ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠦᠨᠡᠮᠯᠡᠯ᠎ᠤᠨ ᠬᠤᠭᠤᠴᠠᠭ᠎ᠠ ᠲᠣᠯᠬᠤ ᠵᠢ ᠰᠠᠨᠠᠭᠣᠯᠬᠤ ᠦᠢ᠍ᠯᠡᠴᠢᠯᠡᠭᠡ᠎ᠨᠢ ᠠᠵᠤ ᠠᠬᠤᠶ᠋ᠢᠯᠠᠯ᠎ᠢ ᠲᠣᠰᠠᠯᠠᠨ ᠰᠠᠨᠠᠭ᠎ᠠ ᠠᠮᠤᠷ ᠡᠵᠡᠩᠨᠡᠭᠦᠯᠪᠡ
2025-05-20

     ᠣᠶ᠋ᠢᠷ᠎ᠠ᠎ᠳᠤ ᠂  ᠥᠪᠥᠷ  ᠮᠣᠩᠭᠤᠯ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠎ᠨᠢ  ᠵᠠᠰᠠᠭ  ᠵᠠᠬᠢᠷᠭ᠋ᠠᠨ᠎ᠤ  ᠵᠥᠪᠰᠢᠶᠡᠷᠡᠯ᠎ᠤᠨ ᠦᠨᠡᠮᠯᠡᠯ᠎ᠤᠨ ᠬᠤᠭᠤᠴᠠᠭ᠎ᠠ᠎ᠨᠢ ᠲᠣᠯᠬᠤ᠎ᠳᠤ 《ᠬᠡᠷᠡᠭ᠎ᠤᠨ  ᠡᠮᠣᠨ᠎ᠡ  ᠣᠬᠤᠷ ᠮᠡᠳᠡᠭᠡ᠎ᠪᠠᠷ ᠰᠠᠨᠠᠭᠤᠯᠬᠤ ᠦᠢ᠍ᠯᠡᠴᠢᠯᠡᠭᠡ》 ᠭᠠᠷᠭ᠋ᠠᠵᠤ᠂ ᠠᠵᠤ ᠠᠬᠤᠶ᠋ᠢᠯᠠᠯ᠎ᠢ  ᠲᠣᠰᠠᠯᠠᠨ ᠵᠦᠪᠰᠢᠶᠡᠷᠡᠯ᠎ᠤᠨ ᠦᠨᠡᠮᠯᠡᠯ ᠵᠶ᠋ᠡᠨ  ᠴᠠᠭ ᠲᠤᠬᠠᠶ᠎ᠳᠤ᠎ᠨᠢ ᠦᠷᠭᠦᠯᠵᠢᠯᠡᠭᠦᠯᠵᠦ ᠂  ᠣᠷᠲᠣᠳᠬᠠᠵᠦ ᠳᠡᠢ᠌ᠯᠣᠭ᠌ᠰᠡᠨ ᠦᠭᠡᠢ᠎ᠠᠴᠠ ᠪᠣᠯᠣᠭᠰᠠᠨ  ᠬᠠᠤᠯᠢ ᠴᠠᠭ᠋ᠠᠵᠠ ᠵᠢᠨ ᠲᠦᠭᠰᠢᠭᠦᠷᠢ᠎ᠠᠴᠠ  ᠵᠠᠢ᠌ᠯᠠᠭᠣᠯᠪᠠ ᠃

