ᠪᠠᠶᠠᠨᠨᠠᠭᠤᠷ ᠬᠤᠲᠠ᠄ ᠱᠦᠸᠧ ᠽᠧ ᠬᠠᠦᠯᠢᠴᠢ ᠵᠢᠨ ᠬᠡᠷᠡᠭ ᠡᠷᠬᠢᠯᠡᠬᠦ ᠭᠠᠵᠠᠷ᠎ᠨᠢ ᠬᠠᠣᠯᠢ᠎ᠪᠠᠷ ᠵᠠᠰᠠᠬᠤ᠎ᠪᠠᠷ ᠵᠢᠵᠢᠭ ᠪᠢᠴᠢᠯ ᠠᠵᠦ ᠠᠬᠣᠢ᠌ᠯᠠᠯ᠎ᠤᠨ ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠵᠢ ᠪᠠᠲᠣᠯᠠᠨ ᠬᠠᠮᠠᠭ᠋ᠠᠯᠠᠪᠠ
ᠥᠪᠥᠷ ᠮᠣᠩᠭᠤᠯ᠎ᠤᠨ ᠱᠦᠸᠧ ᠽᠧ ᠬᠠᠤᠯᠢᠴᠢ ᠵᠢᠨ ᠬᠡᠷᠡᠭ ᠡᠷᠬᠢᠯᠡᠬᠦ ᠭᠠᠵᠠᠷ ᠨᠢ 32 ᠵᠢᠵᠢᠭ ᠪᠢᠴᠢᠯ ᠠᠵᠤ ᠠᠬᠤᠶ᠋ᠢᠯᠠᠯ᠎ᠤᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠲᠠᠢ ᠬᠤᠣᠰᠯᠠᠵᠤ ᠬᠠᠪᠰᠤᠷᠤᠨ ᠲᠡᠳᠬᠦᠬᠦ ᠬᠠᠷᠢᠴᠠᠭ᠎ᠠ ᠪᠠᠶ᠋ᠢᠭᠤᠯᠤᠭᠰᠠᠨ᠎ᠤ ᠳᠠᠷᠠᠭ᠎ᠠ᠂ ᠲᠤᠰᠬᠠᠶ ᠪᠠ ᠲᠤᠰᠢᠶᠠᠯ ᠬᠠᠪᠰᠤᠷᠭ᠋ᠠᠭᠰᠠᠨ ᠠᠵᠢᠯᠲᠠᠨ ᠲᠣᠬᠢᠷᠠᠭᠤᠯᠵᠤ ᠬᠠᠤᠯᠢ ᠴᠠᠭ᠋ᠠᠵᠠ ᠵᠢᠨ ᠵᠥᠪᠯᠡᠯᠭᠡ ᠥᠭᠬᠦ᠂ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠤᠨ ᠲᠠᠶ᠋ᠢᠯᠪᠤᠷᠢᠯᠠᠬᠤ᠂ ᠭᠡᠷ᠎ᠡ ᠵᠢ ᠬᠢᠨᠠᠨ ᠪᠠᠶ᠋ᠢᠴᠠᠭ᠋ᠠᠬᠤ ᠵᠢᠴᠢ ᠲᠤᠰᠬᠠᠶ ᠬᠠᠤᠯᠢᠴᠢ ᠵᠢᠨ ᠪᠦᠯᠬᠦᠮ᠎ᠤᠨ ᠡᠷᠬᠡ᠎ᠪᠠᠨ ᠬᠠᠮᠠᠭ᠋ᠠᠯᠠᠬᠤ ᠵᠡᠷᠭᠡ ᠦᠢ᠍ᠯᠡᠴᠢᠯᠡᠭᠡ ᠵᠢ ᠪᠠᠶ᠋ᠢᠩᠭᠤᠵᠢᠭᠤᠯᠤᠨ ᠥᠷᠨᠢᠭᠦᠯᠪᠡ᠃ ᠣᠳᠣᠬᠠᠨ᠎ᠳᠤ ᠬᠠᠪᠰᠤᠷᠤᠨ ᠲᠡᠳᠬᠦᠬᠦ ᠭᠤᠣᠯ ᠴᠣᠭᠴᠠ᠎ᠳᠤ ᠬᠠᠤᠯᠢ ᠴᠠᠭ᠋ᠠᠵᠠ ᠵᠢᠨ ᠶᠡᠷᠤ ᠵᠢᠨ ᠮᠡᠳᠡᠯᠭᠡ ᠵᠢ ᠲᠦᠭᠡᠮᠡᠯᠵᠢᠭᠦᠯᠬᠦ ᠲᠤᠰᠬᠠᠢ ᠰᠡᠳᠦᠪᠲᠦ ᠲᠠᠶ᠋ᠢᠯᠤᠮᠵᠢ ᠵᠢ 5 ᠲᠠᠯᠠᠪᠤᠷ ᠤᠳᠠᠭ᠎ᠠ ᠥᠷᠨᠢᠭᠦᠯᠵᠦ᠂ 80 ᠭᠠᠷᠤᠢ ᠤᠳᠠᠭ᠎ᠠ ᠬᠠᠤᠯᠢ ᠴᠠᠭ᠋ᠠᠵᠠ ᠵᠢᠨ ᠵᠥᠪᠯᠡᠯᠭᠡ ᠥᠭᠬᠦ ᠦᠢ᠍ᠯᠡᠴᠢᠯᠡᠭᠡ ᠬᠠᠩᠭ᠋ᠠᠪᠠ ᠂ ᠪᠠᠰᠠ ᠳ᠋ᠧᠩᠺᠸᠤ ᠰᠢᠶᠠᠨ᠎ᠤ ᠯᠧ ᠲᠦᠸᠧ ᠮᠠᠰᠢᠨ ᠲᠥᠬᠦᠭᠡᠷᠦᠮᠵᠢ ᠵᠢᠨ ᠦᠢ᠍ᠯᠡᠳᠪᠦᠷᠢ ᠵᠡᠷᠭᠡ 16 ᠵᠢᠵᠢᠭ ᠪᠢᠴᠢᠯ ᠠᠵᠤ ᠠᠬᠤᠶ᠋ᠢᠯᠠᠯ᠎ᠤᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠳᠤ ᠵᠠᠷᠭᠤ ᠵᠢᠨ ᠣᠷᠣᠯᠠᠬᠤ ᠦᠢ᠍ᠯᠡᠴᠢᠯᠡᠭᠡ ᠬᠠᠩᠭ᠋ᠠᠵᠤ᠂ 5 ᠲᠦᠮᠡ ᠭᠠᠷᠤᠢ ᠲᠥᠭᠦᠷᠢᠭ᠎ᠤᠨ ᠵᠠᠷᠤᠳᠠᠯ᠎ᠢ ᠬᠠᠰᠤᠵᠤ ᠬᠡᠯᠲᠦᠷᠢᠭᠦᠯᠪᠡ᠃ ᠲᠤᠰᠬᠠᠶ ᠮᠡᠷᠭᠡᠵᠢᠯ᠎ᠤᠨ ᠬᠠᠤᠯᠢ᠎ᠪᠠᠷ ᠵᠠᠰᠠᠬᠤ ᠬᠦᠴᠦᠨ ᠵᠶ᠋ᠠᠷ ᠬᠠᠪᠰᠤᠷᠤᠨ ᠲᠡᠳᠬᠦᠬᠦ᠎ᠪᠠᠷ ᠳᠠᠮᠵᠢᠭᠤᠯᠤᠨ᠂ ᠡᠵᠡᠩᠨᠡᠭᠴᠢ ᠵᠢᠨ ᠬᠠᠤᠯᠢ ᠵᠢ ᠰᠤᠷᠤᠯᠴᠠᠬᠤ᠂ ᠬᠠᠤᠯᠢ ᠵᠢ ᠬᠡᠷᠡᠭᠯᠡᠬᠦ᠂ ᠬᠠᠤᠯᠢ ᠵᠢ ᠰᠠᠬᠢᠬᠤ ᠤᠬᠠᠮᠰᠠᠷ᠎ᠢ ᠳᠡᠭᠡᠭᠰᠢᠯᠡᠭᠦᠯᠦᠭᠰᠡᠨ ᠮᠥᠷᠲᠡᠭᠡᠨ ᠪᠠᠰᠠ ᠬᠤᠶ᠋ᠢᠰᠢᠳᠠ ᠵᠢᠨ ᠲᠣᠭᠲᠠᠭ᠋ᠠᠯ᠎ᠳᠤ ᠨᠡᠶ᠋ᠢᠴᠡᠭᠰᠡᠨ ᠡᠵᠡᠩᠨᠡᠯᠲᠡ ᠵᠢᠨ ᠠᠯᠤᠰ ᠬᠡᠲᠦ ᠵᠢᠨ ᠬᠥᠭᠵᠢᠯᠲᠡ᠎ᠳᠤ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭ᠋ᠠᠭᠰᠠᠨ ᠪᠠᠶ᠋ᠢᠨ᠎ᠠ᠃
