ᠣᠯᠠᠨ ᠭᠠᠵᠠᠷ᠎ᠤᠨ᠎ᠬᠢᠨ 《ᠪᠣᠳᠠᠲᠠᠶ ᠠᠷᠭ᠎ᠠ》 ᠭᠠᠷᠭ᠋ᠠᠵᠤ ᠠᠷᠠᠳ᠎ᠤᠨ ᠡᠵᠡᠩᠨᠡᠯᠲᠡ ᠵᠢᠨ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢ ᠯᠠᠪᠳᠠᠭᠤᠨ ᠵᠶ᠋ᠠᠷ ᠠᠬᠢᠭᠤᠯᠵᠤ ᠪᠠᠢ᠌ᠨ᠎ᠠ
2025-05-09

     ᠡᠨᠡ ᠵᠢᠯ᠎ᠠᠴᠠ ᠨᠠᠭ᠋ᠠᠰᠢ᠂ ᠠᠷᠠᠳ᠎ᠤᠨ ᠡᠵᠡᠩᠨᠡᠯᠲᠡ ᠵᠢᠨ ᠠᠵᠤ ᠠᠬᠤᠶ ᠵᠢᠨ ᠬᠥᠭᠵᠢᠯᠲᠡ ᠵᠢ ᠠᠬᠢᠭᠤᠯᠬᠤ ᠠᠯᠢ ᠣᠯᠠᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠥᠪᠯᠡᠷᠡᠭᠦᠯᠦᠨ ᠨᠡᠶ᠋ᠢᠲᠡᠯᠡᠵᠦ᠂ ᠪᠣᠳᠠᠲᠠᠶ᠎ᠳᠤ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢ ᠯᠠᠪᠳᠠᠭᠤᠨ ᠵᠶ᠋ᠠᠷ  ᠲᠦᠯᠬᠢᠨ  ᠠᠬᠢᠭᠤᠯᠬᠤ ᠵᠢ ᠠᠬᠢᠭᠤᠯᠪᠠ᠃

     ᠱᠧᠨᠶᠠᠩ᠎ᠳᠤ ᠲᠣᠰᠬᠠᠢ᠌ᠯᠠᠨ ᠠᠷᠠᠳ᠎ᠤᠨ ᠡᠵᠡᠩᠨᠡᠯᠲᠡ ᠵᠢᠨ  ᠠᠵᠤ ᠠᠬᠤᠶ᠋ᠢᠯᠠᠯ᠎ᠳᠤ  ᠵᠤᠷᠢᠭᠣᠯᠵᠦ ᠪᠠᠢ᠌ᠭᠣᠯᠣᠭᠰᠠᠨ 《ᠠᠵᠤ ᠠᠬᠤᠶ᠋ᠢᠯᠠᠯ᠎ᠳᠤ ᠬᠠᠷᠠᠭ᠋ᠠᠯᠵᠠᠯ ᠦᠵᠡᠭᠦᠯᠵᠦ ᠲᠣᠰᠠᠯᠠᠬᠤ 》  ᠦᠢ᠍ᠯᠡᠴᠢᠯᠡᠭᠡᠨ᠎ᠤ ᠲᠠᠪᠴᠠᠩ ᠳᠡᠭᠡᠷ᠎ᠡ᠂ ᠠᠷᠠᠳ᠎ᠤᠨ ᠡᠵᠡᠩᠨᠡᠯᠲᠡ ᠵᠢᠨ  ᠵᠢᠵᠢᠭ ᠪᠢᠴᠢᠯ ᠠᠵᠤ  ᠠᠬᠤᠶ᠋ᠢᠯᠠᠯ᠎ᠤᠨ ᠭᠠᠷ ᠤᠲᠠᠰᠤ᠎ᠪᠠᠷ ᠳᠠᠮᠵᠢᠨ ᠲᠤᠰᠢᠶᠠᠭᠰᠠᠨ ᠬᠠᠮᠤᠭ᠎ᠤᠨ ᠰᠢᠨ᠎ᠡ ᠬᠡᠷᠡᠭᠴᠡᠭᠡ  ᠱᠠᠭ᠋ᠠᠷᠳᠠᠯᠭ᠎ᠠ ᠵᠢ ᠴᠠᠭ ᠲᠤᠬᠠᠶ᠎ᠳᠤ᠎ᠨᠢ  ᠢᠯᠡᠷᠡᠭᠦᠯᠵᠦ ᠪᠠᠶ᠋ᠢᠨ᠎ᠠ᠃

