ᠥᠪᠥᠷ ᠮᠣᠩᠭᠣᠯ᠎ᠤᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ 《ᠬᠦᠴᠦᠨ ᠦᠭᠡᠢ ᠪᠣᠯᠭ᠋ᠠᠬᠤ ᠲᠦᠷᠭᠡᠨ ᠲᠡᠷᠭᠡ》 ᠨᠡᠪᠲᠡᠷᠡᠪᠡ!
2025-06-26

     6 ᠳ᠋ᠤᠭ᠋ᠠᠷ ᠰᠠᠷ᠎ᠠ ᠵᠢᠨ 19᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ 《ᠬᠦᠴᠦᠨ ᠥᠬᠡᠶ ᠪᠣᠯᠭ᠋ᠠᠬᠤ ᠲᠦᠷᠭᠡᠨ ᠲᠡᠷᠭᠡ》 ᠵᠢ ᠨᠡᠪᠲᠡᠷᠡᠭᠦᠯᠵᠦ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠪᠥᠭᠡᠮ ᠵᠶ᠋ᠠᠷ ᠬᠦᠴᠦᠨ ᠥᠬᠡᠶ ᠪᠣᠯᠭ᠋ᠠᠬᠤ ᠲᠥᠬᠦᠮ ᠦᠵᠡᠭᠦᠯᠬᠦ ᠥᠭᠡᠷᠡᠴᠢᠯᠡᠯᠲᠡ ᠵᠢ ᠪᠥᠬᠦ ᠲᠠᠯ᠎ᠠ᠎ᠪᠠᠷ ᠬᠡᠷᠡᠭᠵᠢᠭᠦᠯᠪᠡ᠃ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ 《ᠬᠦᠴᠦᠨ ᠥᠬᠡᠶ ᠪᠣᠯᠭ᠋ᠠᠬᠤ ᠲᠦᠷᠭᠡᠨ ᠲᠡᠷᠭᠡ》 ᠵᠢ 《ᠨᠢᠭᠡ ᠤᠳᠠᠭ᠎ᠠ᠎ᠳᠤ  ᠨᠡᠪᠲᠡᠷᠡᠬᠦ᠂ ᠨᠢᠭᠡ ᠤᠳᠠᠭ᠎ᠠ᠎ᠳᠤ ᠪᠠᠶ᠋ᠢᠴᠠᠭ᠋ᠠᠨ ᠯᠠᠪᠯᠠᠬᠤ᠂ ᠨᠢᠭᠡ ᠤᠳᠠᠭ᠎ᠠ᠎ᠳᠤ ᠭᠤᠶᠤᠴᠢᠯᠠᠬᠤ᠂ ᠨᠢᠭᠡ ᠤᠳᠠᠭ᠎ᠠ᠎ᠳᠤ ᠭᠡᠷᠡᠴᠢᠯᠡᠬᠦ᠂ ᠨᠢᠭᠡ ᠡᠳᠦᠷ᠎ᠲᠤ ᠭᠦᠢ᠍ᠴᠡᠳᠭᠡᠬᠦ》 ᠵᠡᠷᠭᠡ 《ᠲᠠᠪᠤᠨ ᠨᠢᠭᠡ》 ᠵᠢᠨ ᠵᠠᠭᠪᠤᠷ ᠵᠶ᠋ᠠᠷ ᠳᠠᠮᠵᠢᠭᠤᠯᠤᠨ᠂ ᠡᠵᠡᠩᠨᠡᠭᠴᠢᠳ᠎ᠤᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠪᠥᠭᠡᠮ ᠵᠶ᠋ᠠᠷ ᠬᠦᠴᠦᠨ ᠥᠬᠡᠶ ᠪᠣᠯᠭ᠋ᠠᠬᠤ ᠲᠤᠬᠠᠶ᠋ᠢᠯᠠᠭᠰᠠᠨ ᠠᠵᠢᠯ᠎ᠢ ᠭᠦᠢ᠍ᠴᠡᠳᠭᠡᠬᠦ᠎ᠳᠤ ᠲᠥᠬᠦᠮ ᠦᠵᠡᠭᠦᠯᠦᠨ᠎ᠡ᠃ ᠡᠵᠡᠩᠨᠡᠭᠴᠢ ᠵᠥᠪᠬᠡᠨ ᠲᠤᠬᠠᠶ᠋ᠢᠯᠠᠭᠰᠠᠨ ᠠᠵᠢᠯ᠎ᠤᠨ ᠰᠢᠰᠲ᠋ᠧᠮ᠎ᠳᠤ ᠨᠡᠪᠲᠡᠷᠡᠪᠡᠯ᠂ ᠲᠣᠰ ᠬᠥᠮᠦᠨ᠎ᠤ ᠨᠡᠷ᠎ᠡ ᠳᠣᠤᠷᠠᠬᠢ ᠦᠷᠭᠦᠯᠵᠢᠯᠡᠨ ᠬᠠᠳᠠᠭ᠋ᠠᠯᠠᠬᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠨᠡᠷᠡᠰ᠎ᠢ ᠰᠢᠭᠤᠳ ᠪᠠᠶ᠋ᠢᠴᠠᠭ᠋ᠠᠨ ᠯᠠᠪᠯᠠᠬᠤ ᠵᠢᠨ ᠬᠠᠮᠲᠤ ᠬᠦᠴᠦᠨ ᠥᠬᠡᠶ ᠪᠣᠯᠭ᠋ᠠᠬᠤ᠎ᠪᠠᠷ ᠭᠤᠶᠤᠴᠢᠯᠠᠬᠤ ᠴᠢᠬᠤᠯᠠᠲᠠᠶ ᠣᠯᠠᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠪᠡᠶ᠎ᠡ᠎ᠪᠠᠨ ᠳᠠᠭ᠋ᠠᠭ᠋ᠠᠵᠤ ᠰᠣᠩᠭᠤᠵᠤ᠂ ᠨᠢᠭᠡ ᠯᠡ ᠤᠳᠠᠭ᠎ᠠ᠎ᠳᠤ ᠦᠨᠡᠨ ᠨᠡᠷ᠎ᠡ᠎ᠪᠠᠷ ᠭᠡᠷᠡᠴᠢᠯᠡᠬᠦ᠎ᠪᠠᠷ ᠳᠠᠮᠵᠢᠭᠤᠯᠤᠨ᠂ ᠨᠢᠭᠡ ᠠᠵᠢᠯ᠎ᠤᠨ ᠡᠳᠦᠷ᠎ᠲᠤ ᠳᠠᠷᠤᠶ ᠣᠯᠠᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠳᠡᠩᠰᠡᠯᠡᠯᠲᠡ ᠵᠢ ᠬᠦᠴᠦᠨ ᠥᠬᠡᠶ ᠪᠣᠯᠭ᠋ᠠᠵᠤ ᠪᠣᠯᠤᠨ᠎ᠠ᠃
     ᠥᠭᠡᠷᠡᠴᠢᠯᠡᠯᠲᠡ ᠬᠢᠬᠦ᠎ᠠᠴᠠ ᠡᠮᠦᠨ᠎ᠡ᠂ ᠡᠵᠡᠩᠨᠡᠭᠴᠢ ᠲᠣᠰ ᠬᠥᠮᠦᠨ᠎ᠤ ᠨᠡᠷ᠎ᠡ᠎ᠪᠠᠷ ᠣᠯᠠᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠪᠠᠨ ᠬᠦᠴᠦᠨ ᠥᠬᠡᠶ ᠪᠣᠯᠭ᠋ᠠᠬᠤ᠎ᠪᠠᠷ ᠭᠤᠶᠤᠴᠢᠯᠠᠬᠤ᠎ᠳᠤ᠂ ᠣᠯᠠᠨ ᠳᠠᠩᠰᠠᠯᠠᠬᠤ ᠪᠠᠶ᠋ᠢᠭᠤᠯᠭ᠎ᠠ᠎ᠳᠤ ᠬᠦᠴᠦᠨ ᠥᠬᠡᠶ ᠪᠣᠯᠭ᠋ᠠᠬᠤ ᠭᠤᠶᠤᠴᠢᠯᠠᠯ ᠭᠠᠷᠭ᠋ᠠᠵᠤ᠂ ᠬᠦᠴᠦᠨ ᠥᠬᠡᠶ ᠪᠣᠯᠭ᠋ᠠᠬᠤ ᠭᠤᠶᠤᠴᠢᠯᠠᠯ᠎ᠤᠨ ᠪᠢᠴᠢᠭ᠂ ᠡᠵᠡᠩᠨᠡᠯᠲᠡ ᠵᠢᠨ ᠦᠨᠡᠮᠯᠡᠯ᠂ ᠭᠠᠶ᠋ᠢᠯᠢ ᠲᠤᠰᠢᠶᠠᠭᠰᠠᠨ ᠭᠡᠷᠡᠴᠢ ᠵᠡᠷᠭᠡ ᠮᠠᠲ᠋ᠧᠷᠢᠶᠠᠯ᠎ᠢ ᠲᠣᠰ ᠲᠣᠰ ᠲᠠᠭᠯᠠᠵᠤ᠂ ᠣᠯᠠᠨ ᠤᠳᠠᠭ᠎ᠠ ᠲᠠᠭᠯᠠᠨ ᠮᠡᠳᠡᠭᠦᠯᠬᠦ᠂ ᠣᠯᠠᠨ ᠲᠠᠯ᠎ᠠ᠎ᠠᠴᠠ ᠭᠦᠶᠦᠬᠦ᠂ ᠴᠠᠭ ᠵᠠᠷᠤᠴᠠᠭᠤᠯᠤᠨ ᠬᠦᠴᠦ ᠵᠠᠷᠤᠴᠠᠭᠤᠯᠬᠤ ᠵᠡᠷᠭᠡ ᠠᠰᠠᠭᠤᠳᠠᠯ ᠣᠷᠣᠰᠢᠵᠤ ᠪᠠᠶ᠋ᠢᠪᠠ᠃ ᠥᠭᠡᠷᠡᠴᠢᠯᠡᠯᠲᠡ ᠬᠢᠭᠰᠡᠨ᠎ᠤ ᠳᠠᠷᠠᠭ᠎ᠠ᠂ ᠡᠵᠡᠩᠨᠡᠭᠴᠢ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠳᠤ ᠨᠡᠪᠲᠡᠷᠡᠵᠦ 《ᠬᠦᠴᠦᠨ ᠥᠬᠡᠶ ᠪᠣᠯᠭ᠋ᠠᠬᠤ ᠲᠦᠷᠭᠡᠨ ᠲᠡᠷᠭᠡ》᠎ᠪᠠᠷ ᠲᠣᠰ ᠬᠥᠮᠦᠨ᠎ᠤ ᠨᠡᠷ᠎ᠡ ᠳᠣᠤᠷᠠᠬᠢ ᠣᠯᠠᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠬᠦᠴᠦᠨ ᠥᠬᠡᠶ ᠪᠣᠯᠭ᠋ᠠᠬᠤ᠎ᠪᠠᠷ ᠭᠤᠶᠤᠴᠢᠯᠠᠪᠠᠯ᠂ ᠬᠦᠴᠦᠨ ᠦᠭᠡᠢ ᠪᠣᠯᠭ᠋ᠠᠬᠤ ᠭᠤᠶᠤᠴᠢᠯᠠᠯ᠎ᠳᠤ《ᠵᠢᠷᠭᠤᠭ᠋ᠠᠨ ᠴᠢᠬᠤᠯᠠ ᠥᠬᠡᠶ》 ᠵᠢ ᠪᠡᠶᠡᠯᠡᠭᠦᠯᠵᠦ ᠪᠣᠯᠤᠨ᠎ᠠ᠃ ᠲᠤᠬᠠᠶ᠋ᠢᠯᠠᠪᠠᠯ ᠬᠦᠰᠦᠨᠦᠭᠲᠦ ᠵᠢᠨ ᠬᠠᠭᠤᠳᠠᠰᠤ ᠲᠠᠭᠯᠠᠨ ᠪᠢᠴᠢᠬᠦ ᠴᠢᠬᠤᠯᠠ ᠦᠭᠡᠢ᠂ ᠮᠠᠲ᠋ᠧᠷᠢᠶᠠᠯ ᠲ᠋ᠡᠭᠡᠭᠰᠢ ᠳᠠᠮᠵᠢᠭᠤᠯᠬᠤ ᠴᠢᠬᠤᠯᠠ ᠦᠭᠡᠢ᠂ ᠨᠠᠶ᠋ᠢᠳᠠᠵᠤ ᠣᠷᠣᠯᠠᠨ ᠭᠦᠢ᠍ᠴᠡᠳᠬᠡᠯᠭᠡᠬᠦ ᠴᠢᠬᠤᠯᠠ ᠦᠭᠡᠢ᠂ ᠡᠷᠦᠬᠡ ᠳᠠᠷᠠᠭ᠋ᠠᠯᠠᠨ ᠭᠤᠶᠤᠴᠢᠯᠠᠬᠤ ᠴᠢᠬᠤᠯᠠ ᠦᠭᠡᠢ᠂ ᠳᠠᠪᠬᠤᠷᠳᠠᠭᠤᠯᠤᠨ ᠭᠡᠷᠡᠴᠢᠯᠡᠬᠦ ᠴᠢᠬᠤᠯᠠ ᠦᠭᠡᠢ᠂ ᠬᠢᠨᠠᠨ ᠵᠥᠪᠰᠢᠶᠡᠷᠡᠵᠦ ᠤᠷᠢᠳᠴᠢᠯᠠᠨ ᠬᠢᠨᠠᠬᠤ ᠴᠢᠬᠤᠯᠠ ᠦᠭᠡᠢ ᠪᠠᠢ᠌ᠵᠤ᠂ ᠵᠥᠪᠬᠡᠨ ᠴᠡᠭ ᠰᠣᠩᠭᠤᠵᠤ ᠨᠤᠲᠠᠯᠠᠨ ᠲᠣᠭᠲᠠᠭ᠋ᠠᠬᠤ ᠠᠵᠢᠯᠯᠠᠭ᠎ᠠ᠎ᠪᠠᠷ ᠳᠠᠮᠵᠢᠭᠤᠯᠤᠨ ᠪᠥᠭᠡᠮ ᠵᠶ᠋ᠠᠷ ᠬᠦᠴᠦᠨ ᠦᠭᠡᠢ ᠪᠣᠯᠭ᠋ᠠᠬᠤ ᠲᠤᠬᠠᠶ᠋ᠢᠯᠠᠭᠰᠠᠨ ᠠᠵᠢᠯ᠎ᠢ ᠨᠢᠭᠡ ᠯᠡ ᠤᠳᠠᠭ᠎ᠠ᠎ᠳᠤ ᠪᠡᠶᠡᠯᠡᠭᠦᠯᠵᠦ ᠴᠢᠳᠠᠨ᠎ᠠ᠃
     @ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ 《ᠬᠦᠴᠦᠨ ᠦᠭᠡᠢ ᠪᠣᠯᠭ᠋ᠠᠬᠤ ᠲᠦᠷᠭᠡᠨ ᠲᠡᠷᠭᠡ》 ᠵᠢᠨ ᠠᠵᠢᠯ ᠶᠠᠪᠤᠳᠠᠯ ᠭᠦᠢ᠍ᠴᠡᠳᠬᠡᠬᠦ ᠵᠦᠭᠯᠡᠭᠦᠷ  ᠢᠷᠡᠯ᠎ᠡ!

 

ᠢᠷᠡᠯᠲᠡ᠄ ᠪᠦᠷᠢᠳᠬᠡᠨ ᠳᠠᠩᠰᠠᠯᠠᠬᠤ ᠲᠣᠪᠴᠢᠶ᠎ᠠ