ᠡᠵᠡᠩᠨᠡᠯᠲᠡ᠎ᠶᠢᠨ ᠭᠣᠣᠯ ᠴᠣᠭᠴᠠ᠎ᠶᠢᠨ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭᠵᠢᠭᠡᠵᠦ᠂ ᠵᠠᠬ᠎ᠠ ᠳᠡᠯᠭᠡᠭᠦᠷ᠎ᠤᠨ ᠠᠵᠤ ᠠᠬᠤᠢ᠎ᠶᠢᠨ ᠪᠦᠲᠦᠴᠡ᠎ᠶᠢ ᠰᠢᠯᠢᠳᠡᠭᠵᠢᠭᠦᠯᠦᠨ᠂ ᠠᠵᠤ ᠠᠬᠤᠢ᠎ᠶᠢᠨ ᠬᠥᠭᠵᠢᠯᠲᠡ᠎ᠶᠢᠨ ᠶᠠᠰᠤ ᠴᠢᠨᠠᠷ᠎ᠢ ᠳᠡᠭᠡᠭᠰᠢᠯᠡᠭᠦᠯᠭᠦ᠎ᠶᠢᠨ ᠲᠥᠯᠥᠭᠡ᠂ ᠤᠯᠠᠭᠠᠨᠬᠠᠳᠠ ᠬᠤᠲᠠ᠎ᠶᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠲᠣᠪᠴᠢᠶ᠎ᠠ᠎ᠶᠢᠨ ᠲᠣᠬᠢᠷᠠᠭᠤᠯᠤᠯᠲᠠ ᠪᠠᠢᠷᠢᠯᠠᠭᠤᠯᠤᠯᠲᠠ ᠶᠣᠰᠣᠭᠠᠷ᠂ ᠲᠦᠷᠭᠡᠨ ᠳᠠᠭᠠᠵᠤ᠂ ᠢᠳᠡᠪᠬᠢᠲᠡᠢ ᠬᠥᠳᠡᠯᠦᠯᠴᠡᠵᠦ᠂ ᠥᠭᠡᠷᠡᠴᠢᠯᠡᠯᠲᠡ᠎ᠶᠢᠨ ᠡᠯ᠎ᠡ ᠵᠦᠢᠯ᠎ᠤᠨ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ᠎ᠶᠢ ᠲᠦᠯᠬᠢᠨ ᠠᠬᠢᠭᠤᠯᠵᠤ᠂ ᠬᠤᠪᠢ᠎ᠶᠢᠨ ᠦᠢᠯᠡᠳᠪᠦᠷᠢ ᠬᠤᠳᠠᠯᠳᠤᠭᠠᠨ᠎ᠤ ᠡᠷᠦᠭᠡ᠎ᠶᠢᠨ ᠭᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠵᠦ 《ᠲᠦᠷᠭᠡᠨ ᠵᠠᠮ》᠎ᠳᠤ ᠣᠷᠣᠬᠤ᠎ᠳᠤ ᠬᠦᠴᠦᠨ ᠨᠡᠮᠡᠷᠢᠯᠡᠪᠡ᠃