     ᠯᠢᠶᠣᠤᠨᠢᠩ᠎ᠤᠨ ᠲᠢᠶᠠᠨ ᠷᠦᠢ ᠰᠢᠨ᠎ᠡ ᠡᠨᠧᠷᠭᠢ ᠵᠢᠨ ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠶᠡᠷᠦᠩᠬᠡᠶ ᠳᠠᠭ᠋ᠠᠭ᠋ᠠᠮᠠᠯ   ᠰᠦᠨ ᠵᠢᠶᠠᠨ᠄ ᠪᠢᠳᠡ ᠲᠤᠷᠰᠢᠵᠤ ᠦᠵᠡᠬᠦ ᠣᠪᠣᠷ ᠵᠶ᠋ᠠᠷ᠂ 《ᠠᠵᠤ ᠠᠬᠤᠶ᠋ᠢᠯᠠᠯ᠎ᠳᠤ ᠬᠠᠷᠠᠭ᠋ᠠᠯᠵᠠᠯ ᠦᠵᠡᠭᠦᠯᠵᠦ ᠲᠣᠰᠠᠯᠠᠬᠤ 》 ᠦᠢ᠍ᠯᠡᠴᠢᠯᠡᠭᠡᠨ᠎ᠤ ᠲᠠᠪᠴᠠᠩ ᠳᠡᠭᠡᠷ᠎ᠡ ᠪᠢᠳᠡᠨ᠎ᠤ ᠬᠦᠰᠡᠯ ᠱᠠᠭ᠋ᠠᠷᠳᠠᠯᠭ᠎ᠠ᠎ᠪᠠᠨ ᠳᠡᠪᠰᠢᠭᠦᠯᠪᠡ ᠂ ᠭᠡᠪᠡᠴᠦ ᠮᠢᠨᠦ ᠰᠠᠨᠠᠭ᠋ᠠᠨ᠎ᠠᠴᠠ ᠭᠠᠳᠠᠭᠤᠷ ᠠᠰᠠᠭᠤᠳᠠᠯ ᠭᠡᠪᠡᠯ᠂ ᠮᠠᠰᠢ ᠲᠦᠷᠭᠡᠨ ᠵᠶ᠋ᠠᠷ  ᠬᠠᠷᠢᠭᠣ ᠲᠣᠰᠬᠠᠯ ᠣᠯᠪᠠ ᠂ ᠲᠡᠳᠡ ᠨᠠᠮᠠᠶ᠋ᠢ ᠬᠠᠪᠰᠤᠷᠴᠤ ᠳᠤᠮᠳᠠᠳᠤ ᠠᠽᠢᠶ᠎ᠠ᠂ ᠠᠹᠷᠢᠺᠠ ᠲᠢᠪ᠎ᠤᠨ  ᠬᠡᠷᠡᠭᠯᠡᠭᠴᠢᠳ᠎ᠤᠨ ᠡᠬᠢ ᠪᠠᠶᠠᠯᠢᠭ᠎ᠲᠤ  ᠵᠠᠯᠭ᠋ᠠᠵᠤ ᠦᠭᠭᠦᠭᠰᠡᠨ ᠪᠠᠢ᠌ᠨ᠎ᠠ ᠭᠡᠪᠡ ᠃

     ᠣᠳᠣ  ᠱᠧᠨᠶᠠᠩ᠎ᠳᠤ᠂ 7 ᠲᠦᠮᠡ ᠭᠠᠷᠤᠢ ᠠᠷᠠᠳ᠎ᠠᠴᠠ ᠡᠵᠡᠩᠨᠡᠭᠰᠡᠨ  ᠵᠢᠵᠢᠭ ᠪᠢᠴᠢᠯ  ᠠᠵᠤ ᠠᠬᠤᠶ᠋ᠢᠯᠠᠯ ᠪᠣᠯᠤᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠢᠩᠭᠢᠵᠤ  ᠬᠣᠷᠣᠭᠣ᠎ᠪᠠᠷ ᠵᠶ᠋ᠠᠨ ᠬᠦᠩᠭᠡᠬᠡᠨ ᠬᠦᠷᠦᠯᠴᠡᠭᠦᠯᠪᠡᠯ ᠳᠠᠷᠣᠢ 《  ᠨᠠᠭ᠋ᠠᠰᠢ ᠴᠠᠭ᠋ᠠᠰᠢ ᠬᠦᠶᠦᠬᠦ 》  ᠪᠠᠶ᠋ᠢᠭᠰᠠᠨ ᠎ᠠᠴᠠ ᠎ᠪᠠᠨ 《  ᠡᠭᠦᠯᠡᠨ  ᠦᠵᠦᠭᠦᠷ ᠎ᠤᠨ  ᠭᠦᠢ᠍ᠴᠡᠳᠭᠡᠬᠦ》 ᠵᠢ ᠪᠡᠶᠡᠯᠡᠭᠦᠯᠵᠦ  ᠴᠢᠳᠠᠬᠤ ᠪᠣᠯᠣᠭᠰᠠᠨ ᠪᠠᠢ᠌ᠨ᠎ᠠ ᠃