     《ᠬᠡᠷᠡᠭ᠎ᠠᠴᠠ  ᠡᠮᠣᠨ᠎ᠡ  ᠣᠬᠤᠷ ᠮᠡᠳᠡᠭᠡ᠎ᠪᠠᠷ ᠰᠠᠨᠠᠭᠤᠯᠬᠤ ᠦᠢ᠍ᠯᠡᠴᠢᠯᠡᠭᠡ》᠎ᠨᠢ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶᠡᠨ᠎ᠳᠠᠬᠢ  ᠬᠠᠮᠢᠶ᠎ᠠ  ᠪᠦᠬᠦᠢ  ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ ᠵᠢ ᠬᠢᠨᠠᠨ ᠡᠵᠡᠮᠳᠡᠵᠦ᠂ ᠬᠠᠮᠢᠶ᠎ᠠ ᠪᠦᠬᠦᠢ ᠵᠥᠪᠰᠢᠶᠡᠷᠡᠯ᠎ᠤᠨ ᠦᠨᠡᠮᠯᠡᠯ᠎ᠤᠨ ᠬᠤᠭᠤᠴᠠᠭ᠎ᠠ᠎ᠨᠢ  ᠲᠤᠯᠬᠤ᠎ᠠᠴᠠ  ᠡᠮᠦᠨ᠎ᠡ  ᠣᠬᠤᠷ ᠮᠡᠳᠡᠭᠡ᠎ᠪᠠᠷ ᠳᠠᠮᠵᠢᠭᠤᠯᠤᠨ ᠰᠠᠨᠠᠭᠤᠯᠬᠤ ᠮᠡᠳᠡᠭᠡ ᠵᠠᠩᠭᠢ ᠶᠠᠪᠤᠭᠤᠯᠵᠤ᠂ ᠠᠵᠤ ᠠᠬᠤᠶ᠋ᠢᠯᠠᠯ᠎ᠤᠨ ᠵᠥᠪᠰᠢᠶᠡᠷᠡᠯ᠎ᠤᠨ ᠦᠨᠡᠮᠯᠡᠯ᠎ᠤᠨ  ᠬᠤᠭᠤᠴᠠᠭ᠎ᠠ ᠲᠤᠯᠬᠤ ᠭᠡᠵᠦ ᠪᠠᠶ᠋ᠢᠭ᠎ᠠ ᠪᠠᠶ᠋ᠢᠳᠠᠯ᠎ᠢ ᠴᠠᠭ ᠲᠤᠬᠠᠢ᠎ᠳᠤ᠎ᠨᠢ ᠮᠡᠳᠡᠬᠦ ᠵᠢ  ᠦᠨᠡᠨ ᠬᠦ᠌  ᠪᠠᠲᠤᠯᠠᠵᠤ᠂ ᠠᠵᠤ ᠠᠬᠤᠶ᠋ᠢᠯᠠᠯ᠎ᠤᠨ ᠬᠠᠮᠢᠶ᠎ᠠ ᠪᠦᠬᠦᠢ ᠪᠡᠯᠡᠳᠬᠡᠯ ᠠᠵᠢᠯ ᠵᠶ᠋ᠠᠨ ᠤᠷᠢᠳᠴᠢᠯᠠᠨ ᠰᠠᠶ᠋ᠢᠲᠤᠷ ᠬᠢᠬᠦ᠎ᠳᠤ ᠳᠥᠭᠦᠮ ᠦᠵᠡᠭᠦᠯᠦᠨ᠎ᠡ ᠃ 《ᠬᠡᠷᠡᠭ᠎ᠤᠨ  ᠡᠮᠣᠨ᠎ᠡ  ᠣᠬᠤᠷ  ᠮᠡᠳᠡᠭᠡ᠎ᠪᠠᠷ ᠰᠠᠨᠠᠭᠣᠯᠬᠣ ᠦᠢ᠍ᠯᠡᠴᠢᠯᠡᠭᠡ 》 ᠪᠣᠯ ᠥᠪᠥᠷ ᠮᠣᠩᠭᠤᠯ᠎ᠤᠨ ᠵᠠᠬ᠎ᠠ  ᠳᠡᠯᠭᠡᠭᠦᠷ᠎ᠤᠨ  ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠵᠥᠪᠰᠢᠶᠡᠷᠡᠯ᠎ᠢ  ᠬᠢᠨᠠᠨ ᠵᠥᠪᠰᠢᠶᠡᠷᠡᠬᠦ ᠦᠢ᠍ᠯᠡᠴᠢᠯᠡᠭᠡ ᠵᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠵᠢᠨ ᠨᠢᠭᠡ ᠪᠠᠶ᠋ᠢᠵᠤ᠂ ᠬᠢᠨᠠᠯᠲᠠ ᠬᠠᠮᠢᠶᠠᠷᠤᠯᠲᠠ ᠵᠢᠨ ᠡᠷᠴᠢᠮ᠎ᠢ ᠢᠯᠡᠷᠡᠭᠦᠯᠦᠭᠰᠡᠨ ᠮᠥᠷᠲᠡᠭᠡᠨ ᠪᠠᠰᠠ ᠦᠢ᠍ᠯᠡᠴᠢᠯᠡᠭᠡᠨ᠎ᠤ ᠬᠠᠯᠠᠭᠤᠨ ᠳᠤᠯᠠᠭ᠋ᠠᠨ᠎ᠢ  ᠴᠤ᠌  ᠢᠯᠡᠷᠡᠭᠦᠯᠦᠭᠰᠡᠨ ᠪᠠᠶ᠋ᠢᠨ᠎ᠠ᠃ ᠠᠵᠤ ᠠᠬᠤᠶ᠋ᠢᠯᠠᠯ᠎ᠢ ᠬᠠᠪᠰᠤᠷᠤᠨ ᠬᠠᠤᠯᠢ ᠴᠠᠭ᠋ᠠᠵᠠ ᠵᠢᠨ ᠠᠶᠤᠯ ᠲᠦᠭᠰᠢᠭᠦᠷᠢ ᠵᠢ ᠪᠠᠭᠤᠷᠠᠭᠤᠯᠵᠤ  ᠴᠢᠳᠠᠬᠤ᠎ᠪᠠᠷ ᠪᠠᠷᠠᠬᠤ ᠦᠭᠡᠢ ᠂  ᠪᠠᠰᠠ  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠴᠠᠭ ᠲᠤᠬᠠᠶ᠋ᠢᠴᠢ ᠴᠢᠨᠠᠷ ᠪᠠ ᠪᠦᠲᠦᠮᠵᠢᠲᠦ ᠴᠢᠨᠠᠷ᠎ᠢ ᠳᠡᠭᠡᠭᠰᠢᠯᠡᠭᠦᠯᠵᠦ᠂ ᠬᠤᠳᠠᠯᠳᠤᠭ᠎ᠠ  ᠡᠷᠬᠢᠯᠡᠬᠦ  ᠣᠷᠴᠢᠨ ᠲᠣᠭᠤᠷᠢᠨ᠎ᠢ ᠰᠢᠯᠢᠳᠡᠭᠵᠢᠭᠦᠯᠬᠦ᠎ᠳᠤ ᠬᠦᠴᠦᠨ  ᠨᠡᠮᠡᠷᠢᠯᠡᠪᠡ ᠃

