ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ᠄ ᠲᠦᠷᠦᠭᠦᠦ 5 ᠰᠠᠷ᠎ᠠ᠎ᠳᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠦᠢ᠍ᠯᠡᠳᠬᠦ ᠦᠢ᠍ᠯᠡᠰ᠎ᠤᠨ ᠬᠥᠭᠵᠢᠯᠲᠡ ᠵᠢᠨ ᠭᠠᠶ᠋ᠢᠯᠢ ᠬᠥᠩᠭᠡᠯᠡᠵᠦ ᠰᠦᠢ᠍ᠳᠭᠡᠯ ᠪᠠᠭᠤᠷᠠᠭᠤᠯᠬᠤ ᠵᠢᠴᠢ ᠪᠤᠴᠠᠭ᠋ᠠᠭᠰᠠᠨ ᠭᠠᠶ᠋ᠢᠯᠢ᠎ᠨᠢ 6300 ᠳ᠋ᠦᠩᠰᠢᠭᠤᠷ ᠲᠥᠭᠦᠷᠢᠭ᠎ᠢ ᠳᠠᠪᠠᠪᠠ
2025-07-08

ᠰᠤᠷᠪᠤᠯᠵᠢᠯᠠᠭᠴᠢ 4᠎ᠤ ᠡᠳᠦᠷ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶᠠᠨ᠎ᠠᠴᠠ ᠣᠢ᠌ᠯᠠᠭ᠋ᠠᠵᠤ ᠮᠡᠳᠡᠭᠰᠡᠨ᠎ᠨᠢ᠂ ᠡᠨᠡ ᠵᠢᠯ᠎ᠤᠨ ᠲᠦᠷᠦᠭᠦᠦ 5 ᠰᠠᠷ᠎ᠠ᠎ᠳᠤ᠂ ᠣᠳᠣ ᠵᠢᠨ ᠬᠡᠷᠡᠭᠵᠢᠭᠦᠯᠵᠦ ᠪᠠᠢ᠌ᠭ᠎ᠠ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠦᠢ᠍ᠯᠡᠳᠬᠦ ᠦᠢ᠍ᠯᠡᠰ᠎ᠤᠨ ᠬᠥᠭᠵᠢᠯᠲᠡ ᠵᠢ ᠳᠡᠮᠵᠢᠬᠦ ᠭᠣᠣᠯ ᠲᠥᠷᠥ ᠵᠢᠨ ᠪᠣᠳᠣᠯᠭ᠎ᠠ ᠵᠢᠨ ᠭᠠᠢ᠌ᠯᠢ ᠬᠥᠩᠭᠡᠯᠡᠵᠦ ᠰᠦᠢ᠍ᠳᠭᠡᠯ ᠪᠠᠭᠤᠷᠠᠭᠤᠯᠬᠤ ᠵᠢᠴᠢ ᠪᠤᠴᠠᠭ᠋ᠠᠭᠰᠠᠨ ᠭᠠᠢ᠌ᠯᠢ᠎ᠨᠢ 6361 ᠳ᠋ᠦᠩᠰᠢᠭᠤᠷ ᠲᠥᠭᠥᠷᠢᠭ᠎ᠲᠤ ᠬᠦᠷᠴᠡᠢ᠃

ᠡᠭᠦᠨ᠎ᠳᠤ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ᠎ᠢ 15% ᠵᠢᠨ ᠭᠠᠶ᠋ᠢᠯᠢ ᠵᠢᠨ ᠨᠣᠷᠮ᠎ᠠ᠎ᠪᠠᠷ ᠬᠠᠰᠤᠵᠤ ᠲᠠᠲᠠᠪᠤᠷᠢᠯᠠᠬᠤ ᠵᠡᠷᠭᠡ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ ᠪᠠ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠢ ᠳᠡᠮᠵᠢᠨ ᠬᠥᠭᠵᠢᠭᠦᠯᠦᠭᠰᠡᠨ ᠲᠥᠷᠥ ᠵᠢᠨ ᠪᠣᠳᠣᠯᠭ᠎ᠠ ᠵᠢᠨ ᠭᠠᠶ᠋ᠢᠯᠢ ᠵᠢ 1407 ᠳ᠋ᠦᠩᠰᠢᠭᠤᠷ ᠲᠥᠭᠦᠷᠢᠭ ᠪᠠᠭ᠋ᠠᠰᠬᠠᠪᠠ; ᠲᠡᠷᠢᠭᠦᠨ᠎ᠤ ᠦᠢ᠍ᠯᠡᠳᠬᠦ ᠦᠢ᠍ᠯᠡᠰ᠎ᠤᠨ ᠠᠵᠤ ᠠᠬᠤᠶ᠋ᠢᠯᠠᠯ᠎ᠤᠨ ᠥᠷᠲᠡᠭ ᠨᠡᠮᠡᠭᠳᠡᠯ᠎ᠤᠨ ᠭᠠᠶ᠋ᠢᠯᠢ ᠵᠢ ᠨᠡᠮᠡᠨ ᠪᠣᠳᠣᠬᠣ ᠲᠤᠯᠭ᠋ᠠᠨ ᠬᠠᠰᠤᠬᠤ ᠵᠡᠷᠭᠡ ᠦᠢ᠍ᠯᠡᠳᠬᠦ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠳᠡᠮᠵᠢᠬᠦ ᠲᠥᠷᠥ ᠵᠢᠨ ᠪᠣᠳᠣᠯᠭ᠎ᠠ ᠵᠢᠨ ᠭᠠᠶ᠋ᠢᠯᠢ ᠬᠥᠩᠭᠡᠯᠡᠵᠦ ᠰᠦᠢ᠍ᠳᠬᠡᠯ ᠪᠠᠭᠤᠷᠠᠭᠤᠯᠬᠤ ᠵᠢᠴᠢ ᠪᠤᠴᠠᠭ᠋ᠠᠭᠰᠠᠨ ᠭᠠᠢ᠌ᠯᠢ᠎ᠨᠢ 4158 ᠳ᠋ᠦᠩᠰᠢᠭᠤᠷ ᠲᠥᠭᠦᠷᠢᠭ ᠪᠣᠯᠣᠨ᠎ᠠ᠃

ᠡᠨᠡ ᠵᠢᠯ᠎ᠠᠴᠠ ᠨᠠᠭ᠋ᠠᠰᠢ᠂ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠪᠦᠲᠦᠴᠡ ᠵᠢᠨ ᠴᠢᠨᠠᠷᠲᠠᠶ᠎ᠪᠠᠷ ᠭᠠᠶ᠋ᠢᠯᠢ ᠬᠥᠩᠭᠡᠯᠡᠵᠦ ᠰᠦᠢ᠍ᠳᠬᠡᠯ ᠪᠠᠭᠤᠷᠠᠭᠤᠯᠬᠤ ᠲᠥᠷᠥ ᠵᠢᠨ ᠪᠣᠳᠣᠯᠭ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠵᠤ᠂ ᠲᠥᠷᠥ ᠵᠢᠨ ᠪᠣᠳᠣᠯᠭ᠎ᠠ ᠵᠢᠨ ᠠᠰᠢᠭ ᠲᠤᠰᠠ ᠵᠢ ᠨᠠᠷᠢᠯᠢᠭ ᠣᠨᠤᠪᠴᠢᠲᠠᠢ ᠲᠦᠷᠭᠡᠨ ᠰᠢᠭᠤᠳ ᠵᠶ᠋ᠠᠷ ᠡᠵᠡᠩᠨᠡᠯᠲᠡ ᠵᠢᠨ ᠭᠤᠤᠯ ᠴᠣᠭᠴᠠ᠎ᠳᠤ ᠬᠦᠷᠭᠡᠬᠦ ᠵᠢ ᠬᠦᠴᠦᠯᠡᠨ ᠠᠬᠢᠭᠤᠯᠪᠠ᠃

ᠪᠦᠲᠦᠴᠡ ᠵᠢᠨ ᠴᠢᠨᠠᠷᠲᠠᠢ᠎ᠪᠠᠷ ᠭᠠᠶ᠋ᠢᠯᠢ ᠬᠥᠩᠭᠡᠯᠡᠵᠦ ᠰᠦᠢ᠍ᠳᠬᠡᠯ ᠪᠠᠭᠤᠷᠠᠭᠤᠯᠬᠤ ᠲᠦᠷᠦ ᠵᠢᠨ ᠪᠤᠳᠤᠯᠭ᠎ᠠ ᠵᠢᠨ ᠬᠦᠴᠦᠲᠡᠢ ᠠᠬᠢᠭᠤᠯᠤᠯ ᠳᠣᠣᠷ᠎ᠠ᠂ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠦᠢ᠍ᠯᠡᠳᠬᠦ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠲᠦᠷᠭᠡᠳᠬᠡᠨ ᠠᠬᠢᠭᠤᠯᠪᠠ᠃ ᠦᠷᠳᠡᠭ ᠨᠡᠮᠡᠭᠳᠡᠯ᠎ᠤᠨ ᠭᠠᠶ᠋ᠢᠯᠢ ᠵᠢᠨ ᠪᠠᠷᠢᠮᠲᠠ ᠵᠢᠨ ᠲᠤᠭ᠎ᠠ ᠪᠠᠷᠢᠮᠲᠠ᠎ᠠᠴᠠ ᠦᠵᠡᠪᠡᠯ᠂ ᠡᠨᠡ ᠵᠢᠯ᠎ᠤᠨ ᠲᠦᠷᠦᠭᠦᠤ 5 ᠰᠠᠷ᠎ᠠ᠎ᠳᠤ᠂ ᠳᠡᠭᠡᠳᠦ ᠮᠡᠷᠭᠡᠵᠢᠯ᠎ᠤᠨ ᠠᠵᠤ ᠦᠢ᠍ᠯᠡᠰ᠎ᠤᠨ ᠪᠣᠷᠣᠯᠠᠭᠤᠯᠭ᠎ᠠ ᠵᠢᠨ ᠣᠷᠣᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 14.2% ᠵᠶ᠋ᠠᠷ ᠨᠡᠮᠡᠭᠳᠡᠵᠦ᠂ ᠪᠥᠬᠦ ᠤᠯᠤᠰ᠎ᠤᠨ ᠶᠡᠷᠦᠩᠬᠡᠶ ᠨᠡᠮᠡᠭᠳᠡᠯ᠎ᠤᠨ ᠬᠤᠷᠳᠤᠴᠠ᠎ᠠᠴᠠ ᠢᠯᠡᠳᠲᠡ ᠲᠦᠷᠭᠡᠨ ᠪᠣᠯᠪᠠ᠃ ᠲᠣᠭ᠋ᠠᠴᠢᠯᠠᠭᠰᠠᠨ ᠠᠵᠤ ᠠᠬᠤᠢ ᠵᠢᠨ ᠭᠤᠣᠯᠯᠠᠭᠴᠢ ᠠᠵᠤ ᠦᠢ᠍ᠯᠡᠰ ᠠᠳᠠᠯᠢ ᠬᠤᠭᠤᠴᠠᠭ᠋ᠠᠨ᠎ᠤ᠎ᠬᠢ᠎ᠠᠴᠠ 10%᠎ᠪᠠᠷ ᠨᠡᠮᠡᠭᠳᠡᠵᠦ᠂ ᠪᠦᠬᠦ ᠤᠯᠤᠰ᠎ᠤᠨ ᠠᠵᠤ ᠠᠬᠤᠶ᠋ᠢᠯᠠᠯ᠎ᠤᠨ ᠬᠤᠳᠠᠯᠳᠤᠨ ᠠᠪᠬᠤ ᠲᠣᠭ᠋ᠠᠴᠢᠯᠠᠭᠰᠠᠨ ᠮᠡᠷᠭᠡᠵᠢᠯ᠎ᠤᠨ ᠵᠣᠭᠤᠰ᠎ᠤᠨ ᠲᠤᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 9.7%᠎ᠪᠠᠷ ᠨᠡᠮᠡᠭᠳᠡᠵᠦ᠂ ᠲᠣᠭ᠋ᠠᠴᠢᠯᠠᠭᠰᠠᠨ ᠮᠡᠷᠭᠡᠵᠢᠯ ᠪᠠ ᠪᠣᠳᠠᠲᠣ ᠠᠵᠤ ᠠᠬᠤᠢ᠌ᠯᠠᠯ᠎ᠤᠨ ᠠᠭᠤᠰᠤᠯᠴᠠᠭ᠎ᠠ ᠵᠢ ᠡᠮᠬᠢ ᠵᠢᠷᠤᠮ᠎ᠲᠠᠢ ᠠᠬᠢᠭᠤᠯᠵᠤ ᠪᠠᠢ᠌ᠬᠤ ᠵᠢ ᠲᠤᠰᠬᠠᠵᠠᠢ᠃