ᠤᠯᠠᠭ᠋ᠠᠨᠴᠠᠪ ᠬᠤᠲᠠ᠄ ᠺᠠᠩ᠎ᠲᠠᠢ ᠺᠣᠮᠫᠠᠨᠢ ᠨᠢ ᠪᠣᠳᠠᠲᠠᠶ ᠠᠷᠭ᠎ᠠ ᠬᠡᠮᠵᠢᠶ᠎ᠡ ᠠᠪᠴᠤ ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠵᠢᠨ ᠬᠥᠭᠵᠢᠯᠲᠡ᠎ᠳᠤ ᠬᠦᠴᠦᠨ ᠨᠡᠮᠡᠷᠢᠯᠡᠪᠡ
ᠤᠯᠠᠭ᠋ᠠᠨᠴᠠᠪ ᠬᠤᠲᠠ ᠵᠢᠨ ᠺᠠᠩ᠎ᠲᠠᠢ ᠠᠷᠠᠳ᠎ᠲᠤ ᠠᠰᠢᠭ ᠬᠦᠷᠲᠡᠭᠡᠬᠦ ᠬᠦᠷᠢᠶᠡᠯᠡᠩ ᠲᠣᠭᠤᠷᠢᠭ᠎ᠤᠨ ᠲᠠᠷᠢᠶᠠᠯᠠᠩ ᠠᠷᠠᠯᠵᠢᠶᠠᠨ᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠬᠢᠭᠡᠳ 66 ᠡᠷᠦᠬᠡ ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ᠎ᠨᠢ ᠬᠤᠣᠰᠯᠠᠵᠤ ᠬᠠᠪᠰᠤᠷᠤᠨ ᠲᠡᠳᠬᠦᠬᠦ ᠬᠠᠷᠢᠴᠠᠭ᠎ᠠ ᠪᠠᠶ᠋ᠢᠭᠤᠯᠤᠭᠰᠠᠨ᠎ᠤ ᠳᠠᠷᠠᠭ᠎ᠠ᠂ ᠨᠡᠶ᠋ᠢᠲᠡ 56 ᠡᠷᠦᠬᠡ ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ᠎ᠳᠤ ᠬᠦᠷᠢᠶᠡᠯᠡᠩ ᠲᠣᠭᠤᠷᠢᠭ᠎ᠤᠨ ᠳᠠᠭ᠋ᠠᠭ᠋ᠠᠯᠲᠠ ᠬᠠᠩᠭ᠋ᠠᠵᠤ᠂ ᠨᠡᠶ᠋ᠢᠲᠡ 200 ᠲᠦᠮᠡᠨ ᠲᠥᠭᠦᠷᠢᠭ᠎ᠤᠨ ᠵᠢᠭᠡᠯᠡᠯᠭᠡ ᠵᠢᠨ ᠪᠡᠯᠡ ᠲᠣᠬᠢᠷᠠᠭᠣᠯᠭᠠ ᠬᠢᠵᠦ ᠂ 2 ᠡᠷᠦᠬᠡ ᠵᠡᠮᠳᠡᠭ ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ᠂ 3 ᠡᠷᠦᠬᠡ ᠤᠶᠤᠲᠠᠳ᠎ᠤᠨ ᠠᠳᠠᠯ ᠦᠢ᠍ᠯᠡᠰ ᠪᠣᠰᠬᠠᠬᠤ ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ᠎ᠳᠤ ᠳᠦᠷᠢᠶᠡᠰᠣᠨ ᠬᠣᠭᠣᠴᠠᠭ᠎ᠠ ᠵᠢ 3 ᠰᠠᠷ᠎ᠠ ᠬᠠᠰᠤᠨ ᠬᠡᠯᠲᠦᠷᠢᠭᠦᠯᠵᠦ᠂ 2 ᠡᠷᠦᠬᠡ ᠭᠡᠷ ᠪᠦᠯᠢ ᠵᠢᠨ ᠬᠦᠴᠢᠷᠳᠡᠯᠲᠡᠶ ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ᠎ᠳᠤ 2 ᠲᠦᠮᠡᠨ ᠲᠥᠭᠦᠷᠢᠭ᠎ᠤᠨ ᠲᠦᠷᠢᠶᠡᠰᠦᠨ ᠮᠥᠩᠭᠦ ᠵᠢ ᠬᠠᠰᠤᠨ ᠬᠡᠯᠲᠦᠷᠢᠭᠦᠯᠵᠦ᠂ 3 ᠡᠷᠦᠬᠡ ᠡᠵᠡᠩᠨᠡᠯᠲᠡ᠎ᠨᠢ ᠬᠦᠴᠢᠷᠳᠡᠯᠲᠡᠶ ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ᠎ᠳᠤ ᠡᠯ᠎ᠡ ᠲᠥᠷᠥᠯ᠎ᠤᠨ ᠵᠠᠷᠤᠳᠠᠯ᠎ᠢ ᠨᠡᠢ᠌ᠲᠡ 20 ᠲᠦᠮᠡᠨ ᠲᠦᠭᠦᠷᠢᠭ ᠬᠠᠰᠤᠵᠤ ᠬᠡᠯᠲᠦᠷᠢᠭᠦᠯᠵᠦ᠂ ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠵᠢᠨ ᠪᠠᠯᠠ ᠮᠥᠩᠭᠦ ᠵᠢᠨ ᠬᠡᠷᠡᠭᠴᠡᠭᠡ ᠱᠠᠭ᠋ᠠᠷᠳᠠᠯᠭ᠎ᠠ ᠵᠢ ᠪᠦᠲᠦᠮᠵᠢᠲᠡᠶ ᠨᠠᠮᠳᠠᠭᠤᠯᠵᠤ᠂ ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠵᠢᠨ ᠡᠵᠡᠩᠨᠡᠯᠲᠡ ᠵᠢᠨ ᠬᠥᠭᠵᠢᠯᠲᠡ᠎ᠳᠤ ᠦᠨᠡᠨ ᠬᠦ᠌ ᠬᠦᠴᠦᠨ ᠨᠡᠮᠡᠷᠢᠯᠡᠪᠡ᠃
ᠲᠦᠩᠯᠢᠶᠣᠤ ᠬᠤᠲᠠ᠄ ᠶᠢᠨ ᠱᠠ ᠺᠣᠮᠫᠠᠨᠢ ᠨᠢ ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠵᠢᠨ ᠠᠮᠤᠷ ᠲᠦᠪᠰᠢᠨ᠂ ᠦᠷ᠎ᠡ ᠠᠰᠢᠭ᠎ᠤᠨ ᠬᠤᠤᠰ ᠳᠡᠭᠡᠭᠰᠢᠯᠡᠯᠲᠡ᠎ᠳᠤ ᠬᠦᠴᠦᠨ ᠨᠡᠮᠡᠷᠢᠯᠡᠪᠡ