     ᠠᠷᠠᠳ᠎ᠤᠨ ᠡᠵᠡᠩᠨᠡᠯᠲᠡ ᠵᠢᠨ  ᠠᠵᠤ ᠠᠬᠤᠶ᠋ᠢᠯᠠᠯ᠎ᠤᠨ ᠠᠩᠬᠠᠷᠤᠯ  ᠲᠠᠯᠪᠢᠵᠦ ᠪᠠᠢ᠌ᠭ᠎ᠠ ᠠᠰᠠᠭᠣᠳᠠᠯ᠎ᠤᠨ  ᠲᠣᠭᠣᠷᠢᠨ᠎ᠳᠤ ᠂  ᠪᠦᠬᠦ ᠤᠯᠤᠰ᠎ᠤᠨ ᠡᠯ᠎ᠡ ᠭᠠᠵᠠᠷ᠎ᠤᠨ ᠠᠵᠤ ᠠᠬᠤᠶ᠋ᠢᠯᠠᠯ᠎ᠢ ᠲᠣᠰᠠᠯᠠᠬᠤ  ᠠᠯᠬᠤᠴᠠ ᠲᠦᠷᠭᠡᠳᠪᠡ᠃ ᠱᠧᠨᠵᠧᠨ᠎ᠳᠤ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶ᠋ᠢᠵᠢᠭᠰᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠠᠵᠢᠯ᠎ᠤᠨ ᠲᠥᠰᠦᠯ᠎ᠢ ᠲᠥᠪᠯᠡᠷᠡᠭᠦᠯᠦᠨ ᠨᠡᠶ᠋ᠢᠲᠡᠯᠡᠵᠦ᠂ 80 ᠵᠤᠷᠪᠤᠰ ᠭᠤᠤᠯᠳᠠᠯᠭ᠎ᠠ᠎ᠲᠠᠢ ᠡᠭᠦᠷᠭᠡ᠎ᠨᠢ ᠠᠷᠠᠳ᠎ᠤᠨ ᠡᠵᠡᠩᠨᠡᠯᠲᠡ ᠵᠢᠨ  ᠠᠵᠤ ᠠᠬᠤᠶ᠋ᠢᠯᠠᠯ᠎ᠤᠨ ᠨᠠᠩ ᠰᠠᠶ᠋ᠢᠨ ᠬᠥᠭᠵᠢᠯᠲᠡ ᠵᠢ ᠪᠥᠬᠦ ᠬᠦᠴᠦᠨ ᠵᠶ᠋ᠠᠷ ᠵᠶ᠋ᠠᠨ ᠬᠠᠮᠠᠭ᠋ᠠᠯᠠᠪᠠ ᠂  ᠴᠧᠩᠳᠦ᠋ ᠬᠤᠳᠠ᠎ᠳᠤ 《ᠲᠦᠮᠡᠨ ᠠᠵᠤ ᠠᠬᠤᠶ᠋ᠢᠯᠠᠯ᠎ᠳᠤ  ᠣᠷᠣᠭᠣᠯᠬᠣ ᠂ ᠬᠦᠴᠢᠷ ᠠᠰᠠᠭᠤᠳᠠᠯ᠎ᠢ ᠰᠢᠢ᠍ᠳᠪᠦᠷᠢᠯᠡᠬᠦ᠂ ᠣᠷᠴᠢᠨ ᠠᠬᠤᠶ ᠵᠢ ᠰᠢᠯᠢᠳᠡᠭᠵᠢᠭᠦᠯᠬᠦ᠂ ᠬᠥᠭᠵᠢᠯᠲᠡ ᠵᠢ ᠠᠬᠢᠭᠤᠯᠬᠤ》 ᠵᠢ ᠬᠡᠷᠡᠭᠵᠢᠭᠦᠯᠵᠦ᠂ ᠠᠵᠤ ᠠᠬᠤᠶ᠋ᠢᠯᠠᠯ᠎ᠤᠨ 《ᠬᠦᠰᠡᠯ  ᠡᠷᠡᠮᠡᠯᠵᠡᠯ᠎ᠤᠨ ᠨᠠᠷᠢᠨ ᠲᠠᠩᠰᠠ》 ᠵᠢ ᠵᠠᠰᠠᠭ᠎ᠤᠨ ᠣᠷᠳᠣᠨ᠎ᠤ 《ᠦᠢ᠍ᠯᠡᠴᠢᠯᠡᠭᠡᠨ᠎ᠤ ᠨᠠᠷᠢᠨ ᠲᠠᠩᠰᠠ》 ᠪᠣᠯᠭ᠋ᠠᠨ ᠬᠤᠪᠢᠷᠠᠭᠤᠯᠪᠠ ᠂  ᠾᠧᠪᠸᠢ ᠵᠢᠨ ᠰᠢᠨ᠎ᠡ ᠵᠢ ᠡᠭᠦᠳᠴᠦ ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ᠎ᠤᠨ ᠣᠨᠴᠠ ᠲᠣᠮᠢᠯᠠᠭᠰᠠᠨ ᠪᠦᠯᠬᠦᠮ᠎ᠤᠨ ᠲᠦᠷᠢᠮ᠎ᠢ ᠪᠠᠶ᠋ᠢᠭᠤᠯᠵᠤ᠂ 《ᠨᠢᠭᠡ᠎ᠳᠤ ᠨᠢᠭᠡ》᠎ᠪᠠᠷ  ᠠᠷᠠᠳ᠎ᠤᠨ ᠡᠵᠡᠩᠨᠡᠯᠲᠡ ᠵᠢᠨ  ᠠᠵᠤ ᠠᠬᠤᠶ᠋ᠢᠯᠠᠯ᠎ᠢ ᠬᠠᠪᠰᠤᠷᠤᠨ ᠲᠡᠳᠬᠦᠵᠦ᠂ ᠠᠵᠤ ᠠᠬᠤᠶ᠋ᠢᠯᠠᠯ᠎ᠤᠨ ᠵᠠᠩᠭᠢᠯᠠᠭ᠎ᠠ ᠵᠢᠨ ᠭᠤᠣᠯᠯᠠᠬᠤ ᠮᠡᠷᠭᠡᠵᠢᠯ᠎ᠤᠨ ᠬᠦᠴᠢᠷ ᠠᠰᠠᠭᠤᠳᠠᠯ᠎ᠢ ᠰᠢᠢ᠍ᠳᠪᠦᠷᠢᠯᠡᠬᠦ᠎ᠳᠤ ᠬᠦᠴᠦᠨ ᠨᠡᠮᠡᠷᠢᠯᠡᠪᠡ᠃

     ᠾᠧᠪᠧᠢ ᠵᠢᠨ ᠯᠢᠨ  ᠰᠢ  ᠬᠣᠯᠬᠣᠪᠴᠢ ᠵᠢᠨ  ᠠᠵᠤ ᠦᠢ᠍ᠯᠡᠳᠪᠦᠷᠢ ᠵᠢᠨ ᠬᠦᠷᠢᠶᠡᠯᠡᠩ  ᠲᠣᠭᠣᠷᠢᠭ᠎ᠤᠨ ᠨᠠᠮ᠎ᠤᠨ ᠠᠵᠢᠯ᠎ᠤᠨ ᠬᠣᠷᠢᠶ᠎ᠠ ᠵᠢᠨ ᠱᠦᠵᠢ ᠮᠧᠩ  ᠰᠢᠶᠠᠨ  ᠫᠧᠩ᠄ ᠪᠢᠳᠡ  ᠦᠢ᠍ᠯᠡᠴᠢᠯᠡᠭᠡᠨ᠎ᠤ ᠲᠠᠪᠴᠠᠩ᠎ᠢ ᠢᠳᠡᠪᠬᠢᠲᠡᠢ  ᠪᠠᠢ᠌ᠭᠣᠯᠵᠦ ᠂ ᠴᠢᠩᠬᠤᠸᠠ ᠶᠡᠬᠡ ᠰᠤᠷᠭ᠋ᠠᠭᠤᠯᠢ  ᠵᠡᠷᠭᠡ 20 ᠭᠠᠷᠤᠢ  ᠲᠣᠰᠬᠠᠢ  ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠣᠯᠤᠨ ᠠᠵᠤ ᠠᠬᠤᠢ᠍ᠯᠠᠯ᠎ᠤᠨ  ᠬᠠᠮᠲᠤ᠎ᠪᠠᠷ  ᠮᠡᠷᠭᠡᠵᠢᠯ᠎ᠤᠨ ᠬᠣᠯᠪᠣᠭ᠎ᠠ  ᠪᠠᠢ᠌ᠭᠣᠯᠬᠣ ᠵᠢ  ᠠᠬᠢᠭᠣᠯᠪᠠ ᠭᠡᠪᠡ ᠃

     ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠡᠷᠡᠭᠦᠯ ᠵᠶ᠋ᠠᠷ  ᠬᠥᠭᠵᠢᠬᠦ ᠵᠢ  ᠳᠡᠮᠵᠢᠬᠦ ᠵᠢᠨ ᠲᠥᠯᠥᠭᠡ᠂ ᠮᠠᠨ᠎ᠤ ᠤᠯᠤᠰ᠎ᠤᠨ  ᠠᠩᠬᠠᠳᠠᠭᠴᠢ  ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢ ᠠᠬᠢᠭᠤᠯᠬᠤ ᠬᠠᠤᠯᠢ ᠵᠢ  ᠨᠡᠶ᠋ᠢᠲᠡᠯᠡᠵᠦ᠂ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠭᠵᠢᠯᠲᠡ ᠵᠢᠨ ᠣᠷᠴᠢᠨ ᠨᠥᠬᠦᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠤᠯᠤᠰ᠎ᠤᠨ ᠬᠥᠭᠵᠢᠭᠦᠯᠦᠯᠲᠡ  ᠪᠠ  ᠥᠭᠡᠷᠡᠴᠢᠯᠡᠯᠲᠡ ᠵᠢᠨ ᠵᠥᠪᠯᠡᠯ ᠵᠡᠷᠭᠡ ᠰᠠᠯᠠᠭ᠎ᠠ ᠮᠥᠴᠢᠷ᠎ᠤᠨ᠎ᠬᠢᠨ ᠵᠠᠬ᠎ᠠ ᠳᠡᠯᠭᠡᠭᠦᠷ᠎ᠲᠤ ᠣᠷᠣᠬᠤ  ᠵᠦᠪᠰᠢᠶᠡᠷᠡᠯ᠎ᠤᠨ ᠨᠠᠵᠠᠭ᠋ᠠᠢ ᠲᠠᠯ᠎ᠠ ᠵᠢᠨ  ᠰᠢᠨ᠎ᠡ ᠲᠣᠳᠣᠷᠬᠠᠢ  ᠨᠠᠷᠢᠨ ᠲᠠᠩᠰᠠ ᠵᠢ ᠨᠡᠶ᠋ᠢᠲᠡᠯᠡᠵᠦ᠂ ᠬᠤᠷᠢᠭ᠎ᠠ  ᠪᠡᠬᠢᠯᠡᠯᠲᠡ ᠵᠢᠨ ᠬᠢᠵᠠᠭ᠋ᠠᠷᠯᠠᠯ᠎ᠢ  ᠡᠪᠳᠡᠵᠦ᠂ ᠨᠡᠩ ᠤᠯᠠᠨ ᠠᠷᠠᠳ᠎ᠤᠨ ᠬᠦᠷᠦᠩᠭᠡ ᠵᠢᠨ ᠲᠡᠮᠦᠷ ᠵᠠᠮ ᠵᠡᠷᠭᠡ ᠬᠦᠷᠢᠶᠡᠨ ᠎ᠳᠠᠬᠢ  ᠴᠢᠬᠤᠯᠠ ᠶᠡᠭᠡ ᠲᠦᠷᠦᠯ ᠵᠦᠢ᠍ᠯ᠎ᠳᠤ ᠪᠡᠯᠡ ᠣᠷᠣᠭᠤᠯᠬᠤ ᠵᠢ ᠳᠡᠮᠵᠢᠪᠡ ᠂  ᠤᠯᠤᠰ᠎ᠤᠨ ᠡᠨᠧᠷᠭᠢ ᠵᠢᠨ ᠲᠣᠪᠴᠢᠶ᠎ᠠ᠎ᠠᠴᠠ ᠡᠨᠧᠷᠭᠢ ᠵᠢᠨ ᠬᠦᠷᠢᠶᠡᠨ ᠎ᠳᠠᠬᠢ  ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠭᠵᠢᠯᠲᠡ ᠵᠢ ᠠᠬᠢᠭᠤᠯᠬᠤ ᠠᠷᠪᠠᠨ ᠵᠦᠢ᠍ᠯ᠎ᠤᠨ ᠠᠷᠭ᠎ᠠ ᠬᠡᠮᠵᠢᠶ᠎ᠡ ᠵᠢ  ᠨᠡᠶ᠋ᠢᠲᠡᠯᠡᠵᠦ᠂ ᠠᠷᠠᠳ᠎ᠤᠨ ᠡᠵᠡᠩᠨᠡᠯᠲᠡ ᠵᠢᠨ  ᠠᠵᠤ ᠠᠬᠤᠶ᠋ᠢᠯᠠᠯ᠎ᠤᠨ ᠡᠷᠬᠡ ᠲᠡᠭᠰᠢ᠎ᠪᠠᠷ ᠵᠠᠬ᠎ᠠ  ᠳᠡᠯᠭᠡᠭᠦᠷ᠎ᠲᠤ ᠣᠷᠣᠯᠴᠠᠬᠤ ᠵᠢ ᠠᠬᠢᠭᠤᠯᠪᠠ ᠂  ᠳᠤᠮᠳᠠᠳᠤ ᠤᠯᠤᠰ᠎ᠤᠨ ᠠᠷᠠᠳ᠎ᠤᠨ ᠪᠠᠩᠬᠢ ᠎ᠨᠢ ᠮᠥᠩᠭᠦᠨ ᠭᠦᠢ᠍ᠯᠭᠡᠭᠡᠨ ᠵᠶ᠋ᠠᠷ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢ ᠳᠡᠮᠵᠢᠬᠦ 25  ᠵᠣᠷᠪᠣᠰ᠎ᠤᠨ ᠠᠷᠭ᠎ᠠ ᠬᠡᠮᠵᠢᠶ᠎ᠡ ᠵᠢ ᠨᠡᠶ᠋ᠢᠲᠡᠯᠡᠵᠦ᠂ ᠮᠥᠩᠭᠦᠨ ᠭᠦᠢ᠍ᠯᠭᠡᠭᠡᠨ᠎ᠤ ᠡᠬᠢ ᠪᠠᠶᠠᠯᠢᠭ᠎ᠢ  ᠬᠦᠲᠦᠯᠦᠨ ᠵᠢᠯᠣᠭᠣᠳᠴᠤ ᠪᠠᠢ᠌ᠭ᠋ᠠᠳ ᠵᠢᠵᠢᠭ  ᠪᠢᠴᠢᠯ ᠪᠠ ᠠᠷᠠᠳ᠎ᠤᠨ ᠡᠵᠡᠩᠨᠡᠯᠲᠡ ᠵᠢᠨ  ᠠᠵᠤ  ᠠᠬᠤᠶ᠋ᠢᠯᠠᠯ ᠲᠡᠶ᠋ᠢᠰᠢ ᠨᠡᠩ  ᠣᠯᠠᠨ ᠪᠣᠯᠭ᠋ᠠᠪᠠ ᠃ ᠲᠦᠷᠦᠭᠦᠦ 3 ᠰᠠᠷ᠎ᠠ᠎ᠳᠤ᠂ ᠠᠷᠠᠳ᠎ᠤᠨ ᠡᠵᠡᠩᠨᠡᠯᠲᠡ ᠵᠢᠨ  ᠠᠵᠤ ᠠᠬᠤᠶ᠋ᠢᠯᠠᠯ᠎ᠤᠨ ᠵᠢᠭᠡᠯᠡᠯᠭᠡ 2.4 ᠲᠦᠮᠡᠨ ᠳ᠋ᠦᠩᠰᠢᠭᠤᠷ ᠲᠥᠭᠦᠷᠢᠭ  ᠨᠡᠮᠡᠭᠳᠡᠵᠦ᠂ ᠢᠲᠡᠭᠡᠮᠵᠢ ᠣᠯᠭᠤᠭᠰᠠᠨ ᠡᠷᠦᠬᠡ ᠵᠢᠨ ᠲᠤᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 7%᠎ᠪᠠᠷ  ᠨᠡᠮᠡᠭᠳᠡᠪᠡ᠃

