《 ᠨᠢᠭᠡᠨ ᠠᠵᠢᠯ ᠶᠠᠪᠤᠳᠠᠯ 》 ᠎ᠠᠴᠠ ᠦᠨᠡᠨ ᠪᠣᠲᠠᠲᠠᠢ ᠦᠢᠯᠡ ᠠᠵᠢᠯᠯᠠᠭ᠎ᠠ᠎ᠶ᠋ᠢ ᠣᠯᠵᠣ ᠬᠠᠷᠠᠨ᠎ᠠ
2025-07-21

ᠪᠠᠭ᠎ᠠ ᠣᠭ᠍ᠲᠣᠯᠤᠭᠠᠰᠤ᠎ᠪᠠᠷ ᠶᠡᠭᠡ ᠥᠭᠡᠷᠡᠴᠢᠯᠡᠯᠲᠡ᠎ᠶ᠋ᠢ ᠲᠠᠢᠴᠢᠯᠠᠵᠦ᠍ ᠂ 《 ᠥᠨᠳᠥᠷ ᠪᠦᠲᠦᠮᠵᠢᠲᠡᠶ᠎ᠪᠠᠷ ᠨᠢᠭᠡᠨ ᠠᠵᠢᠯ ᠶᠠᠪᠤᠳᠠᠯ᠎ᠢ ᠭᠦᠢᠴᠡᠳᠭᠡᠬᠦ᠌ 》᠎ᠪᠡᠷ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭ᠌ᠰᠢᠯᠡᠭᠦᠯᠵᠦ᠍ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ᠎ᠠᠬᠢᠭᠤᠯᠪᠠ ᠃ ᠲᠦᠷᠦᠭᠦᠬᠡᠨ ᠳ᠋ᠦ᠍ ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ ᠰᠠᠨᠠᠯ ᠳᠠᠷᠤᠮᠠᠯᠯᠠᠨ ᠲᠠᠷᠬᠠᠭᠠᠵᠤ ᠂ 《 ᠨᠠᠩ ᠣᠯᠠᠨ ᠬᠦᠷᠢᠶ᠎ᠡ ᠴᠠᠷᠠᠭ᠎ᠠ ᠳ᠋ᠦ᠍ ᠰᠠᠯᠠᠭ᠎ᠠ ᠮᠥᠴᠢᠷ᠎ᠤᠨ ᠬᠠᠮᠵᠢᠯᠴᠠᠭ᠎ᠠ ᠪᠠ ᠦᠢᠯᠡᠴᠢᠯᠡᠭᠡᠨ᠎ᠤ ᠴᠤᠭ᠍ᠯᠠᠷᠠᠯ᠎ᠢ ᠨᠠᠩ ᠶᠡᠭᠡ ᠬᠡᠪᠴᠢᠶ᠎ᠡ᠎ᠪᠠᠷ ᠴᠢᠩᠭᠠᠳᠭᠠᠬᠤ 》 ᠶ᠋ᠢ ᠳᠤᠷᠠᠳᠪᠠ ᠃

ᠠᠷᠠᠳ᠎ᠤ᠋ᠨ ᠲᠥᠯᠥᠭᠡ ᠤᠴᠢᠷ ᠶᠠᠪᠤᠳᠠᠯ ᠭᠦᠢᠴᠡᠳᠭᠡᠬᠦ᠌ ᠶ᠋ᠢᠨ ᠡᠷᠬᠢᠮ ᠨᠢ ᠥᠨᠳᠥᠷ ᠦᠷ᠎ᠡ ᠠᠱᠢᠭ᠎ᠲᠤ ᠪᠠᠢᠨ᠎ᠠᠪᠠᠢᠵᠤ ᠂ 《 ᠨᠢᠭᠡ ᠬᠥᠯᠭᠡ ᠱᠢᠲᠠᠷ᠎ᠠ 》 ᠮᠡᠲᠦ ᠪᠠᠢᠬᠤ ᠦᠵᠡᠯ ᠤᠬᠠᠮᠰᠠᠷ ᠪᠣᠯ ᠵᠠᠩᠭᠢᠯᠠᠭ᠎ᠠ ᠪᠣᠯᠤᠨ᠎ᠠ ᠃ ᠵᠧᠵᠢᠶᠠᠩ᠎ᠤ᠋ᠨ ᠲᠣᠭ᠎ᠠ ᠎ᠶ᠋ᠢ ᠲᠣᠭᠠᠴᠢᠯᠠᠭ᠍ᠰᠠᠨ ᠬᠠᠮᠲᠤ ᠪᠠᠷ ᠡᠳ᠋ᠯᠡᠬᠦ᠌ ᠶ᠋ᠢᠨ ᠪᠡᠬᠢᠯᠡᠯᠲᠡ᠎ᠶᠢ ᠡᠪᠳᠡᠵᠦ᠍ ᠂ 《 ᠵᠧ ᠯᠢ ᠪᠠᠨᠵᠧ ᠳ᠋ᠦ᠍ ᠭᠦᠢᠴᠡᠳᠭᠡᠬᠦ᠌ 》 APP᠎ᠳᠦ ᠡᠴᠡ ᠮᠢᠩᠭ᠎ᠠ ᠭᠠᠷᠤᠢ ᠲᠥᠷᠥᠯ᠎ᠦ᠋ᠨ ᠦᠢᠯᠡᠴᠢᠯᠡᠭᠡ ᠴᠤᠭ᠍ᠯᠠᠷᠠᠵᠠᠢ︔ ᠬᠠᠢᠨᠠᠨ᠎ᠤ ᠰᠤᠷᠭᠠᠨ ᠬᠥᠮᠦᠵᠢᠯ᠎ᠢ ᠠᠬᠢᠭᠤᠯᠬᠤ ᠵᠡᠷᠭᠡ ᠣᠯᠠᠨ ᠰᠠᠯᠠᠭ᠎ᠠ ᠮᠥᠴᠢᠷ᠎ᠤᠨ ᠬᠠᠮᠵᠢᠯᠴᠠᠨ ᠬᠥᠳᠡᠯᠦᠯᠴᠡᠬᠦ᠌᠎ᠶ᠋ᠢ ᠲᠦᠯᠬᠢᠨ ᠠᠬᠢᠭᠤᠯᠤᠨ ᠂ ᠰᠤᠷᠭᠠᠭᠤᠯᠢ᠎ᠳ᠋ᠤ ᠣᠷᠣᠬᠤ ᠭᠤᠶᠤᠴᠢᠯᠠᠯ᠎ᠳ᠋ᠤ ᠵᠥᠪᠬᠡᠨ 《 ᠨᠢᠭᠡ ᠢᠵᠢ ᠮᠠᠲ᠋ᠧᠷᠢᠶᠠᠯ 》 ᠳᠡᠭᠡᠭ᠌ᠰᠢ ᠳᠠᠮᠵᠢᠭᠤᠯᠤᠨ᠎ᠠ ᠃ ᠰᠠᠯᠠᠭ᠎ᠠ ᠮᠥᠴᠢᠷ᠎ᠤᠨ ᠬᠠᠮᠵᠢᠯᠴᠠᠭ᠎ᠠ᠎ᠶ᠋ᠢ ᠴᠢᠩᠭᠠᠳᠭᠠᠵᠤ ᠂ ᠪᠥᠬᠦ᠌ ᠲᠠᠯ᠎ᠠ᠎ᠶ᠋ᠢᠨ ᠦᠵᠡᠯᠲᠡ᠎ᠪᠠᠷ ᠲᠤᠬᠠᠢᠯᠠᠭ᠍ᠰᠠᠨ ᠠᠵᠢᠯ ᠎ᠤᠨ ᠳᠠᠬᠢᠨ ᠨᠡᠢᠯᠡᠬᠦ᠌ ᠂ ᠲᠤᠭ᠎ᠠ ᠪᠠᠷᠢᠮᠲᠠ᠎ᠶ᠋ᠢ᠎ᠶ᠋ᠢᠨ ᠬᠠᠷᠢᠯᠴᠠᠨ ᠨᠡᠪᠲᠡᠷᠡᠯᠴᠡᠬᠦ᠌ ᠶ᠋ᠢ ᠠᠬᠢᠭᠤᠯᠵᠤ ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠬᠦᠴᠦᠨ ᠴᠢᠳᠠᠪᠤᠷᠢ᠎ᠶ᠋ᠢ ᠪᠦᠬᠦᠯᠢ ᠴᠣᠭ᠍ᠴᠠ᠎ᠪᠠᠷ᠎ᠨᠢ ᠳᠡᠭᠡᠭ᠌ᠰᠢᠯᠡᠭᠦᠯᠬᠦ᠌᠎ᠶ᠋ᠢ ᠳᠠᠢᠴᠢᠯᠠᠪᠠ ᠃

