《ᠮᠢᠩᠭ᠋ᠠᠨ ᠠᠵᠤ ᠠᠬᠤᠶ᠋ᠢᠯᠠᠯ ᠲᠦᠮᠡᠨ ᠡᠷᠦᠬᠡ ᠬᠤᠣᠰᠯᠠᠵᠤ ᠬᠠᠪᠰᠤᠷᠤᠨ ᠲᠡᠳᠬᠦᠭᠰᠡᠨ》 ᠨᠡᠶ᠋ᠢᠲᠡᠯᠢᠭ ᠬᠡᠷᠡᠭ᠎ᠤᠨ ᠵᠢᠱ᠌ᠢᠶ᠎ᠡ (ᠳᠣᠯᠣᠳᠤᠭ᠋ᠠᠷ ᠬᠤᠭᠤᠴᠠᠭ᠎ᠠ)
2025-07-03

ᠲᠦᠩᠯᠢᠶᠣᠣ ᠬᠣᠲᠠ ᠵᠢᠨ ᠬᠣᠷᠴᠢᠨ ᠲᠣᠭᠣᠷᠢᠭ

ᠥᠪᠥᠷ ᠮᠣᠩᠭᠤᠯ᠎ᠤᠨ ᠵᠧ ᠶᠢᠩ ᠬᠠᠤᠯᠢᠴᠢ ᠵᠢᠨ ᠬᠡᠷᠡᠭ ᠡᠷᠬᠢᠯᠡᠬᠦ ᠭᠠᠵᠠᠷ᠎ᠨᠢ ᠲᠦᠩᠯᠢᠶᠣᠤ ᠬᠤᠲᠠ ᠵᠢᠨ ᠬᠤᠷᠴᠢᠨ ᠲᠣᠭᠤᠷᠢᠭ᠎ᠤᠨ ᠵᠢᠨ ᠱᠠ ᠣᠷᠣ ᠵᠢᠨ ᠬᠡᠷᠡᠭᠰᠡᠯ᠎ᠤᠨ ᠳᠡᠯᠭᠡᠭᠦᠷ ᠵᠡᠷᠭᠡ 30 ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠲᠠᠢ ᠬᠤᠣᠰᠯᠠᠵᠤ ᠬᠠᠪᠰᠤᠷᠤᠨ ᠲᠡᠳᠬᠦᠬᠦ ᠬᠠᠷᠢᠴᠠᠭ᠎ᠠ ᠪᠠᠶ᠋ᠢᠭᠤᠯᠤᠭᠰᠠᠨ᠎ᠤ ᠳᠠᠷᠠᠭ᠎ᠠ᠂ ᠨᠡᠢ᠌ᠲᠡ 13 ᠬᠤᠪᠢ ᠭᠡᠷ᠎ᠡ ᠵᠢ ᠬᠠᠪᠰᠤᠷᠤᠨ ᠪᠠᠢ᠌ᠴᠠᠭ᠋ᠠᠵᠦ᠂ 5 ᠲᠡᠭᠰᠢ ᠪᠤᠰᠤ ᠵᠤᠷᠪᠤᠰ ᠪᠠᠳᠠᠭ᠎ᠲᠤ ᠵᠠᠰᠠᠪᠤᠷᠢ ᠣᠷᠣᠭᠣᠯᠵᠦ᠂ 19 ᠬᠤᠪᠢ ᠳᠠᠯᠳᠠ ᠵᠢᠭᠣᠷᠠᠯᠳᠣᠭ᠋ᠠᠨ᠎ᠠᠴᠠ ᠵᠠᠢ᠌ᠯᠠᠵᠠᠢ᠂ ᠲᠠᠯᠠᠪᠤᠷ᠎ᠳᠤ ᠰᠠᠭᠤᠭ᠎ᠠ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠥᠷᠲᠡᠭᠡ ᠪᠠᠶ᠋ᠢᠭᠤᠯᠵᠤ᠂ ᠰᠠᠭ᠋ᠠᠳ ᠦᠭᠡᠢ ᠨᠡᠪᠲᠡᠷᠡᠬᠦ ᠵᠠᠮ᠎ᠢ ᠨᠡᠭᠡᠭᠡᠵᠦ ᠠᠪᠴᠠᠭ᠋ᠠᠨ᠎ᠤ ᠡᠷᠬᠡ ᠵᠢ ᠨᠡᠬᠡᠮᠵᠢᠯᠡᠨ ᠲᠦᠯᠦᠭᠦᠯᠬᠦ ᠬᠡᠷᠡᠭ᠎ᠢ 3 ᠬᠤᠪᠢ ᠰᠢᠢ᠍ᠳᠪᠦᠷᠢᠯᠡᠵᠦ᠂ 8 ᠲᠦᠮᠡᠨ ᠲᠥᠭᠦᠷᠢᠭ᠎ᠤᠨ ᠥᠷᠢᠲᠦᠭᠰᠡᠨ ᠵᠣᠭᠤᠰ᠎ᠢ ᠬᠠᠮᠵᠢᠨ ᠨᠡᠬᠡᠵᠦ ᠠᠪᠴᠢᠷᠠᠪᠠ᠂ 《ᠢᠷᠭᠡᠨ᠎ᠤ ᠬᠠᠤᠯᠢ ᠵᠢᠨ ᠪᠢᠴᠢᠭ᠎ᠤᠨ ᠭᠡᠷ᠎ᠡ ᠵᠢᠨ ᠨᠠᠶ᠋ᠢᠷᠠᠭᠤᠯᠤᠯ》᠂ 《ᠬᠥᠳᠡᠯᠮᠦᠷᠢ ᠬᠦᠴᠦᠨ ᠬᠡᠷᠡᠭᠯᠡᠬᠦ ᠲᠣᠭᠲᠠᠭ᠋ᠠᠯ᠎ᠳᠤ ᠨᠡᠢ᠌ᠴᠡᠭᠦᠯᠬᠦ》 ᠵᠡᠷᠭᠡ ᠲᠤᠰᠬᠠᠢ ᠰᠡᠳᠦᠪᠲᠦ ᠪᠣᠯᠪᠠᠰᠤᠷᠠᠯ᠎ᠢ 5 ᠲᠠᠯᠠᠪᠣᠷ ᠥᠷᠨᠢᠭᠦᠯᠵᠦ᠂ 《ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠬᠠᠤᠯᠢ ᠴᠠᠭ᠋ᠠᠵᠠ ᠵᠢᠨ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠭᠠᠷ ᠳᠡᠪᠲᠡᠷ》᠎ᠢ 100 ᠭᠠᠷᠤᠢ ᠳᠡᠪᠲᠡᠷ ᠲᠠᠷᠬᠠᠭ᠋ᠠᠵᠤ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠪᠦᠲᠦᠮᠵᠢᠲᠡᠶ᠎ᠪᠠᠷ ᠬᠠᠪᠰᠤᠷᠤᠨ ᠬᠠᠤᠯᠢ ᠴᠠᠭ᠋ᠠᠵᠠ ᠵᠢᠨ ᠦᠵᠡᠯ ᠤᠬᠠᠮᠰᠠᠷ᠎ᠢ᠎ᠨᠢ ᠨᠡᠮᠡᠭᠳᠡᠭᠦᠯᠵᠦ᠂ 《ᠰᠠᠨᠠᠭ᠋ᠠᠴᠢᠯᠠᠭ᠋ᠠᠲᠤ ᠪᠣᠰᠣ ᠭᠠᠯ ᠤᠨᠲᠠᠷᠠᠭ᠋ᠠᠬᠤ》᠎ᠠᠴᠠ 《ᠰᠠᠨᠠᠭ᠋ᠠᠴᠢᠯᠠᠭ᠎ᠠ᠎ᠠᠴᠠ᠎ᠪᠠᠨ ᠭᠠᠯ ᠰᠡᠷᠭᠡᠶ᠋ᠢᠯᠡᠬᠦ》 ᠪᠣᠯᠭ᠋ᠠᠨ ᠬᠤᠪᠢᠷᠠᠭᠤᠯᠪᠠ᠃

ᠣᠷᠳᠣᠰ ᠬᠤᠳᠡ ᠵᠢᠨ ᠲᠡᠯᠡᠳ ᠬᠤᠰᠢᠭᠤ

ᠴᠠᠩ ᠳ᠋ᠠ ᠪᠠᠶ᠋ᠢᠭ᠋ᠠᠯᠢ ᠵᠢᠨ ᠰᠢᠲᠠᠮᠠᠬᠠᠶ ᠬᠡᠢ ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠎ᠨᠢ 《ᠮᠢᠩᠭ᠋ᠠᠨ ᠠᠵᠤ ᠠᠬᠤᠶ᠋ᠢᠯᠠᠯ ᠲᠦᠮᠡᠨ ᠡᠷᠦᠬᠡ ᠬᠤᠣᠰᠯᠠᠨ ᠬᠠᠪᠰᠤᠷᠤᠨ ᠲᠡᠳᠬᠦᠬᠦ》 ᠠᠵᠢᠯ᠎ᠢ ᠢᠳᠡᠪᠬᠢᠲᠡᠶ ᠥᠷᠨᠢᠭᠦᠯᠵᠦ᠂ 16 ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠳᠤ ᠰᠦᠢ᠍ᠳᠬᠡᠯ ᠬᠤᠷᠢᠶᠠᠬᠤ ᠥᠬᠡᠶ᠎ᠪᠠᠷ 《ᠰᠠᠪᠠᠯᠠᠭᠰᠠᠨ ᠪᠠᠢ᠌ᠭ᠋ᠠᠯᠢ ᠵᠢᠨ ᠰᠢᠲᠠᠮᠠᠬᠠᠢ ᠬᠡᠢ ᠵᠢ ᠬᠣᠭᠣᠯᠠᠢ ᠵᠢᠨ ᠪᠠᠢ᠌ᠭ᠋ᠠᠯᠢ ᠵᠢᠨ ᠰᠢᠲᠠᠮᠠᠬᠠᠢ ᠬᠡᠢ ᠪᠣᠯᠭ᠋ᠠᠨ ᠦᠭᠡᠷᠡᠴᠢᠯᠡᠬᠦ》 ᠵᠢ ᠪᠡᠶᠡᠯᠡᠭᠦᠯᠵᠦ᠂ ᠨᠡᠶ᠋ᠢᠲᠡ 11.2 ᠲᠦᠮᠡᠨ ᠲᠥᠭᠦᠷᠢᠭ᠎ᠤᠨ ᠵᠠᠷᠤᠳᠠᠯ᠎ᠢ ᠬᠠᠰᠤᠵᠤ ᠬᠡᠯᠲᠦᠷᠢᠭᠦᠯᠦᠨ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠪᠠᠢ᠌ᠭ᠋ᠠᠯᠢ ᠵᠢᠨ ᠰᠢᠲᠠᠮᠠᠬᠠᠢ ᠬᠡᠶ ᠬᠡᠷᠡᠭᠯᠡᠬᠦ ᠠᠮᠤᠷ ᠲᠦᠪᠰᠢᠨ᠎ᠢ ᠪᠠᠲᠤᠯᠠᠭᠰᠠᠨ ᠵᠶ᠋ᠠᠷ ᠪᠠᠷᠠᠬᠤ ᠥᠬᠡᠶ ᠪᠠᠰᠠ ᠡᠵᠡᠩᠨᠡᠯᠲᠡ ᠵᠢᠨ ᠥᠪᠡᠷ᠎ᠤᠨ ᠥᠷᠲᠡᠭ᠎ᠢ ᠪᠠᠭᠤᠷᠠᠭᠤᠯᠤᠭᠰᠠᠨ ᠪᠠᠶ᠋ᠢᠨ᠎ᠠ᠃

ᠲᠦᠩᠯᠢᠶᠣᠣ ᠬᠣᠲᠠ ᠵᠢᠨ ᠬᠣᠷᠴᠢᠨ ᠵᠡᠭᠦᠨ ᠭᠠᠷᠤᠨ ᠬᠤᠢ᠌ᠲᠤ ᠬᠣᠰᠢᠭᠤ

ᠵᠢᠨ ᠱᠧᠨ ᠬᠤᠳᠠᠯᠳᠤᠭ᠋ᠠᠨ᠎ᠤ ᠡᠵᠡᠩᠨᠡᠯᠲᠡ ᠬᠠᠮᠢᠶᠠᠷᠤᠯᠲᠠ ᠵᠢᠨ ᠬᠢᠵᠠᠭ᠋ᠠᠷᠲᠤ ᠺᠣᠮᠫᠠᠨᠢ᠎ᠨᠢ ᠬᠤᠷᠴᠢᠨ ᠵᠡᠭᠦᠨ ᠭᠠᠷᠤᠨ ᠬᠤᠶ᠋ᠢᠲᠤ ᠬᠤᠰᠢᠭᠤᠨ᠎ᠤ ᠭᠠᠨᠵᠤᠭ᠎ᠠ ᠱᠠᠩ ᠢ ᠮᠦᠩᠭᠦᠨ᠎ᠤ ᠳᠡᠯᠭᠡᠭᠦᠷ ᠵᠡᠷᠭᠡ 20 ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠎ᠲᠠᠢ ᠬᠤᠤᠰᠯᠠᠵᠤ ᠬᠠᠪᠰᠤᠷᠤᠨ ᠲᠡᠳᠬᠦᠬᠦ ᠬᠠᠷᠢᠴᠠᠭ᠎ᠠ ᠪᠠᠶ᠋ᠢᠭᠤᠯᠤᠭᠰᠠᠨ᠎ᠤ ᠳᠠᠷᠠᠭ᠎ᠠ᠂ ᠲᠤᠰᠬᠠᠶ ᠮᠡᠷᠭᠡᠵᠢᠯ᠎ᠤᠨ ᠠᠵᠢᠯᠲᠠᠨ᠎ᠢ ᠤᠷᠢᠵᠤ ᠦᠨ᠎ᠡ ᠲᠥᠯᠥᠪᠦᠷᠢ ᠥᠬᠡᠶ᠎ᠪᠠᠷ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠳᠤ ᠲᠤᠰᠬᠠᠶ ᠮᠡᠷᠭᠡᠵᠢᠯ᠎ᠤᠨ ᠬᠠᠮᠢᠶᠠᠷᠤᠯᠲᠠ᠂ ᠪᠣᠷᠣᠯᠠᠭᠤᠯᠭ᠎ᠠ ᠵᠢᠨ ᠤᠷ᠎ᠠ ᠴᠢᠳᠠᠪᠤᠷᠢ ᠵᠡᠷᠭᠡ ᠲᠠᠯ᠎ᠠ᠎ᠪᠠᠷ 19 ᠲᠠᠯᠠᠪᠤᠷ ᠪᠣᠯᠪᠠᠰᠤᠷᠠᠯ ᠬᠦᠷᠲᠡᠭᠡᠵᠦ᠂ ᠨᠡᠶ᠋ᠢᠲᠡ 14 ᠲᠦᠮᠡᠨ ᠲᠥᠭᠦᠷᠢᠭ᠎ᠤᠨ ᠬᠡᠷ᠎ᠤᠨ ᠲᠦᠷᠢᠶᠡᠰᠦ ᠵᠢᠴᠢ ᠠᠳᠠᠯ ᠠᠬᠤᠶ ᠵᠢᠨ ᠵᠠᠷᠤᠳᠠᠯ᠎ᠢ ᠬᠠᠰᠤᠵᠤ ᠬᠡᠯᠲᠦᠷᠢᠭᠦᠯᠪᠡ᠃ ᠬᠤᠣᠰᠯᠠᠨ ᠲᠡᠳᠬᠦᠬᠦ᠎ᠪᠠᠷ ᠳᠠᠮᠵᠢᠭᠤᠯᠤᠨ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠡᠵᠡᠩᠨᠡᠯᠲᠡ ᠬᠠᠮᠢᠶᠠᠷᠤᠯᠲᠠ ᠵᠢᠨ ᠴᠢᠳᠠᠪᠤᠷᠢ᠎ᠪᠠᠨ ᠳᠡᠭᠡᠭᠰᠢᠯᠡᠭᠦᠯᠵᠦ᠂ ᠡᠵᠡᠩᠨᠡᠯᠲᠡ ᠵᠢᠨ ᠥᠪᠡᠷ᠎ᠤᠨ ᠦᠷᠳᠡᠭ ᠵᠶ᠋ᠠᠨ ᠪᠠᠭᠤᠷᠠᠭᠤᠯᠪᠠ᠃

ᠪᠠᠶᠠᠨᠨᠠᠭᠤᠷ ᠬᠤᠲᠠ ᠵᠢᠨ ᠳ᠋ᠧᠩᠺᠸᠦ ᠰᠢᠶᠠᠨ

ᠥᠪᠥᠷ ᠮᠣᠩᠭᠤᠯ᠎ᠤᠨ ᠸᠠᠩ ᠶᠧ ᠳ᠋ᠢ ᠠᠮᠢᠳᠤ ᠪᠣᠳᠠᠰ᠎ᠤᠨ ᠪᠦᠲᠦᠭᠡᠭᠳᠡᠬᠦᠨ᠎ᠤ ᠬᠢᠵᠠᠭ᠋ᠠᠷᠲᠤ ᠺᠣᠮᠫᠠᠨᠢ᠎ᠨᠢ ᠳ᠋ᠧᠩᠺᠸᠤ ᠰᠢᠶᠠᠨ᠎ᠤ ᠷᠦᠩ ᠰᠢ ᠲ᠋ᠠᠷᠢᠵᠦ ᠲᠡᠵᠢᠭᠡᠨ ᠦᠷᠡᠵᠢᠭᠦᠯᠬᠦ ᠲᠠᠯᠠᠪᠣᠷ ᠵᠡᠷᠭᠡ 9 ᠡᠷᠦᠬᠡ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠲᠠᠢ ᠬᠤᠣᠰᠯᠠᠨ ᠬᠠᠪᠰᠤᠷᠤᠨ ᠲᠡᠳᠬᠦᠬᠦ ᠬᠠᠷᠢᠴᠠᠭ᠎ᠠ ᠪᠠᠶ᠋ᠢᠭᠤᠯᠤᠭᠰᠠᠨ᠎ᠤ ᠳᠠᠷᠠᠭ᠎ᠠ᠂ ᠲᠤᠰᠬᠠᠢ ᠮᠡᠷᠭᠡᠵᠢᠯ᠎ᠤᠨ ᠵᠢᠯᠤᠭᠤᠳᠤᠯᠭ᠎ᠠ ᠬᠠᠩᠭ᠋ᠠᠬᠤ᠎ᠪᠠᠷ ᠳᠠᠮᠵᠢᠭᠤᠯᠤᠨ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠭᠡ ᠵᠢᠨ ᠰᠢᠬᠢᠷ ᠡᠪᠡᠰᠦᠨ᠎ᠤ ᠤᠨᠠᠯᠲᠠ ᠵᠢ ᠬᠠᠪᠰᠤᠷᠤᠨ ᠲᠡᠳᠬᠦᠬᠦ᠎ᠠᠴᠠ ᠡᠮᠦᠨᠡᠬᠢ 1 ᠮᠦ᠍ ᠵᠢᠨ ᠤᠨᠠᠯᠲᠠ 1 ᠲᠣᠨ ᠪᠠᠶ᠋ᠢᠭᠰᠠᠨ᠎ᠢ᠎ᠨᠢ 1 ᠮᠦ᠍ ᠵᠢᠨ ᠤᠨᠠᠯᠲᠠ 1.3 ᠲᠣᠨ ᠪᠣᠯᠭ᠋ᠠᠨ ᠳᠡᠭᠡᠭᠰᠢᠯᠡᠭᠦᠯᠪᠡ; ᠴᠠᠭ᠋ᠠᠨ ᠭᠤᠶᠣᠣ ᠲᠠᠷᠢᠬᠤ ᠤᠨᠠᠯᠲᠠ ᠵᠢ ᠬᠠᠪᠰᠤᠷᠤᠨ ᠲᠡᠳᠬᠦᠬᠦ᠎ᠠᠴᠠ ᠡᠮᠦᠨᠡᠬᠢ 1 ᠮᠦ᠍ ᠵᠢᠨ ᠤᠨᠠᠯᠲᠠ 100 ᠺᠢᠯᠣᠭ᠌ᠷᠠᠮ ᠪᠠᠢ᠌ᠭᠰᠠᠨ᠎ᠢ᠎ᠨᠢ 1 ᠮᠦ᠍ ᠵᠢᠨ ᠤᠨᠠᠯᠲᠠ 300 ᠺᠢᠯᠣᠭ᠌ᠷᠠᠮ᠎ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠵᠦ᠂ ᠤᠨᠠᠯᠲᠠ ᠵᠢ᠎ᠨᠢ ᠢᠯᠡᠳᠲᠡ ᠨᠡᠮᠡᠭᠳᠡᠭᠦᠯᠪᠡ᠃ ᠸᠠᠩ ᠶᠧ ᠳ᠋ᠢ ᠠᠮᠢᠳᠤ ᠪᠣᠳᠠᠰ᠎ᠤᠨ ᠺᠣᠮᠫᠠᠨᠢ᠎ᠨᠢ ᠪᠠᠰᠠ ᠷᠥᠩ ᠰᠢ ᠲᠠᠷᠢᠵᠦ ᠲᠡᠵᠢᠭᠡᠨ ᠦᠷᠡᠵᠢᠭᠦᠯᠬᠦ ᠲᠠᠯᠠᠪᠣᠷ ᠵᠡᠷᠭᠡ 9 ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠥᠪᠡᠷ ᠵᠶ᠋ᠠᠨ ᠦᠢ᠍ᠯᠡᠳᠪᠦᠷᠢᠯᠡᠭᠰᠡᠨ ᠰᠢᠬᠢᠷ ᠡᠪᠡᠰᠦ᠂ ᠴᠠᠭ᠋ᠠᠨ ᠭᠤᠶᠣᠣ ᠵᠢ ᠬᠤᠳᠠᠯᠳᠤᠨ ᠠᠪᠬᠤ᠎ᠪᠠᠷ ᠠᠮᠠᠯᠳᠠᠵᠦ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠳᠤ ᠲᠣᠭᠲᠠᠭᠤᠨ ᠪᠣᠷᠣᠯᠠᠭᠤᠯᠭ᠎ᠠ ᠵᠢᠨ ᠠᠷᠭ᠎ᠠ ᠵᠠᠮ ᠬᠠᠩᠭ᠋ᠠᠭᠰᠠᠨ ᠵᠶ᠋ᠠᠷ ᠪᠠᠷᠠᠬᠤ ᠦᠭᠡᠢ᠂ ᠠᠵᠤ ᠠᠬᠤᠶ᠋ᠢᠯᠠᠯ᠎ᠤᠨ ᠲᠤᠰ ᠪᠡᠶ᠎ᠡ ᠵᠢᠨ ᠲᠦᠭᠦᠬᠡᠢ ᠮᠠᠲ᠋ᠧᠷᠢᠶᠠᠯ᠎ᠤᠨ ᠬᠠᠩᠭ᠋ᠠᠯᠭ᠎ᠠ ᠵᠢ ᠪᠠᠲᠤᠯᠠᠵᠤ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠬᠦᠷᠳᠡᠬᠦ ᠵᠢ ᠪᠡᠶᠡᠯᠡᠭᠦᠯᠪᠡ᠃

ᠢᠷᠡᠯᠲᠡ᠄ ᠲᠡᠮᠳᠡᠭᠯᠡᠨ ᠳᠠᠩᠰᠠᠯᠠᠬᠤ ᠲᠣᠪᠴᠢᠶ᠎ᠠ