ᠤᠢ᠍ᠢ᠍ᠷ᠎ᠠ ᠵᠢᠨ ᠵᠢᠯ᠎ᠠᠴᠠ᠂ ᠡᠷᠢᠶᠡᠨ ᠬᠤᠳᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠤᠪᠴᠢᠶ᠎ᠠ ᠨᠢ 《 ᠨᠠᠷᠢᠯᠢᠭ ᠣᠨᠤᠪᠴᠢᠲᠠᠢ ᠬᠢᠨᠠᠯᠲᠠ ᠬᠠᠮᠢᠶᠠᠷᠤᠯᠲᠠ + ᠨᠠᠷᠢᠨ ᠨᠢᠭᠲᠠ ᠦᠢ᠍ᠯᠡᠴᠢᠯᠡᠭᠡ 》᠎ᠪᠠᠷ ᠬᠤᠣᠰ ᠬᠥᠳᠡᠯᠭᠡᠭᠦᠷ ᠪᠣᠯᠭ᠋ᠠᠵᠤ᠂ ᠠᠵᠤ ᠠᠬᠤᠶ᠋ᠢᠯᠠᠯ᠎ᠳᠤ ᠬᠤᠯᠪᠣᠭᠳᠠᠬᠤ ᠬᠢᠨᠠᠯᠲᠠ ᠬᠠᠮᠢᠶᠠᠷᠤᠯᠲᠠ ᠵᠢ ᠵᠢᠷᠤᠮᠵᠢᠭᠤᠯᠬᠤ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠵᠠᠰᠠᠭ ᠠᠵᠤ ᠠᠬᠤᠶ᠋ᠢᠯᠠᠯ᠎ᠤᠨ ᠨᠡᠪᠲᠡᠷᠡᠯᠴᠡᠬᠦ ᠬᠥᠭᠦᠷᠭᠡ ᠵᠢ ᠪᠠᠶ᠋ᠢᠭᠤᠯᠵᠤ᠂ ᠠᠵᠤ ᠠᠬᠤᠶ᠋ᠢᠯᠠᠯ᠎ᠢ ᠲᠤᠰᠠᠯᠠᠨ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠵᠢ ᠠᠬᠢᠭᠤᠯᠵᠤ᠂ ᠠᠵᠤ ᠠᠬᠤᠶ᠋ᠢᠯᠠᠯ᠎ᠤᠨ ᠬᠦᠷᠲᠡᠮᠵᠢ ᠵᠢᠨ ᠲᠦᠷᠦᠭᠳᠡᠯ᠎ᠢ ᠦᠨᠡᠨ ᠬᠦ᠌ ᠨᠡᠮᠡᠭᠳᠡᠭᠦᠯᠪᠡ᠃
ᠠᠵᠤ ᠠᠬᠤᠶ᠋ᠢᠯᠠᠯ᠎ᠳᠤ ᠬᠤᠯᠪᠤᠭᠳᠠᠭᠰᠠᠨ ᠬᠢᠨᠠᠯᠲᠠ ᠬᠠᠮᠢᠶᠠᠷᠤᠯᠲᠠ ᠵᠢ ᠵᠢᠷᠤᠮᠵᠢᠭᠤᠯᠬᠤ ᠶᠠᠪᠣᠴᠠ᠎ᠳᠤ ᠂ ᠲᠣᠰ ᠲᠣᠪᠴᠢᠶ᠎ᠠ 《ᠬᠤᠶᠠᠷ᠎ᠢ ᠲᠠᠰᠢᠷᠠᠮ ᠳᠠᠭ᠋ᠠᠣ᠂ ᠨᠢᠭᠡ ᠵᠢ ᠢᠯᠡ ᠪᠣᠯᠭ᠋ᠠᠬᠤ》᠎ᠳᠤ ᠲᠦᠰᠢᠭᠯᠡᠬᠦ ᠵᠢᠨ ᠬᠠᠮᠲᠤ ᠠᠵᠤ ᠠᠬᠤᠶ᠋ᠢᠯᠠᠯ᠎ᠤᠨ ᠲᠦᠭᠰᠢᠭᠦᠷᠢ ᠵᠢᠨ ᠵᠡᠷᠭᠡ ᠳᠡᠰ᠎ᠲᠠᠢ ᠤᠶᠠᠯᠳᠤᠭᠤᠯᠤᠨ ᠪᠠᠶ᠋ᠢᠴᠠᠭ᠋ᠠᠬᠤ ᠲᠥᠰᠥᠯ᠎ᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠢᠳᠡᠭᠡᠨ᠎ᠤ ᠦᠢ᠍ᠯᠡᠳᠪᠦᠷᠢᠯᠡᠯ ᠡᠵᠡᠩᠨᠡᠯᠲᠡ ᠵᠡᠷᠭᠡ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠵᠢ ᠥᠷᠨᠢᠭᠦᠯᠵᠦ᠂ ᠬᠢᠨᠠᠯᠲᠠ ᠬᠠᠮᠢᠶᠠᠷᠤᠯᠲᠠ ᠵᠢᠨ ᠦᠢ᠍ᠯᠡᠳᠦᠯ ᠴᠢᠳᠠᠪᠤᠷᠢ ᠪᠤᠯᠤᠨ ᠠᠵᠤ ᠠᠬᠤᠶ᠋ᠢᠯᠠᠯ᠎ᠤᠨ ᠡᠵᠡᠩᠨᠡᠯᠲᠡ ᠵᠢ ᠬᠠᠮᠲᠤᠳᠤᠨᠢ ᠬᠠᠷᠠᠭ᠋ᠠᠯᠵᠠᠪᠠ᠃ ᠡᠭᠦᠨ ᠵᠶ᠋ᠠᠷ ᠪᠠᠷᠠᠬᠤ ᠥᠬᠡᠶ᠂ ᠵᠠᠰᠠᠭ ᠪᠠ ᠠᠵᠤ ᠠᠬᠤᠶ᠋ᠢᠯᠠᠯ᠎ᠤᠨ ᠨᠡᠪᠲᠡᠷᠡᠯᠴᠡᠭᠡ ᠵᠢᠨ 《ᠡᠴᠦᠰ᠎ᠤᠨ ᠨᠢᠭᠡ ᠺᠢᠯᠤᠮᠸᠲᠷ 》᠎ᠢ ᠰᠠᠭ᠋ᠠᠳ ᠥᠬᠡᠶ ᠨᠡᠪᠲᠡᠷᠡᠭᠦᠯᠬᠦ ᠵᠢᠨ ᠲᠥᠯᠥᠭᠡ᠂ 《ᠪᠠᠶ᠋ᠢᠳᠠᠯ᠎ᠢ ᠠᠰᠠᠭᠤᠵᠤ ᠦᠢ᠍ᠯᠡᠴᠢᠯᠡᠬᠦ》 ᠲᠤᠰᠬᠠᠶ ᠠᠵᠢᠯᠯᠠᠭ᠎ᠠ᠎ᠪᠠᠷ ᠳᠠᠮᠵᠢᠭᠤᠯᠤᠨ ᠰᠠᠨᠠᠭ᠋ᠠᠴᠢᠯᠠᠭ᠎ᠠ᠎ᠠᠴᠠ᠎ᠪᠠᠨ ᠵᠢᠵᠢᠭ ᠪᠢᠴᠢᠯ ᠠᠵᠤ ᠠᠬᠤᠶ᠋ᠢᠯᠠᠯ᠎ᠢ ᠲᠤᠭᠤᠷᠢᠨ ᠦᠵᠡᠵᠦ ᠂ ᠨᠢᠭᠤᠷᠲᠠᠨ ᠶᠠᠷᠢᠯᠴᠠᠬᠤ᠂ ᠠᠰᠠᠭᠤᠯᠲᠠ ᠵᠢᠨ ᠬᠠᠭᠤᠳᠠᠰᠤ ᠵᠡᠷᠭᠡ ᠬᠡᠯᠪᠡᠷᠢ᠎ᠪᠠᠷ᠂ ᠮᠡᠳᠡᠯᠭᠡ ᠵᠢᠨ ᠦᠮᠴᠢᠯᠡᠯ᠎ᠤᠨ ᠡᠷᠬᠡ ᠵᠢ ᠬᠠᠮᠠᠭ᠋ᠠᠯᠠᠬᠤ ᠵᠡᠷᠭᠡ ᠬᠦᠰᠡᠯ ᠱᠠᠭ᠋ᠠᠷᠳᠠᠯᠭ᠎ᠠ ᠵᠢ ᠨᠠᠷᠢᠨ ᠤᠨᠤᠪᠴᠢᠲᠠᠢ᠎ᠪᠠᠷ ᠴᠤᠭᠯᠠᠭᠤᠯᠤᠨ ᠳᠠᠩᠰᠠᠯᠠᠵᠦ ᠲᠡᠮᠳᠡᠭᠯᠡᠪᠡ ᠃
ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠠᠵᠢᠯ᠎ᠢ ᠲᠦᠯᠬᠢᠨ ᠠᠬᠢᠭᠣᠯᠬᠣ ᠳᠤᠮᠳᠠ᠂ ᠲᠣᠰ ᠲᠣᠪᠴᠢᠶ᠎ᠠ ᠨᠢ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠵᠢ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢ ᠪᠤᠶ᠋ᠢᠵᠢᠭᠤᠯᠤᠨ ᠪᠤᠵᠠᠭ᠋ᠠᠶ᠋ᠢᠷᠠᠭᠤᠯᠬᠤ ᠵᠢᠨ ᠴᠢᠬᠤᠯᠠ ᠭᠠᠷᠳᠠᠴᠠ ᠪᠣᠯᠭ᠋ᠠᠪᠠ᠃ ᠡᠨᠡ ᠵᠢᠯ᠎ᠠᠴᠠ ᠨᠠᠭ᠋ᠠᠰᠢ ᠂ ᠨᠢᠭᠡᠨᠲᠡ 5 ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠨᠢ ᠠᠮᠵᠢᠯᠲᠠ᠎ᠲᠠᠢ᠎ᠪᠠᠷ ᠠᠵᠤ ᠠᠬᠤᠶ᠋ᠢᠯᠠᠯ ᠪᠣᠯᠵᠣ ᠬᠤᠪᠢᠷᠠᠪᠠ᠂ ᠡᠭᠦᠨ᠎ᠳᠤ 《ᠲᠠᠯ᠎ᠠ ᠨᠤᠲᠤᠭ᠎ᠤᠨ ᠭᠡᠷᠡᠯᠲᠦ ᠰᠤᠪᠤᠳ ᠠᠷᠢᠬᠢᠨ ᠠᠰᠠᠷ》᠎ᠤᠨ ᠬᠤᠪᠢᠷᠠᠯᠲᠠ᠎ᠨᠢ ᠲᠥᠯᠥᠭᠡᠯᠡᠬᠦ ᠴᠢᠨᠠᠷᠲᠠᠶ ᠪᠤᠯᠤᠭᠰᠠᠨ ᠪᠠᠢ᠌ᠨ᠎ᠠ ᠃
《ᠲᠠᠯ᠎ᠠ ᠨᠤᠲᠤᠭ᠎ᠤᠨ ᠭᠡᠷᠡᠯᠲᠦ ᠰᠤᠪᠤᠳ ᠠᠷᠢᠬᠢᠨ ᠠᠰᠠᠷ》᠎ᠨᠢ ᠬᠤᠷᠢ ᠭᠠᠷᠤᠶ ᠵᠢᠯ᠎ᠤᠨ ᠲᠡᠦᠬᠡ᠎ᠲᠠᠢ ᠢᠳᠡᠭᠡᠨ ᠤᠮᠳᠠᠭ᠋ᠠᠨ᠎ᠤ ᠳᠡᠯᠭᠡᠭᠦᠷ ᠪᠣᠯᠤᠭᠰᠠᠨ᠎ᠤ ᠬᠤᠪᠢ᠎ᠳᠤ᠂ ᠪᠡᠶᠡᠴᠢ ᠴᠣᠭᠴᠠ ᠵᠢᠨ ᠳᠠᠩᠰᠠᠯᠠᠯᠲᠠ ᠵᠢᠨ ᠲᠥᠷᠥᠯ ᠬᠡᠯᠪᠡᠷᠢ᠎ᠨᠢ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠪᠤᠯᠬᠤ ᠣᠴᠢᠷ᠎ᠠᠴᠠ ᠂ 《ᠬᠠᠭᠤᠴᠢᠨ ᠨᠠᠷᠠᠲᠤ ᠲᠡᠮᠳᠡᠭᠲᠦ》 ᠢᠳᠡᠭᠡᠨ ᠤᠮᠳᠠᠭ᠋ᠠᠨ᠎ᠢ ᠮᠠᠭ᠋ᠠᠳᠯᠠᠨ ᠲᠣᠭᠲᠠᠭ᠋ᠠᠯᠲᠠ ᠵᠢ ᠭᠤᠶᠤᠴᠢᠯᠠᠬᠤ ᠦᠶ᠎ᠡ᠎ᠳᠤ᠂ ᠵᠣᠬᠢᠶᠠᠨ ᠪᠠᠶ᠋ᠢᠭᠤᠯᠤᠯᠲᠠ ᠵᠢᠨ ᠬᠡᠯᠪᠡᠷᠢ ᠪᠠ ᠬᠢᠷᠢ ᠬᠡᠮ᠎ᠤᠨ ᠨᠥᠬᠦᠴᠡᠯ᠎ᠳᠤ ᠬᠢᠵᠠᠭ᠋ᠠᠷᠯᠠᠭᠳᠠᠵᠤ᠂ ᠣᠯᠠᠨ ᠤᠳᠠᠭ᠎ᠠ ᠬᠢᠷᠢ ᠬᠡᠮ᠎ᠨᠢ ᠨᠡᠢ᠌ᠴᠡᠬᠦ ᠦᠭᠡᠢ᠎ᠠᠴᠠ ᠪᠣᠯᠵᠦ ᠬᠢᠨᠠᠯᠲᠠ ᠲᠣᠭᠲᠠᠭ᠋ᠠᠯᠲᠠ᠎ᠳᠤ ᠬᠢᠷᠢ ᠲᠡᠩᠴᠡᠭᠰᠡᠨ ᠦᠭᠡᠢ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠠᠵᠢᠯᠲᠠᠳ ᠰᠤᠷᠪᠤᠯᠵᠢᠯᠠᠬᠤ ᠶᠠᠪᠤᠴᠠ᠎ᠳᠤ ᠡᠨᠡ ᠬᠦ᠌ ᠪᠠᠶ᠋ᠢᠳᠠᠯ᠎ᠢ ᠣᠶ᠋ᠢᠯᠠᠭ᠋ᠠᠭᠰᠠᠨ᠎ᠤ ᠳᠠᠷᠠᠭ᠎ᠠ᠂ ᠰᠠᠨᠠᠭ᠋ᠠᠴᠢᠯᠠᠭ᠎ᠠ᠎ᠠᠴᠠ᠎ᠪᠠᠨ ᠬᠡᠷ᠎ᠲᠤ᠎ᠨᠢ ᠬᠦᠷᠴᠦ 《ᠬᠤᠪᠢ ᠵᠢᠨ ᠦᠢ᠍ᠯᠡᠳᠪᠦᠷᠢ ᠬᠤᠳᠠᠯᠳᠣᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠬᠢᠵᠦ ᠂ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠬᠡᠯᠪᠡᠷᠢ ᠵᠢᠨ ᠨᠠᠷᠠᠲᠤ ᠲᠡᠮᠳᠡᠭᠲᠦ ᠵᠢ ᠪᠤᠶ᠋ᠢᠵᠢᠭᠤᠯᠬᠤ᠂ ᠪᠠᠯᠠ ᠲᠣᠬᠢᠷᠠᠭᠣᠯᠭᠠ ᠵᠢ ᠳᠡᠮᠵᠢᠬᠦ᠂ ᠵᠢᠷᠤᠮᠵᠢᠭᠤᠯᠤᠨ ᠬᠠᠮᠢᠶᠠᠷᠬᠤ ᠵᠡᠷᠭᠡ ᠲᠠᠯ᠎ᠠ ᠵᠢᠨ ᠳᠠᠪᠠᠭᠤᠯᠢᠭ᠎ᠢ ᠨᠠᠷᠢᠨ ᠲᠣᠳᠣᠷᠬᠠᠶ ᠲᠠᠶ᠋ᠢᠯᠪᠤᠷᠢᠯᠠᠬᠤ ᠵᠢᠨ ᠬᠠᠮᠲᠤ ᠠᠵᠤ ᠠᠬᠤᠶ᠋ᠢᠯᠠᠯ᠎ᠤᠨ ᠳᠡᠩᠰᠡᠯᠡᠨ ᠲᠡᠮᠳᠡᠭᠯᠡᠬᠦ ᠵᠡᠷᠭᠡ ᠭᠠᠷᠳᠠᠮ᠎ᠢ ᠪᠥᠬᠦ ᠶᠠᠪᠤᠴᠠ᠎ᠳᠤ ᠬᠠᠮᠵᠢᠨ ᠭᠦᠢ᠍ᠴᠡᠳᠬᠡᠪᠡ᠃ 2024 ᠣᠨ᠎ᠤ 9 ᠳ᠋ᠦ᠍ᠭᠡᠷ ᠰᠠᠷ᠎ᠠ᠎ᠳᠤ᠂ ᠡᠷᠢᠶᠡᠨ ᠬᠤᠳᠠ ᠵᠢᠨ ᠲᠠᠯ᠎ᠠ ᠨᠤᠲᠤᠭ᠎ᠤᠨ ᠭᠡᠷᠡᠯᠲᠦ ᠰᠤᠪᠤᠳ ᠠᠷᠢᠬᠢᠨ ᠠᠰᠠᠷ᠎ᠤᠨ ᠢᠳᠡᠭᠡᠨ ᠤᠮᠳᠠᠭ᠋ᠠᠨ᠎ᠤ ᠬᠠᠮᠢᠶᠠᠷᠤᠯᠲᠠ ᠵᠢᠨ ᠬᠢᠵᠠᠭ᠋ᠠᠷᠲᠤ ᠺᠣᠮᠫᠠᠨᠢ ᠵᠢᠩᠬᠢᠨᠢ᠎ᠪᠠᠷ ᠫᠠᠶ᠋ᠢᠰᠠ ᠡᠯᠭᠦᠨ ᠪᠠᠶ᠋ᠢᠭᠤᠯᠤᠭᠳᠠᠵᠤ᠂ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠬᠢᠷᠢ ᠬᠡᠮ᠎ᠳᠤ ᠲᠦᠰᠢᠭᠯᠡᠨ 《ᠬᠠᠭᠤᠴᠢᠨ ᠨᠡᠷᠡᠲᠦ ᠲᠡᠮᠳᠡᠭᠲᠦ》 ᠢᠳᠡᠭᠡᠨ ᠤᠮᠳᠠᠭ᠋ᠠᠨ᠎ᠢ ᠮᠠᠭ᠋ᠠᠳᠯᠠᠨ ᠲᠣᠭᠲᠠᠭ᠋ᠠᠯᠲᠠ ᠪᠠ ᠬᠢᠨᠠᠨ ᠬᠠᠷᠭᠤᠭᠤᠯᠤᠯᠲᠠ ᠵᠢ ᠣᠷᠣᠭᠰᠢᠲᠠᠢ ᠥᠩᠭᠡᠷᠡᠵᠦ᠂ ᠡᠨᠡ ᠬᠦ᠌ ᠢᠷᠠᠭᠤ ᠠᠯᠳᠠᠷ᠎ᠤᠨ ᠬᠢᠷᠢ ᠬᠡᠮ᠎ᠢ ᠠᠮᠵᠢᠯᠲᠠ᠎ᠲᠠᠢ ᠬᠦᠷᠲᠡᠪᠡ ᠃
ᠲᠠᠯ᠎ᠠ ᠨᠤᠲᠤᠭ᠎ᠤᠨ ᠭᠡᠷᠡᠯᠲᠦ ᠰᠤᠪᠤᠳ ᠠᠷᠢᠬᠢᠨ ᠠᠰᠠᠷ᠎ᠤᠨ ᠢᠳᠡᠭᠡᠨ ᠤᠮᠳᠠᠭ᠋ᠠᠨ᠎ᠤ ᠬᠠᠮᠢᠶᠠᠷᠤᠯᠲᠠ ᠵᠢᠨ ᠬᠢᠵᠠᠭ᠋ᠠᠷᠲᠤ ᠺᠣᠮᠫᠠᠨᠢ ᠵᠢᠨ ᠳᠠᠭ᠋ᠠᠭ᠋ᠠᠮᠠᠯ ᠸᠠᠩ ᠪᠸᠢ ᠪᠸᠢ᠄ 《ᠬᠡᠯᠪᠡᠷᠢ᠎ᠪᠠᠨ ᠬᠤᠪᠢᠷᠠᠭᠤᠯᠤᠭᠰᠠᠨ᠎ᠤ ᠳᠠᠷᠠᠭ᠎ᠠ᠂ ᠵᠢᠵᠢᠭ ᠪᠢᠴᠢᠯ ᠠᠵᠤ ᠠᠬᠤᠶ᠋ᠢᠯᠠᠯ᠎ᠤᠨ ᠨᠠᠩ ᠣᠯᠠᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠭᠥᠷᠳᠡᠬᠦ᠎ᠪᠠᠷ ᠪᠠᠷᠠᠬᠤ ᠥᠬᠡᠶ᠂ ᠪᠠᠰᠠ ᠺᠣᠮᠫᠠᠨᠢ ᠵᠢᠨ ᠨᠡᠷ᠎ᠡ᠎ᠪᠠᠷ ᠣᠯᠠᠨ ᠡᠰᠢᠲᠦ ᠲᠤᠬᠠᠶ᠋ᠢᠯᠠᠭᠰᠠᠨ ᠠᠵᠢᠯ᠎ᠢ ᠥᠷᠭᠡᠳᠬᠡᠵᠦ ᠪᠣᠯᠤᠨ᠎ᠠ᠃ ᠮᠠᠨ᠎ᠤ ᠳᠡᠯᠭᠡᠭᠦᠷ ᠪᠠᠰᠠ 〈ᠬᠠᠭᠤᠴᠢᠨ ᠨᠡᠷᠡᠲᠦ ᠲᠡᠮᠳᠡᠭᠲᠦ〉 ᠪᠣᠯᠬᠤ᠎ᠪᠠᠷ ᠭᠤᠶᠤᠴᠢᠯᠠᠪᠠ᠂ ᠡᠨᠡ᠎ᠨᠢ ᠪᠢᠳᠡᠨ᠎ᠢ ᠢᠷᠡᠭᠡᠳᠦᠢ᠎ᠳᠤ ᠢᠲᠡᠭᠡᠯ ᠲᠡᠭᠦᠯᠳᠡᠷ ᠪᠣᠯᠭ᠋ᠠᠵᠠᠢ 》 ᠭᠡᠵᠦ ᠬᠡᠯᠡᠪᠡ᠃
ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠪᠦᠷᠢᠳᠬᠡᠨ ᠳᠠᠩᠰᠠᠯᠠᠬᠤ ᠰᠠᠯᠠᠭ᠋ᠠᠨ᠎ᠤ ᠠᠵᠢᠯᠲᠠᠨ ᠢᠯᠡᠷᠬᠡᠶ᠋ᠢᠯᠡᠬᠦ᠎ᠳᠤ᠎ᠪᠠᠨ ᠂ ᠲᠠᠷᠠᠭ᠋ᠠᠴᠢ ᠵᠢᠨ ᠠᠯᠬᠤᠮ᠎ᠳᠤ᠂ ᠠᠵᠤ ᠠᠬᠤᠶ᠋ᠢᠯᠠᠯ᠎ᠤᠨ ᠪᠠᠴᠢᠮ ᠪᠡᠷᠬᠡ ᠵᠣᠪᠠᠨᠢᠯ᠎ᠳᠤ ᠦᠷᠭᠦᠯᠵᠢᠯᠡᠨ ᠠᠩᠬᠠᠷᠤᠯ ᠵᠶ᠋ᠠᠨ ᠲᠥᠪᠯᠡᠷᠡᠭᠦᠯᠵᠦ᠂ ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ ᠠᠵᠢᠯ᠎ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠵᠢᠵᠢᠭ ᠪᠢᠴᠢᠯ ᠠᠵᠤ ᠠᠬᠤᠶ᠋ᠢᠯᠠᠯ᠎ᠤᠨ ᠲᠤᠭ᠎ᠠ ᠬᠡᠮᠵᠢᠶ᠎ᠡ ᠵᠢᠨ ᠨᠡᠮᠡᠭᠳᠡᠯ ᠂ ᠶᠠᠰᠤ ᠴᠢᠨᠠᠷ᠎ᠤᠨ ᠳᠡᠭᠡᠭᠰᠢᠯᠡᠯᠲᠡ ᠵᠢ ᠪᠦᠬᠦᠯᠢ ᠴᠣᠭᠴᠠ᠎ᠪᠠᠷ᠎ᠨᠢ ᠪᠡᠶᠡᠯᠡᠭᠦᠯᠵᠦ᠂ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠨᠠᠩ ᠥᠨᠳᠥᠷ ᠲᠠᠰ ᠳᠠᠪᠬᠤᠷᠭ᠎ᠠ ᠵᠢᠨ ᠬᠥᠭᠵᠢᠯᠲᠡ ᠵᠢ ᠠᠬᠢᠭᠤᠯᠤᠨ᠎ᠠ ᠭᠡᠵᠡᠶ᠃