     2025 ᠣᠨ᠎ᠤ 4  ᠳ᠋ᠦ᠍ᠭᠡᠷ  ᠰᠠᠷ᠎ᠠ ᠵᠢᠨ ᠰᠡᠭᠦᠯᠴᠢ ᠪᠣᠯᠲᠠᠯ᠎ᠠ᠂ ᠥᠪᠥᠷ ᠮᠣᠩᠭᠤᠯ᠎ᠤᠨ  ᠵᠠᠬ᠎ᠠ  ᠳᠡᠯᠭᠡᠭᠦᠷ᠎ᠤᠨ  ᠬᠢᠨᠠᠯᠲᠠ  ᠬᠠᠮᠢᠶᠠᠷᠤᠯᠲᠠ ᠵᠢᠨ ᠲᠣᠪᠴᠢᠶ᠎ᠠ ᠵᠢᠨ ᠶᠡᠷᠦᠩᠬᠡᠶ᠋ᠢᠯᠡᠭᠰᠡᠨ  ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠨᠢ ᠬᠡᠷᠡᠭ ᠶᠠᠪᠤᠳᠠᠯ᠎ᠤᠨ ᠡᠮᠦᠨ᠎ᠡ 6.8  ᠲᠦᠮᠡᠨ ᠣᠬᠤᠷ ᠮᠡᠳᠡᠭᠡ ᠢᠯᠡᠭᠡᠵᠦ᠂ ᠠᠵᠤ ᠠᠬᠤᠶ᠋ᠢᠯᠠᠯ᠎ᠤᠨ ᠬᠤᠭᠤᠴᠠᠭ᠎ᠠ᠎ᠠᠴᠠ ᠬᠡᠲᠦᠷᠡᠭᠰᠡᠨ ᠵᠥᠪᠰᠢᠶᠡᠷᠡᠯ᠎ᠤᠨ ᠪᠠᠶ᠋ᠢᠳᠠᠯ ᠢᠯᠡᠳᠲᠡ ᠪᠠᠭ᠋ᠠᠰᠪᠠ᠃

 

ᠢᠷᠡᠯᠲᠡ᠄ ᠲᠡᠮᠳᠡᠭᠯᠡᠨ ᠳᠠᠩᠰᠠᠯᠠᠬᠤ ᠲᠣᠪᠴᠢᠶ᠎ᠠ