ᠠᠯᠠᠱᠠ ᠠᠢᠮᠠᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠠᠵᠤ ᠠᠬᠤᠢᠯᠠᠯ᠎ᠤᠨ ᠣᠨ᠎ᠤ ᠮᠡᠳᠡᠭᠦᠯᠦᠯᠲᠡ᠎ᠶ᠋ᠢᠨ ᠠᠵᠢᠯ᠎ᠢ ᠪᠥᠬᠦ᠌ ᠬᠦᠴᠦᠨ᠎ᠢᠶᠠᠷ ᠠᠬᠢᠭᠤᠯᠵᠤ ᠬᠤᠳᠠᠯᠳᠤᠭ᠎ᠠ ᠡᠵᠡᠩᠨᠡᠬᠦ᠌ ᠰᠠᠢᠨ ᠰᠠᠢᠬᠠᠨ ᠣᠷᠴᠢᠨ ᠲᠣᠭᠤᠷᠢᠨ᠎ᠢ ᠪᠣᠶ ᠪᠣᠯᠭᠠᠪᠠ
2025-08-19

ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ 2024 ᠣᠨ᠎ᠤ ᠣᠨ᠎ᠤ ᠮᠡᠳᠡᠭᠦᠯᠦᠯᠲᠡ᠎ᠶᠢ ᠨᠡᠢᠲᠡᠯᠡᠭᠰᠡᠨ ᠪᠠᠢᠳᠠᠯ᠎ᠢ ᠵᠠᠷᠯᠠᠨ ᠮᠡᠳᠡᠭᠳᠡᠵᠦ᠂ 2025 ᠣᠨ᠎ᠤ 6 ᠳ᠋ᠤᠭᠠᠷ ᠰᠠᠷ᠎ᠠ᠎ᠶᠢᠨ 30᠎ᠤ ᠡᠳᠦᠷ ᠪᠤᠯᠲᠠᠯ᠎ᠠ᠂ ᠠᠯᠠᠱᠠ ᠠᠢᠮᠠᠭ᠎ᠤᠨ ᠠᠵᠤ ᠠᠬᠤᠢᠯᠠᠯ᠎ᠤᠨ ᠣᠨ᠎ᠤ ᠮᠡᠳᠡᠭᠦᠯᠦᠯᠲᠡ᠎ᠶᠢᠨ ᠨᠣᠷᠮ᠎ᠠ 91.09% ᠎ᠳᠦ ᠭᠦᠷᠪᠡ; ᠬᠤᠪᠢ᠎ᠶᠢᠨ ᠦᠢᠯᠡᠳᠪᠦᠷᠢ ᠬᠤᠳᠠᠯᠳᠤᠭᠠᠨ᠎ᠤ ᠡᠷᠦᠭᠡ᠎ᠶᠢᠨ ᠣᠨ᠎ᠤ ᠮᠡᠳᠡᠭᠦᠯᠦᠯᠲᠡ᠎ᠶᠢᠨ ᠨᠣᠷᠮ᠎ᠠ 74.44%᠎ᠳᠤ ᠬᠦᠷᠴᠦ᠂ ᠪᠦᠭᠦ ᠣᠷᠣᠨ᠎ᠤ ᠨᠢᠭᠡᠳᠦᠭᠡᠷ᠎ᠲᠤ ᠵᠢᠬ᠍ᠰᠠᠭᠠᠬ᠍ᠳᠠᠪᠠ; ᠲᠠᠷᠢᠶᠠᠴᠢᠨ᠎ᠤ ᠲᠤᠰᠬᠠᠢ ᠮᠡᠷᠭᠡᠵᠢᠯ᠎ᠤᠨ ᠬᠤᠷᠰᠢᠶ᠎ᠠ᠎ᠶᠢᠨ ᠣᠨ᠎ᠤ ᠮᠡᠳᠡᠭᠦᠯᠦᠯᠲᠡ᠎ᠶᠢᠨ ᠨᠣᠷᠮ᠎ᠠ 85.18%᠎ᠳᠤ ᠬᠦᠷᠴᠦ᠂ ᠪᠦᠭᠦ ᠣᠷᠣᠨ᠎ᠳᠤ ᠳᠥᠷᠪᠡᠳᠦᠭᠡᠷ᠎ᠲᠤ ᠵᠢᠬ᠍ᠰᠠᠭᠠᠬ᠍ᠳᠠᠪᠠ; ᠲᠣᠮᠣ᠌ ᠭᠡᠯᠪᠡᠷᠢ᠎ᠶᠢᠨ ᠠᠵᠤ ᠠᠬᠤᠢᠯᠠᠯ᠎ᠤᠨ ᠣᠨ᠎ᠤ ᠮᠡᠳᠡᠭᠦᠯᠦᠯᠲᠡ᠎ᠶᠢᠨ ᠨᠣᠷᠮ᠎ᠠ 100%᠎ᠳᠤ ᠬᠦᠷᠴᠦ᠂ ᠰᠠᠢᠨ ᠰᠠᠢᠬᠠᠨ ᠠᠵᠢᠯ᠎ᠤᠨ ᠦᠷ᠎ᠡ ᠪᠦᠲᠦᠮᠵᠢ᠎ᠶᠢ ᠢᠯᠡᠷᠡᠭᠦᠯᠵᠦ᠂ ᠪᠦᠭᠦ ᠠᠢᠮᠠᠭ᠎ᠤᠨ ᠡᠯ᠎ᠡ ᠲᠥᠷᠥᠯ᠎ᠤᠨ ᠡᠵᠡᠩᠨᠡᠯᠲᠡ᠎ᠶᠢᠨ ᠭᠣᠣᠯ ᠴᠣᠭᠴᠠ᠎ᠶᠢᠨ ᠡᠷᠡᠭᠦᠯ᠎ᠢᠶᠠᠷ ᠬᠥᠭᠵᠢᠬᠦ᠎ᠳᠤ ᠨᠠᠩ ᠰᠠᠢᠨ ᠰᠠᠢᠬᠠᠨ ᠬᠤᠳᠠᠯᠳᠤᠭ᠎ᠠ ᠡᠷᠭᠢᠯᠡᠭᠦ ᠣᠷᠴᠢᠨ ᠲᠣᠭᠤᠷᠢᠨ᠎ᠢ ᠪᠤᠶ ᠪᠣᠯᠭᠠᠪᠠ᠃

ᠡᠨᠡ ᠵᠢᠯ᠎ᠠᠴᠠ ᠨᠠᠭᠠᠰᠢ᠂ ᠠᠯᠠᠱᠠ ᠠᠢᠮᠠᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ 《ᠡᠷᠲᠡ ᠪᠠᠢᠷᠢᠯᠠᠭᠤᠯᠬᠤ᠂ ᠥᠷᠭᠡᠨ᠎ᠢᠶᠠᠷ ᠤᠬᠠᠭᠤᠯᠬᠤ᠂ ᠦᠢᠯᠡᠴᠢᠯᠡᠭᠡ᠎ᠶᠢ  ᠴᠢᠩᠭᠠᠳᠬᠠᠬᠤ᠂ ᠬᠢᠨᠠᠯᠲᠠ ᠬᠠᠮᠢᠶᠠᠷᠤᠯᠲᠠ᠎ᠶᠢ ᠠᠬᠢᠭᠤᠯᠬᠤ》 ᠠᠵᠢᠯ᠎ᠤᠨ ᠰᠡᠳᠬᠢᠮᠵᠢ ᠶᠣᠰᠣᠭᠠᠷ᠂ ᠣᠯᠠᠨ ᠵᠦᠢᠯ᠎ᠤᠨ ᠠᠷᠭ᠎ᠠ ᠬᠡᠮᠵᠢᠶ᠎ᠡ᠎ᠶᠢ ᠵᠡᠷᠭᠡ᠎ᠪᠠᠷ ᠬᠡᠷᠡᠭᠯᠡᠨ ᠠᠵᠤ ᠠᠬᠤᠢᠯᠠᠯ᠎ᠤᠨ ᠣᠨ᠎ᠤ ᠮᠡᠳᠡᠭᠦᠯᠦᠯᠲᠡ᠎ᠶᠢ ᠢᠯᠡ ᠨᠡᠢᠲᠡᠯᠡᠬᠦ ᠠᠵᠢᠯ᠎ᠢ ᠠᠬᠢᠭᠤᠯᠵᠤ᠂ ᠠᠵᠤ ᠠᠬᠤᠢᠯᠠᠯ᠎ᠤᠨ ᠬᠠᠨᠤᠮᠵᠢ᠎ᠶᠢᠨ ᠬᠡᠮᠵᠢᠶ᠎ᠡ᠎ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠬᠦ᠎ᠳᠤ ᠪᠠᠲᠤ ᠪᠡᠬᠢ ᠰᠠᠭᠤᠷᠢ᠎ᠶᠢ ᠲᠠᠯᠪᠢᠭ᠍ᠰᠠᠨ ᠪᠠᠢᠨ᠎ᠠ᠃

ᠡᠷᠲᠡ ᠪᠠᠢᠷᠢᠯᠠᠭᠤᠯᠬᠤ

ᠣᠨ᠎ᠤ ᠮᠡᠳᠡᠭᠦᠯᠦᠯᠲᠡ᠎ᠶᠢ ᠨᠡᠢᠲᠡᠯᠡᠬᠦ ᠠᠵᠢᠯ ᠪᠣᠯ ᠬᠤᠳᠠᠯᠳᠤᠭᠠᠨ᠎ᠤ ᠶᠠᠪᠤᠳᠠᠯ᠎ᠤᠨ ᠳᠦᠷᠢᠮ᠎ᠤᠨ ᠥᠭᠡᠷᠡᠴᠢᠯᠡᠯᠲᠡ᠎ᠶᠢᠨ ᠴᠢᠬᠤᠯᠠ ᠭᠣᠭᠴᠣᠭ᠎ᠠ ᠪᠠᠢᠵᠤ᠂ ᠡᠵᠡᠩᠨᠡᠯᠲᠡ᠎ᠶᠢᠨ ᠭᠣᠣᠯ ᠴᠣᠭᠴᠠ᠎ᠶᠢᠨ ᠢᠲᠡᠭᠡᠮᠵᠢ᠎ᠶᠢᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠬᠤ᠂ ᠡᠷᠬᠡ ᠲᠡᠭᠰᠢ᠎ᠪᠠᠷ ᠥᠷᠢᠰᠦᠯᠳᠦᠬᠦ ᠵᠠᠬ᠎ᠠ ᠳᠡᠯᠭᠡᠭᠦᠷ᠎ᠤᠨ ᠡᠮᠬᠢ ᠳᠢᠭ᠌ᠯᠢᠮ᠎ᠢ ᠬᠠᠮᠠᠭᠠᠯᠠᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠵᠢᠯ᠎ᠤᠨ ᠡᠬᠢᠨ᠎ᠳᠤ᠂ ᠠᠢᠮᠠᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠣᠨ᠎ᠤ ᠮᠡᠳᠡᠭᠦᠯᠦᠯᠲᠡ᠎ᠶᠢ ᠵᠠᠷᠯᠠᠨ ᠨᠡᠢᠲᠡᠯᠡᠬᠦ ᠠᠵᠢᠯ᠎ᠢ ᠲᠤᠰᠬᠠᠢᠯᠠᠨ ᠪᠠᠢᠷᠢᠯᠠᠭᠤᠯᠵᠤ᠂ ᠡᠵᠡᠩᠨᠡᠯᠲᠡ᠎ᠶᠢᠨ ᠭᠣᠣᠯ ᠴᠣᠭᠴᠠ᠎ᠶᠢᠨ ᠣᠨᠴᠠᠯᠢᠭ᠋᠂ ᠣᠷᠣᠨ ᠪᠦᠰᠡ᠎ᠶᠢᠨ ᠣᠨᠴᠠᠯᠢᠭ᠋ ᠵᠡᠷᠭᠡ ᠪᠠᠢᠳᠠᠯ᠎ᠲᠠᠢ ᠤᠶᠠᠯᠳᠤᠭᠤᠯᠤᠨ᠂ ᠣᠨ᠎ᠤ ᠮᠡᠳᠡᠭᠦᠯᠦᠯᠲᠡ᠎ᠶᠢ ᠵᠠᠷᠯᠠᠨ ᠨᠡᠢᠲᠡᠯᠡᠬᠦ ᠠᠵᠢᠯ᠎ᠢ ᠪᠦᠭᠦ ᠲᠠᠯ᠎ᠠ᠎ᠪᠠᠷ ᠪᠠᠢᠷᠢᠯᠠᠭᠤᠯᠵᠤ᠂ ᠨᠢᠭᠡᠳᠦᠭᠡᠷ ᠭᠠᠷ ᠪᠡᠶ᠎ᠡ᠎ᠪᠠᠷ᠎ᠢᠶᠠᠨ ᠠᠳᠬᠤᠬᠤ᠂ ᠬᠤᠪᠢᠳᠠᠨ ᠬᠠᠮᠢᠶᠠᠷᠬᠤ ᠪᠦᠬᠦᠢ ᠤᠳᠤᠷᠢᠳᠤᠯᠭ᠎ᠠ ᠪᠦᠭᠦ ᠬᠦᠴᠦᠨ᠎ᠢᠶᠠᠷ᠎ᠢᠶᠠᠨ ᠠᠳᠬᠤᠬᠤ᠂ ᠲᠣᠪᠴᠢᠶ᠎ᠠ ᠪᠠ ᠭᠠᠵᠠᠷ ᠣᠷᠣᠨ ᠬᠣᠯᠪᠤᠭᠠᠯᠠᠨ ᠬᠥᠳᠡᠯᠦᠯᠴᠡᠬᠦ ᠰᠠᠢᠨ ᠰᠠᠢᠬᠠᠨ ᠠᠵᠢᠯ᠎ᠤᠨ ᠲᠣᠭᠲᠠᠴᠠ᠎ᠶᠢ ᠪᠤᠶ ᠪᠤᠯᠭᠠᠵᠤ᠂ ᠣᠨ᠎ᠤ ᠮᠡᠳᠡᠭᠦᠯᠦᠯᠲᠡ᠎ᠶᠢ ᠵᠠᠷᠯᠠᠨ ᠨᠡᠢᠲᠡᠯᠡᠬᠦ ᠠᠵᠢᠯ᠎ᠢ ᠴᠢᠨᠠᠷ ᠰᠠᠢᠲᠠᠢ ᠪᠡᠶᠡᠯᠡᠭᠦᠯᠬᠦ᠎ᠳᠤ ᠪᠠᠲᠤ ᠪᠡᠬᠢ ᠰᠠᠭᠤᠷᠢ᠎ᠶᠢ ᠲᠠᠯᠪᠢᠪᠠ᠃

ᠥᠷᠭᠡᠨ᠎ᠢᠶᠠᠷ ᠤᠬᠠᠭᠤᠯᠬᠤ 

ᠡᠭᠦᠳᠡ ᠡᠷᠤᠭᠡ᠎ᠶᠢᠨ ᠰᠦᠯᠵᠢᠶᠡᠨ᠎ᠦ ᠥᠷᠳᠡᠭᠡ᠂ ᠣᠯᠠᠨ ᠨᠡᠢᠲᠡ᠎ᠶᠢᠨ ᠸᠢᠴᠠᠲ ᠲᠠᠪᠴᠠᠩ ᠂ ᠸᠢᠴᠠᠲ ᠬᠣᠯᠪᠣᠭ᠎ᠠ᠂ ᠳ᠋ᠢᠶᠠᠩᠬᠤᠸᠠ ᠣᠬᠣᠷ ᠮᠡᠳᠡᠭᠡ ᠵᠡᠷᠭᠡ ᠵᠠᠭᠤᠴᠢᠯᠠᠭᠤᠷ᠎ᠤᠨ ᠭᠡᠯᠪᠡᠷᠢ᠎ᠶᠢ ᠠᠰᠢᠭ᠍ᠯᠠᠨ᠂ ᠣᠨ᠎ᠤ ᠮᠡᠳᠡᠭᠦᠯᠦᠯᠲᠡ᠎ᠶᠢᠨ ᠮᠡᠳᠡᠭᠡ ᠵᠠᠩᠭᠢ᠎ᠶᠢ ᠢᠯᠡ ᠨᠡᠢᠲᠡᠯᠡᠬᠦ ᠵᠢᠴᠢ ᠢᠲᠡᠭᠡᠮᠵᠢ᠎ᠶᠢᠨ ᠬᠢᠨᠠᠯᠲᠠ ᠬᠠᠮᠢᠶᠠᠷᠤᠯᠲᠠ᠎ᠶᠢᠨ ᠠᠭᠤᠯᠭ᠎ᠠ᠎ᠶᠢᠨ ᠲᠥᠪᠯᠡᠷᠡᠩᠭᠦᠢ ᠤᠬᠠᠭᠤᠯᠭ᠎ᠠ᠎ᠶᠢᠨ ᠠᠵᠢᠯᠯᠠᠭ᠎ᠠ᠎ᠶᠢ ᠥᠷᠨᠢᠭᠦᠯᠵᠦ᠂ ᠣᠨ᠎ᠤ ᠮᠡᠳᠡᠭᠦᠯᠦᠯᠲᠡ᠎ᠶᠢᠨ ᠤᠬᠠᠭᠤᠯᠭ᠎ᠠ᠎ᠶᠢᠨ ᠠᠵᠢᠯ᠎ᠤᠨ ᠬᠠᠮᠤᠷᠬᠤ ᠬᠡᠪᠴᠢᠶ᠎ᠡ ᠪᠠ ᠨᠡᠢᠭᠡᠮ᠎ᠤᠨ ᠮᠡᠳᠡᠬᠦ ᠨᠣᠷᠮ᠎ᠠ᠎ᠶᠢ ᠥᠷᠭᠡᠳᠬᠡᠪᠡ᠃ ᠪᠦᠭᠦ ᠠᠢᠮᠠᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠤᠨ ᠣᠯᠠᠨ ᠨᠡᠢᠲᠡ᠎ᠶᠢᠨ ᠸᠢᠴᠠᠲ ᠲᠠᠪᠴᠠᠩ᠎ᠤᠨ ᠵᠢᠭ᠍ᠰᠠᠭᠠᠯ᠎ᠳᠤ 130 ᠭᠠᠷᠤᠢ ᠵᠤᠷᠪᠤᠰ ᠮᠡᠳᠡᠭᠡ ᠵᠠᠩᠭᠢ ᠨᠡᠢᠲᠡᠯᠡᠵᠦ᠂ 7000 ᠭᠠᠷᠤᠢ ᠡᠷᠦᠭᠡ᠎ᠶᠢ ᠤᠲᠠᠰᠤ᠎ᠪᠠᠷ ᠰᠠᠨᠠᠭᠤᠯᠵᠤ᠂ 50000 ᠭᠠᠷᠤᠢ ᠣᠬᠣᠷ ᠴᠢᠮᠡᠭᠡ ᠶᠠᠪᠤᠭᠤᠯᠵᠤ᠂ 3100 ᠭᠠᠷᠤᠢ ᠬᠤᠪᠢ ᠤᠬᠠᠭᠤᠯᠭ᠎ᠠ᠎ᠶᠢᠨ ᠮᠠᠲᠧᠷᠢᠶᠠᠯ ᠲᠠᠷᠬᠠᠭᠠᠵᠤ᠂ ᠣᠨ᠎ᠤ ᠮᠡᠳᠡᠭᠦᠯᠦᠯᠲᠡ᠎ᠶᠢᠨ ᠲᠤᠰᠬᠠᠢ ᠰᠡᠳᠦᠪᠲᠦ ᠤᠬᠠᠭᠤᠯᠭ᠎ᠠ᠎ᠶᠢ 42 ᠤᠳᠠᠭ᠎ᠠ ᠥᠷᠨᠢᠭᠦᠯᠪᠡ᠃

ᠦᠢᠯᠡᠴᠢᠯᠡᠭᠡ᠎ᠪᠠᠨ ᠴᠢᠩᠭᠠᠳᠬᠠᠬᠤ 

ᠠᠵᠤ ᠠᠬᠤᠢᠯᠠᠯ᠎ᠢ ᠬᠠᠪᠰᠤᠷᠤᠨ ᠣᠨ᠎ᠤ ᠮᠡᠳᠡᠭᠦᠯᠦᠯᠲᠡ᠎ᠶᠢᠨ ᠶᠠᠪᠤᠴᠠ᠎ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ᠎ᠢ ᠨᠢ ᠰᠢᠢᠳᠪᠦᠷᠢᠯᠡᠬᠦ᠎ᠶᠢᠨ  