ᠵᠢᠵᠢᠭ ᠪᠢᠴᠢᠯ ᠠᠵᠤ ᠠᠬᠤᠶ᠋ᠢᠯᠠᠯ᠎ᠤᠨ ᠪᠡᠯᠡ ᠲᠤᠬᠢᠷᠠᠭᠣᠯᠭ᠎ᠠ ᠵᠢᠨ ᠵᠤᠬᠢᠴᠠᠭᠣᠯᠭ᠎ᠠ ᠵᠢᠨ ᠠᠵᠢᠯ᠎ᠤᠨ ᠲᠣᠭᠲᠠᠴᠠ ᠵᠢ ᠳᠡᠮᠵᠢᠬᠦ ᠵᠢ ᠭᠦᠨᠵᠡᠭᠡᠢ᠌ᠷᠡᠭᠦᠯᠵᠦ ᠭᠠᠳᠠᠭ᠋ᠠᠳᠤ ᠠᠷᠠᠯᠵᠢᠶ᠎ᠠ᠂ ᠠᠷᠠᠳ᠎ᠤᠨ ᠡᠵᠡᠩᠨᠡᠯᠲᠡ ᠵᠡᠷᠭᠡ ᠬᠦᠷᠢᠶ᠎ᠡ ᠲᠡᠢ᠌ᠰᠢ ᠬᠡᠯᠪᠡᠢ᠌ᠯᠭᠡᠨ ᠵᠣᠯᠭ᠋ᠠᠭᠣᠯᠵᠦ ᠡᠬᠢ ᠪᠠᠶᠠᠯᠢᠭ᠎ᠢ ᠬᠠᠪᠰᠤᠷᠤᠨ ᠲᠡᠳᠬᠦᠬᠦ ᠵᠢ ᠠᠬᠢᠭᠣᠯᠪᠠ
2025-05-19

     ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠎ᠨᠢ  ᠣᠶ᠋ᠢᠷ᠎ᠠ᠎ᠳᠤ 《2025 ᠣᠨ᠎ᠤ  ᠵᠢᠵᠢᠭ  ᠪᠢᠴᠢᠯ  ᠠᠵᠤ ᠠᠬᠤᠶ᠋ᠢᠯᠠᠯ᠎ᠤᠨ ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》᠎ᠢ ᠨᠡᠶ᠋ᠢᠲᠡᠯᠡᠵᠦ᠂ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠬᠥᠲᠥᠯᠦᠨ ᠵᠢᠯᠣᠭᠤᠳᠴᠤ ᠪᠠᠶ᠋ᠢᠭ᠋ᠠᠳ ᠲᠦᠭᠡᠮᠡᠯ ᠬᠠᠷᠠᠭ᠋ᠠᠯᠵᠠᠯᠲᠤ ᠮᠥᠩᠭᠦᠨ ᠭᠦᠢ᠍ᠯᠭᠡᠭᠡᠨ᠎ᠤ ᠠᠵᠢᠯ᠎ᠢ ᠰᠠᠶ᠋ᠢᠲᠤᠷ ᠬᠢᠯᠭᠡᠵᠦ᠂ ᠵᠢᠵᠢᠭ ᠪᠢᠴᠢᠯ ᠠᠵᠤ ᠠᠬᠤᠶ᠋ᠢᠯᠠᠯ᠎ᠤᠨ  ᠮᠥᠩᠭᠦᠨ  ᠭᠦᠢ᠍ᠯᠭᠡᠭᠡᠨ᠎ᠤ  ᠦᠢ᠍ᠯᠡᠴᠢᠯᠡᠭᠡᠨ᠎ᠤ  ᠴᠢᠨᠠᠷ ᠴᠢᠨᠰᠠᠭ᠎ᠠ ᠦᠷ᠎ᠡ ᠪᠦᠲᠦᠮᠵᠢ ᠵᠢ ᠳᠡᠭᠡᠭᠰᠢᠯᠡᠭᠦᠯᠪᠡ᠃  ᠮᠡᠳᠡᠭᠳᠡᠯ᠎ᠳᠤ  ᠵᠢᠵᠢᠭ  ᠪᠢᠴᠢᠯ  ᠠᠵᠤ ᠠᠬᠤᠢ᠍ᠯᠠᠯ᠎ᠤᠨ ᠪᠡᠯᠡ ᠲᠣᠬᠢᠷᠠᠭᠤᠯᠭ᠎ᠠ ᠵᠢᠨ ᠵᠣᠬᠢᠴᠠᠭᠣᠯᠭ᠎ᠠ ᠵᠢᠨ  ᠠᠵᠢᠯ᠎ᠤᠨ ᠲᠣᠭᠲᠠᠴᠠ ᠵᠢ ᠭᠦᠨᠵᠡᠭᠡᠢ᠍ᠷᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃ ᠡᠯ᠎ᠡ ᠱᠠᠲᠤᠨ᠎ᠤ ᠲᠣᠮᠢᠯᠠᠭᠰᠠᠨ ᠪᠠᠶ᠋ᠢᠭᠤᠯᠤᠮᠵᠢ᠎ᠨᠤᠭᠤᠳ ᠲᠥᠪ ᠪᠠ ᠣᠷᠣᠨ ᠨᠤᠲᠤᠭ᠎ᠤᠨ  ᠬᠠᠮᠵᠢᠯᠴᠠᠭ᠎ᠠ ᠵᠢ  ᠦᠷᠭᠦᠯᠵᠢᠯᠡᠨ ᠭᠦᠨᠵᠡᠭᠡᠶ᠋ᠢᠷᠡᠭᠦᠯᠵᠦ᠂ 《ᠳᠥᠷᠪᠡᠨ  ᠱᠠᠲᠤ᠎ᠪᠠᠷ  ᠡᠭᠴᠡ ᠬᠠᠮᠢᠶᠠᠷᠬᠤ》  ᠦᠢ᠍ᠯᠡᠳᠦᠯ ᠴᠢᠳᠠᠪᠤᠷᠢ ᠵᠢ  ᠴᠢᠩᠭ᠋ᠠᠷᠠᠭᠤᠯᠤᠨ ᠂  ᠲᠤᠭᠤᠷᠢᠭ  ᠰᠢᠶᠠᠨ᠎ᠤ ᠠᠵᠢᠯ᠎ᠤᠨ ᠲᠣᠭᠲᠠᠴᠠ᠎ᠲᠠᠢ ᠬᠠᠮᠵᠢᠯᠴᠠᠨ ᠠᠵᠤ ᠠᠬᠤᠶ᠋ᠢᠯᠠᠯ᠎ᠤᠨ ᠪᠠᠶ᠋ᠢᠳᠠᠯ᠎ᠢ ᠣᠶ᠋ᠢᠯᠠᠭ᠋ᠠᠬᠤ ᠪᠠ ᠰᠢᠭᠰᠢᠨ ᠰᠣᠩᠭᠤᠬᠤ ᠶᠠᠰᠤ ᠴᠢᠨᠠᠷ᠎ᠢ  ᠳᠡᠭᠡᠭᠰᠢᠯᠡᠭᠦᠯᠵᠦ ᠂ ᠵᠢᠵᠢᠭ ᠪᠢᠴᠢᠯ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠬᠦᠴᠢᠷᠳᠡᠯ ᠪᠠ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠬᠤ ᠬᠡᠷᠡᠭᠲᠡᠶ᠃ ᠭᠠᠳᠠᠭ᠋ᠠᠳᠤ ᠠᠷᠠᠯᠵᠢᠶ᠎ᠠ᠂ ᠠᠷᠠᠳ᠎ᠤᠨ ᠡᠵᠡᠩᠨᠡᠯᠲᠡ ᠂  ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ᠂ ᠬᠡᠷᠡᠭᠯᠡᠭᠡ ᠵᠡᠷᠭᠡ ᠬᠦᠷᠢᠶᠡᠨ᠎ᠳᠠᠬᠢ ᠵᠢᠵᠢᠭ ᠪᠢᠴᠢᠯ ᠠᠵᠤ ᠠᠬᠤᠶ᠋ᠢᠯᠠᠯ ᠲᠡᠶ᠋ᠢᠰᠢ  ᠬᠡᠯᠪᠡᠢ᠌ᠯᠭᠡᠨ ᠵᠣᠯᠭ᠋ᠠᠭᠣᠯᠵᠦ  ᠡᠬᠢ ᠪᠠᠶᠠᠯᠢᠭ᠎ᠢ  ᠬᠠᠪᠰᠤᠷᠤᠨ ᠲᠡᠳᠬᠦᠬᠦ ᠵᠢ  ᠠᠬᠢᠭᠣᠯᠪᠠ ᠃