ᠥᠪᠥᠷ ᠮᠣᠩᠭᠤᠯ᠎ᠤᠨ ᠶᠢᠨ ᠱᠠ ᠰᠣᠶᠣᠯ ᠵᠢᠭᠤᠯᠴᠢᠯᠠᠯ᠎ᠤᠨ ᠨᠡᠭᠡᠭᠡᠨ ᠬᠥᠭᠵᠢᠭᠦᠯᠬᠦ ᠬᠢᠵᠠᠭ᠋ᠠᠷᠲᠤ ᠺᠣᠮᠫᠠᠨᠢ ᠪᠣᠯᠤᠨ ᠹᠧᠩ ᠭᠧ ᠵᠤᠭ᠎ᠠ ᠴᠡᠩᠭᠡᠯ᠎ᠤᠨ ᠺᠯᠦ᠋ᠪ ᠵᠡᠷᠭᠡ 10 ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠨᠢ ᠬᠤᠣᠰᠯᠠᠵᠤ ᠬᠠᠪᠰᠤᠷᠤᠨ ᠲᠡᠳᠬᠦᠬᠦ ᠬᠠᠷᠢᠴᠠᠭ᠎ᠠ ᠪᠠᠶ᠋ᠢᠭᠤᠯᠤᠭᠰᠠᠨ᠎ᠤ ᠳᠠᠷᠠᠭ᠎ᠠ᠂ ᠨᠢᠭᠡ ᠲᠠᠯ᠎ᠠ᠎ᠪᠠᠷ ᠲᠤᠰᠬᠠᠶ ᠰᠡᠳᠦᠪᠲᠦ ᠪᠣᠯᠪᠠᠰᠣᠷᠠᠯ ᠵᠶ᠋ᠠᠷ ᠳᠠᠮᠵᠢᠭᠤᠯᠤᠨ᠂ ᠠᠮᠤᠷ ᠲᠦᠪᠰᠢᠨ᠂ ᠬᠠᠮᠢᠶᠠᠷᠤᠯᠲᠠ᠂ ᠦᠢ᠍ᠯᠡᠴᠢᠯᠡᠭᠡᠨ᠎ᠤ ᠭᠣᠭᠴᠣᠭ᠎ᠠ ᠵᠢᠨ ᠲᠣᠭᠤᠷᠢᠨ᠎ᠳᠤ 18 ᠵᠦᠢ᠍ᠯ᠎ᠤᠨ ᠲᠦᠭᠰᠢᠭᠦᠷᠢ ᠵᠢ ᠡᠵᠡᠮᠳᠡᠬᠦ ᠭᠤᠤᠯᠳᠠᠯᠭ᠎ᠠ ᠵᠢ ᠡᠮᠬᠢᠯᠡᠨ ᠭᠠᠷᠭ᠋ᠠᠭᠰᠠᠨ ᠪᠥᠭᠡᠳ 《ᠠᠶᠤᠯᠭᠦᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠷᠭ᠎ᠠ》᠎ᠳᠤ ᠲᠠᠶ᠋ᠢᠯᠤᠮᠵᠢ ᠵᠢᠴᠢ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠵᠠᠳᠠᠯᠤᠨ ᠰᠢᠨᠵᠢᠯᠡᠵᠦ ᠂ ᠬᠤᠳᠠᠯᠳᠤᠭ᠋ᠠᠴᠢᠨ ᠡᠷᠦᠬᠡ ᠵᠢ ᠬᠠᠪᠰᠤᠷᠤᠨ ᠲᠡᠳᠬᠦᠬᠦ ᠠᠶᠤᠯᠭᠦᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠴᠢᠳᠠᠪᠤᠷᠢ ᠵᠢ ᠪᠦᠲᠦᠮᠵᠢᠲᠡᠶ ᠳᠡᠭᠡᠭᠰᠢᠯᠡᠭᠦᠯᠪᠡ ᠂ ᠨᠥᠭᠦᠭᠡ ᠲᠠᠯ᠎ᠠ᠎ᠪᠠᠷ ᠹᠧᠩ ᠭᠧ ᠵᠤᠭ᠎ᠠ ᠴᠡᠩᠭᠡᠯ᠎ᠤᠨ ᠺᠯᠦ᠋ᠪ ᠵᠡᠷᠭᠡ 10 ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠵᠢᠨ ᠬᠡᠷ ᠪᠠᠶ᠋ᠢᠰᠢᠩ᠎ᠤᠨ ᠲᠦᠷᠢᠶᠡᠰᠦᠨ ᠮᠥᠩᠭᠦ ᠵᠢ 48 ᠲᠦᠮᠡᠨ ᠲᠥᠭᠦᠷᠢᠭ ᠬᠠᠰᠤᠵᠤ ᠬᠡᠯᠲᠦᠷᠢᠭᠦᠯᠪᠡ᠃ ᠣᠳᠣᠬᠠᠨ᠎ᠳᠤ ᠡᠯ᠎ᠡ ᠳᠡᠯᠭᠡᠭᠦᠷ ᠫᠦᠰᠡ ᠵᠢᠨ ᠡᠵᠡᠩᠨᠡᠯᠲᠡ ᠵᠢᠨ ᠣᠷᠣᠯᠭ᠎ᠠ ᠵᠢᠨ ᠪᠠᠢ᠌ᠳᠠᠯ ᠥᠩᠭᠡᠷᠡᠭᠰᠡᠨ᠎ᠠᠴᠠ ᠳᠠᠪᠠᠭᠤᠯᠢᠭ ᠪᠠᠶ᠋ᠢᠵᠤ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠡᠵᠡᠩᠨᠡᠯᠲᠡ ᠵᠢᠨ ᠢᠲᠡᠭᠡᠯ᠎ᠢ ᠤᠯᠠᠮ ᠨᠢᠭᠡ ᠠᠯᠬᠤᠮ ᠬᠥᠭᠵᠢᠭᠡᠵᠡᠢ᠃
ᠤᠯᠠᠭ᠋ᠠᠨᠬᠤᠲᠠ᠄ ᠶᠢᠨ ᠵᠢᠶᠠᠨ ᠾᠧ ᠠᠮᠤ ᠪᠤᠳᠠᠭ᠋ᠠᠨ᠎ᠤ ᠦᠢ᠍ᠯᠡᠰ ᠲᠤᠰᠠᠯᠠᠮᠵᠢ ᠬᠦᠷᠳᠡᠵᠦ ᠪᠠᠶ᠋ᠢᠨ᠎ᠠ
ᠤᠯᠠᠭ᠋ᠠᠨᠬᠤᠲᠠ ᠵᠢᠨ ᠶᠢᠨ ᠢᠦᠢ ᠾᠧ ᠠᠮᠤ ᠪᠤᠳᠠᠭ᠋ᠠᠨ᠎ᠤ ᠦᠢ᠍ᠯᠡᠰ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠪᠣᠯᠣᠨ ᠤᠯᠠᠭ᠋ᠠᠨᠬᠤᠲᠠ ᠵᠢᠨ ᠱᠦᠨ ᠵᠢᠢ ᠢᠦᠢ ᠴᠧᠩ ᠳᠡᠯᠭᠡᠭᠦᠷ᠎ᠨᠢ ᠬᠤᠣᠰᠯᠠᠵᠤ ᠬᠠᠪᠰᠤᠷᠤᠨ ᠲᠡᠳᠬᠦᠬᠦ ᠬᠠᠷᠢᠴᠠᠭ᠎ᠠ ᠪᠠᠶ᠋ᠢᠭᠤᠯᠤᠭᠰᠠᠨ᠎ᠤ ᠳᠠᠷᠠᠭ᠎ᠠ᠂ ᠶᠢᠨ ᠢᠦᠢ ᠾᠧ ᠺᠣᠮᠫᠠᠨᠢ ᠵᠢᠨ ᠦᠢ᠍ᠯᠡᠳᠪᠦᠷᠢᠯᠡᠭᠰᠡᠨ ᠲᠤᠲᠤᠷᠭ᠎ᠠ ᠨᠢ᠂ ᠬᠤᠳᠠᠯᠳᠤᠭᠰᠠᠨ᠎ᠤ ᠳᠠᠷᠠᠭ᠎ᠠ ᠵᠣᠭᠤᠰ ᠳ᠋ᠦᠩᠨᠡᠨ ᠪᠤᠳᠤᠬᠤ ᠬᠡᠯᠪᠡᠷᠢ᠎ᠪᠠᠷ ᠢᠦᠢ ᠴᠧᠩ ᠳᠡᠯᠭᠡᠭᠦᠷ᠎ᠲᠤ ᠪᠣᠷᠣᠯᠠᠭᠤᠯᠵᠤ᠂ ᠪᠣᠷᠣᠯᠠᠭᠤᠯᠤᠭᠰᠠᠨ ᠠᠰᠢᠭ ᠬᠤᠨᠵᠢᠪᠣᠷᠢ᠎ᠨᠢ ᠢᠦᠢ ᠴᠧᠩ ᠳᠡᠯᠭᠡᠭᠦᠷ᠎ᠲᠤ ᠬᠠᠷᠢᠶᠠᠯᠠᠭᠳᠠᠵᠤ᠂ ᠥᠪᠡᠷ᠎ᠤᠨ ᠦᠷᠳᠡᠭ᠎ᠨᠢ ᠶᠢᠨ ᠢᠦᠢ ᠾᠧ ᠺᠣᠮᠫᠠᠨᠢ᠎ᠳᠤ ᠬᠠᠷᠢᠶᠠᠯᠠᠭᠳᠠᠨ᠎ᠠ᠃ ᠺᠣᠮᠫᠠᠨᠢ ᠵᠢᠨ ᠬᠠᠷᠢᠭᠤᠴᠠᠯᠭ᠋ᠠᠲᠠᠨ ᠬᠡᠯᠡᠬᠦ᠎ᠳᠡᠭᠡᠨ᠄ 《ᠥᠪᠡᠷ ᠵᠶ᠋ᠠᠨ ᠪᠣᠯ ᠠᠵᠤ ᠠᠬᠤᠶ᠋ᠢᠯᠠᠯ ᠡᠷᠬᠢᠯᠡᠵᠦ ᠪᠠᠢ᠌ᠭ᠎ᠠ ᠬᠦᠮᠦᠨ᠂ ᠠᠩᠬ᠎ᠠ ᠡᠬᠢᠯᠡᠬᠦ᠎ᠳᠤ᠎ᠪᠠᠨ ᠮᠠᠰᠢ ᠬᠦᠴᠢᠷᠳᠡᠯ᠎ᠲᠠᠢ ᠪᠠᠢ᠌ᠭᠰᠠᠨ ᠪᠣᠯᠬᠣᠷ ᠬᠤᠲᠠ ᠵᠢᠨ ᠨᠠᠮ᠎ᠤᠨ ᠬᠤᠷᠢᠶ᠎ᠠ᠂ ᠬᠣᠲᠠ ᠵᠢᠨ ᠵᠠᠰᠠᠭ᠎ᠤᠨ ᠣᠷᠳᠣᠨ ᠵᠢᠴᠢ ᠮᠠᠰᠢ ᠣᠯᠠᠨ ᠬᠥᠮᠦᠨ᠎ᠤ ᠬᠠᠯᠠᠮᠵᠢᠯᠠᠯ ᠪᠠ ᠬᠠᠪᠰᠤᠷᠤᠯᠭ᠎ᠠ ᠵᠢ ᠣᠯᠪᠠ᠂ ᠣᠲᠣ ᠥᠪᠡᠷ ᠵᠶ᠋ᠠᠨ ᠵᠢᠭ᠋ᠠᠬᠠᠨ ᠪᠣᠳᠠᠲᠤ ᠬᠦᠴᠦᠨ᠎ᠲᠠᠢ ᠪᠣᠯᠤᠭᠰᠠᠨ ᠪᠥᠭᠡᠳ ᠥᠪᠡᠷ᠎ᠤᠨ ᠴᠢᠳᠠᠯ ᠵᠶ᠋ᠠᠷ ᠵᠶ᠋ᠠᠨ ᠪᠤᠰᠤᠳ᠎ᠢ ᠬᠠᠪᠰᠤᠷᠬᠤ ᠵᠢ ᠬᠦᠰᠡᠵᠦ ᠪᠠᠶ᠋ᠢᠨ᠎ᠠ》 ᠭᠡᠵᠡᠶ᠃ 《ᠮᠢᠩᠭ᠋ᠠᠨ ᠠᠵᠤ ᠠᠬᠤᠶ᠋ᠢᠯᠠᠯ ᠲᠦᠮᠡᠨ ᠡᠷᠦᠬᠡ ᠬᠤᠣᠰᠯᠠᠨ ᠬᠠᠪᠰᠤᠷᠤᠨ ᠲᠡᠳᠬᠦᠬᠦ》 ᠠᠵᠢᠯᠯᠠᠭ᠎ᠠ᠎ᠨᠢ ᠶᠢᠨ ᠢᠦᠢ ᠾᠧ ᠺᠣᠮᠫᠠᠨᠢ ᠵᠢᠨ ᠲᠤᠲᠤᠷᠭ᠎ᠠ ᠵᠢᠨ ᠪᠣᠷᠣᠯᠠᠭᠤᠯᠭ᠎ᠠ ᠵᠢ ᠥᠷᠭᠡᠳᠬᠡᠭᠰᠡᠨ ᠵᠶ᠋ᠠᠷ ᠪᠠᠷᠠᠬᠤ ᠦᠭᠡᠢ ᠪᠠᠰᠠ ᠢᠦᠢ ᠴᠧᠩ ᠳᠡᠯᠭᠡᠭᠦᠷ᠎ᠤᠨ ᠠᠰᠢᠭ ᠬᠤᠨᠵᠢᠪᠤᠷᠢ ᠵᠢ ᠨᠡᠮᠡᠭᠳᠡᠭᠦᠯᠵᠦ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠬᠦᠷᠳᠡᠬᠦ ᠦᠷ᠎ᠡ ᠪᠦᠲᠦᠮᠵᠢ ᠵᠢ ᠣᠯᠣᠭᠰᠠᠨ ᠪᠠᠢ᠌ᠨ᠎ᠠ ᠃