ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠦᠨᠡᠮᠯᠡᠯ᠎ᠤᠨ ᠬᠤᠭᠤᠴᠠᠭ᠎ᠠ ᠲᠣᠯᠬᠤ ᠵᠢ ᠰᠠᠨᠠᠭᠣᠯᠬᠤ ᠦᠢ᠍ᠯᠡᠴᠢᠯᠡᠭᠡ᠎ᠨᠢ ᠠᠵᠤ ᠠᠬᠤᠶ᠋ᠢᠯᠠᠯ᠎ᠢ ᠲᠣᠰᠠᠯᠠᠨ ᠰᠠᠨᠠᠭ᠎ᠠ ᠠᠮᠤᠷ ᠡᠵᠡᠩᠨᠡᠭᠦᠯᠪᠡ
2025-05-19

     ᠣᠶ᠋ᠢᠷ᠎ᠠ᠎ᠳᠤ᠂ ᠥᠪᠥᠷ ᠮᠣᠩᠭᠤᠯ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠨᠢ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠦᠨᠡᠮᠯᠡᠯ᠎ᠤᠨ ᠬᠤᠭᠤᠴᠠᠭ᠎ᠠ᠎ᠨᠢ ᠲᠣᠯᠬᠤ᠎ᠳᠤ 《ᠬᠡᠷᠡᠭ᠎ᠤᠨ ᠡᠮᠣᠨ᠎ᠡ ᠣᠬᠤᠷ ᠮᠡᠳᠡᠭᠡ᠎ᠪᠠᠷ ᠰᠠᠨᠠᠭᠤᠯᠬᠤ ᠦᠢ᠍ᠯᠡᠴᠢᠯᠡᠭᠡ》 ᠭᠠᠷᠭ᠋ᠠᠵᠤ᠂ ᠠᠵᠤ ᠠᠬᠤᠶ᠋ᠢᠯᠠᠯ᠎ᠢ ᠲᠣᠰᠠᠯᠠᠨ ᠵᠦᠪᠰᠢᠶᠡᠷᠡᠯ᠎ᠤᠨ ᠦᠨᠡᠮᠯᠡᠯ ᠵᠶ᠋ᠡᠨ ᠴᠠᠭ ᠲᠤᠬᠠᠶ᠎ᠳᠤ᠎ᠨᠢ ᠦᠷᠭᠦᠯᠵᠢᠯᠡᠭᠦᠯᠵᠦ᠂ ᠣᠷᠲᠣᠳᠬᠠᠵᠦ ᠳᠡᠢ᠌ᠯᠣᠭ᠌ᠰᠡᠨ ᠦᠭᠡᠢ᠎ᠠᠴᠠ ᠪᠣᠯᠣᠭᠰᠠᠨ ᠬᠠᠤᠯᠢ ᠴᠠᠭ᠋ᠠᠵᠠ ᠵᠢᠨ ᠲᠦᠭᠰᠢᠭᠦᠷᠢ᠎ᠠᠴᠠ ᠵᠠᠢ᠌ᠯᠠᠭᠣᠯᠪᠠ᠃
     《ᠬᠡᠷᠡᠭ᠎ᠠᠴᠠ ᠡᠮᠣᠨ᠎ᠡ ᠣᠬᠤᠷ ᠮᠡᠳᠡᠭᠡ᠎ᠪᠠᠷ ᠰᠠᠨᠠᠭᠤᠯᠬᠤ ᠦᠢ᠍ᠯᠡᠴᠢᠯᠡᠭᠡ》᠎ᠨᠢ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶᠡᠨ᠎ᠳᠠᠬᠢ ᠬᠠᠮᠢᠶ᠎ᠠ ᠪᠦᠬᠦᠢ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ ᠵᠢ ᠬᠢᠨᠠᠨ ᠡᠵᠡᠮᠳᠡᠵᠦ᠂ ᠬᠠᠮᠢᠶ᠎ᠠ ᠪᠦᠬᠦᠢ ᠵᠥᠪᠰᠢᠶᠡᠷᠡᠯ᠎ᠤᠨ ᠦᠨᠡᠮᠯᠡᠯ᠎ᠤᠨ ᠬᠤᠭᠤᠴᠠᠭ᠎ᠠ᠎ᠨᠢ ᠲᠤᠯᠬᠤ᠎ᠠᠴᠠ ᠡᠮᠦᠨ᠎ᠡ ᠣᠬᠤᠷ ᠮᠡᠳᠡᠭᠡ᠎ᠪᠠᠷ ᠳᠠᠮᠵᠢᠭᠤᠯᠤᠨ ᠰᠠᠨᠠᠭᠤᠯᠬᠤ ᠮᠡᠳᠡᠭᠡ ᠵᠠᠩᠭᠢ ᠶᠠᠪᠤᠭᠤᠯᠵᠤ᠂ ᠠᠵᠤ ᠠᠬᠤᠶ᠋ᠢᠯᠠᠯ᠎ᠤᠨ ᠵᠥᠪᠰᠢᠶᠡᠷᠡᠯ᠎ᠤᠨ ᠦᠨᠡᠮᠯᠡᠯ᠎ᠤᠨ ᠬᠤᠭᠤᠴᠠᠭ᠎ᠠ ᠲᠤᠯᠬᠤ ᠭᠡᠵᠦ ᠪᠠᠶ᠋ᠢᠭ᠎ᠠ ᠪᠠᠶ᠋ᠢᠳᠠᠯ᠎ᠢ ᠴᠠᠭ ᠲᠤᠬᠠᠢ᠎ᠳᠤ᠎ᠨᠢ ᠮᠡᠳᠡᠬᠦ ᠵᠢ ᠦᠨᠡᠨ ᠬᠦ᠌ ᠪᠠᠲᠤᠯᠠᠵᠤ᠂ ᠠᠵᠤ ᠠᠬᠤᠶ᠋ᠢᠯᠠᠯ᠎ᠤᠨ ᠬᠠᠮᠢᠶ᠎ᠠ ᠪᠦᠬᠦᠢ ᠪᠡᠯᠡᠳᠬᠡᠯ ᠠᠵᠢᠯ ᠵᠶ᠋ᠠᠨ ᠤᠷᠢᠳᠴᠢᠯᠠᠨ ᠰᠠᠶ᠋ᠢᠲᠤᠷ ᠬᠢᠬᠦ᠎ᠳᠤ ᠳᠥᠭᠦᠮ ᠦᠵᠡᠭᠦᠯᠦᠨ᠎ᠡ᠃ 《ᠬᠡᠷᠡᠭ᠎ᠤᠨ ᠡᠮᠣᠨ᠎ᠡ ᠣᠬᠤᠷ ᠮᠡᠳᠡᠭᠡ᠎ᠪᠠᠷ ᠰᠠᠨᠠᠭᠣᠯᠬᠣ ᠦᠢ᠍ᠯᠡᠴᠢᠯᠡᠭᠡ》 ᠪᠣᠯ ᠥᠪᠥᠷ ᠮᠣᠩᠭᠤᠯ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠵᠥᠪᠰᠢᠶᠡᠷᠡᠯ᠎ᠢ ᠬᠢᠨᠠᠨ ᠵᠥᠪᠰᠢᠶᠡᠷᠡᠬᠦ ᠦᠢ᠍ᠯᠡᠴᠢᠯᠡᠭᠡ ᠵᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠵᠢᠨ ᠨᠢᠭᠡ ᠪᠠᠶ᠋ᠢᠵᠤ᠂ ᠬᠢᠨᠠᠯᠲᠠ ᠬᠠᠮᠢᠶᠠᠷᠤᠯᠲᠠ ᠵᠢᠨ ᠡᠷᠴᠢᠮ᠎ᠢ ᠢᠯᠡᠷᠡᠭᠦᠯᠦᠭᠰᠡᠨ ᠮᠥᠷᠲᠡᠭᠡᠨ ᠪᠠᠰᠠ ᠦᠢ᠍ᠯᠡᠴᠢᠯᠡᠭᠡᠨ᠎ᠤ ᠬᠠᠯᠠᠭᠤᠨ ᠳᠤᠯᠠᠭ᠋ᠠᠨ᠎ᠢ ᠴᠤ᠌ ᠢᠯᠡᠷᠡᠭᠦᠯᠦᠭᠰᠡᠨ ᠪᠠᠶ᠋ᠢᠨ᠎ᠠ᠃ ᠠᠵᠤ ᠠᠬᠤᠶ᠋ᠢᠯᠠᠯ᠎ᠢ ᠬᠠᠪᠰᠤᠷᠤᠨ ᠬᠠᠤᠯᠢ ᠴᠠᠭ᠋ᠠᠵᠠ ᠵᠢᠨ ᠠᠶᠤᠯ ᠲᠦᠭᠰᠢᠭᠦᠷᠢ ᠵᠢ ᠪᠠᠭᠤᠷᠠᠭᠤᠯᠵᠤ ᠴᠢᠳᠠᠬᠤ᠎ᠪᠠᠷ ᠪᠠᠷᠠᠬᠤ ᠦᠭᠡᠢ᠂ ᠪᠠᠰᠠ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠴᠠᠭ ᠲᠤᠬᠠᠶ᠋ᠢᠴᠢ ᠴᠢᠨᠠᠷ ᠪᠠ ᠪᠦᠲᠦᠮᠵᠢᠲᠦ ᠴᠢᠨᠠᠷ᠎ᠢ ᠳᠡᠭᠡᠭᠰᠢᠯᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ᠎ᠢ ᠰᠢᠯᠢᠳᠡᠭᠵᠢᠭᠦᠯᠬᠦ᠎ᠳᠤ ᠬᠦᠴᠦᠨ ᠨᠡᠮᠡᠷᠢᠯᠡᠪᠡ᠃
     2025 ᠣᠨ᠎ᠤ 4 ᠳ᠋ᠦ᠍ᠭᠡᠷ ᠰᠠᠷ᠎ᠠ ᠵᠢᠨ ᠰᠡᠭᠦᠯᠴᠢ ᠪᠣᠯᠲᠠᠯ᠎ᠠ᠂ ᠥᠪᠥᠷ ᠮᠣᠩᠭᠤᠯ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠶᠡᠷᠦᠩᠬᠡᠶ᠋ᠢᠯᠡᠭᠰᠡᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠨᠢ ᠬᠡᠷᠡᠭ ᠶᠠᠪᠤᠳᠠᠯ᠎ᠤᠨ ᠡᠮᠦᠨ᠎ᠡ 6.8 ᠲᠦᠮᠡᠨ ᠣᠬᠤᠷ ᠮᠡᠳᠡᠭᠡ ᠢᠯᠡᠭᠡᠵᠦ᠂ ᠠᠵᠤ ᠠᠬᠤᠶ᠋ᠢᠯᠠᠯ᠎ᠤᠨ ᠬᠤᠭᠤᠴᠠᠭ᠎ᠠ᠎ᠠᠴᠠ ᠬᠡᠲᠦᠷᠡᠭᠰᠡᠨ ᠵᠥᠪᠰᠢᠶᠡᠷᠡᠯ᠎ᠤᠨ ᠪᠠᠶ᠋ᠢᠳᠠᠯ ᠢᠯᠡᠳᠲᠡ ᠪᠠᠭ᠋ᠠᠰᠪᠠ᠃

ᠢᠷᠡᠯᠲᠡ᠄ ᠲᠡᠮᠳᠡᠭᠯᠡᠨ ᠳᠠᠩᠰᠠᠯᠠᠬᠤ ᠲᠣᠪᠴᠢᠶ᠎ᠠ