ᠦᠬᠠᠢ ᠬᠤᠳᠠ ᠵᠢᠨ ᠭᠣᠣ ᠰᠢᠨ ᠭᠡᠷ ᠪᠠᠶ᠋ᠢᠰᠢᠩ ᠭᠠᠵᠠᠷ ᠬᠦᠷᠦᠩᠭᠡ ᠵᠢᠨ ᠠᠵᠤ ᠦᠢ᠍ᠯᠡᠰ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠵᠠᠩ ᠠᠪᠤᠭ᠋ᠠᠢ ᠭᠠᠷ ᠤᠲᠠᠰᠤᠨ ᠳᠡᠭᠡᠷ᠎ᠡ᠎ᠨᠢ ᠰᠠᠶᠢᠬᠠᠨ ᠪᠤᠢ ᠪᠣᠯᠤᠭᠰᠠᠨ ᠠᠵᠤ ᠠᠬᠤᠶ᠋ᠢᠯᠠᠯ᠎ᠤᠨ ᠪᠡᠶ᠎ᠡ ᠵᠢᠨ ᠭᠠᠷᠣᠯ᠎ᠤᠨ ᠺᠣᠳ᠋᠎ᠢ ᠦᠵᠡᠭᠡᠳ 《ᠡᠨᠡ ᠬᠤᠶᠠᠷ ᠬᠡᠮᠵᠢᠯᠳᠦ ᠺᠣᠳ᠋᠎ᠨᠢ ᠮᠠᠰᠢ ᠲᠥᠬᠦᠮ ᠪᠣᠯᠵᠠᠢ᠂ ᠪᠢ ᠬᠠᠷᠢᠭ᠋ᠠᠳ ᠳᠠᠷᠤᠮᠯᠠᠵᠦ ᠭᠠᠷᠭ᠋ᠠᠭ᠋ᠠᠳ ᠺᠣᠮᠫᠠᠨᠢ ᠵᠢᠨ ᠣᠯᠠᠨ ᠨᠡᠶ᠋ᠢᠲᠡ ᠵᠢᠨ ᠳ᠋ᠤᠭ᠋ᠠᠷ ᠪᠠ ᠪᠤᠰᠤᠳ ᠤᠬᠠᠭᠤᠯᠭ᠎ᠠ ᠵᠢᠨ ᠦᠢ᠍ᠯᠡᠳᠬᠦᠨ᠎ᠤ ᠪᠣᠭᠤᠳᠠᠯ ᠳᠡᠭᠡᠷ᠎ᠡ ᠲᠠᠯᠪᠢᠨ᠎ᠠ᠂ ᠢᠩᠭᠢᠪᠡᠯ ᠺᠣᠮᠫᠠᠨᠢ ᠵᠢᠨ ᠣᠬᠠᠭᠣᠯᠭ᠎ᠠ ᠵᠢᠨ ᠲᠤᠬᠠᠶ᠋ᠢᠯᠠᠭᠰᠠᠨ ᠠᠵᠢᠯ᠎ᠢ ᠨᠠᠩ ᠰᠠᠶ᠋ᠢᠨ ᠬᠠᠪᠰᠤᠷᠴᠤ᠂ ᠠᠵᠤ ᠠᠬᠤᠶ᠋ᠢᠯᠠᠯ᠎ᠤᠨ ᠳᠦᠷᠢ ᠲᠥᠷᠬᠦ ᠵᠢ ᠳᠡᠭᠡᠭᠰᠢᠯᠡᠭᠦᠯᠵᠦ ᠴᠢᠳᠠᠨ᠎ᠠ 》 ᠭᠡᠵᠦ ᠪᠠᠶᠠᠷᠲᠠᠢ᠎ᠪᠠᠷ ᠬᠡᠯᠡᠪᠡ᠃
ᠠᠵᠤ ᠠᠬᠤᠶ᠋ᠢᠯᠠᠯ᠎ᠤᠨ ᠪᠡᠶ᠎ᠡ ᠵᠢᠨ ᠭᠠᠷᠤᠯ᠎ᠤᠨ ᠺᠣᠳ᠋ ᠪᠣᠯ ᠡᠯᠸᠺᠲᠷᠣᠨ ᠡᠵᠡᠩᠨᠡᠯᠲᠡ ᠵᠢᠨ ᠦᠨᠡᠮᠯᠡᠯ᠎ᠤᠨ ᠰᠢᠰᠲ᠋ᠧᠮ ᠵᠶ᠋ᠠᠷ ᠳᠠᠮᠵᠢᠨ ᠪᠣᠢ ᠪᠣᠯᠣᠭᠰᠠᠨ ᠂ ᠠᠵᠤ ᠠᠬᠤᠶ᠋ᠢᠯᠠᠯ᠎ᠤᠨ ᠪᠡᠶ᠎ᠡ ᠵᠢᠨ ᠭᠠᠷᠤᠯ᠎ᠢ ᠢᠯᠡᠷᠬᠡᠢ᠌ᠯᠡᠬᠦ᠎ᠳᠤ ᠬᠡᠷᠡᠭᠯᠡᠬᠦ ᠬᠤᠶᠠᠷ ᠬᠡᠮᠵᠢᠯᠳᠦ ᠺᠣᠳ᠋ ᠪᠠᠶ᠋ᠢᠵᠤ᠂ ᠠᠵᠤ ᠠᠬᠤᠶ᠋ᠢᠯᠠᠯ᠎ᠤᠨ ᠲᠤᠬᠠᠶ᠋ᠢᠯᠠᠭᠰᠠᠨ ᠠᠵᠢᠯ ᠭᠦᠢ᠍ᠴᠡᠳᠬᠡᠬᠦ ᠴᠣᠷ᠎ᠤᠨ ᠭᠠᠭᠴᠠ ᠪᠡᠶ᠎ᠡ ᠵᠢᠨ ᠭᠠᠷᠤᠯ᠎ᠢ ᠢᠯᠭ᠋ᠠᠨ ᠲᠠᠨᠢᠬᠤ ᠲᠡᠮᠳᠡᠭ ᠮᠦᠨ ᠂ ᠨᠢᠭᠡ ᠤᠳᠠᠭ᠎ᠠ᠎ᠳᠤ ᠪᠣᠢ ᠪᠣᠯᠵᠤ ᠂ ᠡᠭᠦᠷᠢᠳᠡ ᠬᠦᠴᠦᠨ᠎ᠲᠠᠢ ᠪᠠᠢ᠌ᠳᠠᠭ᠃ ᠠᠵᠤ ᠠᠬᠤᠶ᠋ᠢᠯᠠᠯ ᠨᠢ ᠸᠢᠴᠠᠲ᠂ ᠲᠣᠭ᠋ᠠᠴᠠᠭ᠎ᠠ ᠬᠢᠬᠦ ᠡᠷᠳᠡᠨᠢ ᠵᠡᠷᠭᠡ 《ᠰᠢᠷᠪᠢᠬᠦ》 ᠴᠢᠳᠠᠮᠵᠢ᠎ᠪᠠᠷ ᠳᠠᠮᠵᠢᠭᠤᠯᠤᠨ᠂ 《ᠠᠵᠤ ᠠᠬᠤᠶ᠋ᠢᠯᠠᠯ᠎ᠤᠨ ᠪᠡᠶ᠎ᠡ ᠵᠢᠨ ᠭᠠᠷᠤᠯ᠎ᠤᠨ ᠺᠣᠳ᠋》᠎ᠢ ᠰᠢᠷᠪᠢᠵᠦ᠂ ᠨᠢᠭᠡ ᠳᠠᠷᠤᠪᠴᠢ᠎ᠪᠠᠷ ᠠᠵᠤ ᠠᠬᠤᠶ᠋ᠢᠯᠠᠯ᠎ᠤᠨ ᠬᠠᠮᠢᠶ᠎ᠠ ᠪᠥᠬᠦᠶ ᠮᠡᠳᠡᠭᠡ ᠵᠠᠩᠭᠢ ᠵᠢ ᠣᠯᠵᠤ᠂ ᠴᠠᠭ᠋ᠠᠰᠤᠨ ᠭᠡᠷᠡᠴᠢᠯᠡᠬᠦ ᠮᠠᠲ᠋ᠧᠷᠢᠶᠠᠯ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠭ᠋ᠠᠰᠬᠠᠨ᠂ ᠠᠵᠤ ᠠᠬᠤᠶ᠋ᠢᠯᠠᠯ᠎ᠳᠤ ᠬᠤᠯᠪᠣᠭᠳᠠᠬᠤ ᠮᠡᠳᠡᠭᠡ ᠵᠠᠩᠭᠢ ᠵᠢ ᠴᠤᠭᠯᠠᠭᠤᠯᠤᠨ ᠬᠠᠮᠲᠤ᠎ᠪᠠᠷ ᠡᠳ᠋ᠯᠡᠬᠦ ᠵᠢ ᠪᠡᠶᠡᠯᠡᠭᠦᠯᠵᠦ᠂ ᠠᠵᠤ ᠠᠬᠤᠶ᠋ᠢᠯᠠᠯ᠎ᠤᠨ 《ᠺᠣᠳ᠋ ᠭᠠᠷᠭ᠋ᠠᠨ ᠡᠵᠡᠩᠨᠡᠬᠦ᠂ ᠺᠣᠳ᠋ ᠠᠪᠴᠤ ᠠᠵᠢᠯ ᠶᠠᠪᠤᠳᠠᠯ ᠭᠦᠢ᠍ᠴᠡᠳᠬᠡᠬᠦ》᠎ᠳᠤ ᠬᠦᠴᠦᠨ ᠨᠡᠮᠡᠷᠢᠯᠡᠵᠦ᠂ ᠲᠡᠳᠡᠨ᠎ᠤ ᠠᠵᠢᠯ ᠶᠠᠪᠤᠳᠠᠯ ᠭᠦᠢ᠍ᠴᠡᠳᠬᠡᠬᠦ᠎ᠳᠤ ᠬᠠᠮᠤᠭ᠎ᠤᠨ ᠶᠡᠭᠡ ᠲᠥᠬᠦᠮ ᠦᠵᠡᠭᠦᠯᠪᠡ ᠃
《ᠠᠵᠤ ᠠᠬᠤᠶ᠋ᠢᠯᠠᠯ᠎ᠤᠨ ᠪᠡᠶ᠎ᠡ ᠵᠢᠨ ᠭᠠᠷᠣᠯ᠎ᠤᠨ ᠨᠣᠮᠧᠷ》᠎ᠢ ᠳᠡᠯᠭᠡᠷᠡᠭᠦᠯᠬᠦ ᠵᠢᠨ ᠬᠠᠮᠲᠤ 《ᠡᠯᠸᠺᠲᠷᠣᠨ ᠡᠵᠡᠩᠨᠡᠯᠲᠡ ᠵᠢᠨ ᠦᠨᠡᠮᠯᠡᠯ + ᠡᠯᠸᠺᠲᠷᠣᠨ ᠲᠠᠮᠠᠭ᠎ᠠ + ᠡᠯᠸᠺᠲᠷᠣᠨ ᠲᠠᠩᠰᠠ ᠡᠪᠬᠡᠮᠡᠯ》᠎ᠲᠠᠢ ᠬᠣᠯᠪᠣᠭ᠋ᠠᠯᠠᠨ ᠰᠦᠢ᠍ᠳᠬᠡᠯ ᠬᠤᠷᠢᠶᠠᠬᠤ ᠥᠬᠡᠶ᠎ᠪᠠᠷ ᠵᠡᠷᠭᠡ᠎ᠪᠠᠷ ᠲᠷᠬᠠᠭ᠋ᠠᠵᠦ ᠂ ᠠᠵᠤ ᠠᠬᠤᠶ᠋ᠢᠯᠠᠯ᠎ᠢ ᠬᠥᠲᠥᠯᠦᠨ ᠵᠢᠯᠣᠭᠤᠳᠴᠤ ᠪᠠᠶ᠋ᠢᠭ᠋ᠠᠳ ᠡᠯᠸᠺᠲᠷᠣᠨ ᠭᠡᠷᠡᠴᠢ ᠦᠨᠡᠮᠯᠡᠯ᠎ᠢ ᠬᠡᠷᠡᠭᠯᠡᠭᠦᠯᠵᠦ ᠂ ᠦᠬᠠᠶ ᠬᠤᠲᠠ ᠵᠢᠨ ᠡᠯᠸᠺᠲᠷᠣᠨ ᠡᠵᠡᠩᠨᠡᠯᠲᠡ ᠵᠢᠨ ᠦᠨᠡᠮᠯᠡᠯ᠎ᠤᠨ ᠬᠦᠷᠢᠶ᠎ᠡ ᠴᠠᠷᠠᠭ᠎ᠠ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠲᠠᠰ ᠳᠠᠪᠬᠤᠷᠭ᠎ᠠ ᠠᠯᠣᠰᠯᠠᠭᠰᠠᠨ ᠣᠯᠠᠨ ᠦᠵᠡᠭᠳᠡᠯ᠎ᠳᠤ ᠬᠡᠷᠡᠭᠯᠡᠬᠦ ᠵᠢ ᠳᠥᠯᠭᠢᠨ ᠠᠬᠢᠭᠤᠯᠬᠤ ᠨᠢᠭᠡ ᠤᠳᠠᠭ᠋ᠠᠨ᠎ᠤ ᠰᠦᠪᠡᠭᠴᠢᠯᠡᠯᠲᠡ ᠪᠣᠯᠤᠨ᠎ᠠ᠃
