᠪᠥᠬᠦ ᠤᠯᠤᠰ᠎ᠤᠨ ᠰᠢᠨ᠎ᠡ᠎ᠪᠠᠷ ᠪᠠᠢ᠌ᠭᠣᠯᠣᠭᠰᠠᠨ 《ᠳᠥᠷᠪᠡᠨ  ᠰᠢᠨ᠎ᠡ》 ᠠᠵᠤ ᠠᠬᠤᠶ ᠵᠢᠨ ᠠᠷᠠᠳ᠎ᠠᠴᠠ ᠡᠵᠡᠩᠨᠡᠭᠰᠡᠨ  ᠠᠵᠤ ᠠᠬᠤᠶ᠋ᠢᠯᠠᠯ 83.6 ᠲᠦᠮᠡᠨ  ᠡᠷᠦᠬᠡ  ᠪᠠᠢ᠌ᠵᠦ ᠂ ᠠᠳᠠᠯᠢ ᠬᠤᠭᠤᠴᠠᠭ᠋ᠠᠨ᠎ᠤ ᠰᠢᠨ᠎ᠡ᠎ᠪᠠᠷ ᠪᠠᠶ᠋ᠢᠭᠤᠯᠤᠭᠰᠠᠨ ᠠᠷᠠᠳ᠎ᠠᠴᠠ ᠡᠵᠡᠩᠨᠡᠭᠰᠡᠨ  ᠠᠵᠤ ᠠᠬᠤᠶ᠋ᠢᠯᠠᠯ᠎ᠤᠨ ᠶᠡᠷᠦᠩᠬᠡᠶ ᠬᠡᠮᠵᠢᠶᠡᠨ᠎ᠤ  ᠠᠷᠪᠠᠨ᠎ᠤ  ᠳᠥᠷᠪᠡᠨ ᠬᠤᠪᠢ᠎ᠠᠴᠠ ᠳᠡᠭᠡᠭᠰᠢᠬᠢ ᠵᠢ ᠡᠵᠡᠯᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 1.4%᠎ᠪᠠᠷ ᠨᠡᠮᠡᠭᠳᠡᠪᠡ᠃ ᠡᠭᠦᠨ᠎ᠳᠤ᠂ ᠢᠨᠲ᠋ᠧᠷ ᠰᠦᠯᠵᠢᠶ᠎ᠡ ᠬᠢᠭᠡᠳ ᠣᠲᠣ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠠᠵᠤ ᠠᠬᠤᠶ᠋ᠢᠯᠠᠯ᠎ᠤᠨ  ᠨᠡᠮᠡᠭᠳᠡᠯ ᠬᠠᠮᠣᠭ᠎ᠤᠨ  ᠲᠦᠷᠭᠡᠨ  ᠪᠠᠢ᠌ᠵᠦ ᠂ 18%᠎ᠳᠤ ᠬᠥᠷᠪᠡ᠃ ᠰᠢᠨ᠎ᠡ᠎ᠪᠠᠷ ᠪᠠᠶ᠋ᠢᠭᠤᠯᠤᠭᠰᠠᠨ 《ᠲᠣᠭ᠋ᠠᠴᠢᠯᠠᠭᠰᠠᠨ ᠠᠵᠤ ᠠᠬᠤᠶ》 ᠵᠢᠨ ᠠᠷᠠᠳ᠎ᠠᠴᠠ ᠡᠵᠡᠩᠨᠡᠭᠰᠡᠨ  ᠠᠵᠤ ᠠᠬᠤᠶ᠋ᠢᠯᠠᠯ 27.4  ᠲᠦᠮᠡᠨ ᠡᠷᠦᠬᠡ  ᠪᠠᠶ᠋ᠢᠵᠤ᠂ ᠰᠢᠨ᠎ᠡ᠎ᠪᠠᠷ ᠪᠠᠶ᠋ᠢᠭᠤᠯᠤᠭᠰᠠᠨ ᠠᠷᠠᠳ᠎ᠠᠴᠠ ᠡᠵᠡᠩᠨᠡᠭᠰᠡᠨ  ᠠᠵᠤ ᠠᠬᠤᠶ᠋ᠢᠯᠠᠯ᠎ᠤᠨ ᠶᠡᠷᠦᠩᠬᠡᠶ ᠬᠡᠮᠵᠢᠶᠡᠨ᠎ᠤ 13.9% ᠵᠢ  ᠡᠵᠡᠯᠡᠪᠡ ᠂ ᠡᠭᠦᠨ᠎ᠳᠤ 《ᠲᠣᠭ᠋ᠠᠴᠢᠯᠠᠭᠰᠠᠨ ᠦᠢ᠍ᠯᠡᠳᠬᠦᠨ᠎ᠤ ᠦᠢ᠍ᠯᠡᠴᠢᠯᠡᠭᠡᠨ᠎ᠤ ᠦᠢ᠍ᠯᠡᠰ》᠎ᠤᠨ ᠨᠡᠮᠡᠭᠳᠡᠯ᠎ᠤᠨ ᠬᠤᠷᠳᠤᠴᠠ ᠬᠠᠮᠤᠭ᠎ᠤᠨ ᠲᠦᠷᠭᠡᠨ ᠪᠠᠶ᠋ᠢᠵᠤ᠂ ᠪᠠᠷᠤᠭ ᠨᠢᠳᠤᠨᠤᠨ᠎ᠤ 2.5 ᠳᠠᠬᠢᠨ  ᠪᠣᠯᠪᠠ ᠃

     ᠲᠣᠭ᠋ᠠᠴᠢᠯᠠᠭᠰᠠᠨ ᠬᠡᠯᠪᠡᠷᠢ ᠵᠢᠨ ᠬᠤᠪᠢᠷᠠᠭᠤᠯᠤᠯᠲᠠ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢᠨ ᠬᠤᠪᠢᠷᠠᠭᠤᠯᠤᠯᠲᠠ ᠪᠠ ᠳᠡᠯᠡᠬᠡᠶ᠋ᠢᠵᠢᠯᠲᠡ ᠵᠢᠨ ᠪᠠᠶ᠋ᠢᠷᠢᠰᠢᠭᠤᠯᠤᠯᠲᠠ᠎ᠪᠠᠷ ᠳᠠᠮᠵᠢᠭᠤᠯᠤᠨ᠂ ᠮᠠᠨ᠎ᠤ ᠤᠯᠤᠰ᠎ᠤᠨ ᠠᠷᠠᠳ᠎ᠠᠴᠠ ᠡᠵᠡᠩᠨᠡᠭᠰᠡᠨ  ᠠᠵᠤ ᠠᠬᠤᠶ᠋ᠢᠯᠠᠯ ᠭᠤᠣᠯᠯᠠᠭᠴᠢ ᠦᠷᠢᠰᠦᠯᠳᠦᠬᠦ ᠬᠦᠴᠦᠨ ᠵᠶ᠋ᠠᠨ ᠦᠷᠭᠦᠯᠵᠢᠯᠡᠨ ᠳᠡᠭᠡᠭᠰᠢᠯᠡᠭᠦᠯᠵᠦ᠂  ᠬᠦᠴᠦᠷᠬᠡᠭ ᠶᠡᠭᠡ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ ᠵᠶ᠋ᠠᠨ ᠢᠯᠡᠷᠡᠭᠦᠯᠪᠡ᠃

ᠢᠷᠡᠯᠲᠡ᠄ ᠰᠢᠨᠬᠤᠸᠠ ᠬᠣᠷᠢᠶ᠎ᠠ