     ᠠᠯᠢ ᠣᠯᠠᠨ ᠡᠳ᠋᠎ᠤᠨ ᠵᠠᠰᠠᠭ᠂ ᠮᠥᠩᠭᠦᠨ ᠭᠦᠢ᠍ᠯᠭᠡᠭᠡ᠂ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ ᠬᠠᠮᠵᠢᠯᠴᠠᠨ ᠬᠦᠴᠦᠯᠡᠵᠦ᠂ ᠠᠷᠠᠳ᠎ᠤᠨ ᠡᠵᠡᠩᠨᠡᠯᠲᠡ ᠵᠢᠨ  ᠠᠵᠤ ᠠᠬᠤᠶ᠋ᠢᠯᠠᠯ᠎ᠤᠨ ᠬᠥᠭᠵᠢᠯᠲᠡ ᠵᠢᠨ  ᠦᠨᠡᠨ ᠪᠣᠳᠠᠲᠠᠢ ᠢᠲᠡᠭᠡᠯ ᠵᠣᠷᠢᠭ  ᠪᠤᠯᠵᠦ ᠬᠤᠪᠢᠷᠠᠪᠠ ᠃ ᠲᠤᠭ᠎ᠠ ᠪᠠᠷᠢᠮᠲᠠ᠎ᠳᠤ ᠢᠯᠡᠷᠡᠭᠦᠯᠦᠭᠰᠡᠨ ᠵᠶ᠋ᠠᠷ᠂ ᠨᠢᠭᠡᠳᠦᠭᠡᠷ ᠤᠯᠠᠷᠢᠯ᠎ᠤᠨ ᠳᠤᠮᠳᠠ ᠵᠢᠵᠢᠭ ᠠᠵᠤ ᠠᠬᠤᠶ᠋ᠢᠯᠠᠯ᠎ᠤᠨ ᠬᠥᠭᠵᠢᠯᠲᠡ ᠵᠢᠨ ᠵᠢᠭ᠋ᠠᠯᠲᠠ ᠲᠤᠭ᠎ᠠ ᠎ᠨᠢ 89.5 ᠪᠠᠶ᠋ᠢᠵᠤ᠂ ᠠᠵᠤ ᠠᠬᠤᠶ᠋ᠢᠯᠠᠯ᠎ᠤᠨ ᠠᠵᠢᠯ ᠡᠬᠢᠯᠡᠭᠦᠯᠦᠭᠰᠡᠨ ᠨᠣᠷᠮ᠎ᠠ᠂ ᠵᠠᠬᠢᠶᠠᠯᠠᠭ᠎ᠠ ᠵᠢᠨ ᠬᠠᠭᠤᠳᠠᠰᠤ᠂ ᠪᠣᠷᠣᠯᠠᠭᠤᠯᠭ᠎ᠠ ᠵᠡᠷᠭᠡ ᠭᠦᠢ᠍ᠴᠡᠳᠬᠡᠯ ᠲᠤᠭ᠎ᠠ ᠲᠣᠭᠲᠠᠭᠤᠨ ᠵᠶ᠋ᠠᠷ ᠰᠠᠶ᠋ᠢᠵᠢᠷᠠᠪᠠ᠃ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠠᠮᠢᠵᠢᠷᠠᠯ᠎ᠤᠨ ᠬᠦᠴᠦᠨ ᠦᠷᠭᠦᠯᠵᠢᠯᠡᠨ ᠴᠢᠩᠭ᠋ᠠᠷᠠᠭᠰᠠᠨ ᠪᠥᠭᠡᠳ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ᠎ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃

 

ᠢᠷᠡᠯᠲᠡ᠄ ᠲᠥᠪ ᠲᠧᠯᠸᠢᠰ᠎ᠤᠨ ᠰᠣᠨᠢᠨ ᠮᠡᠳᠡᠭᠡᠨ᠎ᠤ ᠬᠡᠷᠡᠭᠯᠡᠭᠴᠢ ᠵᠢᠨ ᠦᠵᠦᠭᠦᠷ