ᠲᠣᠰ ᠵᠦᠢ᠍ᠯ᠎ᠤᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ᠎ᠨᠢ ᠳᠥᠭᠦᠮ ᠳᠥᠲᠡ ᠴᠢᠨᠠᠷᠲᠠᠢ᠄ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠳᠤ ᠲᠥᠬᠦᠮ ᠦᠵᠡᠭᠦᠯᠵᠦ᠂ ᠠᠵᠤ ᠠᠬᠤᠶ᠋ᠢᠯᠠᠯ ᠨᠢ ᠠᠵᠤ ᠠᠬᠤᠶ᠋ᠢᠯᠠᠯ᠎ᠤᠨ ᠪᠡᠶ᠎ᠡ ᠵᠢᠨ ᠭᠠᠷᠣᠯ᠎ᠤᠨ ᠺᠣᠳ᠋᠎ᠢ ᠳᠠᠷᠤᠮᠠᠯᠯᠠᠵᠤ ᠡᠵᠡᠩᠨᠡᠯᠲᠡ ᠵᠢᠨ ᠲᠠᠯᠠᠪᠤᠷ᠎ᠲᠤ ᠨᠠᠭ᠋ᠠᠵᠤ᠂ ᠬᠢᠨᠠᠨ ᠬᠠᠮᠢᠶᠠᠷᠬᠤ ᠠᠵᠢᠯᠲᠠᠨ ᠭᠠᠷ ᠤᠲᠠᠰᠤ᠎ᠪᠠᠷ ᠰᠢᠷᠪᠢᠪᠡᠯ ᠳᠠᠷᠤᠶ ᠡᠯᠸᠺᠲᠷᠣᠨ ᠡᠵᠡᠩᠨᠡᠯᠲᠡ ᠵᠢᠨ ᠦᠨᠡᠮᠯᠡᠯ᠎ᠤᠨ ᠮᠡᠳᠡᠭᠡ ᠵᠠᠩᠭᠢ ᠵᠢ ᠣᠯᠵᠦ ᠦᠵᠡᠵᠦ ᠪᠣᠯᠣᠨ᠎ᠠ ᠂ ᠡᠯᠭᠦᠭᠰᠡᠨ ᠴᠠᠭ᠋ᠠᠰᠤᠨ ᠦᠨᠡᠮᠯᠡᠯ᠎ᠢ ᠪᠠᠶ᠋ᠢᠴᠠᠭ᠋ᠠᠨ ᠦᠵᠡᠬᠦ᠎ᠳᠤ ᠦᠰᠦᠭ᠎ᠤᠨ ᠲᠢᠭ ᠪᠠᠭ᠎ᠠ ᠪᠣᠯᠵᠣ ᠲᠣᠳᠣᠷᠬᠠᠶ ᠣᠯᠵᠦ ᠬᠠᠷᠠᠬᠤ ᠥᠬᠡᠶ ᠪᠠᠢ᠌ᠬᠤ ᠵᠡᠷᠭᠡ ᠠᠰᠠᠭᠤᠳᠠᠯ᠎ᠢ ᠰᠢᠢ᠍ᠳᠪᠦᠷᠢᠯᠡᠵᠦ ᠪᠣᠯᠤᠨ᠎ᠠ ᠂ ᠠᠵᠤ ᠠᠬᠤᠶ᠋ᠢᠯᠠᠯ᠎ᠤᠨ ᠤᠬᠠᠭᠤᠯᠭ᠎ᠠ᠎ᠳᠤ ᠲᠥᠬᠦᠮ ᠦᠵᠡᠭᠦᠯᠵᠦ᠂ ᠠᠵᠤ ᠠᠬᠤᠶ᠋ᠢᠯᠠᠯ ᠨᠢ ᠪᠠᠰᠠ ᠠᠵᠤ ᠠᠬᠤᠶ᠋ᠢᠯᠠᠯ᠎ᠤᠨ ᠪᠡᠶ᠎ᠡ ᠵᠢᠨ ᠭᠠᠷᠣᠯ᠎ᠤᠨ ᠺᠣᠳ᠋᠎ᠢ ᠣᠬᠠᠭᠣᠯᠭ᠎ᠠ ᠵᠢᠨ ᠮᠠᠲᠸᠷᠢᠶᠠᠯ ᠳᠡᠭᠡᠷ᠎ᠡ ᠳᠠᠷᠣᠮᠯᠠᠵᠦ ᠂ ᠨᠡᠶ᠋ᠢᠭᠡᠮ ᠨᠡᠶ᠋ᠢᠲᠡ ᠵᠢᠨ ᠺᠣᠳ᠋ ᠰᠢᠷᠪᠢᠵᠦ ᠠᠵᠤ ᠠᠬᠤᠶ᠋ᠢᠯᠠᠯ᠎ᠤᠨ ᠮᠡᠳᠡᠭᠡ ᠵᠠᠩᠭᠢ ᠵᠢ ᠪᠠᠶ᠋ᠢᠴᠠᠭ᠋ᠠᠨ ᠯᠠᠪᠯᠠᠵᠤ ᠪᠣᠯᠤᠨ᠎ᠠ ᠂ ᠦᠢ᠍ᠯᠡᠳᠬᠦᠨ᠎ᠤ ᠢᠷᠡᠯᠲᠡ ᠵᠢ ᠡᠷᠢᠬᠦ᠎ᠳᠤ ᠲᠥᠬᠦᠮ ᠦᠵᠡᠭᠦᠯᠵᠦ᠂ ᠠᠵᠤ ᠠᠬᠤᠶ᠋ᠢᠯᠠᠯ ᠨᠢ ᠠᠵᠤ ᠠᠬᠤᠶ᠋ᠢᠯᠠᠯ᠎ᠤᠨ ᠪᠡᠶ᠎ᠡ ᠵᠢᠨ ᠭᠠᠷᠣᠯ᠎ᠤᠨ ᠺᠣᠳ᠋ ᠰᠢᠷᠪᠢᠵᠦ ᠠᠵᠦ ᠠᠬᠣᠢ᠌ᠯᠠᠯ᠎ᠤᠨ ᠮᠡᠳᠡᠭᠡ ᠵᠠᠩᠭᠢ ᠵᠢ ᠪᠠᠢ᠌ᠴᠠᠭ᠋ᠠᠨ ᠯᠠᠪᠯᠠᠵᠦ ᠂ ᠠᠵᠤ ᠠᠬᠤᠶ᠋ᠢᠯᠠᠯ᠎ᠤᠨ ᠦᠨᠡᠨ ᠪᠣᠳᠠᠲᠤ ᠴᠢᠨᠠᠷ᠎ᠢ ᠴᠠᠭ ᠲᠤᠬᠠᠶ᠎ᠳᠤᠨᠢ ᠣᠶ᠋ᠢᠯᠠᠭ᠋ᠠᠵᠤ ᠪᠣᠯᠤᠨ᠎ᠠ᠃
ᠦᠬᠠᠶ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠨᠢ ᠡᠯᠸᠺᠲᠷᠣᠨ ᠡᠵᠡᠩᠨᠡᠯᠲᠡ ᠵᠢᠨ ᠦᠨᠡᠮᠯᠡᠯ᠎ᠤᠨ ᠬᠡᠷᠡᠭᠯᠡᠯᠲᠡ᠎ᠪᠠᠷ ᠭᠠᠷᠳᠠᠴᠠ ᠪᠣᠯᠭ᠋ᠠᠵᠤ᠂ ᠲᠤᠭ᠎ᠠ ᠪᠠᠷᠢᠮᠲᠠ᠎ᠪᠠᠷ ᠬᠦᠴᠦᠨ ᠨᠡᠮᠡᠷᠢᠯᠡᠬᠦ᠎ᠪᠠᠷ ᠮᠡᠷᠭᠡᠵᠢᠯ᠎ᠤᠨ ᠲᠤᠯᠭ᠋ᠠᠭᠤᠷᠢᠯᠠᠯ ᠪᠣᠯᠭ᠋ᠠᠵᠤ᠂ ᠠᠵᠤ ᠠᠬᠤᠶ᠋ᠢᠯᠠᠯ᠎ᠳᠤ ᠬᠤᠯᠪᠣᠭᠳᠠᠭᠰᠠᠨ ᠦᠨᠡᠮᠯᠡᠯ᠂ ᠲᠠᠮᠠᠭ᠎ᠠ᠂ ᠲᠠᠩᠰᠠ ᠡᠪᠬᠡᠮᠡᠯ᠂ ᠬᠢᠨᠠᠯᠲᠠ ᠬᠠᠮᠢᠶᠠᠷᠤᠯᠲᠠ᠂ ᠢᠲᠡᠭᠡᠮᠵᠢ᠂ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠡᠷᠭᠡ ᠮᠡᠳᠡᠭᠡ ᠵᠠᠩᠭᠢ ᠵᠢ ᠴᠤᠭᠯᠠᠭᠤᠯᠤᠨ ᠬᠠᠮᠲᠤ᠎ᠪᠠᠷ ᠡᠳ᠋ᠯᠡᠬᠦ᠂ ᠬᠤᠯᠪᠣᠭ᠋ᠠᠯᠠᠨ ᠳᠡᠯᠭᠡᠨ ᠦᠵᠡᠭᠦᠯᠵᠦ ᠬᠠᠮᠲᠤᠷᠠᠨ ᠬᠡᠷᠡᠭᠯᠡᠬᠦ ᠵᠢ ᠢᠳᠡᠪᠬᠢᠲᠡᠶ ᠰᠦᠪᠡᠭᠴᠢᠯᠡᠵᠦ᠂ ᠠᠵᠤ ᠠᠬᠤᠶ᠋ᠢᠯᠠᠯ᠎ᠤᠨ ᠪᠡᠶ᠎ᠡ ᠵᠢᠨ ᠭᠠᠷᠣᠯ᠎ᠤᠨ ᠺᠣᠳ᠋᠎ᠤᠨ 《ᠨᠢᠭᠡ ᠨᠣᠮᠧᠷ ᠵᠶ᠋ᠠᠷ ᠨᠡᠪᠲᠡᠷᠡᠬᠦ᠂ ᠺᠣᠳ᠋ ᠳᠡᠭᠡᠷ᠎ᠡ ᠦᠢ᠍ᠯᠡᠴᠢᠯᠡᠬᠦ》 ᠨᠠᠷᠠᠲᠤ ᠲᠡᠮᠳᠡᠭᠲᠦ ᠵᠢ ᠪᠣᠶ ᠪᠣᠯᠭ᠋ᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠠᠵᠢᠯ ᠶᠠᠪᠤᠳᠠᠯ ᠭᠦᠢ᠍ᠴᠡᠳᠭᠡᠬᠦ᠎ᠳᠤ ᠨᠠᠩ ᠳᠥᠭᠦᠮ ᠳᠥᠲᠡ᠂ ᠦᠢ᠍ᠯᠡᠴᠢᠯᠡᠭᠡ᠎ᠳᠤ ᠨᠠᠩ ᠣᠨᠣᠪᠴᠢᠲᠠᠶ᠂ ᠬᠢᠨᠠᠯᠲᠠ ᠬᠠᠮᠢᠶᠠᠷᠤᠯᠲᠠ ᠵᠢ ᠨᠠᠩ ᠥᠨᠳᠥᠷ ᠪᠦᠲᠦᠮᠵᠢᠲᠡᠶ ᠪᠣᠯᠭ᠋ᠠᠬᠤ ᠵᠢ ᠪᠡᠶᠡᠯᠡᠭᠦᠯᠪᠡ ᠃