     ᠪᠠᠩᠬᠢ ᠵᠢᠨ ᠦᠢ᠍ᠯᠡᠰ᠎ᠤᠨ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠎ᠨᠢ ᠠᠷᠠᠳ᠎ᠤᠨ ᠡᠵᠡᠩᠨᠡᠯᠲᠡ  ᠪᠠ ᠵᠢᠵᠢᠭ ᠪᠢᠴᠢᠯ ᠠᠵᠤ ᠠᠬᠤᠶ᠋ᠢᠯᠠᠯ᠎ᠤᠨ ᠢᠲᠡᠭᠡᠮᠵᠢ ᠣᠯᠭᠤᠬᠤ ᠲᠤᠬᠠᠶ᠋ᠢᠯᠠᠭᠰᠠᠨ ᠠᠵᠢᠯ᠎ᠢ ᠲᠥᠪ ᠭᠤᠣᠯᠴᠢ ᠪᠥᠭᠡᠳ  ᠨᠠᠷᠢᠯᠢᠭ  ᠣᠨᠣᠪᠴᠢᠲᠠᠶ ᠥᠷᠨᠢᠭᠦᠯᠬᠦ ᠬᠡᠷᠡᠭᠲᠡᠶ᠃ ᠵᠢᠵᠢᠭ ᠪᠢᠴᠢᠯ ᠭᠠᠳᠠᠭ᠋ᠠᠳᠤ ᠠᠷᠠᠯᠵᠢᠶᠠᠨ᠎ᠤ  ᠠᠵᠤ  ᠠᠬᠤᠶ᠋ᠢᠯᠠᠯ᠎ᠢ ᠬᠦᠴᠦᠯᠡᠨ ᠳᠡᠮᠵᠢᠵᠦ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠠᠷᠠᠯᠵᠢᠶᠠᠨ᠎ᠤ ᠦᠵᠡᠭᠳᠡᠯ ᠵᠢᠴᠢ ᠵᠠᠬᠢᠶᠠᠯᠠᠭ᠎ᠠ ᠵᠢᠨ ᠬᠠᠭᠤᠳᠠᠰᠤ᠂ ᠪᠠᠷᠠᠭ᠋ᠠᠨ᠎ᠤ ᠭᠦᠢ᠍ᠯᠭᠡᠭᠡ ᠵᠡᠷᠭᠡ  ᠲᠣᠭ᠎ᠠ ᠪᠠᠷᠢᠮᠲᠠ ᠵᠢᠨ ᠬᠦᠴᠦᠨ ᠵᠦᠢ᠍ᠯ᠎ᠳᠤ ᠲᠦᠰᠢᠭᠯᠡᠨ ᠂  ᠢᠲᠡᠭᠡᠮᠵᠢ ᠵᠢᠨ  ᠦᠨᠡᠯᠡᠨ  ᠵᠢᠱ᠌ᠢᠯᠲᠡ  ᠪᠠ ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠵᠦ᠂ ᠭᠠᠳᠠᠭ᠋ᠠᠳᠤ  ᠠᠷᠠᠯᠵᠢᠶᠠᠨ᠎ᠤ ᠲᠣᠭᠲᠠᠭᠣᠨ ᠪᠠ ᠨᠡᠮᠡᠭᠳᠡᠯ᠎ᠤᠨ ᠲᠤᠭᠲᠠᠭᠤᠨ᠎ᠢ  ᠠᠬᠢᠭᠣᠯᠪᠠ ᠃ ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠦᠴᠦᠯᠡᠨ ᠪᠣᠶ᠋ᠢᠵᠢᠭᠤᠯᠤᠨ ᠬᠥᠭᠵᠢᠭᠦᠯᠵᠦ᠂  ᠮᠥᠩᠭᠥᠨ ᠭᠦᠢ᠍ᠯᠭᠡᠭᠡᠨ᠎ᠤ ᠪᠦᠲᠦᠭᠡᠭᠳᠡᠬᠦᠨ᠎ᠢ ᠪᠠᠶᠠᠯᠢᠭᠵᠢᠭᠤᠯᠤᠨ ᠲᠡᠭᠦᠯᠳᠡᠷᠵᠢᠭᠦᠯᠵᠦ ᠂  ᠵᠢᠵᠢᠭ ᠪᠢᠴᠢᠯ ᠠᠵᠤ ᠠᠬᠤᠶ᠋ᠢᠯᠠᠯ᠎ᠤᠨ ᠲᠤᠰᠬᠠᠶ ᠨᠠᠷᠢᠯᠢᠭ ᠣᠨᠴᠠ ᠰᠢᠨ᠎ᠡ᠂  ᠰᠢᠨᠵᠢᠯᠡᠬᠦ  ᠤᠬᠠᠭ᠋ᠠᠨ  ᠲᠸᠭᠨᠢᠭ  ᠮᠡᠷᠭᠡᠵᠢᠯ᠎ᠤᠨ ᠰᠢᠨ᠎ᠡ ᠵᠢ ᠡᠭᠦᠳᠦᠨ ᠬᠥᠭᠵᠢᠬᠦ᠎ᠳᠤ ᠣᠯᠠᠨ ᠡᠰᠢᠵᠢᠭᠰᠡᠨ  ᠪᠣᠣᠭᠢᠶ᠎ᠠ  ᠮᠠᠶᠢᠭ᠎ᠤᠨ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠢ  ᠬᠠᠩᠭ᠋ᠠᠪᠠ ᠃ ᠬᠤᠨᠣᠭᠯᠠᠬᠤ ᠭᠠᠵᠠᠷ᠂  ᠢᠳᠡᠭᠡᠨ ᠤᠮᠳᠠᠭ᠋ᠠᠨ᠂ ᠰᠣᠶᠣᠯ ᠵᠢᠭᠤᠯᠴᠢᠯᠠᠯ ᠵᠢᠴᠢ ᠰᠢᠨ᠎ᠡ ᠪᠠᠶ᠋ᠢᠳᠠᠯ ᠰᠢᠨ᠎ᠡ ᠡᠵᠡᠩᠨᠡᠯᠲᠡ ᠵᠢᠨ ᠬᠡᠯᠪᠡᠷᠢ  ᠪᠠᠢ᠌ᠳᠠᠯ᠎ᠤᠨ  ᠬᠡᠷᠡᠭᠯᠡᠭᠡᠨ᠎ᠤ ᠬᠦᠷᠢᠶᠡᠨ᠎ᠳᠠᠬᠢ ᠵᠢᠵᠢᠭ ᠪᠢᠴᠢᠯ ᠠᠵᠤ ᠠᠬᠤᠶ᠋ᠢᠯᠠᠯ᠂  ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠮᠥᠩᠭᠦᠨ ᠭᠦᠢ᠍ᠯᠭᠡᠭᠡᠨ᠎ᠤ  ᠳᠡᠮᠵᠢᠯᠭᠡ ᠵᠢ ᠴᠢᠩᠭ᠋ᠠᠷᠠᠭᠤᠯᠵᠤ ᠂  ᠳᠣᠲᠣᠭ᠋ᠠᠳᠤ  ᠬᠡᠷᠡᠭᠴᠡᠭᠡ ᠵᠢ  ᠥᠷᠭᠡᠳᠬᠡᠨ ᠬᠡᠷᠡᠭᠯᠡᠭᠡ ᠵᠢ  ᠠᠬᠢᠭᠣᠯᠬᠤ᠎ᠳᠤ ᠬᠦᠴᠦᠨ ᠨᠡᠮᠡᠷᠢᠯᠡᠪᠡ ᠃

 

ᠢᠷᠡᠯᠲᠡ᠄ ᠠᠷᠠᠳ᠎ᠤᠨ ᠡᠳᠦᠷ᠎ᠤᠨ ᠰᠣᠨᠢᠨ