ᠨᠢᠭᠡ᠎ᠳᠤ ᠂ ᠤᠯᠠᠨ ᠲᠠᠯ᠎ᠠ᠎ᠠᠴᠠ ᠦᠨᠡᠯᠡᠨ ᠵᠢᠱ᠌ᠢᠬᠦ ᠬᠥᠮᠥᠷᠭᠡ᠎ᠶᠢᠨ ᠪᠠᠢᠭᠤᠯᠤᠯᠲᠠ ᠶ᠋ᠢᠨ 《ᠰᠠᠭᠤᠷᠢ》᠎ᠶᠢ ᠪᠠᠲᠤ ᠲᠠᠯᠪᠢᠪᠠ᠃ ᠡᠵᠡᠩᠨᠡᠯᠲᠡ᠎ᠶᠢᠨ ᠪᠣᠳᠠᠲᠤ ᠠᠮᠵᠢᠯᠲᠠ᠂ ᠬᠥᠭᠵᠢᠯᠲᠡ᠎ᠶᠢᠨ ᠳᠠᠯᠳᠠ ᠬᠦᠴᠦᠨ᠂ ᠢᠲᠡᠭᠡᠮᠵᠢ᠎ᠶᠢᠨ ᠪᠠᠢᠳᠠᠯ ᠵᠡᠷᠭᠡ ᠭᠣᠣᠯ ᠴᠣᠭᠴᠠ᠎ᠶᠢᠨ ᠲᠣᠭᠣᠷᠢᠨ᠎ᠳᠤ᠂ ᠤᠯᠠᠭᠠᠨᠬᠠᠳᠠ ᠬᠤᠲᠠ᠎ᠶᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠨᠢᠭᠡ ᠵᠢᠯ᠎ᠠᠴᠠ ᠳᠡᠭᠡᠭᠰᠢ ᠳᠡᠩᠰᠡᠯᠡᠨ ᠲᠡᠮᠳᠡᠭᠯᠡᠬᠦ᠂ ᠭᠠᠢᠯᠢ ᠲᠤᠰᠢᠶᠠᠬᠤ ᠨᠢ ᠨᠡᠯᠢᠶᠡᠳ ᠥᠨᠳᠥᠷ᠂ ᠦᠢᠯᠡᠳᠬᠦᠨ᠎ᠤ ᠥᠷᠲᠡᠭ ᠨᠢ ᠨᠡᠯᠢᠶᠡᠳ ᠶᠡᠬᠡ᠂ ᠡᠭᠦᠨ᠎ᠤ ᠬᠠᠮᠲᠤ ᠬᠥᠭᠵᠢᠯᠲᠡ᠎ᠶᠢᠨ ᠢᠷᠡᠭᠡᠳᠦᠢ᠎ᠪᠠᠷ ᠰᠠᠢᠨ᠂ ᠦᠨᠡᠨᠴᠢ ᠢᠲᠡᠭᠡᠮᠵᠢᠲᠡᠢ᠎ᠪᠠᠷ ᠬᠠᠤᠯᠢ᠎ᠶᠢ ᠰᠠᠬᠢᠬᠤ᠂ ᠦᠰᠦᠨ ᠪᠣᠢᠵᠢᠬᠤ ᠳᠠᠯᠳᠠ ᠬᠦᠴᠦᠨ᠎ᠲᠠᠢ ᠬᠡᠪᠴᠢᠶ᠎ᠡ᠎ᠠᠴᠠ ᠳᠡᠭᠡᠭᠰᠢᠬᠢ ᠬᠤᠪᠢ᠎ᠶᠢᠨ ᠦᠢᠯᠡᠳᠪᠦᠷᠢ ᠬᠤᠳᠠᠯᠳᠤᠭᠠᠨ᠎ᠤ ᠡᠷᠦᠭᠡ᠎ᠶᠢ ᠪᠦᠭᠦ ᠲᠠᠯ᠎ᠠ᠎ᠪᠠᠷ ᠪᠠᠢᠴᠠᠭᠠᠨ ᠭᠠᠷᠭᠠᠬᠤ ᠠᠵᠢᠯ᠎ᠢ ᠥᠷᠨᠢᠭᠦᠯᠵᠦ᠂ ᠱᠠᠭᠠᠷᠳᠠᠯᠭ᠎ᠠ᠎ᠳᠤ ᠨᠡᠢᠴᠡᠬᠦ᠎ᠶᠢ ᠨᠢ ᠪᠣᠢᠵᠢᠭᠤᠯᠬᠤ ᠬᠥᠮᠥᠷᠭᠡ᠎ᠳᠤ ᠣᠷᠣᠭᠤᠯᠪᠠ᠃ ᠣᠲᠣ᠌ ᠪᠤᠯᠲᠠᠯ᠎ᠠ᠂ ᠬᠥᠮᠥᠷᠭᠡ᠎ᠳᠤ ᠨᠢᠭᠡᠨᠲᠡ 579 ᠡᠷᠦᠭᠡ ᠬᠤᠪᠢ᠎ᠶᠢᠨ ᠦᠢᠯᠡᠳᠪᠦᠷᠢ ᠬᠤᠳᠠᠯᠳᠤᠭᠠᠨ᠎ᠤ ᠡᠷᠦᠭᠡ᠎ᠶᠢ ᠪᠣᠢᠵᠢᠭᠤᠯᠵᠤ᠂ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ᠂ ᠪᠥᠭᠡᠮ᠎ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠂ ᠦᠢᠯᠡᠳᠬᠦ ᠦᠢᠯᠡᠰ ᠵᠡᠷᠭᠡ ᠣᠯᠠᠨ ᠭᠣᠣᠯᠳᠠᠯᠭ᠎ᠠ᠎ᠲᠠᠢ ᠠᠵᠢᠯ ᠲᠥᠷᠥᠯ᠎ᠢ ᠬᠠᠮᠤᠷᠴᠠᠢ᠃
ᠬᠣᠶᠠᠷ᠎ᠲᠤ ᠂ ᠰᠢᠰᠲᠧᠮᠴᠢ ᠴᠢᠨᠠᠷ᠎ᠢ ᠳᠠᠭᠢᠨ ᠱᠤᠭᠤᠬᠤ 《ᠵᠠᠮ》᠎ᠢ ᠰᠢᠯᠢᠳᠡᠭᠵᠢᠭᠦᠯᠪᠡ᠃ 《ᠬᠤᠪᠢ᠎ᠶᠢᠨ ᠦᠢᠯᠡᠳᠪᠦᠷᠢ ᠬᠤᠳᠠᠯᠳᠤᠭᠠᠨᠦ ᠡᠷᠤᠭᠡ᠎ᠠᠴᠠ ᠠᠵᠤ ᠠᠬᠤᠢᠯᠠᠯ ᠪᠣᠯᠭᠠᠨ ᠬᠤᠪᠢᠷᠠᠭᠤᠯᠬᠤ》 ᠨᠢᠭᠡ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ᠎ᠢ ᠨᠠᠢᠷᠠᠭᠤᠯᠤᠨ ᠵᠣᠬᠢᠶᠠᠵᠤ᠂ 《ᠨᠢᠭᠡ ᠤᠳᠠᠭ᠎ᠠ᠎ᠳᠤ ᠭᠤᠶᠤᠴᠢᠯᠠᠬᠤ᠂ ᠨᠢᠭᠡ ᠴᠣᠩᠬᠣᠪᠴᠢ᠎ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠢᠵᠢ ᠮᠠᠲᠧᠷᠢᠶᠠᠯ᠂ ᠨᠢᠭᠡ ᠤᠳᠠᠭ᠎ᠠ᠎ᠳᠤ ᠰᠠᠢᠲᠤᠷ ᠭᠦᠢᠴᠡᠳᠭᠡᠬᠦ᠌》 ᠵᠠᠭᠪᠤᠷ᠎ᠢ ᠬᠡᠷᠡᠭᠵᠢᠭᠦᠯᠦᠨ᠂ ᠡᠵᠡᠩᠨᠡᠯᠲᠡ᠎ᠶᠢᠨ ᠭᠣᠣᠯ ᠴᠣᠭᠴᠠ᠎ᠶᠢᠨ 《ᠬᠤᠪᠢ᠎ᠶᠢᠨ ᠦᠢᠯᠡᠳᠪᠦᠷᠢ ᠬᠤᠳᠠᠯᠳᠤᠭᠠᠨᠦ ᠡᠷᠤᠭᠡ᠎ᠠᠴᠠ ᠠᠵᠤ ᠠᠬᠤᠢᠯᠠᠯ ᠪᠣᠯᠭᠠᠨ ᠬᠤᠪᠢᠷᠠᠭᠤᠯᠬᠤ》 ᠭᠣᠭᠴᠣᠭ᠎ᠠ ᠣᠯᠠᠨ᠂ ᠮᠠᠲᠧᠷᠢᠶᠠᠯ ᠣᠯᠠᠨ᠂ ᠭᠦᠶᠦᠬᠦ ᠣᠯᠠᠨ ᠵᠡᠷᠭᠡ ᠲᠦᠭᠵᠢᠷᠡᠯ᠎ᠲᠠᠢ ᠠᠰᠠᠭᠤᠳᠠᠯ᠎ᠢ ᠱᠢᠢᠳᠪᠦᠷᠢᠯᠡᠪᠡ᠃ ᠠᠵᠤ ᠠᠬᠤᠢᠯᠠᠯ ᠨᠡᠭᠡᠭᠡᠨ ᠡᠷᠭᠢᠯᠡᠭᠦ᠎ᠳᠤ ᠲᠤᠰᠬᠠᠢ ᠣᠷᠣᠨ ᠪᠠᠢᠭᠤᠯᠵᠤ᠂ 《ᠬᠤᠪᠢ᠎ᠶᠢᠨ ᠦᠢᠯᠡᠳᠪᠦᠷᠢ ᠬᠤᠳᠠᠯᠳᠤᠭᠠᠨᠦ ᠡᠷᠤᠭᠡ᠎ᠠᠴᠠ ᠠᠵᠤ ᠠᠬᠤᠢᠯᠠᠯ ᠪᠣᠯᠭᠠᠨ ᠬᠤᠪᠢᠷᠠᠭᠤᠯᠬᠤ》 ᠡᠵᠡᠩᠨᠡᠯᠲᠡ᠎ᠶᠢᠨ ᠭᠣᠣᠯ ᠴᠣᠭᠴᠠ᠎ᠳᠤ ᠲᠣᠰ ᠪᠡᠶ᠎ᠡ᠎ᠶᠢᠨ ᠪᠠᠢᠳᠠᠯ᠎ᠳᠦ᠎ᠪᠡᠨ ᠲᠣᠬᠢᠷᠠᠭᠤᠯᠤᠭᠰᠠᠨ ᠬᠢᠨᠠᠨ ᠵᠥᠪᠰᠢᠶᠡᠷᠡᠬᠦ ᠦᠢᠯᠡᠴᠢᠯᠡᠭᠡᠨ᠎ᠤ ᠢᠵᠢ ᠪᠦᠷᠢᠳᠦᠭᠦᠯᠦᠯᠢ ᠪᠤᠶ ᠪᠤᠯᠭᠠᠵᠤ᠂ ᠴᠢᠨᠠᠷ ᠰᠠᠢᠲᠠᠢ᠂ ᠥᠨᠳᠥᠷ ᠪᠦᠲᠦᠮᠵᠢᠲᠡᠶ᠂ ᠳᠥᠭᠦᠮ ᠳᠥᠲᠡ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠬᠠᠩᠭᠠᠪᠠ᠃ ᠦᠢᠯᠡᠴᠢᠯᠡᠭᠡᠨ᠎ᠤ ᠠᠵᠤ ᠠᠬᠤᠢᠯᠠᠯ᠎ᠤᠨ ᠪᠠᠢᠩᠭᠤ᠎ᠶᠢᠨ ᠴᠢᠨᠠᠷᠲᠠᠢ ᠠᠵᠢᠯ᠎ᠤᠨ ᠲᠣᠭᠲᠠᠴᠠ᠎ᠶᠢ ᠪᠠᠢᠭᠤᠯᠤᠨ ᠪᠦᠷᠢᠨᠰᠢᠭᠦᠯᠵᠦ᠂ ᠤᠤᠯ᠎ᠤᠨ ᠬᠠᠪᠰᠤᠷᠤᠨ ᠡᠷᠭᠢᠯᠡᠵᠦ ᠣᠷᠣᠯᠠᠨ ᠭᠦᠢᠴᠡᠳᠬᠡᠭᠰᠡᠨ ᠰᠠᠭᠤᠷᠢᠨ ᠳᠡᠭᠡᠷ᠎ᠡ᠂ ᠬᠠᠤᠯᠢ ᠴᠠᠭᠠᠵᠠ᠂ ᠲᠥᠷᠥ᠎ᠶᠢᠨ ᠪᠣᠳᠣᠯᠭ᠎ᠠ᠂ ᠲᠠᠸᠠᠷ᠎ᠤᠨ ᠲᠡᠮᠳᠡᠭ ᠵᠡᠷᠭᠡ ᠡᠯ᠎ᠡ ᠲᠥᠷᠥᠯ᠎ᠤᠨ ᠲᠥᠷᠥ᠎ᠶᠢᠨ ᠪᠣᠳᠣᠯᠭ᠎ᠠ᠎ᠶᠢᠨ ᠵᠢᠯᠤᠭᠣᠳᠬᠤ ᠦᠢᠯᠡᠴᠢᠯᠡᠭᠡ᠎ᠶᠢ ᠢᠳᠡᠪᠬᠢᠲᠡᠢ ᠥᠷᠨᠢᠭᠦᠯᠵᠦ᠂ ᠭᠡᠯᠪᠡᠷᠢ᠎ᠪᠠᠨ ᠬᠤᠪᠢᠷᠠᠭᠤᠯᠬᠤ ᠠᠵᠤ ᠠᠬᠤᠢᠯᠠᠯ᠎ᠤᠨ ᠬᠥᠭᠵᠢᠯᠲᠡ᠎ᠶᠢᠨ ᠴᠢᠳᠠᠪᠤᠷᠢ᠎ᠶᠢ ᠳᠡᠭᠡᠭ᠌ᠰᠢᠯᠡᠭᠦᠯᠪᠡ᠃ ᠣᠳᠣᠬᠠᠨ᠎ᠳᠤ᠂ 《ᠬᠤᠪᠢ᠎ᠶᠢᠨ ᠦᠢᠯᠡᠳᠪᠦᠷᠢ ᠬᠤᠳᠠᠯᠳᠤᠭᠠᠨᠦ ᠡᠷᠤᠭᠡ᠎ᠠᠴᠠ ᠠᠵᠤ ᠠᠬᠤᠢᠯᠠᠯ ᠪᠣᠯᠭᠠᠨ ᠬᠤᠪᠢᠷᠠᠭᠤᠯᠬᠤ》 ᠭᠡᠯᠪᠡᠷᠢ᠎ᠪᠠᠨ ᠬᠤᠪᠢᠷᠠᠭᠤᠯᠤᠨ ᠳᠡᠩᠰᠡᠯᠡᠨ ᠲᠡᠮᠳᠡᠭᠯᠡᠬᠦ᠂ ᠠᠯᠪᠠᠨ ᠲᠠᠮᠠᠭ᠎ᠠ ᠰᠡᠢᠯᠦᠨ ᠵᠣᠬᠢᠶᠠᠬᠤ᠂ ᠭᠠᠢᠯᠢ᠎ᠶᠢᠨ ᠶᠠᠪᠤᠳᠠᠯ᠎ᠢ ᠳᠡᠩᠰᠡᠯᠡᠨ ᠲᠡᠮᠳᠡᠭᠯᠡᠬᠦ ᠂ ᠨᠡᠢᠭᠡᠮ᠎ᠤᠨ ᠳᠠᠭᠠᠳᠬᠠᠯ᠎ᠤᠨ ᠳᠠᠩᠰᠠᠯᠠᠯᠲᠠ᠂ ᠡᠮᠴᠢᠯᠡᠭᠡᠨ ᠦ ᠳᠠᠭᠠᠳᠬᠠᠯ᠎ᠤᠨ ᠳᠠᠩᠰᠠᠯᠠᠯᠲᠠ᠂ ᠣᠷᠣᠨ ᠰᠠᠭᠤᠴᠠ᠎ᠶᠢᠨ ᠨᠡᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢ ᠳᠡᠩᠰᠡᠯᠡᠨ ᠲᠡᠮᠳᠡᠭᠯᠡᠬᠦ᠂ ᠪᠠᠩᠬᠢ᠎ᠠᠴᠠ ᠪᠣᠯᠵᠣᠬᠤ ᠵᠡᠷᠭᠡ 7 ᠵᠦᠢᠯᠡᠰ᠎ᠢ ᠨᠢᠭᠡᠨᠲᠡ ᠨᠡᠢᠯᠡᠭᠦᠯᠦᠨ 《ᠨᠢᠭᠡ ᠠᠵᠢᠯ ᠶᠠᠪᠤᠳᠠᠯ》 ᠪᠤᠯᠭᠠᠵᠤ᠂ ᠲᠠᠷᠠᠭᠠᠴᠢ᠎ᠶᠢᠨ ᠠᠯᠬᠤᠮ᠎ᠳᠤ ᠪᠠᠰᠠ ᠰᠦᠢᠳᠬᠡᠯ ᠬᠤᠷᠢᠶᠠᠬᠤ ᠦᠭᠡᠢ ᠲᠠᠮᠠᠭ᠎ᠠ᠂ ᠰᠢᠤᠳᠠᠨ᠎ᠢᠶᠠᠷ ᠢᠯᠡᠭᠡᠬᠦ ᠵᠡᠷᠭᠡ ᠦᠢᠯᠡᠴᠢᠯᠡᠭᠡ᠎ᠶᠢ ᠬᠠᠩᠭᠠᠬᠤ ᠪᠣᠯᠣᠨ᠎ᠠ᠃
ᠭᠤᠷᠪᠠ᠎ᠳᠤ ᠂ ᠨᠠᠷᠢᠯᠢᠭ᠋ ᠤᠨᠤᠪᠴᠢᠲᠠᠢ ᠪᠠᠷ ᠦᠢᠯᠡᠴᠢᠯᠡᠭᠡᠨ᠎ᠤ ᠬᠦᠴᠢᠷᠳᠡᠯ᠎ᠢ ᠰᠢᠢᠳᠪᠦᠷᠢᠯᠡᠵᠦ 《ᠠᠷᠭ᠎ᠠ》᠎ᠪᠠᠨ ᠣᠨᠣᠪᠴᠢᠲᠠᠶ ᠡᠷᠢᠪᠡ᠃ ᠪᠣᠢᠵᠢᠭᠤᠯᠬᠤ ᠬᠥᠮᠥᠷᠭᠡ᠎ᠳᠤ ᠣᠷᠣᠭᠤᠯᠤᠭᠰᠠᠨ ᠬᠤᠪᠢ᠎ᠶᠢᠨ ᠠᠵᠤ ᠦᠢᠯᠡᠳᠪᠦᠷᠢ ᠬᠤᠳᠠᠯᠳᠤᠭᠠᠨ᠎ᠤ ᠡᠷᠦᠭᠡ᠎ᠳᠤ 《ᠨᠢᠭᠡ᠎ᠳᠤ ᠨᠢᠭᠡ᠎ᠶᠢ ᠬᠠᠷᠭᠤᠭᠤᠯᠬᠤ》 ᠦᠢᠯᠡᠴᠢᠯᠡᠭᠡ ᠬᠠᠩᠭᠠᠬᠤ᠎ᠶᠢᠨ ᠲᠥᠯᠥᠭᠡ᠂ ᠡᠭᠦᠨ᠎ᠳᠤ ᠲᠥᠷᠥ᠎ᠶᠢᠨ ᠪᠣᠳᠣᠯᠭ᠎ᠠ᠎ᠶᠢᠨ ᠮᠡᠳᠡᠭᠡ ᠵᠠᠩᠭᠢ᠎ᠶᠢᠨ ᠵᠥᠪᠯᠡᠯᠭᠡ ᠥᠭᠬᠦ ᠪᠠ ᠨᠠᠷᠢᠯᠢᠭ᠋ ᠤᠨᠤᠪᠴᠢᠲᠠᠢ᠎ᠪᠠᠷ ᠲᠠᠢᠯᠤᠮᠵᠢ ᠬᠢᠬᠦ᠂ ᠬᠠᠨᠳᠤᠯᠭᠠᠲᠤ ᠴᠢᠨᠠᠷᠲᠠᠢ ᠡᠵᠡᠩᠨᠡᠯᠲᠡ ᠬᠠᠮᠢᠶᠠᠷᠤᠯᠲᠠ ᠪᠠ ᠲᠤᠬᠠᠢᠯᠠᠭᠰᠠᠨ ᠠᠵᠢᠯ᠎ᠤᠨ ᠥᠷᠭᠡᠵᠢᠯ᠎ᠤᠨ ᠵᠢᠯᠣᠭᠣᠳᠤᠯᠭ᠎ᠠ ᠵᠢᠴᠢ ᠦᠢᠯᠡᠳᠪᠦᠷᠢᠯᠡᠯ ᠡᠵᠡᠩᠨᠡᠯᠲᠡ᠎ᠶᠢᠨ ᠳᠤᠮᠳᠠ ᠲᠤᠯᠭᠠᠷᠠᠭᠰᠠᠨ ᠪᠣᠳᠠᠲᠠᠢ ᠬᠦᠴᠢᠷᠳᠡᠯ ᠪᠠ ᠠᠰᠠᠭᠤᠳᠠᠯ᠎ᠢ ᠰᠠᠨᠠᠭᠠᠴᠢᠯᠠᠭ᠎ᠠ᠎ᠠᠴᠠ᠎ᠪᠠᠨ ᠵᠣᠬᠢᠴᠠᠭᠤᠯᠤᠨ ᠰᠢᠢᠳᠪᠦᠷᠢᠯᠡᠬᠦ ᠵᠡᠷᠭᠡ᠎ᠶᠢ ᠪᠠᠭᠲᠠᠭᠠᠵᠤ᠂ ᠭᠡᠯᠪᠡᠷᠢ᠎ᠪᠠᠨ ᠬᠤᠪᠢᠷᠠᠭᠤᠯᠬᠤ ᠶᠠᠪᠤᠴᠠ᠎ᠳᠤ ᠪᠠᠰᠠ 《ᠦᠨᠡᠮᠯᠡᠯ᠎ᠠᠴᠠ ᠡᠮᠦᠨᠡᠬᠢ ᠵᠢᠯᠣᠭᠣᠳᠤᠯᠭ᠎ᠠ》᠎ᠶᠢᠨ ᠦᠢᠯᠡᠴᠢᠯᠡᠭᠡ ᠬᠠᠩᠭᠠᠵᠤ᠂ ᠠᠵᠢᠯ ᠶᠠᠪᠤᠳᠠᠯ ᠭᠦᠢᠴᠡᠳᠬᠡᠬᠦ ᠭᠣᠣᠯ ᠴᠣᠭᠴᠠ᠎ᠶᠢ ᠬᠠᠪᠰᠤᠷᠤᠨ 《ᠨᠢᠭᠡ ᠯᠡ ᠤᠳᠠᠭ᠎ᠠ᠎ᠳᠤ ᠲᠤᠰᠢᠶᠠᠬᠤ᠂ ᠨᠢᠭᠡ ᠯᠡ ᠤᠳᠠᠭ᠎ᠠ᠎ᠳᠤ ᠭᠦᠢᠴᠡᠳᠬᠡᠬᠦ》᠎ᠶᠢ ᠴᠢᠷᠮᠠᠢᠨ ᠪᠡᠶᠡᠯᠡᠭᠦᠯᠵᠦ᠂ ᠦᠢᠯᠡᠴᠢᠯᠡᠬᠦ ᠡᠲᠡᠭᠡᠳ᠎ᠤᠨ ᠪᠦᠭᠦ ᠲᠠᠯ᠎ᠠ᠎ᠶᠢᠨ᠂ ᠳᠤᠯᠠᠭᠠᠴᠠ ᠲᠠᠢ ᠪᠡᠷ ᠭᠡᠯᠪᠡᠷᠢ ᠪᠡᠨ ᠬᠤᠪᠢᠷᠠᠭᠤᠯᠬᠤ ᠳᠡᠮᠵᠢᠯᠭᠡ ᠣᠯᠬᠤ᠎ᠶᠢ ᠦᠨᠡᠨ ᠬᠦ᠌ ᠪᠠᠲᠤᠯᠠᠪᠠ᠃ 2023 ᠣᠨ᠎ᠠᠴᠠ ᠣᠲᠣ᠌ ᠪᠤᠯᠲᠠᠯ᠎ᠠ᠂ ᠤᠯᠠᠭᠠᠨᠬᠠᠳᠠ ᠬᠤᠲᠠ᠎ᠶᠢᠨ 393 ᠬᠤᠪᠢ᠎ᠶᠢᠨ ᠦᠢᠯᠡᠳᠪᠦᠷᠢ ᠬᠤᠳᠠᠯᠳᠤᠭᠠᠨ᠎ᠤ ᠡᠷᠦᠭᠡ ᠨᠢ ᠭᠡᠯᠪᠡᠷᠢ᠎ᠪᠠᠨ ᠬᠤᠪᠢᠷᠠᠭᠤᠯᠤᠨ ᠠᠵᠤ ᠠᠬᠤᠢᠯᠠᠯ ᠪᠣᠯᠤᠭᠰᠠᠨ ᠪᠥᠭᠡᠳ ᠵᠢᠯ ᠳᠠᠷᠠᠭᠠᠯᠠᠨ ᠨᠡᠮᠡᠭᠳᠡᠬᠦ ᠬᠠᠨᠳᠤᠰᠢ᠎ᠲᠠᠢ ᠪᠣᠯᠵᠠᠢ᠃