《 ᠨᠢᠭᠡᠨ ᠠᠵᠢᠯ ᠶᠠᠪᠤᠳᠠᠯ 》᠎ᠢ ᠭᠦᠢᠴᠡᠳᠭᠡᠨ᠎ᠡ ᠂ ᠨᠡᠩ ᠴᠤ᠌ 《 ᠨᠢᠭᠡᠨ ᠲᠦᠷᠦᠯ᠎ᠤᠨ ᠠᠵᠢᠯ ᠶᠠᠪᠤᠳᠠᠯ 》᠎ᠢ ᠰᠠᠢᠲᠤᠷ ᠭᠦᠢᠴᠡᠳᠭᠡᠬᠦ᠌ ᠬᠡᠷᠡᠭ᠌ᠲᠡᠢ ᠃ ᠠᠵᠤ ᠠᠬᠤᠢᠯᠠᠯ ᠳ᠋ᠦ᠍ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠨᠢ ᠡᠯ᠎ᠡ ᠲᠠᠯ᠎ᠠ ᠳ᠋ᠦ᠍ ᠬᠤᠯᠪᠣᠭ᠍ᠳᠠᠵᠤ ᠂ ᠬᠡᠷᠬᠢᠨ ᠰᠠᠨᠠᠭᠠᠴᠢᠯᠠᠭ᠎ᠠ᠎ᠠᠴᠠ᠎ᠪᠠᠨ ᠬᠦᠷᠭᠡᠵᠦ᠍ ᠂ ᠨᠠᠷᠢᠯᠢᠭ ᠣᠨᠤᠪᠴᠢᠲᠠᠢ᠎ᠪᠠᠷ ᠱᠢᠭᠤᠳ ᠬᠦᠷᠭᠡᠬᠦ᠌ ᠪᠣᠶ ? ᠱᠢᠨ᠎ᠡ᠎ᠪᠠᠷ ᠠᠵᠢᠯ ᠣᠯᠣᠭ᠍ᠰᠠᠳ ᠡᠷᠬᠡ ᠠᠱᠢᠭ᠎ᠢᠶᠠᠨ ᠬᠠᠮᠠᠭᠠᠯᠠᠬᠤ ᠵᠡᠷᠭᠡ ᠲᠠᠯ᠎ᠠ ᠎ᠶ᠋ᠢᠨ ᠬᠦᠰᠡᠯ ᠱᠠᠭᠠᠷᠳᠠᠯᠭ᠎ᠠ ᠲᠥᠪᠯᠡᠷᠡᠵᠦ᠍ ᠂ ᠨᠡᠢᠲᠡᠯᠢᠭ ᠴᠢᠨᠠᠷᠲᠠᠢ ᠠᠰᠠᠭᠤᠳᠠᠯ᠎ᠢ ᠬᠡᠷᠬᠢᠨ ᠱᠢᠢᠳᠪᠦᠷᠢᠯᠡᠬᠦ᠌ ᠪᠤᠢ ? 《 ᠨᠢᠭᠡᠨ ᠲᠦᠷᠦᠯ᠎ᠤᠨ ᠠᠵᠢᠯ ᠶᠠᠪᠤᠳᠠᠯ 》 ᠳ᠋ᠦ᠍ ᠠᠩᠬᠠᠷᠤᠯ᠎ᠢᠶᠠᠨ ᠲᠥᠪᠯᠡᠷᠡᠭᠦᠯᠦᠨ ᠦᠢᠯᠡᠴᠢᠯᠡᠭᠡᠨ᠎ᠤ ᠴᠤᠭ᠍ᠯᠠᠷᠠᠯ᠎ᠢᠶᠠᠨ᠎ᠢ ᠴᠢᠩᠭᠠᠳᠭᠠᠵᠤ ᠂ ᠨᠢᠭᠡᠨ ᠬᠦᠰᠡᠯ ᠱᠠᠭᠠᠷᠳᠠᠯᠭ᠎ᠠ᠎ᠶ᠋ᠢ ᠱᠢᠢᠳᠪᠦᠷᠢᠯᠡᠬᠦ᠌᠎ᠠᠴᠠ ᠨᠢᠭᠡᠨ ᠲᠥᠷᠥᠯ᠎ᠤᠨ ᠠᠰᠠᠭᠤᠳᠠᠯ᠎ᠢ ᠱᠢᠢᠳᠪᠦᠷᠢᠯᠡᠬᠦ᠌ ᠲᠡᠢᠰᠢ ᠬᠤᠪᠢᠷᠠᠭᠤᠯᠬᠤ᠎ᠶ᠋ᠢ ᠠᠬᠢᠭᠤᠯᠬᠤ ᠪᠣᠯ ᠱᠢᠰᠲ᠋ᠧᠮᠲᠦ ᠰᠡᠳᠭᠢᠬᠦᠢ᠎ᠶ᠋ᠢ ᠪᠠᠷᠢᠮᠲᠠᠯᠠᠵᠤ ᠂ ᠪᠦᠬᠦ᠌ ᠦᠶᠡᠯᠡᠯ᠎ᠤᠨ ᠪᠥᠬᠦ᠌ ᠴᠤᠪᠤᠷᠠᠯ᠎ᠤᠨ ᠦᠢᠯᠡᠴᠢᠯᠡᠭᠡ᠎ᠶ᠋ᠢ ᠪᠡᠶᠡᠯᠡᠭᠦᠯᠬᠦ᠌᠎ᠶ᠋ᠢᠨ ᠳᠣᠲᠣᠭᠠᠳᠤ ᠱᠠᠭᠠᠷᠳᠠᠯᠭ᠎ᠠ ᠮᠥᠨ ᠃

ᠡᠯ᠎ᠡ ᠭᠠᠵᠠᠷ᠎ᠤᠨ᠎ᠬᠢᠨ ᠭᠠᠵᠠᠷ ᠣᠷᠣᠨ᠎ᠤ ᠪᠠᠢᠳᠠᠯ ᠳ᠋ᠦ᠍ ᠎ᠪᠡᠨ ᠲᠤᠬᠢᠷᠠᠭᠤᠯᠵᠤ ᠂ ᠠᠷᠠᠳ᠎ᠠᠴᠠ ᠎ᠤᠨ ᠬᠡᠷᠡᠭ᠌ᠴᠡᠭᠡ᠎ᠶ᠋ᠢ ᠢᠯᠡᠭᠦᠬᠡᠨ ᠠᠰᠠᠭᠤᠵᠤ ᠂ ᠠᠵᠤ ᠠᠬᠤᠢᠯᠠᠯ᠎ᠠᠴᠠ᠎ᠤᠨ ᠬᠡᠷᠡᠭ᠌ᠴᠡᠭᠡ᠎ᠶ᠋ᠢ ᠢᠯᠡᠭᠦᠬᠡᠨ ᠠᠰᠠᠭᠤᠵᠤ ᠂ ᠪᠣᠲᠠᠲᠠᠢ ᠪᠠᠢᠳᠠᠯ ᠲᠠᠢ᠎ᠪᠠᠨ ᠤᠶᠠᠯᠳᠤᠭᠤᠯᠤᠨ ᠲᠤᠬᠠᠢᠯᠠᠭ᠍ᠰᠠᠨ ᠠᠵᠢᠯ᠎ᠤᠨ ᠶᠠᠪᠤᠴᠠ᠎ᠪᠠᠨ ᠱᠢᠯᠢᠳᠡᠭ᠌ᠵᠢᠭᠦᠯᠪᠡᠯ ᠂ ᠤᠯᠠᠨ ᠲᠦᠮᠡᠨ ᠪᠠ ᠠᠵᠤ ᠠᠬᠤᠢᠯᠠᠯ᠎ᠤᠨ ᠠᠵᠢᠯ ᠶᠠᠪᠤᠳᠠᠯ ᠭᠦᠢᠴᠡᠳᠭᠡᠬᠦ᠌ ᠎ᠶ᠋ᠢᠨ ᠰᠠᠨᠠᠭᠠᠨ᠎ᠳᠤ ᠬᠥᠷᠥᠭ᠌ᠰᠡᠨ ᠬᠡᠮᠵᠢᠶ᠎ᠡ ᠥᠪᠡᠷ᠎ᠦᠨ ᠡᠷᠬᠡ ᠦᠭᠡᠢ ᠤᠯᠠᠮ᠎ᠠᠴᠠ ᠤᠯᠠᠮ ᠥᠨᠳᠥᠷ  ᠪᠣᠯᠤᠨ᠎ᠠ ᠃

ᠢᠷᠡᠯᠲᠡ᠄ ᠠᠷᠠᠳ᠎ᠤᠨ ᠡᠳᠦᠷ᠎ᠤᠨ ᠰᠣᠨᠢᠨ