ᠲᠥᠯᠥᠭᠡ᠂ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠤᠳ ᠲᠤᠰᠬᠠᠢ ᠬᠥᠮᠥᠨ᠎ᠢᠶᠠᠷ ᠣᠨ᠎ᠤ ᠮᠡᠳᠡᠭᠦᠯᠦᠯᠲᠡ᠎ᠶᠢᠨ ᠠᠵᠢᠯ᠎ᠢ ᠬᠠᠷᠢᠭᠤᠴᠠᠭᠤᠯᠵᠤ᠂ ᠠᠰᠠᠭᠤᠨ ᠯᠠᠪᠯᠠᠬᠤ᠎ᠪᠠᠷ ᠢᠷᠡᠭᠰᠡᠨ ᠡᠵᠡᠩᠨᠡᠯᠲᠡ᠎ᠶᠢᠨ ᠭᠣᠣᠯ ᠴᠣᠭᠴᠠ᠎ᠳᠤ ᠠᠵᠢᠯᠯᠠᠬᠤ ᠶᠠᠪᠤᠴᠠ᠎ᠶᠢ ᠨᠠᠷᠢᠨ ᠲᠠᠢᠯᠪᠤᠷᠢᠯᠠᠵᠤ᠂ ᠲᠡᠳᠡᠨ᠎ᠢ ᠬᠠᠪᠰᠤᠷᠤᠨ ᠪᠡᠶ᠎ᠡ᠎ᠪᠠᠨ ᠳᠠᠭᠠᠭᠠᠵᠤ ᠭᠤᠶᠤᠴᠢᠯᠠᠨ ᠮᠡᠳᠡᠭᠦᠯᠬᠦ ᠬᠡᠷᠡᠭᠲᠡᠢ᠃ ᠣᠯᠠᠨ ᠨᠡᠢᠲᠡ᠎ᠶᠢᠨ ᠸᠢᠴᠠᠲ ᠲᠠᠪᠴᠠᠩ ᠵᠡᠷᠭᠡ ᠵᠠᠭᠤᠴᠢᠯᠠᠭᠤᠷ᠎ᠢ ᠠᠰᠢᠭ᠍ᠯᠠ 2024 ᠣᠨ᠎ᠤ ᠠᠵᠤ ᠠᠬᠤᠢᠯᠠᠯ᠎ᠤᠨ ᠰᠦᠯᠵᠢᠶᠡᠨ ᠳᠡᠭᠡᠷᠡᠬᠢ ᠣᠨ᠎ᠤ ᠮᠡᠳᠡᠭᠦᠯᠦᠯᠲᠡ᠎ᠶᠢᠨ ᠵᠦᠭᠯᠡᠭᠦᠷ᠎ᠢ ᠨᠡᠢᠲᠡᠯᠡᠵᠦ᠂ ᠡᠯ᠎ᠡ ᠬᠣᠰᠢᠭᠤ ᠲᠣᠭᠣᠷᠢᠭ᠋᠎ᠤᠨ ᠣᠨ᠎ᠤ ᠮᠡᠳᠡᠭᠦᠯᠦᠯᠲᠡ᠎ᠶᠢᠨ ᠵᠢᠯᠤᠭᠣᠳᠬᠤ ᠤᠲᠠᠰᠤ᠎ᠶᠢ ᠨᠡᠢᠲᠡᠯᠡᠨ᠂ ᠠᠵᠤ ᠠᠬᠤᠢᠯᠠᠯ᠎ᠤᠨ ᠮᠡᠳᠡᠭᠡ ᠵᠠᠩᠭᠢ᠎ᠶᠢ ᠢᠯᠡ ᠨᠡᠢᠲᠡᠯᠡᠬᠦ ᠡᠭᠦᠷᠭᠡ᠎ᠪᠠᠨ ᠬᠠᠤᠯᠢ ᠶᠣᠰᠣᠭᠠᠷ ᠭᠦᠢᠴᠡᠳᠬᠡᠬᠦ᠎ᠶᠢ ᠵᠢᠯᠤᠭᠣᠳᠴᠤ᠂ ᠤᠯᠤᠰ᠎ᠤᠨ ᠠᠵᠤ ᠠᠬᠤᠢᠯᠠᠯ᠎ᠤᠨ ᠢᠲᠡᠭᠡᠮᠵᠢ᠎ᠶᠢᠨ ᠮᠡᠳᠡᠭᠡ ᠵᠠᠩᠭᠢ᠎ᠶᠢ ᠢᠯᠡ ᠨᠡᠢᠲᠡᠯᠡᠬᠦ ᠰᠢᠰᠲᠧᠮ  (ᠥᠪᠥᠷ ᠮᠣᠩᠭᠣᠯ)᠎ᠳᠤ ᠣᠨ᠎ᠤ ᠮᠡᠳᠡᠭᠦᠯᠦᠯᠲᠡ᠎ᠶᠢ ᠵᠥᠪ ᠣᠨᠣᠪᠴᠢᠲᠠᠶ ᠲᠠᠭᠯᠠᠨ ᠮᠡᠳᠡᠭᠦᠯᠬᠦ᠎ᠶᠢᠨ ᠬᠠᠮᠲᠤ ᠵᠠᠷᠯᠠᠨ ᠨᠡᠢᠲᠡᠯᠡᠵᠦ᠂ ᠬᠡᠪ᠎ᠤᠨ ᠣᠨ᠎ᠤ ᠮᠡᠳᠡᠭᠦᠯᠦᠯᠲᠡ᠎ᠶᠢᠨ ᠠᠵᠤ ᠠᠬᠤᠢᠯᠠᠯ᠎ᠢ ᠡᠭᠦᠳᠡᠨ᠎ᠳᠤ ᠭᠠᠷᠬᠤ ᠦᠭᠡᠢ᠂ ᠠᠭᠤᠯᠵᠠᠬᠤ ᠦᠭᠡᠢ᠂ ᠬᠠᠷᠰᠢᠯᠠᠬᠤ ᠦᠭᠡᠢ ᠪᠣᠯᠭᠠᠨ᠎ᠠ᠃

ᠬᠢᠨᠠᠯᠲᠠ ᠬᠠᠮᠢᠶᠠᠷᠤᠯᠲᠠ᠎ᠶᠢ ᠠᠬᠢᠭᠤᠯᠬᠤ

ᠴᠠᠭ᠎ᠲᠤ᠎ᠪᠠᠨ ᠣᠨ᠎ᠤ ᠮᠡᠳᠡᠭᠦᠯᠦᠯᠲᠡ ᠬᠢᠭᠰᠡᠨ ᠦᠭᠡᠢ ᠠᠵᠤ ᠠᠬᠤᠢᠯᠠᠯ᠎ᠢ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠤᠳ ᠬᠠᠤᠯᠢ ᠲᠣᠭᠲᠠᠭᠠᠯ ᠶᠣᠰᠣᠭᠠᠷ ᠡᠵᠡᠩᠨᠡᠯᠲᠡ᠎ᠶᠢᠨ ᠬᠡᠪ᠎ᠤᠨ ᠪᠤᠰᠤ ᠨᠡᠷᠡᠰ᠎ᠤᠨ ᠵᠢᠭ᠍ᠰᠠᠭᠠᠯᠲᠠ᠎ᠳᠤ ᠣᠷᠣᠭᠤᠯᠬᠤ᠎ᠶᠢᠨ ᠬᠠᠮᠲᠤ ᠨᠡᠢᠭᠡᠮ᠎ᠳᠤ ᠵᠠᠷᠯᠠᠨ ᠨᠡᠢᠲᠡᠯᠡᠵᠦ᠂ ᠠᠵᠤ ᠠᠬᠤᠢᠯᠠᠯ᠎ᠤᠨ ᠦᠨᠡᠨᠴᠢ ᠢᠲᠡᠭᠡᠮᠵᠢᠲᠡᠢ᠎ᠪᠠᠷ ᠡᠵᠡᠩᠨᠡᠬᠦ ᠦᠵᠡᠯ ᠤᠬᠠᠮᠰᠠᠷ᠎ᠢ ᠴᠢᠩᠭᠠᠷᠠᠭᠤᠯᠤᠨ᠎ᠠ᠃ ᠡᠭᠦᠨ᠎ᠤ ᠬᠠᠮᠲᠤ᠂ ᠨᠢᠭᠡᠨᠲᠡ ᠡᠵᠡᠩᠨᠡᠯᠲᠡ᠎ᠶᠢᠨ ᠬᠡᠪ᠎ᠤᠨ ᠪᠤᠰᠤ ᠨᠡᠷᠡᠰ᠎ᠤᠨ ᠵᠢᠭ᠍ᠰᠠᠭᠠᠯᠲᠠ᠎ᠳᠤ ᠣᠷᠣᠭᠤᠯᠤᠭᠰᠠᠨ ᠡᠵᠡᠩᠨᠡᠯᠲᠡ᠎ᠶᠢᠨ ᠭᠣᠣᠯ ᠴᠣᠭᠴᠠ᠎ᠶᠢ ᠲᠡᠳᠡᠨ᠎ᠤ ᠢᠲᠡᠭᠡᠮᠵᠢ᠎ᠶᠢ ᠰᠡᠷᠭᠦᠭᠡᠬᠦ᠎ᠶᠢ ᠵᠢᠯᠣᠭᠣᠳᠤᠨ᠎ᠠ ;ᠪᠦᠷᠢᠳᠬᠡᠭᠰᠡᠨ ᠣᠷᠣᠨ ᠰᠠᠭᠤᠴᠠ ᠪᠤᠶᠤ ᠡᠵᠡᠩᠨᠡᠯᠲᠡ᠎ᠶᠢᠨ ᠲᠠᠯᠠᠪᠤᠷ᠎ᠲᠤ ᠬᠤᠪᠢᠷᠠᠯᠲᠠ ᠭᠠᠷᠤᠭᠰᠠᠨ ᠪᠠᠢᠪᠠᠯ᠂ ᠲᠡᠭᠦᠨ᠎ᠢ ᠵᠢᠯᠤᠭᠣᠳᠴᠤ ᠪᠠᠢᠭᠠᠳ ᠬᠤᠪᠢᠷᠠᠭᠤᠯᠬᠤ ᠳᠠᠩᠰᠠᠯᠠᠯᠲᠠ ᠬᠢᠯᠭᠡᠨ᠎ᠡ᠃ ᠣᠨ᠎ᠤ ᠮᠡᠳᠡᠭᠦᠯᠦᠯᠲᠡ ᠦᠭᠡᠢ ᠠᠵᠤ ᠠᠬᠤᠢᠯᠠᠯ᠎ᠤᠨ ᠨᠠᠷᠢᠨ ᠬᠠᠭᠤᠳᠠᠰᠤ᠎ᠶᠢ ᠪᠠᠢᠭᠤᠯᠵᠤ᠂ ᠬᠠᠤᠯᠢ ᠲᠣᠭᠲᠠᠭᠠᠯ ᠶᠣᠰᠣᠭᠠᠷ ᠤᠷᠳᠤ ᠬᠤᠭᠤᠴᠠᠭ᠎ᠠ᠎ᠪᠠᠷ ᠡᠵᠡᠩᠨᠡᠭᠡᠳᠦᠢ ᠠᠵᠤ ᠠᠬᠤᠢᠯᠠᠯ᠎ᠢ ᠴᠡᠪᠡᠷᠯᠡᠨ᠎ᠡ᠃ ᠣᠨ᠎ᠤ  《 ᠬᠣᠶᠠᠷ ᠎ᠢ ᠲᠠᠰᠢᠷᠠᠮ ᠳᠠᠭᠠᠤ ᠨᠢᠭᠡ᠎ᠶᠢ ᠢᠯᠡ ᠪᠤᠯᠭᠠᠬᠤ》 ᠰᠤᠭᠤᠴᠢᠨ ᠪᠠᠢᠴᠠᠭᠠᠬᠤ ᠲᠥᠯᠥᠪᠯᠡᠭᠡ ᠶᠣᠰᠣᠭᠠᠷ ᠂ ᠣᠨ᠎ᠤ ᠮᠡᠳᠡᠭᠦᠯᠦᠯᠲᠡ᠎ᠪᠡᠨ ᠨᠢᠭᠡᠨᠲᠡ ᠪᠡᠶᠡᠯᠡᠭᠦᠯᠦᠭᠰᠡᠨ ᠠᠵᠤ ᠠᠬᠤᠢᠯᠠᠯ᠎ᠳᠤ ᠰᠤᠭᠤᠴᠢᠨ ᠪᠠᠢᠴᠠᠭᠠᠯᠲᠠ ᠬᠢᠵᠦ ᠂ ᠣᠨ᠎ᠤ ᠮᠡᠳᠡᠭᠦᠯᠦᠯᠲᠡ᠎ᠶᠢᠨ ᠮᠡᠳᠡᠭᠡ ᠵᠠᠩᠭᠢ᠎ᠶᠢᠨ ᠦᠨᠡᠨ ᠪᠣᠳᠠᠲᠤ ᠴᠢᠨᠠᠷ ᠪᠣᠯᠣᠨ ᠣᠨᠣᠪᠴᠢᠲᠤ ᠴᠢᠨᠠᠷ᠎ᠢ ᠭᠣᠣᠯᠳᠠᠯᠭ᠎ᠠ᠎ᠲᠠᠢ ᠪᠠᠢᠴᠠᠭᠠᠨ᠎ᠠ ᠃

 

ᠢᠷᠡᠯᠲᠡ᠄ ᠠᠯᠠᠱᠠ ᠠᠢᠮᠠᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