ᠦᠢ᠍ᠯᠡᠳᠬᠡᠯ᠎ᠤᠨ ᠦᠢ᠍ᠯᠡᠰ᠎ᠤᠨ ᠲᠠᠯ᠎ᠠ᠎ᠪᠠᠷ᠂ ᠥᠷᠲᠡᠭ ᠨᠡᠮᠡᠭᠳᠡᠯ᠎ᠤᠨ ᠭᠠᠶ᠋ᠢᠯᠢ ᠵᠢᠨ ᠪᠠᠷᠢᠮᠲᠠ ᠵᠢᠨ ᠲᠤᠭ᠎ᠠ ᠪᠠᠷᠢᠮᠲᠠ᠎ᠠᠴᠠ ᠦᠵᠡᠪᠡᠯ᠂ ᠡᠨᠡ ᠵᠢᠯ᠎ᠤᠨ ᠲᠦᠷᠦᠭᠦᠤ 5 ᠰᠠᠷ᠎ᠠ᠎ᠳᠤ᠂ ᠮᠠᠨ᠎ᠤ ᠤᠯᠤᠰ᠎ᠤᠨ ᠦᠢ᠍ᠯᠡᠳᠬᠡᠯ᠎ᠤᠨ ᠦᠢ᠍ᠯᠡᠰ᠎ᠤᠨ ᠠᠵᠤ ᠠᠬᠤᠶ᠋ᠢᠯᠠᠯ᠎ᠤᠨ ᠪᠣᠷᠣᠯᠠᠭᠤᠯᠤᠯᠲᠠ ᠵᠢᠨ ᠣᠷᠣᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 4.2 % ᠵᠶ᠋ᠠᠷ ᠨᠡᠮᠡᠭᠳᠡᠪᠡ᠃ ᠡᠭᠦᠨ᠎ᠳᠤ᠂ ᠲᠣᠨᠤᠭ ᠲᠥᠬᠦᠭᠡᠷᠦᠮᠵᠢ ᠦᠢ᠍ᠯᠡᠳᠬᠦ ᠦᠢ᠍ᠯᠡᠰ᠂ ᠲᠣᠭ᠋ᠠᠴᠢᠯᠠᠭᠰᠠᠨ ᠦᠢ᠍ᠯᠡᠳᠭᠦᠨ ᠦᠢ᠍ᠯᠡᠳᠬᠦ ᠦᠢ᠍ᠯᠡᠰ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠪᠣᠷᠣᠯᠠᠭᠤᠯᠤᠯᠲᠠ ᠵᠢᠨ ᠣᠷᠣᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 9%᠂ 12.1% ᠪᠠ 12.1%᠎ᠪᠠᠷ ᠨᠡᠮᠡᠭᠳᠡᠵᠦ᠂ ᠢᠯᠠᠩᠭᠤᠶ᠎ᠠ ᠺᠣᠮᠫᠢᠦ᠋ᠲ᠋ᠧᠷ ᠦᠢ᠍ᠯᠡᠳᠬᠦ᠂ ᠣᠶᠤᠨᠴᠢ ᠲᠥᠬᠦᠭᠡᠷᠦᠮᠵᠢ ᠦᠢ᠍ᠯᠡᠳᠬᠦ ᠵᠡᠷᠭᠡ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠣᠷᠣᠯᠠᠭᠤᠯᠤᠯᠲᠠ ᠵᠢᠨ ᠣᠷᠣᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 21.6% ᠪᠠ 19.4%᠎ᠪᠠᠷ ᠨᠡᠮᠡᠭᠳᠡᠪᠡ᠃

ᠢᠷᠡᠯᠲᠡ᠄ ᠰᠢᠨᠬᠤᠸᠠ ᠬᠣᠷᠢᠶ᠎ᠠ